ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰᠣᠲᠤ ᠡᠯᠡᠰᠦ ᠵᠡᠷᠭᠡ 10 ᠠᠭᠤᠷᠬᠠᠶ ᠵᠢᠨ ᠲᠥᠷᠥᠯ᠎ᠤᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ ᠠᠰᠢᠭ ᠣᠯᠵᠠᠪᠤᠷᠢ ᠵᠢᠨ ᠵᠠᠬ᠎ᠠ ᠳᠡᠯᠭᠡᠭᠦᠷ᠎ᠤᠨ ᠰᠠᠭᠤᠷᠢ ᠪᠠᠷᠢᠮᠵᠢᠶᠠᠲᠤ ᠦᠨ᠎ᠡ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2021-12-17

        ᠨᠢᠭᠡ᠂ ᠲᠤᠭᠤᠷᠪᠢᠭᠰᠠᠨ ᠠᠬᠤᠢ ᠪᠠᠶ᠋ᠢᠳᠠᠯ ᠵᠢᠴᠢ ᠶᠠᠪᠤᠴᠠ

        ᠵᠥᠪᠯᠡᠯᠴᠡᠭᠡᠷ ᠵᠶ᠋ᠠᠷ ᠬᠢᠮᠳᠠ ᠦᠨ᠎ᠡ᠎ᠪᠠᠷ ᠬᠤᠳᠠᠯᠳᠤᠬᠤ ᠰᠠᠭᠤᠷᠢ ᠪᠠᠷᠢᠮᠵᠢᠶᠠᠲᠤ ᠦᠨ᠎ᠡ ᠵᠢᠨ ᠲᠦᠷᠢᠮ᠎ᠢ ᠪᠠᠶ᠋ᠢᠭᠤᠯᠬᠤ ᠲᠤᠬᠠᠶ ᠤᠯᠤᠰ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠱᠠᠭ᠋ᠠᠷᠳᠠᠯᠭ᠎ᠠ (《〈ᠠᠭᠤᠷᠬᠠᠶ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ ᠲᠦᠷᠢᠮ᠎ᠤᠨ ᠥᠭᠡᠷᠡᠴᠢᠯᠡᠯᠲᠡ ᠵᠢᠨ ᠲᠥᠰᠦᠯ〉᠎ᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠢᠩᠬᠢᠮ ᠥᠰᠥᠭ [2017] 12 ᠳ᠋ᠤᠭ᠋ᠠᠷ ᠲᠣᠭ᠋ᠠᠲᠤ)᠂ 《ᠠᠭᠤᠷᠬᠠᠶ ᠵᠢᠨ ᠡᠬᠢ ᠪᠠᠶᠠᠯᠢᠭ᠎ᠤᠨ ᠡᠷᠬᠡ ᠠᠰᠢᠭ᠎ᠤᠨ ᠮᠥᠩᠭᠥ ᠵᠢᠨ ᠲᠦᠷᠢᠮ᠎ᠤᠨ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2017] 29 ᠳ᠋ᠦ᠍ᠭᠡᠷ ᠲᠣᠭ᠋ᠠᠲᠤ)᠂ 《〈ᠠᠭᠤᠷᠬᠠᠶ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ ᠵᠢ ᠬᠢᠮᠳᠠ ᠦᠨ᠎ᠡ᠎ᠪᠠᠷ ᠬᠤᠳᠠᠯᠳᠤᠭᠰᠠᠨ ᠠᠰᠢᠭ ᠣᠯᠵᠠᠪᠤᠷᠢ ᠵᠢᠨ ᠲᠠᠲᠠᠪᠤᠷᠢᠯᠠᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠡᠳ᠋ ᠶᠡᠷᠦᠩᠬᠡᠢ [2017] 35 ᠳ᠋ᠤᠭ᠋ᠠᠷ ᠲᠣᠭ᠋ᠠᠲᠤ))᠂ ᠮᠠᠨ᠎ᠤ ᠣᠷᠣᠨ 2019 ᠣᠨ᠎ᠳᠤ 79 ᠠᠭᠤᠷᠬᠠᠶ ᠵᠢᠨ ᠲᠥᠷᠥᠯ᠎ᠤᠨ ᠰᠠᠭᠤᠷᠢ ᠪᠠᠷᠢᠮᠵᠢᠶᠠᠲᠤ ᠦᠨ᠎ᠡ ᠵᠢᠨ ᠲᠣᠭᠲᠠᠭ᠋ᠠᠬᠤ ᠠᠵᠢᠯ᠎ᠢ ᠪᠡᠶᠡᠯᠡᠭᠦᠯᠪᠡ᠃

       2020 ᠣᠨ᠎ᠳᠤ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠢᠭᠡᠨᠲᠡ ᠪᠦᠷᠢᠳᠬᠡᠨ ᠳᠠᠩᠰᠠᠯᠠᠭᠰᠠᠨ ᠪᠠ ᠨᠡᠭᠡᠭᠡᠨ ᠠᠰᠢᠭᠯᠠᠭᠰᠠᠨ ᠠᠭᠤᠷᠬᠠᠶ ᠵᠢᠨ ᠲᠥᠷᠥᠯ᠎ᠤᠨ ᠪᠠᠶ᠋ᠢᠳᠠᠯ᠎ᠢ ᠦᠨᠳᠦᠰᠦᠯᠡᠨ᠂ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ 11 ᠳ᠋ᠦ᠍ᠭᠡᠷ ᠰᠠᠷ᠎ᠠ᠎ᠳᠤ ᠦᠨᠡᠯᠡᠨ ᠵᠢᠱ᠌ᠢᠬᠦ ᠪᠠᠶ᠋ᠢᠭᠤᠯᠤᠮᠵᠢ᠎ᠳᠤ ᠨᠠᠶ᠋ᠢᠳᠠᠵᠤ ᠲᠣᠰᠣᠲᠤ ᠡᠯᠡᠰᠦ᠂ ᠬᠥᠩᠭᠡᠨᠴᠠᠭ᠋ᠠᠨ᠎ᠤ ᠰᠢᠷᠣᠢ᠌ᠲᠤ ᠬᠦᠳᠡᠷ ᠵᠡᠷᠭᠡ 10 ᠲᠡᠮᠦᠷᠯᠢᠭ ᠪᠤᠰᠤ ᠠᠭᠤᠷᠬᠠᠶ ᠵᠢᠨ ᠲᠥᠷᠥᠯ᠎ᠤᠨ ᠵᠠᠬ᠎ᠠ ᠳᠡᠯᠭᠡᠭᠦᠷ᠎ᠤᠨ ᠰᠠᠭᠤᠷᠢ ᠪᠠᠷᠢᠮᠵᠢᠶᠠᠲᠤ ᠦᠨ᠎ᠡ ᠵᠢ ᠲᠥᠰᠦᠭᠡᠯᠡᠨ ᠪᠣᠳᠣᠭᠰᠠᠨ ᠮᠡᠳᠡᠭᠦᠯᠦᠯᠲᠡ ᠵᠢ ᠲᠤᠭᠤᠷᠪᠢᠭᠤᠯᠪᠠ; 2021 ᠣᠨ᠎ᠤ ᠳ᠋ᠦ᠍ᠭᠡᠷ ᠰᠠᠷ᠎ᠠ᠎ᠳᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠵᠢᠱ᠌ᠢᠨ ᠪᠤᠳᠤᠭᠰᠠᠨ ᠮᠡᠳᠡᠭᠦᠯᠦᠯᠲᠡ ᠵᠢ ᠬᠢᠨᠠᠨ ᠪᠠᠶ᠋ᠢᠴᠠᠭ᠋ᠠᠵᠤ᠂ ᠨᠤᠲᠠᠯᠠᠵᠤ᠂ ᠦᠨᠡᠯᠡᠨ ᠵᠢᠱ᠌ᠢᠵᠦ᠂ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ; ᠦᠨᠡᠯᠡᠨ ᠵᠢᠱ᠌ᠢᠬᠦ ᠪᠠᠶ᠋ᠢᠭᠤᠯᠤᠮᠵᠢ᠎ᠠᠴᠠ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ 2021 ᠣᠨ᠎ᠤ 4 ᠳ᠋ᠦ᠍ᠭᠡᠷ ᠰᠠᠷ᠎ᠠ᠎ᠳᠤ ᠮᠠᠨ᠎ᠤ ᠲᠢᠩᠬᠢᠮ ᠬᠣᠯᠪᠣᠭᠳᠠᠯ ᠪᠥᠬᠥᠶ ᠲᠢᠩᠬᠢᠮ ᠲᠣᠪᠴᠢᠶ᠎ᠠ ᠵᠢᠨ ᠰᠠᠨᠠᠯ᠎ᠢ ᠵᠣᠬᠢᠶᠠᠨ ᠪᠠᠶ᠋ᠢᠭᠤᠯᠤᠨ ᠬᠤᠷᠢᠶᠠᠭᠰᠠᠨ᠎ᠤ ᠬᠠᠮᠲᠤ᠂ ᠮᠠᠨ᠎ᠤ ᠲᠢᠩᠬᠢᠮ᠎ᠤᠨ ᠠᠯᠪᠠᠨ ᠰᠦᠯᠵᠢᠶ᠎ᠡ ᠳᠡᠭᠡᠷ᠎ᠡ ᠢᠯᠡ᠎ᠪᠠᠷ ᠰᠠᠨᠠᠯ ᠬᠤᠷᠢᠶᠠᠵᠤ᠂ ᠡᠯ᠎ᠡ ᠲᠢᠩᠬᠢᠮ ᠲᠣᠪᠴᠢᠶ᠎ᠠ ᠵᠢᠴᠢ ᠰᠦᠯᠵᠢᠶᠡᠨ ᠳᠡᠭᠡᠷ᠎ᠡ ᠴᠥᠮ ᠠᠳᠠᠯᠢ ᠪᠤᠰᠤ ᠰᠠᠨᠠᠯ ᠵᠢᠴᠢ ᠵᠠᠰᠠᠪᠤᠷᠢ ᠣᠷᠣᠭᠤᠯᠬᠤ ᠰᠠᠨᠠᠭᠤᠯᠭ᠎ᠠ ᠥᠬᠡᠶ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2021 ᠣᠨ᠎ᠤ 7 ᠳ᠋ᠤᠭ᠋ᠠᠷ ᠤᠳᠠᠭ᠋ᠠᠨ᠎ᠤ ᠲᠡᠷᠢᠭᠦᠯᠡᠭᠴᠢ ᠵᠢᠨ ᠠᠯᠪᠠᠨ ᠠᠵᠢᠯ᠎ᠤᠨ ᠬᠤᠷᠠᠯ ᠵᠶ᠋ᠠᠷ ᠰᠤᠳᠤᠯᠤᠭ᠋ᠠᠳ᠂ ᠮᠠᠨ᠎ᠤ ᠲᠢᠩᠬᠢᠮ᠎ᠤᠨ ᠳᠤᠷᠠᠳᠤᠭᠰᠠᠨ ᠠᠭᠤᠷᠬᠠᠶ ᠵᠢᠨ ᠲᠥᠷᠥᠯ᠎ᠤᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ ᠠᠰᠢᠭ ᠣᠯᠵᠠᠪᠤᠷᠢ ᠵᠢᠨ ᠵᠠᠬ᠎ᠠ ᠳᠡᠯᠭᠡᠭᠦᠷ᠎ᠤᠨ 10 ᠪᠠᠷᠢᠮᠵᠢᠶᠠᠲᠤ ᠦᠨ᠎ᠡ ᠵᠢᠨ ᠰᠠᠨᠠᠯ᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃

        ᠬᠣᠶᠠᠷ᠂ ᠠᠭᠤᠷᠬᠠᠶ ᠵᠢᠨ ᠲᠥᠷᠥᠯ᠎ᠤᠨ ᠰᠠᠭᠤᠷᠢ ᠪᠠᠷᠢᠮᠵᠢᠶᠠᠲᠤ ᠦᠨ᠎ᠡ ᠵᠢ ᠲᠣᠭᠲᠠᠭ᠋ᠠᠬᠤ ᠵᠢᠨ ᠠᠴᠢ ᠬᠣᠯᠪᠣᠭᠳᠠᠯ

        ᠲᠣᠰ ᠤᠳᠠᠭ᠋ᠠᠨ᠎ᠤ ᠠᠭᠤᠷᠬᠠᠶ ᠵᠢᠨ ᠲᠥᠷᠥᠯ᠎ᠤᠨ 10 ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠢᠨ ᠵᠠᠬ᠎ᠠ ᠳᠡᠯᠭᠡᠭᠦᠷ᠎ᠤᠨ ᠰᠠᠭᠤᠷᠢ ᠪᠠᠷᠢᠮᠵᠢᠶᠠᠲᠤ ᠦᠨ᠎ᠡ ᠵᠢ ᠨᠡᠶ᠋ᠢᠲᠡᠯᠡᠭᠰᠡᠨ᠎ᠨᠢ᠂ ᠬᠣᠯᠪᠣᠭᠳᠠᠯ ᠪᠥᠬᠥᠶ ᠠᠭᠤᠷᠬᠠᠶ ᠵᠢᠨ ᠲᠥᠷᠥᠯ᠎ᠢ ᠨᠡᠭᠡᠭᠡᠨ ᠠᠰᠢᠭᠯᠠᠬᠤ ᠵᠢ ᠠᠬᠢᠭᠤᠯᠵᠤ᠂ ᠬᠣᠯᠪᠣᠭᠳᠠᠯ ᠪᠥᠬᠥᠶ ᠠᠭᠤᠷᠬᠠᠶ ᠵᠢᠨ ᠲᠥᠷᠥᠯ᠎ᠤᠨ ᠵᠠᠬ᠎ᠠ ᠳᠡᠯᠭᠡᠭᠦᠷ᠎ᠤᠨ ᠬᠢᠮᠳᠠ᠎ᠪᠠᠷ ᠬᠤᠳᠠᠯᠳᠤᠬᠤ ᠠᠵᠢᠯ᠎ᠢ ᠳᠥᠯᠭᠢᠨ ᠠᠬᠢᠭᠤᠯᠵᠤ᠂ ᠮᠠᠨ᠎ᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ ᠪᠠ ᠠᠭᠤᠷᠬᠠᠶ ᠵᠢᠨ ᠦᠢ᠍ᠯᠡᠰ᠎ᠤᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠪᠣᠯᠤᠨ᠎ᠠ᠃

        ᠭᠤᠷᠪᠠ᠂ ᠡᠯ᠎ᠡ ᠠᠭᠤᠷᠬᠠᠶ ᠵᠢᠨ ᠲᠥᠷᠥᠯ᠎ᠤᠨ ᠭᠣᠣᠯ ᠬᠡᠷᠡᠭᠴᠡᠭᠡᠨ᠎ᠤ ᠲᠣᠪᠴᠢ ᠲᠠᠨᠢᠯᠴᠠᠭᠤᠯᠭ᠎ᠠ

       1 ᠲᠣᠰᠣᠲᠤ ᠡᠯᠡᠰᠦ

        ᠲᠣᠰᠣᠲᠤ ᠡᠯᠡᠰᠦᠨ᠎ᠤ ᠪᠦᠲᠦᠭᠡᠭᠳᠡᠬᠦᠨ᠎ᠤ ᠠᠩᠭᠢᠯᠠᠯ᠎ᠨᠢ᠄ ᠨᠢᠭᠡᠳᠦᠭᠡᠷ ᠬᠤᠭᠤᠴᠠᠭ᠋ᠠᠨ᠎ᠤ ᠲᠣᠰᠣᠲᠤ ᠡᠯᠡᠰᠦ᠎ᠨᠢ ᠰᠠᠯᠵᠤ᠂ ᠪᠦᠲᠦᠭᠡᠭᠳᠡᠬᠦᠨ᠎ᠨᠢ ᠯᠢᠴᠢᠩ ᠴᠢᠨᠠᠷᠲᠠᠶ ᠥᠳᠬᠡᠨ ᠲᠣᠰᠣᠨ᠎ᠤ ᠲᠦᠭᠦᠬᠡᠶ ᠲᠣᠰᠣ; ᠬᠣᠶᠠᠳᠤᠭ᠋ᠠᠷ ᠬᠤᠭᠤᠴᠠᠭ᠋ᠠᠨ᠎ᠤ ᠯᠢᠴᠢᠩ ᠴᠢᠨᠠᠷ᠎ᠤᠨ ᠥᠳᠬᠡᠨ ᠲᠣᠰᠣᠨ᠎ᠤ ᠲᠦᠭᠦᠬᠡᠶ ᠲᠣᠰᠣ ᠵᠢ ᠤᠯᠠᠮ ᠨᠢᠭᠡ ᠠᠯᠬᠤᠮ ᠰᠢᠷᠭ᠋ᠠᠭ᠋ᠠᠨ ᠪᠣᠯᠪᠠᠰᠤᠷᠠᠭᠤᠯᠵᠤ᠂ ᠦᠢ᠍ᠯᠡᠳᠬᠦᠨ᠎ᠤ ᠲᠥᠰᠦᠯ ᠴᠢᠯᠠᠭᠤᠨ ᠯᠠ᠂ ᠲᠣᠰᠣ ᠪᠠ ᠳᠠᠬᠢᠨ ᠯᠢᠴᠢᠩ᠃

