ᠤᠯᠤᠰ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠮᠠᠨ᠎ᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠬᠦ ᠵᠢᠨ ᠲᠤᠰᠠᠳᠠ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠲᠣᠭᠲᠠᠭ᠋ᠠᠯ》 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠵᠢᠨ ᠲᠣᠭᠲᠠᠭ᠋ᠠᠯ》 (ᠬᠣᠢ᠌ᠨ᠎ᠠ᠎ᠨᠢ 《ᠬᠠᠶ᠋ᠢᠨ ᠪᠠᠶ᠋ᠢᠴᠠᠭ᠋ᠠᠬᠤ ᠲᠣᠭᠲᠠᠭ᠋ᠠᠯ》᠂ 《ᠨᠡᠭᠡᠭᠡᠨ ᠮᠠᠯᠲᠠᠬᠤ ᠲᠣᠭᠲᠠᠭ᠋ᠠᠯ》 ᠭᠡᠵᠦ ᠲᠣᠪᠴᠢᠯᠠᠨ᠎ᠠ)᠎ᠢ ᠲᠣᠭᠲᠠᠭ᠋ᠠᠪᠠ᠂ ᠬᠡᠷᠡᠭᠵᠢᠭᠦᠯᠬᠦ᠎ᠳᠤ ᠳᠥᠭᠥᠮ ᠪᠣᠯᠭ᠋ᠠᠬᠤ ᠵᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠠᠭᠤᠯᠭ᠎ᠠ ᠵᠢ ᠳᠤᠤᠷᠠᠬᠢ ᠮᠡᠲᠦ ᠲᠠᠶ᠋ᠢᠯᠪᠤᠷᠢᠯᠠᠶᠠ᠄
ᠨᠢᠭᠡ᠂ 《ᠬᠠᠶ᠋ᠢᠨ ᠪᠠᠶ᠋ᠢᠴᠠᠭ᠋ᠠᠬᠤ ᠲᠣᠭᠲᠠᠭ᠋ᠠᠯ》᠎ᠳᠤ᠂ ᠠᠭᠤᠷᠬᠠᠶ ᠬᠠᠶ᠋ᠢᠬᠤ ᠡᠷᠬᠡ ᠵᠢ ᠰᠠᠯᠭ᠋ᠠᠬᠤ᠂ ᠦᠯᠡᠳᠡᠭᠡᠬᠦ ᠤᠷᠢᠲᠠᠯ ᠪᠣᠯ 《ᠰᠢᠲᠠᠮᠠᠬᠠᠶ ᠬᠡᠢ ᠵᠢᠨ ᠪᠤᠰᠤ ᠠᠭᠤᠷᠬᠠᠶ ᠬᠠᠶ᠋ᠢᠬᠤ ᠡᠷᠬᠡᠲᠦ ᠬᠥᠮᠦᠨ᠎ᠨᠢ ᠥᠪᠡᠷ᠎ᠤᠨ ᠠᠭᠤᠷᠬᠠᠶ ᠮᠠᠯᠲᠠᠬᠤ ᠡᠷᠬᠡ᠎ᠪᠠᠨ ᠰᠢᠯᠵᠢᠭᠦᠯᠬᠦ ᠬᠡᠷᠡᠭᠴᠡᠭᠡ᠎ᠠᠴᠠ ᠪᠣᠯᠤᠭᠰᠠᠨ》᠂ ᠥᠭᠡᠷ᠎ᠡ᠎ᠪᠠᠷ ᠬᠡᠯᠡᠪᠡᠯ ᠰᠢᠲᠠᠮᠠᠬᠠᠶ ᠬᠡᠢ ᠵᠢᠨ ᠪᠤᠰᠤ ᠠᠭᠤᠷᠬᠠᠶ ᠬᠠᠶ᠋ᠢᠬᠤ ᠡᠷᠬᠡᠲᠦ ᠬᠥᠮᠦᠨ ᠠᠭᠤᠷᠬᠠᠶ ᠬᠠᠶ᠋ᠢᠬᠤ ᠡᠷᠬᠡ᠎ᠪᠠᠨ ᠰᠠᠯᠭ᠋ᠠᠬᠤ᠂ ᠦᠯᠡᠳᠡᠭᠡᠬᠦ᠎ᠪᠠᠷ ᠭᠤᠶᠤᠴᠢᠯᠠᠬᠤ᠎ᠳᠤ ᠡᠷᠬᠡᠪᠰᠢ ᠰᠢᠯᠵᠢᠭᠦᠯᠦᠨ ᠮᠠᠯᠲᠠᠬᠤ ᠱᠠᠭ᠋ᠠᠷᠳᠠᠯᠭ᠎ᠠ᠎ᠳᠤ ᠬᠦᠷᠬᠦ ᠬᠡᠷᠡᠭᠲᠡᠶ᠂ ᠡᠰᠡ ᠲᠡᠶ᠋ᠢᠮᠦ ᠪᠣᠯ ᠰᠠᠯᠭ᠋ᠠᠬᠤ᠂ ᠦᠯᠡᠳᠡᠭᠡᠬᠦ᠎ᠪᠠᠷ ᠭᠤᠶᠤᠴᠢᠯᠠᠬᠤ ᠵᠢ ᠵᠥᠪᠰᠢᠶᠡᠷᠡᠬᠦ ᠦᠭᠡᠶ᠃ ᠡᠶ᠋ᠢᠮᠦ᠎ᠠᠴᠠ᠂ ᠠᠭᠤᠷᠬᠠᠶ ᠬᠠᠶ᠋ᠢᠬᠤ ᠡᠷᠬᠡ ᠵᠢ ᠰᠠᠯᠭ᠋ᠠᠬᠤ᠂ ᠦᠯᠡᠳᠡᠭᠡᠬᠦ ᠦᠶ᠎ᠡ᠎ᠳᠤ ᠲᠤᠰᠢᠶᠠᠭᠰᠠᠨ ᠬᠢᠨᠠᠨ ᠲᠣᠭᠲᠠᠭ᠋ᠠᠵᠤ ᠳᠠᠩᠰᠠᠯᠠᠭᠤᠯᠤᠭᠰᠠᠨ ᠭᠠᠵᠠᠷ ᠰᠢᠨᠵᠢᠯᠡᠭᠡᠨ᠎ᠤ ᠮᠡᠳᠡᠭᠦᠯᠦᠯᠲᠡ᠎ᠨᠢ ᠬᠢᠨᠠᠨ ᠲᠣᠭᠲᠠᠭ᠋ᠠᠵᠤ ᠳᠠᠩᠰᠠᠯᠠᠭᠤᠯᠤᠭᠰᠠᠨ 《ᠠᠭᠤᠷᠬᠠᠶ ᠬᠠᠶ᠋ᠢᠬᠤ ᠡᠷᠬᠡ ᠵᠢ ᠠᠭᠤᠷᠬᠠᠶ ᠮᠠᠯᠲᠠᠬᠤ ᠡᠷᠬᠡ ᠪᠣᠯᠭ᠋ᠠᠨ ᠬᠤᠪᠢᠷᠠᠭᠤᠯᠬᠤ》 ᠭᠠᠵᠠᠷ ᠰᠢᠨᠵᠢᠯᠡᠭᠡᠨ᠎ᠤ ᠮᠡᠳᠡᠭᠦᠯᠦᠯᠲᠡ ᠪᠠᠶ᠋ᠢᠬᠤ ᠬᠡᠷᠡᠭᠲᠡᠶ᠃
ᠬᠣᠶᠠᠷ᠂ ᠠᠭᠤᠷᠬᠠᠶ ᠬᠠᠶ᠋ᠢᠬᠤ ᠡᠷᠬᠡ ᠵᠢ ᠰᠠᠯᠭ᠋ᠠᠬᠤ ᠲᠤᠬᠠᠶ
ᠱᠠᠭ᠋ᠠᠷᠳᠠᠯᠭ᠎ᠠ ᠶᠣᠰᠣᠭ᠋ᠠᠷ ᠠᠭᠤᠷᠬᠠᠶ ᠬᠠᠶ᠋ᠢᠬᠤ ᠡᠷᠬᠡ ᠵᠢ ᠰᠠᠯᠭ᠋ᠠᠭᠰᠠᠨ ᠪᠣᠯ ᠰᠠᠯᠭ᠋ᠠᠭᠰᠠᠨ᠎ᠤ ᠳᠠᠷᠠᠭ᠎ᠠ ᠭᠣᠣᠯ ᠴᠣᠭᠴᠠ ᠵᠢ ᠲᠤᠰᠠᠭ᠋ᠠᠷ᠎ᠨᠢ ᠬᠤᠪᠢᠷᠠᠭᠤᠯᠵᠤ ᠪᠣᠯᠬᠤ ᠦᠭᠡᠶ᠃ ᠡᠭᠦᠨ᠎ᠳᠤ᠂ ᠠᠩᠬ᠎ᠠ ᠮᠠᠯᠲᠠᠬᠤ ᠭᠠᠵᠠᠷ᠎ᠤᠨ ᠬᠡᠰᠡᠭ᠎ᠢ ᠰᠢᠯᠵᠢᠭᠦᠯᠦᠨ ᠮᠠᠯᠲᠠᠬᠤ ᠵᠢᠨ ᠭᠠᠳᠠᠭᠤᠷᠬᠢ ᠬᠤᠪᠢᠶᠠᠨ ᠪᠠᠶ᠋ᠢᠭᠤᠯᠤᠭᠰᠠᠨ ᠠᠭᠤᠷᠬᠠᠶ ᠬᠠᠶ᠋ᠢᠬᠤ ᠡᠷᠬᠡ ᠵᠢ ᠠᠭᠤᠷᠬᠠᠶ ᠮᠠᠯᠲᠠᠬᠤ ᠡᠷᠬᠡ ᠪᠣᠯᠭ᠋ᠠᠨ ᠰᠢᠯᠵᠢᠭᠦᠯᠬᠦ᠎ᠳᠤ᠂ ᠲᠤᠰᠠᠭ᠋ᠠᠷ ᠠᠭᠤᠷᠬᠠᠶ ᠮᠠᠯᠲᠠᠬᠤ ᠡᠷᠬᠡ ᠪᠠᠶ᠋ᠢᠷᠢᠯᠠᠭᠤᠯᠵᠤ ᠪᠣᠯᠬᠤ ᠦᠭᠡᠶ᠂ ᠡᠷᠬᠡᠪᠰᠢ ᠠᠩᠬ᠎ᠠ ᠮᠠᠯᠲᠠᠬᠤ ᠭᠠᠵᠠᠷ᠎ᠤᠨ ᠬᠡᠰᠡᠭ᠎ᠤᠨ ᠠᠭᠤᠷᠬᠠᠶ ᠮᠠᠯᠲᠠᠬᠤ ᠡᠷᠬᠡ᠎ᠲᠠᠢ ᠡᠮᠬᠢᠯᠡᠨ ᠨᠡᠶ᠋ᠢᠯᠡᠭᠦᠯᠬᠦ ᠬᠡᠷᠡᠭᠲᠡᠶ᠃ ᠰᠠᠯᠭ᠋ᠠᠨ ᠪᠠᠶ᠋ᠢᠭᠤᠯᠤᠭᠰᠠᠨ ᠠᠭᠤᠷᠬᠠᠶ ᠬᠠᠶ᠋ᠢᠬᠤ ᠡᠷᠬᠡ ᠵᠢ ᠦᠷᠭᠦᠯᠵᠢᠯᠡᠨ ᠬᠠᠶ᠋ᠢᠨ ᠪᠠᠶ᠋ᠢᠴᠠᠭ᠋ᠠᠭᠰᠠᠨ ᠪᠠᠶ᠋ᠢᠪᠠᠯ᠂ ᠬᠠᠶ᠋ᠢᠨ ᠪᠠᠶ᠋ᠢᠴᠠᠭ᠋ᠠᠬᠤ ᠴᠠᠭ ᠬᠤᠭᠤᠴᠠᠭ᠎ᠠ ᠵᠢ᠎ᠨᠢ ᠨᠡᠶ᠋ᠢᠯᠡᠭᠦᠯᠦᠨ ᠪᠣᠳᠣᠵᠤ᠂ ᠦᠨᠡᠮᠯᠡᠯ᠎ᠳᠤ ᠲᠡᠮᠳᠡᠭᠯᠡᠭᠰᠡᠨ ᠲᠠᠯᠠᠪᠠᠶ ᠵᠢ᠎ᠨᠢ ᠠᠩᠬ᠎ᠠ ᠪᠠᠶ᠋ᠢᠭᠤᠯᠤᠭᠰᠠᠨ ᠲᠠᠯᠠᠪᠠᠶ ᠪᠣᠯᠭ᠋ᠠᠨ᠎ᠠ᠃
ᠭᠤᠷᠪᠠ᠂ ᠠᠭᠤᠷᠬᠠᠶ ᠬᠠᠶ᠋ᠢᠬᠤ ᠡᠷᠬᠡ ᠵᠢ ᠦᠯᠡᠳᠡᠭᠡᠬᠦ ᠲᠤᠬᠠᠶ
ᠬᠡᠪ᠎ᠤᠨ ᠪᠠᠶ᠋ᠢᠳᠠᠯ ᠳᠣᠣᠷ᠎ᠠ 3 ᠤᠳᠠᠭ᠎ᠠ᠎ᠠᠴᠠ ᠬᠡᠲᠦᠷᠡᠵᠦ ᠪᠣᠯᠬᠤ ᠦᠭᠡᠢ᠂ ᠭᠡᠪᠡᠴᠦ ᠡᠰᠡᠷᠭᠦᠴᠡᠰᠢ ᠦᠭᠡᠢ ᠬᠦᠴᠦᠨ ᠪᠤᠶᠤ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠢᠯᠲᠠᠭ᠋ᠠᠨ᠎ᠠᠴᠠ ᠪᠤᠯᠵᠤ ᠦᠯᠡᠳᠡᠭᠡᠬᠦ ᠬᠤᠭᠤᠴᠠᠭ᠎ᠠ ᠵᠢ ᠦᠷᠭᠦᠯᠵᠢᠯᠡᠨ ᠤᠷᠲᠤᠳᠬᠠᠬᠤ ᠴᠢᠬᠤᠯᠠᠲᠠᠢ ᠪᠠᠶ᠋ᠢᠪᠠᠯ᠂ ᠬᠣᠯᠪᠣᠭᠳᠠᠯ ᠪᠦᠬᠦᠢ ᠭᠡᠷᠡᠴᠢ ᠮᠠᠲ᠋ᠧᠷᠢᠶᠠᠯ᠎ᠢ ᠬᠠᠩᠭ᠋ᠠᠭᠰᠠᠨ᠎ᠤ ᠲᠠᠷᠠᠭ᠎ᠠ ᠦᠯᠡᠳᠡᠭᠡᠬᠦ ᠬᠤᠭᠤᠴᠠᠭ᠎ᠠ ᠵᠢ ᠤᠷᠲᠤᠳᠬᠠᠬᠤ᠎ᠪᠠᠷ ᠭᠤᠶᠤᠴᠢᠯᠠᠵᠤ ᠪᠣᠯᠤᠨ᠎ᠠ᠃ ᠡᠳᠡᠭᠡᠷ ᠣᠨᠴᠠᠭ᠋ᠠᠢ ᠰᠢᠯᠲᠠᠭ᠋ᠠᠨ᠎ᠳᠤ ᠤᠯᠤᠰ ᠪᠤᠶᠤ ᠣᠷᠣᠨ ᠨᠤᠲᠤᠭ᠎ᠤᠨ ᠠᠵᠤ ᠦᠢ᠍ᠯᠡᠰ᠎ᠤᠨ ᠲᠦᠷᠦ ᠵᠢᠨ ᠪᠤᠳᠤᠯᠭ᠎ᠠ᠂ ᠬᠠᠮᠠᠭ᠋ᠠᠯᠠᠯᠲᠠ ᠵᠢᠨ ᠴᠢᠨᠠᠷᠲᠠᠢ᠎ᠪᠠᠷ ᠨᠡᠭᠡᠭᠡᠨ ᠮᠠᠯᠲᠠᠬᠤ ᠣᠨᠴᠠᠭ᠋ᠠᠢ ᠠᠭᠤᠷᠬᠠᠢ ᠵᠢᠨ ᠲᠦᠷᠦᠯ᠎ᠤᠨ ᠲᠦᠷᠦ ᠵᠢᠨ ᠪᠤᠳᠤᠯᠭ᠎ᠠ ᠵᠢᠨ ᠲᠤᠬᠢᠷᠠᠭᠤᠯᠤᠯ ᠡᠵᠡᠮᠳᠡᠯ ᠵᠡᠷᠭᠡ ᠪᠠᠭᠲᠠᠨ᠎ᠠ᠃ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠲᠤᠰ ᠪᠡᠶ᠎ᠡ ᠵᠢᠨ ᠰᠢᠯᠲᠠᠭ᠋ᠠᠨ᠎ᠠᠴᠠ ᠪᠣᠯᠵᠤ᠂ ᠦᠯᠡᠳᠡᠭᠡᠬᠦ ᠴᠠᠭ ᠪᠣᠯᠤᠨ ᠤᠳᠠᠭ᠎ᠠ ᠵᠢᠨ ᠱᠠᠭ᠋ᠠᠷᠳᠠᠯᠭ᠎ᠠ᠎ᠠᠴᠠ ᠬᠡᠲᠦᠷᠡᠭᠦᠯᠵᠦ ᠪᠣᠯᠬᠤ ᠦᠭᠡᠶ᠃
ᠳᠥᠷᠪᠡ᠂ ᠠᠭᠤᠷᠬᠠᠶ ᠵᠢᠨ ᠣᠷᠣᠨ᠎ᠤ ᠬᠡᠪᠴᠢᠶ᠎ᠡ ᠵᠢ ᠲᠣᠭᠲᠠᠭ᠋ᠠᠬᠤ ᠲᠤᠬᠠᠶ
ᠵᠥᠪᠬᠡᠨ ᠠᠭᠤᠷᠬᠠᠢ ᠬᠠᠶ᠋ᠢᠬᠤ ᠡᠷᠬᠡ ᠵᠢ ᠠᠭᠤᠷᠬᠠᠢ ᠮᠠᠯᠲᠠᠬᠤ ᠡᠷᠬᠡ ᠪᠣᠯᠭ᠋ᠠᠨ ᠬᠤᠪᠢᠷᠠᠭᠤᠯᠤᠭᠰᠠᠨ ᠪᠠᠶ᠋ᠢᠪᠠᠯ᠂ ᠠᠭᠤᠷᠬᠠᠢ ᠵᠢᠨ ᠣᠷᠣᠨ᠎ᠤ ᠬᠦᠷᠢᠶ᠎ᠡ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ ᠴᠢᠬᠤᠯᠠᠲᠠᠢ᠂ ᠤᠴᠢᠷ᠎ᠨᠢ ᠠᠭᠤᠷᠬᠠᠢ ᠬᠠᠶ᠋ᠢᠬᠤ ᠡᠷᠬᠡ ᠵᠢᠨ ᠬᠦᠷᠢᠶ᠎ᠡ ᠬᠡᠪᠴᠢᠶ᠎ᠡ᠎ᠨᠢ ᠵᠠᠪᠠᠯ ᠠᠭᠤᠷᠬᠠᠢ ᠮᠠᠯᠲᠠᠬᠤ ᠡᠷᠬᠡ ᠵᠢᠨ ᠬᠦᠷᠢᠶ᠎ᠡ ᠬᠡᠪᠴᠢᠶ᠎ᠡ ᠪᠢᠰᠢ ᠶᠤᠮ᠃ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠯᠴᠠᠭᠤᠯᠤᠨ ᠬᠤᠳᠠᠯᠳᠤᠬᠤ᠂ ᠦᠨ᠎ᠡ ᠬᠠᠳᠠᠬᠤ ᠵᠡᠷᠭᠡ ᠥᠷᠢᠰᠥᠯᠳᠦᠬᠦ ᠠᠷᠭ᠎ᠠ ᠮᠠᠶᠢᠭ ᠬᠢᠭᠡᠳ ᠵᠥᠪᠯᠡᠯᠴᠡᠭᠡᠷ᠎ᠤᠨ ᠠᠷᠭ᠎ᠠ ᠮᠠᠶᠢᠭ ᠵᠶ᠋ᠠᠷ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠬᠤ᠎ᠳᠤ᠂ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠪᠠᠢ᠌ᠭᠤᠯᠭ᠎ᠠ᠎ᠠᠴᠠ ᠬᠢᠮᠳᠠ᠎ᠪᠠᠷ ᠬᠤᠳᠠᠯᠳᠤᠬᠤ ᠠᠭᠤᠷᠬᠠᠶ ᠵᠢᠨ ᠣᠷᠣᠨ᠎ᠤ ᠬᠡᠪᠴᠢᠶ᠎ᠡ ᠵᠢ ᠲᠣᠭᠲᠠᠭ᠋ᠠᠬᠤ ᠵᠢᠨ ᠬᠠᠮᠲᠤ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠬᠤ ᠭᠡᠷ᠎ᠡ᠎ᠳᠤ ᠲᠣᠳᠣᠷᠬᠠᠶ᠋ᠢᠯᠠᠬᠤ ᠬᠡᠷᠡᠭᠲᠡᠶ᠃ ᠡᠨᠳᠡ ᠴᠢᠬᠤᠯᠠᠴᠢᠯᠠᠭᠤᠰᠢᠲᠠᠢ ᠵᠦᠢ᠍ᠯ ᠭᠡᠪᠡᠯ᠂ ᠬᠠᠮᠢᠶᠠᠷᠤᠯᠲᠠ ᠵᠢᠨ ᠪᠠᠶ᠋ᠢᠭᠤᠯᠭ᠎ᠠ᠎ᠨᠢ ᠳᠠᠭ᠋ᠠᠭ᠋ᠠᠴᠢᠯᠠᠯᠲᠠ ᠵᠠᠷᠯᠠᠬᠤ ᠦᠨ᠎ᠡ ᠬᠠᠶᠠᠵᠤ ᠬᠤᠳᠠᠯᠳᠤᠬᠤ ᠦᠨ᠎ᠡ ᠬᠠᠶᠠᠵᠤ ᠰᠢᠯᠵᠢᠭᠦᠯᠦᠨ ᠬᠤᠳᠠᠯᠳᠤᠬᠤ ᠬᠦᠷᠢᠶ᠎ᠡ ᠬᠡᠪᠴᠢᠶ᠎ᠡ ᠪᠠ ᠬᠡᠯᠡᠯᠴᠡᠭᠡᠷ ᠵᠶ᠋ᠠᠷ ᠰᠢᠯᠵᠢᠭᠦᠯᠦᠨ ᠬᠤᠳᠠᠯᠳᠤᠬᠤ ᠬᠦᠷᠢᠶ᠎ᠡ ᠬᠡᠪᠴᠢᠶ᠎ᠡ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠂ ᠠᠭᠤᠷᠬᠠᠢ ᠮᠠᠯᠲᠠᠬᠤ ᠡᠷᠬᠡ᠎ᠳᠤ ᠠᠪᠴᠤ ᠬᠡᠯᠡᠪᠡᠯ᠂ ᠨᠡᠭᠡᠭᠡᠨ ᠮᠠᠯᠲᠠᠵᠤ ᠪᠣᠯᠬᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠦᠷᠢᠶ᠎ᠡ ᠬᠡᠪᠴᠢᠶ᠎ᠡ ᠵᠢ ᠪᠣᠳᠣᠯᠬᠢᠯᠠᠬᠤ᠎ᠠᠴᠠ ᠭᠠᠳᠠᠨ᠎ᠠ᠂ ᠪᠠᠰᠠ ᠬᠠᠮᠤᠭ᠎ᠤᠨ ᠳᠣᠣᠷ᠎ᠠ ᠦᠨ᠎ᠡ ᠵᠢ ᠨᠤᠲᠠᠯᠠᠨ ᠲᠣᠭᠲᠠᠭ᠋ᠠᠬᠤ ᠦᠶ᠎ᠡ᠎ᠳᠤ ᠬᠡᠷᠡᠭᠯᠡᠬᠦ ᠨᠡᠭᠡᠭᠡᠨ ᠠᠰᠢᠭᠯᠠᠬᠤ ᠲᠥᠰᠦᠯ ᠵᠶ᠋ᠠᠷ ᠯᠠᠪᠯᠠᠯᠲᠠ ᠪᠣᠯᠭ᠋ᠠᠵᠤ᠂ ᠬᠤᠳᠳᠤᠭ ᠭᠤᠳᠤᠮᠵᠢ ᠵᠢᠨ ᠪᠠᠷᠢᠯᠭ᠎ᠠ ᠵᠢᠨ ᠲᠥᠬᠥᠭᠡᠷᠦᠮᠵᠢ ᠵᠢᠨ ᠲᠠᠷᠬᠠᠯᠲᠠ ᠵᠢᠨ ᠬᠦᠷᠢᠶ᠎ᠡ ᠬᠡᠪᠴᠢᠶ᠎ᠡ ᠪᠤᠶᠤ ᠵᠠᠳᠠᠭ᠋ᠠᠢ ᠰᠠᠯᠭ᠋ᠠᠬᠤ ᠬᠦᠷᠢᠶ᠎ᠡ ᠬᠡᠪᠴᠢᠶ᠎ᠡ ᠵᠢ ᠪᠣᠳᠣᠯᠬᠢᠯᠠᠬᠤ ᠬᠡᠷᠡᠭᠲᠡᠢ᠂ ᠭᠡᠪᠡᠴᠦ ᠪᠠᠰᠠ ᠵᠦᠢ ᠵᠤᠬᠢᠰ ᠦᠭᠡᠢ ᠬᠣᠭᠣᠰᠣᠨ ᠣᠷᠣᠨ᠎ᠢ ᠢᠯᠡᠭᠦᠦ ᠬᠤᠪᠢᠶᠠᠷᠢᠯᠠᠵᠤ ᠪᠣᠯᠬᠤ ᠦᠭᠡᠢ᠃
ᠠᠭᠤᠷᠬᠠᠢ ᠵᠢᠨ ᠣᠷᠣᠨ᠎ᠤ ᠬᠦᠷᠢᠶ᠎ᠡ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠭᠰᠠᠨ ᠤᠷᠢᠳᠴᠢᠯᠠᠨ ᠦᠯᠡᠳᠡᠭᠡᠬᠦ ᠬᠤᠭᠤᠴᠠᠭ᠎ᠠ᠎ᠳᠤ ᠪᠣᠳᠠᠲᠠᠢ ᠬᠤᠭᠤᠴᠠᠭ᠎ᠠ ᠵᠢ ᠳᠠᠬᠢᠵᠤ ᠬᠢᠵᠠᠭ᠋ᠠᠷᠯᠠᠬᠤ ᠦᠭᠡᠢ᠂ ᠠᠭᠤᠷᠬᠠᠢ ᠮᠠᠯᠲᠠᠬᠤ ᠳᠠᠩᠰᠠᠯᠠᠯᠲᠠ ᠬᠢᠯᠭᠡᠬᠦ ᠭᠤᠶᠤᠴᠢᠯᠠᠯ᠎ᠢ ᠵᠥᠪᠰᠢᠶᠡᠷᠡᠭᠰᠡᠨ ᠪᠥᠭᠡᠳ ᠠᠭᠤᠷᠬᠠᠢ ᠮᠠᠯᠲᠠᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠡᠳᠦᠷ ᠬᠦᠷᠲᠡᠯ᠎ᠡ ᠦᠯᠡᠳᠡᠭᠡᠨ᠎ᠡ᠃ ᠵᠥᠪᠬᠡᠨ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ ᠪᠣᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠠᠭᠤᠷᠬᠠᠶ ᠵᠢᠨ ᠦᠢ᠍ᠯᠡᠰ᠎ᠤᠨ ᠡᠷᠬᠡ᠎ᠲᠠᠢ ᠪᠠᠶ᠋ᠢᠬᠤ ᠵᠢᠨ ᠬᠠᠤᠯᠢ ᠴᠠᠭ᠋ᠠᠵᠠ ᠵᠢᠨ ᠭᠡᠷᠡᠴᠢ ᠪᠠᠷᠢᠮᠲᠠ ᠪᠣᠯᠤᠨ᠎ᠠ᠂ ᠠᠭᠤᠷᠬᠠᠶ ᠵᠢᠨ ᠣᠷᠣᠨ᠎ᠤ ᠬᠡᠪᠴᠢᠶ᠎ᠡ ᠵᠢ ᠬᠤᠪᠢᠶᠠᠷᠢᠯᠠᠨ ᠲᠣᠭᠲᠠᠭ᠋ᠠᠵᠤ ᠴᠣᠬᠣᠯᠠᠪᠤᠷᠢᠯᠠᠭᠤᠯᠬᠤᠨᠢ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠭᠡᠷᠡᠴᠢ ᠪᠠᠷᠢᠮᠲᠠ ᠪᠢᠰᠢ᠃ ᠠᠭᠤᠷᠬᠠᠶ ᠵᠢᠨ ᠣᠷᠣᠨ᠎ᠤ ᠬᠡᠪᠴᠢᠶ᠎ᠡ ᠵᠢ ᠬᠤᠪᠢᠶᠠᠷᠢᠯᠠᠨ ᠲᠣᠭᠲᠠᠭ᠋ᠠᠵᠤ ᠴᠣᠬᠣᠯᠠᠪᠤᠷᠢᠯᠠᠨ ᠬᠠᠷᠢᠭᠤᠯᠤᠭᠰᠠᠨᠤ ᠳᠠᠷᠠᠭ᠎ᠠ᠂ ᠠᠭᠤᠷᠬᠠᠶ ᠬᠠᠶ᠋ᠢᠬᠤ ᠡᠷᠬᠡᠲᠦ ᠬᠥᠮᠦᠨ ᠠᠭᠤᠷᠬᠠᠶ ᠬᠠᠶ᠋ᠢᠬᠤ ᠡᠷᠬᠡ ᠵᠢ ᠦᠯᠡᠳᠡᠭᠡᠬᠦ ᠠᠵᠢᠯ ᠵᠶ᠋ᠠᠨ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠶ᠃
ᠨᠢᠭᠡᠨᠲᠡ ᠪᠠᠶ᠋ᠢᠭ᠎ᠠ ᠠᠭᠤᠷᠬᠠᠶ ᠮᠠᠯᠲᠠᠬᠤ ᠡᠷᠬᠡ ᠵᠢᠨ ᠡᠷᠭᠢᠨ ᠲᠣᠭᠣᠷᠢᠨ᠎ᠳᠤ ᠲᠤᠰᠠᠭ᠋ᠠᠷ ᠠᠭᠤᠷᠬᠠᠶ ᠵᠢᠨ ᠡᠷᠬᠡ ᠵᠢ ᠲᠣᠬᠢᠷᠠᠭᠤᠯᠬᠤ᠎ᠳᠤ ᠲᠣᠬᠢᠷᠠᠬᠤ ᠦᠭᠡᠶ ᠣᠷᠣᠨ᠂ ᠵᠠᠬ᠎ᠠ ᠳᠡᠯᠭᠡᠭᠦᠷ᠎ᠤᠨ ᠬᠥᠪᠡᠭᠡ ᠥᠨᠴᠥᠭ᠎ᠤᠨ ᠡᠬᠢ ᠪᠠᠶᠠᠯᠢᠭ᠎ᠢ ᠨᠢᠭᠡᠨᠲᠡ ᠰᠢᠯᠵᠢᠭᠦᠯᠦᠭᠰᠡᠨ ᠮᠥᠷᠲᠡᠭᠡᠨ ᠰᠢᠯᠵᠢᠭᠦᠯᠦᠨ ᠬᠤᠳᠠᠯᠳᠤᠬᠤ ᠦᠶ᠎ᠡ᠎ᠳᠤ ᠨᠢᠭᠡᠨᠲᠡ ᠪᠠᠶ᠋ᠢᠭ᠎ᠠ ᠠᠭᠤᠷᠬᠠᠶ ᠮᠠᠯᠲᠠᠬᠤ ᠡᠷᠬᠡ᠎ᠲᠠᠢ ᠨᠡᠶ᠋ᠢᠯᠡᠭᠦᠯᠦᠨ ᠨᠡᠭᠡᠭᠡᠨ ᠬᠥᠭᠵᠢᠭᠦᠯᠬᠦ ᠵᠢ ᠲᠣᠳᠣᠷᠬᠠᠶ ᠱᠠᠭ᠋ᠠᠷᠳᠠᠭᠰᠠᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠯᠥᠪᠵᠢᠭᠦᠯᠭᠡ ᠪᠤᠶᠤ ᠣᠷᠣᠨ ᠬᠤᠪᠢᠶᠠᠷᠢᠯᠠᠯ᠎ᠤᠨ ᠲᠥᠰᠦᠯ᠎ᠳᠠᠬᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠲᠣᠬᠢᠷᠠᠭᠤᠯᠬᠤ ᠣᠷᠣᠨ ᠬᠡᠰᠡᠭ᠎ᠤᠨ ᠱᠠᠭ᠋ᠠᠷᠳᠠᠯᠭ᠎ᠠ ᠵᠢᠴᠢ ᠬᠥᠪᠡᠭᠡ ᠥᠨᠴᠥᠭ᠎ᠤᠨ ᠡᠬᠢ ᠪᠠᠶᠠᠯᠢᠭ᠎ᠢ ᠵᠠᠬ᠎ᠠ ᠳᠡᠯᠭᠡᠭᠦᠷ ᠵᠶ᠋ᠠᠷ ᠬᠢᠮᠳᠠ᠎ᠪᠠᠷ ᠬᠤᠳᠠᠯᠳᠤᠭᠰᠠᠨ ᠦᠷ᠎ᠡ ᠳ᠋ᠦᠩ᠎ᠢ ᠦᠨᠳᠦᠰᠦᠯᠡᠨ᠂ ᠠᠭᠤᠷᠬᠠᠶ ᠬᠠᠶ᠋ᠢᠬᠤ ᠡᠷᠬᠡ ᠵᠢ ᠵᠠᠬ᠎ᠠ ᠳᠡᠯᠭᠡᠭᠦᠷ ᠵᠶ᠋ᠠᠷ ᠬᠢᠮᠳᠠ ᠦᠨ᠎ᠡ᠎ᠪᠠᠷ ᠬᠤᠳᠠᠯᠳᠤᠬᠤ ᠲᠥᠷᠥᠯ ᠵᠦᠢ᠍ᠯ᠎ᠳᠤ ᠬᠠᠷᠢᠶᠠᠯᠠᠭᠳᠠᠬᠤ᠂ ᠬᠥᠪᠡᠭᠡ ᠥᠨᠴᠥᠭ᠎ᠤᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ ᠣᠷᠣᠨ᠎ᠤ ᠬᠡᠰᠡᠭ᠎ᠤᠨ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠎ᠢ ᠤᠷᠢᠳᠠᠪᠠᠷ ᠭᠦᠢ᠍ᠴᠡᠳᠬᠡᠨ᠎ᠡ᠂ ᠬᠠᠶ᠋ᠢᠨ ᠪᠠᠶ᠋ᠢᠴᠠᠭ᠋ᠠᠬᠤ ᠠᠵᠢᠯ᠎ᠨᠢ ᠰᠢᠯᠵᠢᠭᠦᠯᠦᠨ ᠮᠠᠯᠲᠠᠬᠤ ᠱᠠᠭ᠋ᠠᠷᠳᠠᠯᠭ᠎ᠠ᠎ᠳᠤ ᠬᠦᠷᠦᠭᠰᠡᠨ᠎ᠤ ᠳᠠᠷᠠᠭ᠎ᠠ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠬᠤ ᠭᠡᠷ᠎ᠡ ᠲᠣᠭᠲᠠᠬᠤ ᠬᠡᠷᠡᠭᠲᠡᠶ᠂ ᠨᠢᠭᠡᠨᠲᠡ ᠪᠠᠶ᠋ᠢᠭ᠎ᠠ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠲᠠᠢ ᠡᠮᠬᠢᠯᠡᠨ ᠨᠡᠶ᠋ᠢᠯᠡᠭᠦᠯᠬᠦ ᠬᠡᠷᠡᠭᠲᠡᠶ᠂ ᠭᠤᠶᠤᠴᠢᠯᠠᠯ᠎ᠤᠨ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠭᠰᠡᠨᠤ ᠲᠠᠷᠠᠭ᠎ᠠ ᠠᠭᠤᠷᠬᠠᠢ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ ᠲᠠᠨᠭ᠌ᠰᠠᠯᠠᠯᠳᠠ ᠬᠢᠯᠭᠡᠨ᠎ᠡ; ᠠᠭᠤᠷᠬᠠᠶ ᠮᠠᠯᠲᠠᠬᠤ ᠡᠷᠬᠡ ᠵᠢ ᠵᠠᠬ᠎ᠠ ᠳᠡᠯᠭᠡᠭᠦᠷ ᠵᠶ᠋ᠠᠷ ᠬᠢᠮᠳᠠ ᠦᠨ᠎ᠡ᠎ᠪᠠᠷ ᠬᠤᠳᠠᠯᠳᠤᠬᠤ ᠲᠥᠷᠥᠯ ᠵᠦᠢ᠍ᠯ᠎ᠳᠤ ᠬᠠᠷᠢᠶᠠᠯᠠᠭᠳᠠᠪᠠᠯ᠂ ᠠᠭᠤᠷᠬᠠᠶ ᠮᠠᠯᠲᠠᠬᠤ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ ᠭᠡᠷ᠎ᠡ ᠵᠢ ᠰᠢᠭᠤᠳ ᠲᠣᠭᠲᠠᠵᠤ᠂ ᠤᠤᠯ᠎ᠤᠨ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯᠯᠦᠭᠡ ᠡᠮᠬᠢᠯᠡᠨ ᠨᠡᠶ᠋ᠢᠯᠡᠭᠦᠯᠵᠦ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ ᠳᠠᠩᠰᠠᠯᠠᠯ᠎ᠢ ᠭᠦᠢ᠍ᠴᠡᠳᠬᠡᠬᠦ ᠬᠡᠷᠡᠭᠲᠡᠶ᠃
ᠲᠠᠪᠤ᠂ ᠠᠭᠤᠷᠬᠠᠢ ᠵᠢᠨ ᠵᠦᠢ᠍ᠯ᠎ᠤᠨ ᠬᠤᠪᠢᠷᠠᠯᠲᠠ ᠵᠢᠨ ᠲᠤᠬᠠᠢ
ᠰᠢᠲᠠᠮᠠᠬᠠᠶ ᠬᠡᠢ ᠵᠢᠨ ᠪᠤᠰᠤ ᠠᠭᠤᠷᠬᠠᠶ ᠬᠠᠶ᠋ᠢᠬᠤ ᠡᠷᠬᠡ᠎ᠳᠤ ᠠᠪᠴᠤ ᠬᠡᠯᠡᠪᠡᠯ᠂ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠦᠨ᠎ᠡ ᠬᠠᠳᠠᠬᠤ ᠪᠤᠶᠤ ᠵᠥᠪᠯᠡᠯᠴᠡᠭᠡᠷ᠎ᠤᠨ ᠠᠷᠭ᠎ᠠ ᠮᠠᠶᠢᠭ ᠵᠶ᠋ᠠᠷ ᠣᠯᠤᠭᠰᠠᠨ ᠠᠭᠤᠷᠬᠠᠶ ᠬᠠᠶ᠋ᠢᠬᠤ ᠡᠷᠬᠡ᠎ᠨᠢ ᠬᠠᠶ᠋ᠢᠨ ᠪᠠᠶ᠋ᠢᠴᠠᠭ᠋ᠠᠬᠤ ᠠᠭᠤᠷᠬᠠᠶ ᠵᠢᠨ ᠵᠦᠢ᠍ᠯ᠎ᠢ ᠬᠤᠪᠢᠷᠠᠭᠤᠯᠬᠤ᠎ᠪᠠᠷ ᠭᠤᠶᠤᠴᠢᠯᠠᠭᠰᠠᠨ ᠪᠠᠶ᠋ᠢᠪᠠᠯ᠂ ᠬᠤᠳᠠᠯᠳᠤᠬᠤ ᠦᠶ᠎ᠡ᠎ᠳᠤ ᠬᠠᠶ᠋ᠢᠨ ᠪᠠᠶ᠋ᠢᠴᠠᠭ᠋ᠠᠬᠤ ᠠᠭᠤᠷᠬᠠᠶ ᠵᠢᠨ ᠵᠦᠢ᠍ᠯ᠎ᠢ ᠬᠤᠪᠢᠷᠠᠭᠤᠯᠵᠤ ᠪᠣᠯᠬᠤ ᠡᠰᠡᠬᠦ᠎ᠳᠤ ᠪᠣᠯᠵᠣᠨ ᠲᠣᠭᠲᠠᠭᠰᠠᠨ ᠪᠠᠶ᠋ᠢᠪᠠᠯ᠂ ᠪᠣᠯᠵᠣᠨ ᠲᠣᠭᠲᠠᠭᠰᠠᠨ᠎ᠢ ᠵᠢᠷᠤᠮᠯᠠᠨ᠎ᠠ᠂ ᠬᠤᠳᠠᠯᠳᠤᠬᠤ ᠦᠶ᠎ᠡ᠎ᠳᠤ ᠬᠠᠶ᠋ᠢᠨ ᠪᠠᠶ᠋ᠢᠴᠠᠭ᠋ᠠᠬᠤ ᠠᠭᠤᠷᠬᠠᠶ ᠵᠢᠨ ᠵᠦᠢ᠍ᠯ᠎ᠢ ᠬᠤᠪᠢᠷᠠᠭᠤᠯᠵᠤ ᠪᠣᠯᠬᠤ ᠡᠰᠡᠬᠦ᠎ᠳᠤ ᠪᠣᠯᠵᠣᠨ ᠲᠣᠭᠲᠠᠭᠰᠠᠨ ᠦᠭᠡᠶ᠂ ᠵᠢᠱ᠌ᠢᠶᠡᠯᠡᠪᠡᠯ ᠬᠠᠶ᠋ᠢᠨ ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠪᠤᠰᠤᠳ ᠠᠭᠤᠷᠬᠠᠶ ᠵᠢᠨ ᠵᠦᠢ᠍ᠯ᠎ᠢ ᠠᠭᠤᠷᠬᠠᠶ ᠮᠠᠯᠲᠠᠬᠤ ᠡᠷᠬᠡ ᠪᠣᠯᠭ᠋ᠠᠨ ᠬᠤᠪᠢᠷᠠᠭᠤᠯᠬᠤ᠎ᠪᠠᠷ ᠭᠤᠶᠤᠴᠢᠯᠠᠬᠤ᠎ᠳᠤ᠂ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠵᠤ ᠳᠠᠩᠰᠠᠯᠠᠭᠤᠯᠤᠭᠰᠠᠨ ᠭᠠᠵᠠᠷ ᠰᠢᠨᠵᠢᠯᠡᠭᠡᠨ᠎ᠤ ᠮᠡᠳᠡᠭᠦᠯᠦᠯᠲᠡ ᠵᠢ ᠦᠨᠳᠦᠰᠦᠯᠡᠨ᠂ ᠬᠤᠪᠢᠷᠠᠭᠤᠯᠬᠤ (ᠨᠡᠮᠡᠵᠦ ᠵᠢᠭᠰᠠᠭ᠋ᠠᠬᠤ ᠪᠠᠭᠲᠠᠨ᠎ᠠ) ᠠᠭᠤᠷᠬᠠᠶ ᠵᠢᠨ ᠵᠦᠢ᠍ᠯ᠎ᠤᠨ ᠠᠭᠤᠷᠬᠠᠶ ᠮᠠᠯᠲᠠᠬᠤ ᠡᠷᠬᠡ ᠵᠢ ᠬᠤᠳᠠᠯᠳᠤᠭᠰᠠᠨ ᠠᠰᠢᠭ ᠣᠯᠵᠠᠪᠤᠷᠢ ᠵᠢ ᠲᠠᠲᠠᠪᠤᠷᠢᠯᠠᠨ᠎ᠠ᠃ ᠬᠤᠪᠢᠷᠠᠭᠤᠯᠬᠤ (ᠨᠡᠮᠡᠵᠦ ᠵᠢᠭᠰᠠᠭ᠋ᠠᠬᠤ ᠪᠠᠭᠲᠠᠨ᠎ᠠ)᠎ᠳᠤ ᠬᠠᠶ᠋ᠢᠨ ᠪᠠᠶ᠋ᠢᠴᠠᠭ᠋ᠠᠬᠤ ᠠᠭᠤᠷᠬᠠᠶ ᠵᠢᠨ ᠵᠦᠢ᠍ᠯ᠎ᠨᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠬᠢᠵᠠᠭ᠋ᠠᠷᠯᠠᠬᠤ ᠪᠤᠶᠤ ᠴᠠᠭ᠋ᠠᠵᠠᠯᠠᠬᠤ ᠵᠡᠷᠭᠡ ᠲᠣᠭᠲᠠᠭ᠋ᠠᠯ᠎ᠳᠤ ᠬᠣᠯᠪᠣᠭᠳᠠᠪᠠᠯ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠶ᠃
ᠠᠭᠤᠷᠬᠠᠶ ᠮᠠᠯᠲᠠᠬᠤ ᠡᠷᠬᠡ᠎ᠳᠤ ᠠᠪᠴᠤ ᠬᠡᠯᠡᠪᠡᠯ᠂ ᠠᠭᠤᠷᠬᠠᠶ ᠵᠢᠨ ᠲᠥᠷᠥᠯ᠎ᠢ ᠬᠤᠪᠢᠷᠠᠭᠤᠯᠬᠤ ᠱᠠᠭ᠋ᠠᠷᠳᠠᠯᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ 2017 ᠣᠨ᠎ᠤ 16 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠵᠠᠯᠭ᠋ᠠᠮᠵᠢᠯᠠᠵᠤ᠂ 16 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠲᠠᠶ᠋ᠢᠯᠤᠮᠵᠢ ᠵᠢ ᠠᠩᠬᠠᠷᠬᠤ ᠦᠶ᠎ᠡ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠭᠤᠷᠪᠠᠳᠤᠭ᠋ᠠᠷ ᠲᠥᠷᠥᠯ᠎ᠤᠨ ᠠᠭᠤᠷᠬᠠᠶ ᠵᠢᠨ ᠭᠠᠷᠤᠯᠲᠠ ᠵᠢᠨ ᠰᠢᠭᠤᠳ ᠥᠷᠢᠰᠥᠯᠳᠦᠨ ᠰᠢᠯᠵᠢᠭᠦᠯᠦᠨ ᠥᠭᠭᠦᠭᠰᠡᠨ ᠠᠭᠤᠷᠬᠠᠶ ᠮᠠᠯᠲᠠᠬᠤ ᠡᠷᠬᠡ᠎ᠳᠤ ᠬᠠᠷᠢᠶᠠᠯᠠᠭᠳᠠᠬᠤ ᠠᠭᠤᠷᠬᠠᠶ ᠵᠢᠨ ᠭᠠᠷᠤᠯᠲᠠ ᠵᠢ ᠪᠤᠰᠤᠳ ᠠᠭᠤᠷᠬᠠᠶ ᠵᠢᠨ ᠭᠠᠷᠤᠯᠲᠠ ᠵᠢᠨ᠎ᠬᠢ᠎ᠲᠠᠢ ᠬᠠᠷᠢᠴᠠᠭᠤᠯᠪᠠᠯ᠂ ᠬᠠᠳᠠᠭ᠋ᠠᠯᠠᠭᠳᠠᠴᠠ ᠵᠢᠨ ᠬᠤᠪᠢᠷᠠᠯᠲᠠ ᠵᠢᠨ ᠬᠦᠴᠦᠨ ᠵᠦᠢ᠍ᠯ ᠴᠥᠭᠡᠨ᠂ ᠨᠡᠭᠡᠭᠡᠨ ᠮᠠᠯᠲᠠᠬᠤ ᠮᠡᠷᠭᠡᠵᠢᠯ᠎ᠤᠨ ᠨᠥᠬᠥᠴᠡᠯ ᠲᠥᠬᠥᠮ ᠪᠠᠶ᠋ᠢᠵᠤ᠂ ᠭᠤᠷᠪᠠᠳᠤᠭ᠋ᠠᠷ ᠲᠥᠷᠥᠯ᠎ᠤᠨ ᠠᠭᠤᠷᠬᠠᠶ ᠵᠢᠨ ᠭᠠᠷᠤᠯᠲᠠ ᠵᠢ ᠪᠤᠰᠤᠳ ᠠᠭᠤᠷᠬᠠᠶ ᠵᠢᠨ ᠭᠠᠷᠤᠯᠲᠠ ᠪᠣᠯᠭ᠋ᠠᠨ ᠬᠤᠪᠢᠷᠠᠭᠤᠯᠬᠤ ᠵᠢ ᠵᠥᠪᠰᠢᠶᠡᠷᠡᠬᠦ ᠥᠬᠡᠶ ᠮᠥᠷᠲᠡᠭᠡᠨ ᠪᠤᠰᠤᠳ ᠠᠭᠤᠷᠬᠠᠶ ᠵᠢᠨ ᠭᠠᠷᠤᠯᠲᠠ ᠵᠢ ᠭᠤᠷᠪᠠᠳᠤᠭ᠋ᠠᠷ ᠲᠥᠷᠥᠯ᠎ᠤᠨ ᠠᠭᠤᠷᠬᠠᠶ ᠵᠢᠨ ᠭᠠᠷᠤᠯᠲᠠ ᠪᠣᠯᠭ᠋ᠠᠨ ᠬᠤᠪᠢᠷᠠᠭᠤᠯᠬᠤ ᠵᠢ ᠴᠤ᠌ ᠵᠥᠪᠰᠢᠶᠡᠷᠡᠬᠦ ᠥᠬᠡᠶ ᠪᠠᠶ᠋ᠢᠬᠤ ᠵᠢ ᠲᠣᠳᠣᠷᠬᠠᠶ ᠪᠣᠳᠣᠯᠬᠢᠯᠠᠵᠠᠶ᠂ ᠢᠩᠭᠢᠵᠦ ᠴᠢᠩᠭ᠎ᠠ ᠲᠣᠭᠲᠠᠭ᠋ᠠᠬᠤ᠎ᠨᠢ ᠵᠠᠬ᠎ᠠ ᠳᠡᠯᠭᠡᠭᠦᠷ᠎ᠤᠨ ᠡᠷᠬᠡ ᠲᠡᠭᠰᠢ ᠪᠠᠶ᠋ᠢᠬᠤ᠎ᠳᠤ ᠠᠰᠢᠭᠲᠠᠶ ᠶᠤᠮ᠃ ᠪᠤᠰᠤᠳ ᠠᠭᠤᠷᠬᠠᠶ ᠵᠢᠨ ᠲᠥᠷᠥᠯ᠎ᠢ ᠬᠤᠪᠢᠷᠠᠭᠤᠯᠬᠤ᠎ᠳᠤ᠂ ᠬᠢᠨᠠᠨ ᠲᠣᠭᠲᠠᠭ᠋ᠠᠵᠤ ᠳᠠᠩᠰᠠᠯᠠᠭᠤᠯᠤᠭᠰᠠᠨ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠭᠰᠠᠨ ᠰᠠᠨᠠᠯ᠎ᠤᠨ ᠪᠢᠴᠢᠭ ᠵᠶ᠋ᠠᠷ ᠪᠠᠷᠢᠮᠵᠢᠶ᠎ᠠ ᠪᠣᠯᠭ᠋ᠠᠵᠤ᠂ ᠰᠠᠨᠠᠯ᠎ᠤᠨ ᠪᠢᠴᠢᠭ᠎ᠲᠤ ᠲᠣᠳᠣᠷᠬᠠᠶ᠋ᠢᠯᠠᠭᠰᠠᠨ ᠭᠣᠣᠯ ᠠᠭᠤᠷᠬᠠᠶ ᠵᠢᠨ ᠲᠥᠷᠥᠯ᠎ᠢ ᠦᠨᠳᠦᠰᠦᠯᠡᠨ ᠡᠵᠡᠮᠰᠢᠬᠦ ᠬᠡᠷᠡᠭᠲᠡᠶ᠃ ᠴᠢᠬᠤᠯᠠᠴᠢᠯᠠᠭᠤᠰᠢᠲᠠᠢᠨᠢ᠂ ᠡᠨᠳᠡ ᠬᠡᠯᠡᠵᠦ ᠪᠠᠶ᠋ᠢᠭ᠎ᠠ ᠭᠤᠷᠪᠠᠳᠤᠭ᠋ᠠᠷ ᠲᠦᠷᠦᠯ᠎ᠤᠨ ᠠᠭᠤᠷᠬᠠᠢ ᠵᠢᠨ ᠭᠠᠷᠤᠯᠲᠠ ᠭᠡᠳᠡᠭ ᠪᠣᠯ ᠬᠠᠶ᠋ᠢᠷ ᠴᠢᠯᠠᠭᠤ ᠰᠢᠷᠣᠢ ᠵᠡᠷᠭᠡ ᠵᠢ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠦᠨ᠎ᠡ ᠬᠠᠳᠠᠬᠤ ᠠᠷᠭ᠎ᠠ ᠮᠠᠶᠢᠭ ᠵᠶ᠋ᠠᠷ ᠠᠭᠤᠷᠬᠠᠢ ᠮᠠᠯᠲᠠᠬᠤ ᠡᠷᠬᠡ ᠵᠢ ᠰᠢᠭᠤᠳ ᠰᠢᠯᠵᠢᠭᠦᠯᠦᠨ ᠥᠭᠭᠦᠭᠰᠡᠨ ᠠᠭᠤᠷᠬᠠᠢ ᠵᠢᠨ ᠭᠠᠷᠤᠯᠲᠠ ᠵᠢ ᠵᠢᠭ᠋ᠠᠵᠤ ᠪᠠᠶ᠋ᠢᠨ᠎ᠠ᠂ ᠡᠨᠡ᠎ᠨᠢ 2006 ᠣᠨ᠎ᠤ 12 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠠᠬᠢ ᠭᠤᠷᠪᠠᠳᠤᠭ᠋ᠠᠷ ᠲᠦᠷᠦᠯ᠎ᠤᠨ ᠠᠭᠤᠷᠬᠠᠢ ᠵᠢᠨ ᠭᠠᠷᠤᠯᠲᠠ᠎ᠲᠠᠢ ᠪᠦᠷᠢᠮᠦᠰᠦᠨ ᠠᠳᠠᠯᠢ ᠪᠢᠰᠢ ᠶᠤᠮ᠃
