ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠲᠠᠢ᠌ᠯᠬᠤᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-12-22

      ᠨᠢᠭᠡ᠂ ᠶᠠᠭᠤᠨ᠎ᠤ ᠤᠴᠢᠷ᠎ᠠᠴᠠ 《ᠬᠡᠷᠡᠭᠵᠢᠭᠦᠯᠬᠦ ᠲᠥᠰᠦᠯ》᠎ᠢ ᠨᠡᠶ᠋ᠢᠲᠡᠯᠡᠭᠰᠡᠨ ᠪᠤᠢ?

      ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠮᠤᠵᠢ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠣᠬᠢᠰᠲᠠᠶ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠵᠢᠨ ᠲᠥᠰᠦᠯ᠎ᠢ ᠪᠦᠲᠦᠮᠵᠢᠲᠡᠶ ᠬᠡᠷᠡᠭᠵᠢᠭᠦᠯᠬᠦ ᠵᠢ ᠪᠠᠲᠤᠯᠠᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》 (ᠲᠥᠷᠥ ᠠᠯᠪᠠᠨ ᠲᠠᠷᠬᠠᠭ᠋ᠠᠭᠰᠠᠨ [2020] 19 ᠳ᠋ᠦ᠍ᠭᠡᠷ ᠲᠣᠭ᠋ᠠᠲᠤ) ᠪᠠ 《ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2018] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠲᠥᠰᠦᠯ᠎ᠢ ᠲᠣᠭᠲᠠᠭ᠋ᠠᠪᠠ᠃

      ᠬᠣᠶᠠᠷ᠂ 《ᠬᠡᠷᠡᠭᠵᠢᠭᠦᠯᠬᠦ ᠲᠥᠰᠦᠯ》᠎ᠤᠨ ᠶᠡᠷᠦᠩᠬᠡᠶ ᠱᠠᠭ᠋ᠠᠷᠳᠠᠯᠭ᠎ᠠ ᠪᠠ ᠬᠠᠷᠠᠯᠲᠠ ᠡᠭᠦᠷᠭᠡ᠎ᠨᠢ ᠶᠠᠭᠤ ᠪᠤᠢ?

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭᠲᠤ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠦᠬᠦᠳᠡ ᠬᠤᠷᠠᠯ ᠵᠢᠴᠢ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ   ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠤ ᠬᠣᠭᠣᠷᠣᠨᠳᠣᠬᠢ ᠠᠵᠢᠯ ᠶᠠᠪᠤᠳᠠᠯ᠎ᠤᠨ ᠡᠷᠬᠡ ᠪᠣᠯᠤᠨ ᠡᠳ᠋᠎ᠤᠨ ᠵᠠᠰᠠᠭ᠎ᠤᠨ ᠡᠷᠬᠡ ᠵᠢᠨ ᠬᠤᠪᠢᠶᠠᠷᠢᠯᠠᠯ᠎ᠢ ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋᠎ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠪᠦᠬᠦᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠬᠠᠷᠢᠴᠠᠭ᠎ᠠ ᠵᠢ ᠪᠠᠶ᠋ᠢᠭᠤᠯᠵᠤ᠂ ᠲᠣᠭᠲᠠᠪᠤᠷᠢᠲᠠᠶ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠤᠨ ᠡᠷᠬᠡ᠂ ᠵᠠᠷᠤᠯᠭ᠎ᠠ ᠵᠢᠨ ᠬᠠᠷᠢᠭᠤᠴᠠᠯᠭ᠎ᠠ ᠪᠠ ᠡᠳ᠋᠎ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠦᠷᠢᠮ᠎ᠢ ᠪᠣᠶ ᠪᠣᠯᠭ᠋ᠠᠨ᠎ᠠ᠃

      ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ ᠵᠢᠨ ᠬᠠᠮᠠᠭ᠋ᠠᠯᠠᠯᠲᠠ ᠪᠠ ᠵᠦᠢ ᠵᠣᠬᠢᠰᠲᠠᠶ ᠠᠰᠢᠭᠯᠠᠯᠲᠠ ᠵᠢ ᠠᠬᠢᠭᠤᠯᠵᠤ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠨ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠥᠳᠥᠭᠡᠨ ᠪᠠᠶ᠋ᠢᠭᠤᠯᠤᠯᠲᠠ ᠵᠢ ᠠᠬᠢᠭᠤᠯᠬᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃

      ᠭᠤᠷᠪᠠ᠂ 《ᠬᠡᠷᠡᠭᠵᠢᠭᠦᠯᠬᠦ ᠲᠥᠰᠦᠯ》᠎ᠤᠨ ᠭᠣᠣᠯ ᠠᠭᠤᠯᠭ᠎ᠠ᠎ᠨᠢ ᠶᠠᠭᠤ ᠶᠠᠭᠤ ᠪᠤᠢ?

      《ᠣᠷᠣᠨ ᠨᠤᠲᠤᠭ᠎ᠤᠨ ᠨᠡᠩ ᠳᠡᠭᠡᠳᠦ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠡᠭᠦᠷᠭᠡᠯᠡᠬᠦ᠎ᠳᠤ ᠲᠣᠬᠢᠷᠠᠮᠵᠢᠲᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠠᠷᠤᠯᠭ᠎ᠠ ᠵᠢᠨ ᠬᠠᠷᠢᠭᠤᠴᠠᠯᠭ᠎ᠠ ᠵᠢ ᠳᠡᠭᠡᠭᠰᠢ ᠰᠢᠯᠵᠢᠭᠦᠯᠵᠦ᠂ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠬᠡᠳᠦ ᠣᠯᠠᠨ ᠵᠠᠷᠤᠯᠭ᠎ᠠ ᠵᠢᠨ ᠬᠠᠷᠢᠭᠤᠴᠠᠯᠭ᠎ᠠ ᠡᠭᠦᠷᠭᠡᠯᠡᠬᠦ᠎ᠠᠴᠠ ᠵᠠᠶ᠋ᠢᠯᠠᠰᠬᠢᠬᠦ》 ᠵᠠᠷᠴᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠰᠢᠨᠵᠢᠬᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠠ ᠬᠡᠷᠡᠭᠯᠡᠯᠲᠡ ᠵᠢᠨ ᠬᠠᠮᠢᠶᠠᠷᠤᠯᠲᠠ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠪᠤᠰᠤᠳ ᠵᠦᠢ᠍ᠯ ᠵᠡᠷᠭᠡ 7 ᠲᠠᠯ᠎ᠠ ᠵᠢᠨ ᠡᠳ᠋᠎ᠤᠨ ᠵᠠᠰᠠᠭ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠲᠣᠳᠣᠷᠬᠠᠶ ᠲᠣᠭᠲᠠᠭ᠋ᠠᠪᠠ᠃

    ᠳᠥᠷᠪᠡ᠂ 《ᠬᠡᠷᠡᠭᠵᠢᠭᠦᠯᠬᠦ ᠲᠥᠰᠦᠯ》᠎ᠤᠨ ᠨᠠᠶ᠋ᠢᠳᠠᠪᠤᠷᠢᠵᠢᠭᠤᠯᠤᠯᠲᠠ ᠵᠢ ᠬᠡᠷᠬᠢᠨ ᠠᠬᠢᠭᠤᠯᠬᠤ ᠪᠣᠶ?

    ᠨᠢᠭᠡ᠎ᠳᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠵᠣᠬᠢᠴᠠᠭᠤᠯᠤᠨ ᠬᠠᠮᠵᠢᠯᠴᠠᠬᠤ᠎ᠪᠠᠨ ᠨᠢᠭᠲᠠᠷᠠᠭᠤᠯᠵᠤ᠂ ᠥᠭᠡᠷᠡᠴᠢᠯᠡᠯᠲᠡ ᠵᠢᠨ ᠨᠠᠶ᠋ᠢᠳᠠᠪᠤᠷᠢᠵᠢᠭᠤᠯᠤᠯᠲᠠ ᠵᠢ ᠪᠠᠲᠤᠯᠠᠨ᠎ᠠ; ᠬᠣᠶᠠᠷ᠎ᠲᠤ᠂ ᠲᠥᠰᠦᠪ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠤ ᠥᠭᠡᠷᠡᠴᠢᠯᠡᠯᠲᠡ ᠬᠥᠭᠵᠢᠯᠲᠡ᠎ᠳᠤ ᠬᠦᠴᠦᠲᠡᠢ ᠪᠡᠯᠡ ᠮᠥᠩᠭᠥ ᠵᠢᠨ ᠪᠠᠲᠤᠯᠠᠭ᠎ᠠ ᠬᠠᠩᠭ᠋ᠠᠨ᠎ᠠ; ᠭᠤᠷᠪᠠ᠎ᠳᠤ᠂ ᠬᠣᠯᠪᠣᠭᠳᠠᠯ ᠪᠦᠬᠦᠢ ᠳᠦᠷᠢᠮ᠎ᠢ ᠡᠮᠬᠢᠯᠡᠨ ᠵᠠᠰᠠᠵᠤ ᠪᠦᠷᠢᠨᠰᠢᠭᠦᠯᠦᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠴᠢᠬᠤᠯᠠ ᠶᠡᠬᠡ ᠥᠭᠡᠷᠡᠴᠢᠯᠡᠯᠲᠡ᠎ᠲᠠᠢ ᠣᠷᠭ᠋ᠠᠨᠢᠭ ᠵᠶ᠋ᠠᠷ ᠵᠣᠯᠭ᠋ᠠᠭᠤᠯᠵᠤ᠂ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《〈ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠳᠡᠩᠰᠡᠯᠡᠨ ᠬᠠᠮᠢᠶᠠᠷᠬᠤ ᠲᠣᠭᠲᠠᠭ᠋ᠠᠯ〉 〈ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠳᠡᠩᠰᠡᠯᠡᠨ ᠬᠠᠮᠢᠶᠠᠷᠬᠤ ᠲᠣᠭᠲᠠᠭ᠋ᠠᠯ〉᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》᠎ᠤᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ 《ᠣᠯᠠᠨ ᠬᠡᠮᠵᠢᠯᠲᠡ ᠵᠢ ᠨᠢᠭᠡᠳᠬᠡᠬᠦ》 ᠮᠡᠷᠭᠡᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)᠎ᠤᠨ ᠸᠢᠳᠢᠤ᠋ ᠲᠠᠶ᠋ᠢᠯᠤᠮᠵᠢ
ᠨᠢᠭᠡ ᠵᠢᠷᠤᠭ ᠵᠶ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ᠎ᠤᠨ ᠰᠠᠭᠤᠷᠢ ᠬᠡᠮᠵᠢᠨ ᠵᠢᠷᠤᠭᠯᠠᠯᠲᠠ ᠵᠢᠨ ᠲᠥᠯᠥᠪᠵᠢᠭᠦᠯᠭᠡ》 ᠵᠢ ᠣᠶ᠋ᠢᠯᠠᠭ᠋ᠠᠵᠤ ᠪᠠᠶ᠋ᠢᠭ᠎ᠠ᠎ᠨᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠠᠵᠢᠯ ᠲᠥᠷᠥᠯ᠎ᠤᠨ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ
ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠭᠰᠠᠨ ᠬᠣᠯᠪᠣᠭᠳᠠᠯ ᠪᠥᠬᠥᠶ ᠵᠦᠶᠯᠡᠰ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠎ᠤ ᠲᠠᠶ᠋ᠢᠯᠤᠮᠵᠢ
 
            