       2 . ᠬᠥᠩᠭᠡᠨᠴᠠᠭ᠋ᠠᠨ᠎ᠤ ᠰᠢᠷᠣᠢ᠌ᠲᠤ ᠬᠦᠳᠡᠷ

        ᠬᠥᠩᠭᠡᠨᠴᠠᠭ᠋ᠠᠨ᠎ᠤ ᠰᠢᠷᠣᠢ᠌ᠲᠤ ᠬᠦᠳᠡᠷ ᠭᠡᠳᠡᠭ᠎ᠨᠢ ᠠᠵᠤ ᠦᠢ᠍ᠯᠡᠳᠪᠦᠷᠢ ᠳᠡᠭᠡᠷ᠎ᠡ ᠠᠰᠢᠭᠯᠠᠵᠤ ᠪᠣᠯᠬᠤ᠂ ᠭᠤᠷᠪᠠᠨ ᠤᠰᠤᠲᠤ ᠬᠥᠩᠭᠡᠨᠴᠠᠭ᠋ᠠᠨ ᠴᠢᠯᠠᠭᠤ᠂ ᠨᠢᠭᠡ ᠤᠰᠤᠲᠤ ᠬᠥᠩᠭᠡᠨᠴᠠᠭ᠋ᠠᠨ ᠴᠢᠯᠠᠭᠤ᠎ᠪᠠᠷ ᠭᠣᠣᠯ ᠡᠷᠦᠳᠡᠰᠦ ᠪᠣᠯᠭ᠋ᠠᠨ ᠪᠦᠷᠢᠯᠳᠦᠭᠰᠡᠨ ᠬᠦᠳᠡᠷ᠎ᠤᠨ ᠶᠡᠷᠦᠩᠬᠡᠶ ᠨᠡᠷᠡᠶ᠋ᠢᠳᠦᠯ ᠪᠣᠯᠤᠨ᠎ᠠ᠂ ᠬᠥᠩᠭᠡᠨᠴᠠᠭ᠋ᠠᠨ ᠪᠣᠯᠪᠠᠰᠤᠷᠠᠭᠤᠯᠬᠤ ᠭᠣᠣᠯ ᠬᠦᠳᠡᠷ ᠪᠣᠯᠤᠨ᠎ᠠ᠃ ᠮᠠᠨ᠎ᠤ ᠤᠯᠤᠰ᠎ᠤᠨ ᠬᠥᠩᠭᠡᠨᠴᠠᠭ᠋ᠠᠨ᠎ᠤ ᠰᠢᠷᠣᠢ᠌ᠲᠤ ᠬᠦᠳᠡᠷ᠎ᠨᠢ ᠨᠢᠭᠡ ᠤᠰᠤᠲᠤ ᠬᠠᠲᠠᠭᠤ ᠬᠥᠩᠭᠡᠨᠴᠠᠭ᠋ᠠᠨ (Al2O-3H2O) ᠵᠶ᠋ᠠᠷ ᠭᠤᠤᠯᠯᠠᠵᠤ᠂ ᠳᠠᠷᠠᠭ᠎ᠠ᠎ᠨᠢ ᠪᠠᠭ᠎ᠠ ᠬᠡᠮᠵᠢᠶᠡᠨ᠎ᠤ ᠭᠤᠷᠪᠠᠨ ᠤᠰᠤᠲᠤ ᠬᠥᠩᠭᠡᠨᠴᠠᠭ᠋ᠠᠨ᠎ᠤ ᠴᠢᠯᠠᠭᠤᠨ ᠬᠡᠯᠪᠡᠷᠢᠲᠦ ᠬᠥᠩᠭᠡᠨᠴᠠᠭ᠋ᠠᠨ᠎ᠤ ᠰᠢᠷᠣᠢ᠌ᠲᠤ ᠬᠦᠳᠡᠷ ᠪᠠᠶ᠋ᠢᠨ᠎ᠠ᠃

       3 . ᠬᠦᠨᠳᠦ ᠲᠠᠯᠠᠰᠲᠤ ᠴᠢᠯᠠᠭᠤ

        ᠬᠦᠨᠳᠦ ᠲᠠᠯᠠᠰᠲᠤ ᠴᠢᠯᠠᠭᠤ ᠪᠣᠯ ᠨᠢᠭᠡ ᠵᠦᠢ᠍ᠯ᠎ᠤᠨ ᠮᠠᠰᠢ ᠴᠢᠬᠤᠯᠠ ᠲᠡᠮᠦᠷᠯᠢᠭ ᠪᠤᠰᠤ ᠡᠷᠦᠳᠡᠰᠦ ᠵᠢᠨ ᠲᠦᠭᠦᠬᠡᠶ ᠮᠠᠲ᠋ᠧᠷᠢᠶᠠᠯ ᠪᠣᠯᠤᠨ᠎ᠠ᠂ ᠥᠷᠭᠡᠨ ᠳᠡᠯᠭᠡᠷ ᠠᠵᠤ ᠦᠢ᠍ᠯᠡᠳᠪᠦᠷᠢ ᠵᠢᠨ ᠬᠡᠷᠡᠭᠴᠡᠭᠡ᠎ᠲᠠᠢ ᠶᠤᠮ᠃ ᠬᠦᠨᠳᠦ ᠲᠠᠯᠠᠰᠲᠤ ᠴᠢᠯᠠᠭᠤ ᠵᠢ ᠴᠠᠭ᠋ᠠᠨ ᠦᠨᠭᠭᠡ᠎ᠲᠠᠢ ᠪᠤᠳᠤᠭ ᠪᠣᠯᠭ᠋ᠠᠨ ᠬᠡᠷᠡᠭᠯᠡᠵᠦ ᠪᠣᠯᠤᠨ᠎ᠠ᠂ ᠪᠠᠰᠠ ᠬᠢᠮᠢ ᠵᠢᠨ ᠠᠵᠤ ᠦᠢ᠍ᠯᠡᠳᠪᠦᠷᠢ᠂ ᠴᠠᠭ᠋ᠠᠰᠤ ᠬᠢᠬᠦ᠂ ᠨᠡᠬᠡᠮᠡᠯ ᠨᠡᠮᠡᠯᠲᠡ ᠮᠠᠲ᠋ᠧᠷᠢᠶᠠᠯ ᠵᠡᠷᠭᠡ᠎ᠳᠤ ᠬᠡᠷᠡᠭᠯᠡᠵᠦ ᠪᠣᠯᠤᠨ᠎ᠠ᠂ ᠰᠢᠯ᠎ᠤᠨ ᠦᠢ᠍ᠯᠡᠳᠪᠦᠷᠢᠯᠡᠯ᠎ᠳᠤ ᠲᠡᠷᠡ᠎ᠨᠢ ᠬᠠᠶ᠋ᠢᠯᠤᠭᠤᠷ ᠡᠳ᠋ ᠪᠣᠯᠬᠤ ᠪᠥᠭᠡᠳ ᠰᠢᠯ᠎ᠤᠨ ᠭᠡᠷᠡᠯᠲᠦᠴᠡ ᠵᠢ ᠨᠡᠮᠡᠭᠳᠡᠭᠦᠯᠦᠨ᠎ᠡ᠃ ᠭᠡᠪᠡᠴᠦ ᠲᠡᠭᠦᠨ᠎ᠤ ᠬᠠᠮᠤᠭ ᠭᠤᠤᠯ᠎ᠨᠢ ᠬᠦᠨᠳᠦᠷᠡᠭᠦᠯᠬᠦ ᠡᠳ᠋ ᠪᠣᠯᠭ᠋ᠠᠵᠤ ᠬᠤᠳᠳᠤᠭ ᠥᠷᠥᠮᠳᠡᠬᠦ ᠠᠵᠢᠯ ᠲᠥᠷᠥᠯ᠎ᠳᠤ ᠬᠡᠷᠡᠭᠯᠡᠬᠦ ᠪᠠ ᠪᠠᠷᠢ ᠪᠣᠯᠪᠠᠰᠤᠷᠠᠭᠤᠯᠤᠨ᠎ᠠ᠃

       4 . ᠺᠠᠯᠽᠢᠲ ᠬᠦᠳᠡᠷ

        ᠺᠠᠯᠽᠢᠲ᠎ᠪᠠᠷ ᠨᠡᠭᠦᠷᠡᠰᠦᠬᠦ᠋ᠴᠢᠯ᠎ᠤᠨ ᠺᠠᠯᠼ᠎ᠤᠨ ᠲᠦᠭᠦᠬᠡᠢ ᠡᠳ᠋ ᠬᠢᠳᠡᠭ᠃ ᠨᠡᠭᠦᠷᠡᠰᠦᠬᠦ᠋ᠴᠢᠯ᠎ᠤᠨ ᠺᠠᠯᠼ ᠪᠣᠯ ᠨᠢᠭᠡ ᠵᠦᠢ᠍ᠯ᠎ᠤᠨ ᠮᠠᠰᠢ ᠥᠷᠭᠡᠨ ᠬᠡᠷᠡᠭᠯᠡᠭᠳᠡᠬᠦ ᠲᠦᠭᠦᠬᠡᠢ ᠡᠳ᠋ ᠪᠣᠯᠤᠨ᠎ᠠ᠂ ᠬᠦᠩᠭᠡᠨ ᠨᠡᠭᠦᠷᠡᠰᠦᠬᠦ᠋ᠴᠢᠯ᠎ᠤᠨ ᠺᠠᠯᠼ ᠪᠣᠯᠤᠨ ᠬᠦᠨᠳᠦ ᠨᠡᠭᠦᠷᠡᠰᠦᠬᠦ᠋ᠴᠢᠯ᠎ᠤᠨ ᠺᠠᠯᠼ ᠭᠡᠵᠦ ᠬᠣᠶᠠᠷ ᠵᠦᠢ᠍ᠯ ᠬᠤᠪᠢᠶᠠᠳᠠᠭ᠃

       5 . ᠭᠢᠯᠪᠠᠭ᠋ᠠᠲᠤ ᠴᠢᠯᠠᠭᠤᠨ᠎ᠤ ᠬᠦᠳᠡᠷ

        ᠭᠢᠯᠪᠠᠭ᠋ᠠᠨ ᠴᠢᠯᠠᠭᠤ ᠵᠢ ᠸᠠᠭ᠋ᠠᠷ ᠱᠠᠭ᠋ᠠᠵᠠᠩ᠂ ᠰᠢᠯ᠂ ᠲᠦᠷᠬᠢᠭᠡᠰᠦ᠂ ᠰᠢᠷ ᠪᠤᠳᠤᠭ᠂ ᠭᠣᠮ᠂ ᠦᠷᠦᠬᠦ ᠮᠠᠲ᠋ᠧᠷᠢᠶᠠᠯ᠂ ᠬᠥᠨᠳᠡᠶ᠋ᠢᠷᠡᠭᠦᠯᠦᠭᠴᠢ ᠵᠢ ᠬᠠᠳᠠᠭ᠋ᠠᠯᠠᠬᠤ ᠳᠠᠭᠤ ᠬᠠᠯᠬᠠᠯᠠᠬᠤ ᠮᠠᠲ᠋ᠧᠷᠢᠶᠠᠯ ᠪᠣᠯᠭ᠋ᠠᠨ ᠬᠡᠷᠡᠭᠯᠡᠵᠦ ᠪᠣᠯᠤᠨ᠎ᠠ᠃ ᠴᠡᠪᠡᠷ ᠲᠤᠩᠭ᠋ᠠᠯᠠᠭ᠂ ᠥᠩᠭᠡ᠎ᠨᠢ ᠭᠤᠶᠤ᠎ᠨᠢ ᠡᠷᠳᠡᠨᠢ ᠵᠢᠨ ᠴᠢᠯᠠᠭᠤ ᠬᠢᠵᠦ ᠪᠣᠯᠤᠨ᠎ᠠ᠃

