2020 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ 《ᠰᠢᠲᠠᠮᠠᠬᠠᠶ ᠬᠡᠶ ᠪᠣᠯᠤᠨ ᠰᠢᠲᠠᠮᠠᠬᠠᠶ ᠬᠡᠶ ᠵᠢᠨ ᠪᠤᠰᠤ ᠠᠭᠤᠷᠬᠠᠶ ᠵᠢᠨ ᠡᠷᠬᠡ ᠵᠢ ᠳᠠᠪᠬᠤᠴᠠᠭᠤᠯᠤᠨ ᠳᠣᠭᠢᠷᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠬᠣᠢ᠌ᠨ᠎ᠠ᠎ᠨᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠂ ᠬᠡᠷᠡᠭᠵᠢᠭᠦᠯᠬᠦ᠎ᠳᠤ ᠲᠥᠬᠥᠮ ᠪᠣᠯᠭ᠋ᠠᠬᠤ ᠵᠢᠨ ᠲᠤᠰᠠᠳᠠ᠂ ᠡᠳᠦᠭᠡ ᠪᠢᠴᠢᠭ ᠮᠠᠲ᠋ᠧᠷᠢᠶᠠᠯ᠎ᠤᠨ ᠬᠡᠰᠡᠭ ᠠᠭᠤᠯᠭ᠎ᠠ ᠵᠢ ᠳᠤᠤᠷᠠᠬᠢ ᠮᠡᠲᠦ ᠲᠣᠳᠣᠷᠬᠠᠶ᠋ᠢᠯᠠᠪᠠ᠄
ᠨᠢᠭᠡ᠂ ᠲᠤᠭᠤᠷᠪᠢᠭᠰᠠᠨ ᠠᠬᠤᠢ ᠪᠠᠶ᠋ᠢᠳᠠᠯ
ᠣᠶ᠋ᠢᠷ᠎ᠠ ᠵᠢᠨ ᠵᠢᠯ᠎ᠤᠨ ᠲᠤᠷᠰᠢ ᠪᠥᠬᠥ ᠣᠷᠣᠨ᠎ᠤ ᠰᠢᠲᠠᠮᠠᠬᠠᠶ ᠬᠡᠶ ᠵᠢᠨ ᠬᠠᠶ᠋ᠢᠨ ᠪᠠᠶ᠋ᠢᠴᠠᠭ᠋ᠠᠯᠲᠠ ᠵᠢ ᠲᠠᠰᠤᠷᠠᠯᠲᠠ ᠥᠬᠡᠶ ᠥᠷᠨᠢᠭᠦᠯᠬᠦ ᠵᠢ ᠳᠠᠭ᠋ᠠᠯᠳᠤᠨ᠂ ᠰᠢᠲᠠᠮᠠᠬᠠᠶ ᠬᠡᠶ ᠵᠢᠨ ᠠᠭᠤᠷᠬᠠᠶ ᠵᠢᠨ ᠡᠷᠬᠡ ᠪᠠ ᠰᠢᠲᠠᠮᠠᠬᠠᠶ ᠬᠡᠶ ᠵᠢᠨ ᠪᠤᠰᠤ ᠠᠭᠤᠷᠬᠠᠶ ᠵᠢᠨ ᠡᠷᠬᠡ ᠵᠢ ᠳᠠᠪᠬᠤᠷᠳᠠᠭᠰᠠᠨ᠎ᠠᠴᠠ ᠪᠣᠯᠤᠭᠰᠠᠨ ᠠᠰᠠᠭᠤᠳᠠᠯ ᠶᠠᠪᠤᠬᠤ ᠲᠤᠲᠤᠮ ᠲᠣᠪᠣᠶ᠋ᠢᠮ᠎ᠠ ᠪᠣᠯᠵᠣ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠤ ᠬᠦᠨᠳᠦ ᠨᠣᠴᠢᠲᠠᠶ ᠠᠮᠤᠷ ᠲᠦᠪᠰᠢᠨ᠎ᠤ ᠬᠡᠮ ᠰᠣᠭᠣᠭ᠎ᠢ ᠠᠪᠴᠢᠷᠠᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠡᠪ ᠵᠶ᠋ᠠᠷ ᠨᠡᠭᠡᠭᠡᠨ ᠮᠠᠯᠲᠠᠬᠤ ᠵᠢ ᠨᠥᠯᠥᠭᠡᠯᠡᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠰᠢᠭᠯᠠᠬᠤ᠎ᠳᠤ ᠠᠰᠢᠭ ᠥᠬᠡᠶ ᠪᠣᠯᠬᠣᠷ᠂ ᠰᠢᠲᠠᠮᠠᠬᠠᠶ ᠬᠡᠶ ᠵᠢᠨ ᠠᠭᠤᠷᠬᠠᠶ ᠵᠢᠨ ᠡᠷᠬᠡ ᠪᠠ ᠰᠢᠲᠠᠮᠠᠬᠠᠶ ᠬᠡᠶ ᠵᠢᠨ ᠪᠤᠰᠤ ᠠᠭᠤᠷᠬᠠᠶ ᠵᠢᠨ ᠡᠷᠬᠡ ᠵᠢ ᠳᠠᠪᠬᠤᠷᠳᠠᠭᠤᠯᠬᠤ᠎ᠠᠴᠠ ᠪᠦᠲᠦᠮᠵᠢᠲᠡᠶ ᠵᠠᠶ᠋ᠢᠯᠠᠰᠬᠢᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠰᠢᠭᠯᠠᠬᠤ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ 《ᠠᠷᠭ᠎ᠠ》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ᠃
ᠬᠣᠶᠠᠷ᠂ ᠭᠣᠣᠯ ᠠᠭᠤᠯᠭ᠎ᠠ
(ᠨᠢᠭᠡ) ᠰᠢᠨ᠎ᠡ᠎ᠪᠠᠷ ᠪᠠᠶ᠋ᠢᠭᠤᠯᠬᠤ ᠠᠭᠤᠷᠬᠠᠶ ᠬᠠᠶ᠋ᠢᠬᠤ ᠡᠷᠬᠡ᠂ ᠰᠢᠨ᠎ᠡ᠎ᠪᠠᠷ ᠪᠠᠶ᠋ᠢᠭᠤᠯᠬᠤ ᠠᠭᠤᠷᠬᠠᠶ ᠮᠠᠯᠲᠠᠬᠤ ᠡᠷᠬᠡ ᠵᠢ ᠳᠠᠪᠬᠤᠷᠳᠠᠭᠤᠯᠤᠨ ᠪᠠᠶ᠋ᠢᠷᠢᠯᠠᠭᠤᠯᠬᠤ ᠨᠥᠬᠥᠴᠡᠯ᠎ᠢ ᠲᠣᠳᠣᠷᠬᠠᠶ᠋ᠢᠯᠠᠪᠠ᠃ 《ᠠᠷᠭ᠎ᠠ》 ᠵᠢᠨ ᠭᠤᠷᠪᠠᠳᠤᠭ᠋ᠠᠷ ᠵᠦᠢ᠍ᠯ᠂ ᠳᠥᠷᠪᠡᠳᠦᠭᠡᠷ ᠵᠦᠢ᠍ᠯ ᠰᠢᠨ᠎ᠡ᠎ᠪᠠᠷ ᠪᠠᠶ᠋ᠢᠭᠤᠯᠤᠭᠰᠠᠨ ᠠᠭᠤᠷᠬᠠᠶ ᠬᠠᠶ᠋ᠢᠬᠤ ᠡᠷᠬᠡ᠂ ᠰᠢᠨ᠎ᠡ᠎ᠪᠠᠷ ᠪᠠᠶ᠋ᠢᠭᠤᠯᠤᠭᠰᠠᠨ ᠠᠭᠤᠷᠬᠠᠶ ᠮᠠᠯᠲᠠᠬᠤ ᠡᠷᠬᠡ ᠳᠠᠪᠬᠤᠷᠳᠠᠭᠰᠠᠨ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ ᠵᠢ ᠬᠢᠨᠠᠨ ᠵᠥᠪᠰᠢᠶᠡᠷᠡᠵᠦ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠤᠯᠤᠰ ᠭᠠᠵᠠᠷ ᠰᠢᠷᠣᠶ ᠡᠬᠢ ᠪᠠᠶᠠᠯᠢᠭ ᠲᠣᠭᠲᠠᠭ᠋ᠠᠯ [2017] 14 ᠳ᠋ᠦ᠍ᠭᠡᠷ ᠲᠣᠭ᠋ᠠᠲᠤ)᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠬᠢᠨᠠᠨ ᠵᠥᠪᠰᠢᠶᠡᠷᠡᠵᠦ ᠳᠠᠩᠰᠠᠯᠠᠨ ᠬᠠᠮᠢᠶᠠᠷᠬᠤ ᠬᠣᠯᠪᠣᠭᠳᠠᠯ ᠪᠦᠬᠦᠢ ᠵᠦᠢ᠍ᠯᠡᠰ᠎ᠢ ᠲᠡᠭᠦᠯᠳᠡᠷᠵᠢᠭᠦᠯᠬᠦ ᠲᠤᠬᠠᠶ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠤᠯᠤᠰ ᠭᠠᠵᠠᠷ ᠰᠢᠷᠣᠶ ᠡᠬᠢ ᠪᠠᠶᠠᠯᠢᠭ ᠲᠣᠭᠲᠠᠭ᠋ᠠᠯ [2017] 16 ᠳ᠋ᠤᠭ᠋ᠠᠷ ᠲᠣᠭ᠋ᠠᠲᠤ)᠎ᠳᠠᠬᠢ ᠬᠠᠮᠢᠶ᠎ᠠ ᠪᠦᠬᠦᠢ ᠲᠣᠭᠲᠠᠭ᠋ᠠᠯ᠎ᠢ ᠡᠰᠢᠯᠡᠨ ᠬᠡᠷᠡᠭᠯᠡᠬᠦ᠎ᠳᠤ᠂ 《ᠠᠷᠭ᠎ᠠ》᠎ᠳᠤ ᠵᠢᠭᠰᠠᠭ᠋ᠠᠭᠰᠠᠨ ᠬᠡᠳᠦᠨ ᠵᠦᠢ᠍ᠯ᠎ᠤᠨ ᠪᠠᠶ᠋ᠢᠳᠠᠯ᠎ᠢ ᠭᠠᠷᠭ᠋ᠠᠪᠠᠯ᠂ ᠰᠢᠨ᠎ᠡ᠎ᠪᠠᠷ ᠪᠠᠶ᠋ᠢᠭᠤᠯᠤᠭᠰᠠᠨ ᠠᠭᠤᠷᠬᠠᠶ ᠬᠠᠶ᠋ᠢᠬᠤ ᠡᠷᠬᠡ᠂ ᠰᠢᠨ᠎ᠡ᠎ᠪᠠᠷ ᠪᠠᠶ᠋ᠢᠭᠤᠯᠤᠭᠰᠠᠨ ᠠᠭᠤᠷᠬᠠᠶ ᠮᠠᠯᠲᠠᠬᠤ ᠡᠷᠬᠡ ᠵᠢᠨ ᠭᠤᠶᠤᠴᠢᠯᠠᠬᠤ ᠬᠡᠪᠴᠢᠶ᠎ᠡ ᠵᠢ ᠨᠢᠭᠡᠨᠲᠡ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠡᠭᠴᠡ ᠲᠤᠰᠬᠠᠯᠲᠠᠯᠤᠭᠠ ᠪᠠᠶ᠋ᠢᠷᠢᠯᠠᠭᠤᠯᠵᠤ ᠪᠣᠯᠬᠤ ᠥᠬᠡᠶ᠃ ᠢᠩᠭᠢᠪᠡᠯ ᠨᠢᠭᠡᠨᠲᠡ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠡᠷᠬᠡ ᠠᠰᠢᠭ᠎ᠢ ᠪᠦᠲᠦᠮᠵᠢᠲᠡᠶ ᠬᠠᠮᠠᠭ᠋ᠠᠯᠠᠵᠤ ᠴᠢᠳᠠᠬᠤ ᠮᠥᠷᠲᠡᠭᠡᠨ ᠪᠠᠰᠠ ᠬᠠᠷᠢᠯᠴᠠᠨ ᠨᠥᠯᠥᠭᠡᠯᠡᠬᠦ ᠦᠭᠡᠶ ᠪᠠ ᠡᠷᠬᠡ ᠠᠰᠢᠭ᠎ᠢ ᠬᠠᠮᠠᠭ᠋ᠠᠯᠠᠬᠤ ᠵᠥᠪᠯᠡᠯᠴᠡᠭᠡᠷ ᠲᠣᠭᠲᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠳᠠᠪᠬᠤᠴᠠᠭᠤᠯᠤᠨ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠠᠵᠢᠯᠯᠠᠭ᠎ᠠ᠎ᠳᠤ ᠪᠣᠯᠵᠣᠨ ᠲᠣᠭᠲᠠᠵᠤ᠂ ᠠᠭᠤᠷᠬᠠᠶ ᠳᠠᠪᠬᠤᠴᠠᠭᠰᠠᠨ ᠣᠷᠣᠨ ᠪᠦᠰᠡ ᠵᠢᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠶ ᠬᠠᠶ᠋ᠢᠨ ᠪᠠᠶ᠋ᠢᠴᠠᠭ᠋ᠠᠵᠤ ᠨᠡᠭᠡᠭᠡᠨ ᠬᠥᠭᠵᠢᠭᠦᠯᠬᠦ ᠵᠢᠴᠢ ᠠᠶᠤᠯ ᠦᠭᠡᠶ ᠦᠢ᠍ᠯᠡᠳᠪᠦᠷᠢᠯᠡᠬᠦ ᠵᠢ ᠦᠨᠡᠨ ᠬᠦ᠌ ᠪᠠᠲᠤᠯᠠᠵᠤ ᠴᠢᠳᠠᠨ᠎ᠠ᠃
(ᠬᠣᠶᠠᠷ) ᠠᠭᠤᠷᠬᠠᠶ ᠵᠢᠨ ᠦᠢ᠍ᠯᠡᠰ᠎ᠤᠨ ᠡᠷᠬᠡ ᠵᠢ ᠳᠠᠪᠬᠤᠷ ᠪᠠᠶ᠋ᠢᠷᠢᠯᠠᠭᠤᠯᠬᠤ ᠵᠢᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠵᠢᠷᠤᠮᠵᠢᠭᠤᠯᠤᠨ᠎ᠠ᠃ 《ᠠᠷᠭ᠎ᠠ》 ᠵᠢᠨ ᠲᠠᠪᠤᠳᠤᠭ᠋ᠠᠷ ᠵᠦᠢ᠍ᠯ᠂ ᠵᠢᠷᠭᠤᠳᠤᠭ᠋ᠠᠷ ᠵᠦᠢ᠍ᠯ ᠳᠠᠪᠬᠤᠴᠠᠭᠰᠠᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠠᠵᠢᠯᠯᠠᠭ᠎ᠠ ᠵᠢᠨ ᠳᠤᠮᠳᠠ ᠵᠢᠷᠤᠮᠯᠠᠬᠤ ᠴᠢᠬᠤᠯᠠᠲᠠᠢ ᠵᠠᠷᠴᠢᠮ᠂ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠪᠠᠶ᠋ᠢᠷᠢᠯᠠᠭᠤᠯᠤᠯᠲᠠ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠤᠭᠰᠠᠨ ᠪᠠᠶ᠋ᠢᠬᠤ ᠬᠡᠷᠡᠭᠲᠡᠶ᠃
(ᠭᠤᠷᠪᠠ) ᠠᠭᠤᠷᠬᠠᠶ ᠵᠢᠨ ᠡᠷᠬᠡ ᠵᠢ ᠳᠠᠪᠬᠤᠷ ᠪᠠᠶ᠋ᠢᠷᠢᠯᠠᠭᠤᠯᠬᠤ ᠵᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ 《ᠠᠷᠭ᠎ᠠ》 ᠵᠢᠨ ᠵᠢᠷᠭᠤᠳᠤᠭ᠋ᠠᠷ ᠵᠦᠢ᠍ᠯ᠎ᠳᠤ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠳᠤ᠎ᠪᠠᠨ 《〈ᠬᠣᠲᠠ (ᠲᠤᠰᠬᠠᠶ ᠣᠷᠣᠨ) ᠰᠢᠶᠠᠨ (ᠬᠣᠲᠠ)᠎ᠤ ᠱᠠᠲᠤᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠤᠯᠤᠰ ᠭᠠᠵᠠᠷ ᠰᠢᠷᠣᠶ ᠡᠬᠢ ᠪᠠᠶᠠᠯᠢᠭ ᠲᠠᠷᠬᠠᠭ᠋ᠠᠭᠰᠠᠨ [2003] 17 ᠳ᠋ᠤᠭ᠋ᠠᠷ ᠲᠣᠭ᠋ᠠᠲᠤ) ᠶᠣᠰᠣᠭ᠋ᠠᠷ ᠳᠠᠪᠬᠤᠷᠳᠠᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠨᠠᠨ ᠬᠠᠮᠢᠶᠠᠷᠬᠤ ᠬᠡᠷᠡᠭᠲᠡᠶ᠃
(ᠳᠥᠷᠪᠡ) ᠳᠠᠪᠬᠤᠷ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠠᠭ᠋ᠠᠬᠤ ᠪᠤᠶᠤ ᠪᠤᠴᠠᠭ᠋ᠠᠵᠤ ᠭᠠᠷᠭ᠋ᠠᠭᠰᠠᠨ᠎ᠤ ᠳᠠᠷᠠᠭ᠋ᠠᠬᠢ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠨ᠎ᠡ᠃ 《ᠠᠷᠭ᠎ᠠ》 ᠵᠢᠨ ᠳᠣᠯᠣᠳᠤᠭ᠋ᠠᠷ ᠵᠦᠢ᠍ᠯ᠎ᠳᠤ ᠳᠠᠪᠬᠤᠷᠳᠠᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠠᠭ᠋ᠠᠭᠰᠠᠨ ᠪᠤᠶᠤ ᠪᠤᠴᠠᠭ᠋ᠠᠭᠰᠠᠨ᠎ᠤ ᠳᠠᠷᠠᠭ᠎ᠠ᠂ ᠤᠤᠯ᠎ᠤᠨ ᠠᠭᠤᠷᠬᠠᠶ ᠮᠠᠯᠲᠠᠬᠤ ᠡᠷᠬᠡ᠎ᠲᠠᠢ ᠬᠥᠮᠦᠨ᠎ᠨᠢ ᠬᠠᠮᠢᠶ᠎ᠠ ᠪᠥᠬᠥᠶ ᠬᠡᠯᠡᠯᠴᠡᠭᠡᠷ ᠪᠠ ᠠᠮᠠᠯᠠᠯᠲᠠ ᠶᠣᠰᠣᠭ᠋ᠠᠷ ᠨᠦᠬᠡ ᠵᠢ ᠪᠢᠲᠡᠭᠦᠮᠵᠢᠯᠡᠬᠦ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠵᠢᠴᠢ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠵᠡᠷᠭᠡ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ᠋ᠢᠯᠠᠭᠰᠠᠨ᠎ᠤ ᠬᠠᠮᠲᠤ᠂ ᠪᠤᠰᠤᠳ ᠰᠢᠯᠲᠠᠭ᠋ᠠᠨ᠎ᠠᠴᠠ ᠪᠣᠯᠵᠣ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠵᠢᠴᠢ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠬᠠᠷᠢᠭᠤᠴᠠᠯᠭ᠎ᠠ ᠵᠢᠨ ᠭᠤᠤᠯ ᠴᠣᠭᠴᠠ᠎ᠨᠢ ᠤᠰᠠᠳᠤᠭᠰᠠᠨ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠵᠢᠴᠢ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠠᠵᠢᠯ᠎ᠤᠨ ᠬᠠᠷᠢᠭᠤᠴᠠᠯᠭ᠎ᠠ ᠵᠢᠨ ᠭᠤᠤᠯ ᠴᠣᠭᠴᠠ ᠵᠢ ᠲᠣᠳᠣᠷᠬᠠᠶ᠋ᠢᠯᠠᠭᠰᠠᠨ ᠪᠠᠶ᠋ᠢᠨ᠎ᠠ᠃
(ᠲᠠᠪᠤ) ᠳᠠᠪᠬᠤᠴᠠᠭᠤᠯᠤᠨ ᠲᠣᠬᠢᠷᠠᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠶᠠᠪᠤᠴᠠ᠎ᠳᠤ ᠣᠷᠣᠰᠢᠵᠤ ᠪᠠᠶ᠋ᠢᠭ᠎ᠠ ᠵᠢᠭᠤᠷᠠᠯᠳᠤᠭ᠋ᠠᠨ᠎ᠢ ᠵᠣᠬᠢᠴᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ 《ᠠᠷᠭ᠎ᠠ》 ᠵᠢᠨ ᠨᠠᠢ᠍ᠮᠠᠳᠤᠭ᠋ᠠᠷ ᠵᠦᠢ᠍ᠯ ᠳᠠᠪᠬᠤᠴᠠᠭᠰᠠᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ ᠳᠠᠪᠬᠤᠴᠠᠭᠰᠠᠨ ᠣᠷᠣᠨ᠎ᠳᠤ ᠬᠠᠶ᠋ᠢᠨ ᠪᠠᠶ᠋ᠢᠴᠠᠭ᠋ᠠᠯᠲᠠ ᠥᠷᠨᠢᠭᠦᠯᠬᠦ᠎ᠳᠤ᠂ ᠨᠡᠭᠡᠭᠡᠨ ᠮᠠᠯᠲᠠᠬᠤ ᠠᠵᠢᠯ᠎ᠳᠤ ᠵᠢᠭᠤᠷᠠᠯᠳᠤᠭ᠋ᠠᠨ᠎ᠲᠠᠢ ᠪᠠᠶ᠋ᠢᠪᠠᠯ᠂ ᠬᠠᠷᠢᠶ᠎ᠠ ᠭᠠᠵᠠᠷ᠎ᠤᠨ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠴᠠᠭᠤᠯᠬᠤ ᠵᠢ ᠲᠣᠳᠣᠷᠬᠠᠶ᠋ᠢᠯᠠᠵᠤ᠂ ᠴᠢᠬᠤᠯᠠ ᠶᠡᠬᠡ ᠵᠦᠢ᠍ᠯᠡᠰ᠎ᠲᠤ ᠬᠣᠯᠪᠣᠭᠳᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠴᠠᠭᠤᠯᠵᠤ ᠪᠣᠯᠤᠨ᠎ᠠ᠃