       6 . ᠭᠢᠯᠠᠭ᠋ᠠᠷ ᠴᠢᠯᠠᠭᠤ

        ᠭᠢᠯᠠᠭ᠋ᠠᠷ ᠴᠢᠯᠠᠭᠤ ᠪᠣᠯ ᠨᠢᠭᠡ ᠵᠦᠢ᠍ᠯ᠎ᠤᠨ ᠰᠢᠨ᠎ᠡ ᠬᠡᠯᠪᠡᠷᠢ ᠵᠢᠨ ᠡᠨᠧᠷᠭᠢ ᠠᠷᠪᠢᠯᠠᠬᠤ ᠡᠷᠦᠳᠡᠰᠦ ᠵᠢᠨ ᠲᠦᠭᠦᠬᠡᠶ ᠮᠠᠲ᠋ᠧᠷᠢᠶᠠᠯ ᠪᠣᠯᠤᠨ᠎ᠠ᠂ ᠭᠣᠣᠯᠳᠠᠭᠤ ᠸᠠᠭ᠋ᠠᠷ ᠱᠠᠭ᠋ᠠᠵᠠᠩ᠎ᠤᠨ ᠠᠵᠤ ᠦᠢ᠍ᠯᠡᠳᠪᠦᠷᠢ᠎ᠳᠤ ᠬᠡᠷᠡᠭᠯᠡᠵᠦ᠂ ᠰᠢᠯ ᠲᠣᠭᠣᠰᠬ᠎ᠠ ᠵᠢᠨ ᠦᠢ᠍ᠯᠡᠳᠪᠦᠷᠢᠯᠡᠯ᠎ᠳᠤ ᠳᠣᠣᠷ᠎ᠠ ᠳᠤᠯᠠᠭ᠋ᠠᠨ ᠵᠶ᠋ᠠᠷ ᠲᠦᠷᠭᠡᠨ ᠰᠢᠲᠠᠭ᠋ᠠᠬᠤ ᠣᠨᠴᠠᠯᠢᠭ᠎ᠲᠠᠢ᠂ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢ᠍ᠯᠡᠳᠪᠦᠷᠢ ᠵᠢ ᠬᠥᠭᠵᠢᠭᠦᠯᠬᠦ᠎ᠳᠤ ᠵᠣᠬᠢᠬᠤ ᠠᠴᠢ ᠬᠣᠯᠪᠣᠭᠳᠠᠯ᠎ᠲᠠᠢ ᠶᠤᠮ᠃

       7 . ᠵᠣᠩᠰᠢ ᠵᠢᠨ ᠬᠦᠳᠡᠷ

        ᠵᠣᠩᠰᠢ ᠵᠢᠨ ᠬᠦᠳᠡᠷ᠎ᠤᠨ ᠡᠷᠦᠳᠡᠰᠦ ᠪᠣᠯ ᠵᠢᠶᠠᠰᠠ ᠪᠦᠲᠦᠴᠡ᠎ᠲᠠᠢ ᠬᠥᠩᠭᠡᠨᠴᠠᠭ᠋ᠠᠨ ᠴᠠᠬᠢᠭᠤᠷ ᠬᠦᠴᠢᠯ᠎ᠤᠨ ᠳᠠᠪᠤᠰᠤ ᠵᠢᠨ ᠡᠷᠦᠳᠡᠰᠦ ᠵᠢᠭ᠋ᠠᠵᠤ ᠪᠠᠢ᠌ᠨ᠎ᠠ᠂ ᠭᠣᠣᠯᠳᠠᠭᠤ ᠺᠠᠯᠢ ᠵᠢᠨ ᠵᠣᠩᠰᠢ᠂ ᠨᠠᠲᠷᠢ ᠵᠢᠨ ᠵᠣᠩᠰᠢ᠂ ᠺᠠᠯᠼ᠎ᠤᠨ ᠵᠣᠩᠰᠢ ᠵᠡᠷᠭᠡ ᠪᠣᠯᠤᠨ᠎ᠠ᠃

        ᠵᠣᠩᠰᠢ᠎ᠪᠠᠷ ᠰᠢᠯ ᠦᠢ᠍ᠯᠡᠳᠬᠦ᠎ᠳᠤ ᠬᠡᠷᠡᠭᠯᠡᠵᠦ᠂ ᠰᠢᠯ᠎ᠤᠨ ᠲᠦᠭᠦᠬᠡᠶ ᠮᠠᠲ᠋ᠧᠷᠢᠶᠠᠯ᠎ᠤᠨ AL2O3 ᠵᠢᠨ ᠢᠷᠡᠯᠲᠡ ᠪᠣᠯᠤᠭᠰᠠᠨ᠎ᠤ ᠬᠤᠪᠢ᠎ᠳᠤ᠂ ᠰᠢᠯ᠎ᠤᠨ ᠬᠢᠮᠢ ᠵᠢᠨ ᠲᠣᠭᠲᠠᠪᠤᠷᠢᠲᠤ ᠴᠢᠨᠠᠷ᠂ ᠢᠯᠴᠢ ᠵᠢᠨ ᠲᠣᠭᠲᠠᠪᠤᠷᠢᠲᠤ ᠴᠢᠨᠠᠷ᠂ ᠮᠧᠬᠠᠨᠢᠭ᠎ᠤᠨ ᠬᠦᠴᠦᠯᠡᠴᠡ᠂ ᠬᠠᠲᠠᠭᠤᠴᠠ ᠪᠣᠯᠤᠨ ᠬᠤᠭᠤᠷᠠᠮᠵᠢ ᠵᠢ ᠳᠡᠭᠡᠭᠰᠢᠯᠡᠭᠦᠯᠵᠦ᠂ ᠰᠢᠯ᠎ᠤᠨ ᠰᠢᠩᠭᠡᠨ᠎ᠤ ᠭᠠᠯ᠎ᠳᠤ ᠳᠠᠭ᠋ᠠᠭ᠋ᠠᠮᠠᠭ᠋ᠠᠶ ᠮᠠᠲ᠋ᠧᠷᠢᠶᠠᠯ᠎ᠤᠨ ᠢᠳᠡᠭᠳᠡᠯ᠎ᠢ ᠪᠠᠭ᠋ᠠᠰᠬᠠᠬᠤ ᠵᠢᠨ ᠬᠠᠮᠲᠤ ᠹᠯᠣᠷᠲᠤ ᠨᠢᠭᠡᠳᠪᠦᠷᠢ ᠵᠢᠨ ᠰᠦᠨ ᠰᠢᠩᠭᠡᠨ᠎ᠳᠤ ᠠᠰᠢᠭᠲᠠᠶ ᠪᠠᠶ᠋ᠢᠳᠠᠭ᠃

       8 . ᠭᠠᠯ ᠳᠠᠭ᠋ᠠᠭ᠋ᠠᠮᠠᠭ᠋ᠠᠢ ᠨᠠᠩᠭᠢ ᠰᠢᠷᠣᠢ ᠵᠢᠨ ᠬᠦᠳᠡᠷ

        ᠭᠠᠯ ᠳᠠᠭ᠋ᠠᠭ᠋ᠠᠮᠠᠭ᠋ᠠᠶ ᠨᠠᠩᠭᠢ ᠰᠢᠷᠣᠶ ᠵᠢ ᠭᠣᠣᠯᠳᠠᠭᠤ ᠲᠡᠮᠦᠷᠯᠢᠭ ᠪᠣᠯᠪᠠᠰᠤᠷᠠᠭᠤᠯᠬᠤ ᠠᠵᠤ ᠦᠢ᠍ᠯᠡᠳᠪᠦᠷᠢ᠎ᠳᠤ ᠬᠡᠷᠡᠭᠯᠡᠵᠦ᠂ ᠭᠠᠯ ᠳᠠᠭ᠋ᠠᠭ᠋ᠠᠮᠠᠭ᠋ᠠᠶ ᠬᠡᠪᠰᠢᠭᠰᠡᠨ ᠮᠠᠲ᠋ᠧᠷᠢᠶᠠᠯ (ᠡᠯ᠎ᠡ ᠵᠦᠢ᠍ᠯ᠎ᠤᠨ ᠬᠡᠪ ᠪᠠᠷᠢᠮᠵᠢᠶ᠎ᠠ᠎ᠲᠠᠢ ᠲᠣᠭᠣᠰᠬ᠎ᠠ ᠵᠢᠨ ᠮᠠᠲ᠋ᠧᠷᠢᠶᠠᠯ) ᠪᠠ ᠭᠠᠯ ᠳᠠᠭ᠋ᠠᠭ᠋ᠠᠮᠠᠭ᠋ᠠᠶ ᠦᠯᠦ ᠬᠡᠪᠰᠢᠭᠰᠡᠨ ᠮᠠᠲ᠋ᠧᠷᠢᠶᠠᠯ ᠦᠢ᠍ᠯᠡᠳᠪᠦᠷᠢᠯᠡᠬᠦ ᠲᠦᠭᠦᠬᠡᠶ ᠮᠠᠲ᠋ᠧᠷᠢᠶᠠᠯ ᠪᠣᠯᠭ᠋ᠠᠵᠤ᠂ ᠬᠡᠷᠡᠭᠯᠡᠬᠦ ᠬᠡᠮᠵᠢᠶ᠎ᠡ᠎ᠨᠢ ᠪᠠᠷᠤᠭ ᠪᠦᠬᠦ ᠭᠠᠯ ᠳᠠᠭ᠋ᠠᠭ᠋ᠠᠮᠠᠭ᠋ᠠᠶ ᠮᠠᠲ᠋ᠧᠷᠢᠶᠠᠯ᠎ᠤᠨ 70 % ᠵᠢ ᠡᠵᠡᠯᠡᠨ᠎ᠡ᠃

       9 . ᠱᠦᠢ᠍ᠨᠢ ᠵᠢᠨ ᠮᠠᠲ᠋ᠧᠷᠢᠶᠠᠯ ᠨᠠᠶ᠋ᠢᠷᠠᠭᠤᠯᠬᠤ᠎ᠳᠤ ᠬᠡᠷᠡᠭᠯᠡᠬᠦ ᠬᠠᠶ᠋ᠢᠷ ᠴᠢᠯᠠᠭᠤᠯᠢᠭ᠎ᠤᠨ ᠬᠦᠳᠡᠷ

        ᠡᠯᠡᠰᠦᠨ ᠴᠢᠯᠠᠭᠤᠯᠢᠭ᠎ᠤᠨ ᠭᠣᠣᠯ ᠪᠦᠷᠢᠯᠳᠦᠬᠦᠨ SiO2᠂ ᠴᠠᠬᠢᠭᠤᠷ ᠬᠦᠴᠢᠯ᠎ᠤᠨ ᠳᠠᠪᠤᠰᠤᠨ ᠡᠷᠦᠳᠡᠰᠦ ᠵᠢᠨ ᠭᠣᠣᠯ ᠪᠦᠷᠢᠯᠳᠦᠬᠦᠨ ᠮᠥᠨ᠂ ᠴᠤᠬᠤᠢ ᠵᠢᠨ ᠴᠢᠯᠠᠭᠤ᠎ᠲᠠᠢ ᠲᠤᠰᠠᠯᠠᠬᠤ ᠲᠦᠭᠦᠬᠡᠢ ᠡᠳ᠋ ᠨᠡᠮᠡᠵᠦ ᠥᠨᠳᠥᠷ ᠳᠤᠯᠠᠭ᠋ᠠᠨ ᠵᠶ᠋ᠠᠷ ᠤᠯᠠᠶ᠋ᠢᠰᠬᠠᠭ᠋ᠠᠳ ᠴᠠᠬᠢᠭᠤᠷ ᠬᠦᠴᠢᠯ᠎ᠤᠨ ᠳᠠᠪᠤᠰᠤᠨ ᠱᠦᠢ᠍ᠨᠢ ᠵᠢᠨ ᠢᠳᠡᠭᠡᠰᠢᠭᠰᠡᠨ ᠮᠠᠲ᠋ᠧᠷᠢᠶᠠᠯ ᠪᠣᠯᠭ᠋ᠠᠳᠠᠭ᠃

       10 . ᠱᠦᠢ᠍ᠨᠢ ᠵᠢᠨ ᠮᠠᠲ᠋ᠧᠷᠢᠶᠠᠯ ᠨᠠᠶ᠋ᠢᠷᠠᠭᠤᠯᠬᠤ᠎ᠳᠤ ᠬᠡᠷᠡᠭᠯᠡᠬᠦ ᠨᠠᠩᠭᠢ ᠰᠢᠷᠣᠶ ᠵᠢᠨ ᠬᠦᠳᠡᠷ

        ᠨᠠᠩᠭᠢ ᠰᠢᠷᠣᠶ ᠵᠢᠨ ᠴᠢᠯᠠᠭᠤᠯᠢᠭ ᠪᠣᠯ ᠨᠠᠩᠭᠢ ᠰᠢᠷᠣᠶ ᠵᠢᠨ ᠡᠷᠦᠳᠡᠰᠦ (ᠭᠣᠣᠯᠢᠩ ᠰᠢᠷᠣᠶ᠂ ᠮᠣᠨ᠋ᠲᠮᠣᠷᠢᠯᠣᠨᠢᠲ ᠴᠢᠯᠠᠭᠤ᠂ ᠤᠰᠤᠨ ᠭᠢᠯᠲᠠᠭ᠋ᠠᠨᠠᠭᠤᠷ ᠵᠡᠷᠭᠡ)᠎ᠪᠠᠷ ᠪᠦᠷᠢᠯᠳᠦᠭᠰᠡᠨ ᠲᠤᠨᠤᠮᠠᠯ ᠴᠢᠯᠠᠭᠤᠯᠢᠭ ᠪᠣᠯᠤᠨ᠎ᠠ᠂ ᠭᠣᠣᠯᠳᠠᠭᠤ ᠰᠢᠪᠠᠷ ᠴᠢᠯᠠᠭᠤᠯᠢᠭ᠂ ᠵᠠᠨᠠᠷ᠂ ᠬᠠᠪᠲᠠᠰᠤᠨ ᠴᠢᠯᠠᠭᠤᠯᠢᠭ ᠪᠠᠭᠲᠠᠨ᠎ᠠ᠃ ᠥᠨᠳᠥᠷ ᠳᠤᠯᠠᠭ᠋ᠠᠨ ᠵᠶ᠋ᠠᠷ ᠰᠢᠲᠠᠭ᠋ᠠᠵᠤ ᠴᠠᠬᠢᠭᠤᠷ ᠬᠦᠴᠢᠯ᠎ᠤᠨ ᠳᠠᠪᠤᠰᠤᠲᠤ ᠱᠦᠢ᠍ᠨᠢ ᠵᠢᠨ ᠢᠳᠡᠭᠡᠰᠢᠭᠰᠡᠨ ᠮᠠᠲ᠋ᠧᠷᠢᠶᠠᠯ ᠪᠣᠯᠭ᠋ᠠᠨ᠎ᠠ᠃

               2021 ᠣᠨ᠎ᠤ 7 ᠳ᠋ᠤᠭ᠋ᠠᠷ ᠰᠠᠷ᠎ᠠ ᠵᠢᠨ 23᠎ᠤ ᠡᠳᠦᠷ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠰᠢᠲᠠᠮᠠᠬᠠᠶ ᠬᠡᠶ ᠪᠠ ᠰᠢᠲᠠᠮᠠᠬᠠᠶ ᠬᠡᠶ ᠵᠢᠨ ᠪᠤᠰᠤ ᠠᠭᠤᠷᠬᠠᠶ ᠵᠢᠨ ᠡᠷᠬᠡ ᠵᠢ ᠳᠠᠪᠬᠤᠴᠠᠭᠤᠯᠤᠨ ᠳᠣᠭᠢᠷᠠᠭᠤᠯᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠠᠶ᠋ᠢᠯᠤᠮᠵᠢ
ᠦᠰᠦᠭ ᠪᠢᠴᠢᠭ ᠵᠶ᠋ᠠᠷ ᠲᠠᠢ᠌ᠯᠬᠤᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
《〈ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠳᠡᠩᠰᠡᠯᠡᠨ ᠬᠠᠮᠢᠶᠠᠷᠬᠤ ᠲᠣᠭᠲᠠᠭ᠋ᠠᠯ〉 〈ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠳᠡᠩᠰᠡᠯᠡᠨ ᠬᠠᠮᠢᠶᠠᠷᠬᠤ ᠲᠣᠭᠲᠠᠭ᠋ᠠᠯ〉᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》᠎ᠤᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ 《ᠣᠯᠠᠨ ᠬᠡᠮᠵᠢᠯᠲᠡ ᠵᠢ ᠨᠢᠭᠡᠳᠬᠡᠬᠦ》 ᠮᠡᠷᠭᠡᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)᠎ᠤᠨ ᠸᠢᠳᠢᠤ᠋ ᠲᠠᠶ᠋ᠢᠯᠤᠮᠵᠢ
ᠨᠢᠭᠡ ᠵᠢᠷᠤᠭ ᠵᠶ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ᠎ᠤᠨ ᠰᠠᠭᠤᠷᠢ ᠬᠡᠮᠵᠢᠨ ᠵᠢᠷᠤᠭᠯᠠᠯᠲᠠ ᠵᠢᠨ ᠲᠥᠯᠥᠪᠵᠢᠭᠦᠯᠭᠡ》 ᠵᠢ ᠣᠶ᠋ᠢᠯᠠᠭ᠋ᠠᠵᠤ ᠪᠠᠶ᠋ᠢᠭ᠎ᠠ᠎ᠨᠢ
 
            