ᠨᠢᠭᠡ ᠲᠠᠯ᠎ᠠ ᠵᠢ ᠴᠢᠬᠤᠯᠠᠴᠢᠯᠠᠶ᠎ᠠ᠂ ᠡᠨᠧᠷᠭᠢ ᠵᠢᠨ ᠰᠤᠷᠪᠤᠯᠵᠢ ᠵᠢᠨ ᠪᠤᠰᠤ ᠲᠥᠷᠥᠯ᠎ᠤᠨ ᠠᠭᠤᠷᠬᠠᠶ ᠵᠢᠨ ᠭᠠᠷᠤᠯᠲᠠ (ᠨᠡᠮᠡᠵᠦ ᠵᠢᠭᠰᠠᠭ᠋ᠠᠬᠤ ᠪᠠᠭᠲᠠᠨ᠎ᠠ) ᠵᠢ ᠡᠨᠧᠷᠭᠢ ᠵᠢᠨ ᠰᠤᠷᠪᠤᠯᠵᠢ ᠵᠢᠨ ᠲᠥᠷᠥᠯ᠎ᠤᠨ ᠠᠭᠤᠷᠬᠠᠶ ᠵᠢᠨ ᠭᠠᠷᠤᠯᠲᠠ ᠪᠣᠯᠭ᠋ᠠᠨ ᠬᠤᠪᠢᠷᠠᠭᠤᠯᠵᠤ ᠪᠣᠯᠬᠤ ᠥᠬᠡᠶ᠃
ᠵᠢᠷᠭᠤᠭ᠎ᠠ᠂ ᠠᠭᠤᠷᠬᠠᠶ ᠮᠠᠯᠲᠠᠬᠤ ᠡᠷᠬᠡ ᠵᠢᠨ ᠭᠦᠨ ᠬᠡᠰᠡᠭ ᠪᠤᠶᠤ ᠳᠡᠭᠡᠳᠦ ᠬᠡᠰᠡᠭ᠎ᠤᠨ ᠵᠠᠭ᠋ᠠᠭ᠎ᠢ ᠥᠷᠭᠡᠳᠬᠡᠬᠦ
ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤ ᠰᠢᠷᠣᠶ ᠵᠢᠨ ᠲᠥᠷᠥᠯ᠎ᠤᠨ ᠠᠭᠤᠷᠬᠠᠶ ᠵᠢᠨ ᠭᠠᠷᠤᠯᠲᠠ ᠵᠢ ᠭᠠᠷᠭ᠋ᠠᠪᠠᠯ᠂ ᠨᠢᠭᠡᠨᠲᠡ ᠪᠠᠶ᠋ᠢᠭ᠎ᠠ ᠠᠭᠤᠷᠬᠠᠶ ᠮᠠᠯᠲᠠᠬᠤ ᠡᠷᠬᠡ ᠵᠢᠨ ᠬᠠᠪᠲᠠᠭ᠋ᠠᠶ ᠵᠢᠨ ᠬᠡᠪᠴᠢᠶᠡᠨ᠎ᠳᠠᠬᠢ ᠭᠦᠨ ᠬᠡᠰᠡᠭ ᠵᠢᠴᠢ ᠳᠡᠭᠡᠳᠦ ᠬᠡᠰᠡᠭ᠎ᠤᠨ ᠡᠬᠢ ᠪᠠᠶᠠᠯᠢᠭ᠎ᠢ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ᠎ᠳᠤ᠂ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ᠎ᠳᠤ᠎ᠪᠠᠨ ᠭᠤᠷᠪᠠᠨ ᠨᠥᠬᠥᠴᠡᠯ᠎ᠢ ᠠᠩᠬᠠᠷᠬᠤ ᠬᠡᠷᠡᠭᠲᠡᠶ᠄ ᠨᠢᠭᠡᠳᠦᠭᠡᠷ᠎ᠲᠤ᠂ ᠠᠳᠠᠯᠢ ᠲᠥᠷᠥᠯ᠎ᠤᠨ ᠠᠭᠤᠷᠬᠠᠶ ᠵᠢᠨ ᠭᠠᠷᠤᠯᠲᠠ ᠭᠡᠳᠡᠭ᠎ᠨᠢ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠷᠥᠯ ᠬᠤᠪᠢᠶᠠᠬᠤ ᠨᠠᠷᠢᠨ ᠭᠠᠷᠴᠠᠭ》᠎ᠲᠠᠬᠢ ᠲᠥᠷᠥᠯ ᠢᠯᠭ᠋ᠠᠯ᠎ᠢ ᠵᠢᠭ᠋ᠠᠵᠤ ᠪᠤᠶ᠂ ᠲᠤᠬᠠᠶ᠋ᠢᠯᠠᠪᠠᠯ ᠡᠨᠧᠷᠭᠢ ᠠᠭᠤᠷᠬᠠᠶ ᠵᠢᠨ ᠭᠠᠷᠤᠯᠲᠠ᠂ ᠲᠡᠮᠦᠷᠯᠢᠭ᠎ᠤᠨ ᠠᠭᠤᠷᠬᠠᠶ ᠵᠢᠨ ᠭᠠᠷᠤᠯᠲᠠ᠂ ᠲᠡᠮᠦᠷᠯᠢᠭ ᠪᠤᠰᠤ ᠠᠭᠤᠷᠬᠠᠶ ᠵᠢᠨ ᠭᠠᠷᠤᠯᠲᠠ᠂ ᠤᠰᠤ ᠬᠡᠢ ᠵᠢᠨ ᠠᠭᠤᠷᠬᠠᠶ ᠵᠢᠨ ᠭᠠᠷᠤᠯᠲᠠ ᠪᠣᠯᠤᠨ᠎ᠠ; ᠬᠣᠶᠠᠳᠤᠭ᠋ᠠᠷ᠎ᠲᠤ᠂ ᠤᠤᠯ᠎ᠤᠨ ᠦᠢ᠍ᠯᠡᠳᠪᠦᠷᠢᠯᠡᠯ᠎ᠤᠨ ᠰᠢᠰᠲ᠋ᠧᠮ᠎ᠢ ᠠᠰᠢᠭᠯᠠᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠤᠯᠠᠮ ᠨᠢᠭᠡ ᠠᠯᠬᠤᠮ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠴᠢᠬᠤᠯᠠᠲᠠᠢ; ᠭᠤᠷᠪᠠᠳᠤᠭ᠋ᠠᠷ᠎ᠲᠤ᠂ ᠠᠳᠠᠯᠢ ᠨᠢᠭᠡᠨ ᠪᠡᠶᠡᠴᠢ ᠴᠣᠭᠴᠠ᠎ᠳᠤ ᠰᠢᠯᠵᠢᠭᠦᠯᠦᠨ ᠥᠭᠬᠦ᠎ᠳᠤ ᠭᠤᠷᠪᠠᠨ ᠨᠥᠬᠥᠴᠡᠯ᠎ᠢ ᠡᠷᠬᠡᠪᠰᠢ ᠬᠠᠮᠲᠤᠳᠤᠨᠢ ᠬᠠᠩᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠨ ᠲᠡᠮᠳᠡᠭᠯᠡᠬᠦ ᠡᠷᠬᠡ ᠮᠡᠳᠡᠯ᠎ᠳᠤ ᠬᠠᠷᠢᠶᠠᠯᠠᠭᠳᠠᠬᠤ ᠲᠥᠷᠥᠯ ᠵᠦᠢ᠍ᠯ᠎ᠢ ᠠᠶ᠋ᠢᠮᠠᠭ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠠᠴᠠ ᠦᠨᠳᠦᠰᠦᠨ ᠪᠠᠶ᠋ᠢᠳᠠᠯ᠎ᠢ᠎ᠨᠢ ᠬᠢᠨᠠᠨ ᠬᠠᠷᠭᠤᠭᠤᠯᠵᠤ᠂ ᠳᠠᠬᠢᠨ ᠬᠢᠨᠠᠬᠤ ᠨᠥᠬᠥᠴᠡᠯ᠎ᠳᠤ ᠰᠢᠯᠵᠢᠭᠦᠯᠦᠨ ᠬᠤᠳᠠᠯᠳᠤᠬᠤ ᠲᠥᠷᠥᠯ ᠵᠦᠢ᠍ᠯ᠎ᠢ ᠲᠣᠳᠣᠷᠬᠠᠶ᠋ᠢᠯᠠᠭᠰᠠᠨ᠎ᠤ ᠳᠠᠷᠠᠭ᠎ᠠ ᠳᠡᠭᠡᠭᠰᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠦᠨ ᠰᠢᠯᠵᠢᠭᠦᠯᠦᠨ ᠬᠤᠳᠠᠯᠳᠤᠬᠤ᠎ᠪᠠᠨ ᠨᠡᠶ᠋ᠢᠲᠡ᠎ᠳᠤ ᠵᠠᠷᠯᠠᠨ᠎ᠠ᠃ ᠢᠯᠡ ᠨᠡᠶ᠋ᠢᠲᠡᠯᠡᠬᠦ᠎ᠪᠠᠷ ᠳᠠᠮᠵᠢᠭ᠋ᠠᠳ ᠣᠨᠳᠣᠣ ᠰᠠᠨᠠᠯ ᠦᠭᠡᠶ ᠲᠥᠷᠥᠯ ᠵᠦᠢ᠍ᠯ᠎ᠨᠢ ᠠᠭᠤᠷᠬᠠᠶ ᠬᠠᠶ᠋ᠢᠬᠤ ᠡᠷᠬᠡ᠎ᠪᠠᠨ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ᠎ᠳᠤ ᠬᠠᠷᠢᠶᠠᠯᠠᠭᠳᠠᠪᠠᠯ᠂ ᠭᠦᠨ ᠬᠡᠰᠡᠭ᠎ᠤᠨ ᠪᠤᠶᠤ ᠳᠡᠭᠡᠷ᠎ᠡ ᠬᠡᠰᠡᠭ᠎ᠤᠨ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠵᠦ᠂ ᠭᠦᠨ ᠬᠡᠰᠡᠭ᠎ᠤᠨ ᠬᠠᠶ᠋ᠢᠨ ᠪᠠᠶ᠋ᠢᠴᠠᠭ᠋ᠠᠬᠤ ᠠᠵᠢᠯ᠎ᠨᠢ ᠰᠢᠯᠵᠢᠭᠦᠯᠦᠨ ᠮᠠᠯᠲᠠᠬᠤ ᠱᠠᠭ᠋ᠠᠷᠳᠠᠯᠭ᠎ᠠ᠎ᠳᠤ ᠬᠦᠷᠦᠭᠰᠡᠨ᠎ᠤ ᠳᠠᠷᠠᠭ᠎ᠠ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠬᠤ ᠭᠡᠷ᠎ᠡ ᠲᠣᠭᠲᠠᠵᠤ᠂ ᠳᠡᠭᠡᠲᠤ ᠬᠡᠰᠡᠭ᠎ᠤᠨ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯᠯᠦᠭᠡ ᠡᠮᠬᠢᠯᠡᠨ ᠨᠡᠶ᠋ᠢᠯᠡᠭᠦᠯᠵᠦ᠂ ᠭᠤᠶᠤᠴᠢᠯᠠᠯ᠎ᠤᠨ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠬᠦᠷᠦᠭᠰᠡᠨ᠎ᠤ ᠳᠠᠷᠠᠭ᠎ᠠ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ ᠵᠶ᠋ᠠᠨ ᠬᠤᠪᠢᠷᠠᠭ᠋ᠠᠬᠤ ᠳᠠᠩᠰᠠᠯᠠᠯ᠎ᠢ ᠭᠦᠢ᠍ᠴᠡᠳᠬᠡᠵᠦ ᠪᠣᠯᠤᠨ᠎ᠠ; ᠠᠭᠤᠷᠬᠠᠶ ᠮᠠᠯᠲᠠᠬᠤ ᠡᠷᠬᠡ ᠵᠢ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ᠎ᠳᠤ ᠬᠠᠷᠢᠶᠠᠯᠠᠭᠳᠠᠪᠠᠯ᠂ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠬᠤ ᠭᠡᠷ᠎ᠡ ᠵᠢ ᠰᠢᠭᠤᠳ ᠲᠣᠭᠲᠠᠵᠤ᠂ ᠤᠤᠯ᠎ᠤᠨ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯᠯᠦᠭᠡ ᠡᠮᠬᠢᠯᠡᠨ ᠨᠡᠶ᠋ᠢᠯᠡᠭᠦᠯᠵᠦ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ ᠵᠶ᠋ᠠᠨ ᠬᠤᠪᠢᠷᠠᠭ᠋ᠠᠬᠤ ᠳᠠᠩᠰᠠᠯᠠᠯ ᠬᠢᠯᠭᠡᠵᠦ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ ᠠᠪᠬᠤ᠎ᠠᠴᠠ᠎ᠪᠠᠨ ᠡᠮᠦᠨ᠎ᠡ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ᠎ᠪᠠᠨ ᠲᠤᠰᠢᠶᠠᠬᠤ ᠬᠡᠷᠡᠭᠲᠡᠶ᠃
ᠡᠨᠳᠡ ᠠᠩᠬᠠᠷᠤᠭᠤᠯᠬᠤ ᠬᠡᠷᠡᠭᠲᠡᠶ ᠵᠦᠢ᠍ᠯ ᠭᠡᠪᠡᠯ᠂ ᠭᠦᠨ ᠬᠡᠰᠡᠭ᠎ᠲᠤ ᠬᠠᠶ᠋ᠢᠨ ᠪᠠᠶ᠋ᠢᠴᠠᠭ᠋ᠠᠬᠤ ᠠᠵᠢᠯ᠎ᠨᠢ ᠰᠢᠨ᠎ᠡ᠎ᠪᠠᠷ ᠨᠡᠮᠡᠭᠳᠡᠭᠰᠡᠨ ᠠᠭᠤᠷᠬᠠᠶ ᠵᠢᠨ ᠲᠥᠷᠥᠯ᠎ᠢ ᠣᠯᠤᠭᠰᠠᠨ᠎ᠳᠤ ᠬᠣᠯᠪᠣᠭᠳᠠᠪᠠᠯ᠂ ᠠᠭᠤᠷᠬᠠᠶ ᠵᠢᠨ ᠵᠦᠢ᠍ᠯ᠎ᠢ ᠬᠤᠪᠢᠷᠠᠭᠤᠯᠬᠤ᠎ᠳᠤ ᠲᠠᠪᠤᠳᠤᠭ᠋ᠠᠷ ᠵᠦᠢ᠍ᠯ᠎ᠤᠨ ᠠᠭᠤᠷᠬᠠᠶ ᠵᠢᠨ ᠵᠦᠢ᠍ᠯ᠎ᠢ ᠬᠤᠪᠢᠷᠠᠭᠤᠯᠬᠤ ᠲᠤᠬᠠᠶ ᠬᠠᠮᠢᠶᠠᠷᠤᠯᠲᠠ ᠵᠢᠨ ᠲᠠᠶ᠋ᠢᠯᠤᠮᠵᠢ ᠬᠢᠬᠦ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ᠂ ᠱᠠᠭ᠋ᠠᠷᠳᠠᠯᠭ᠎ᠠ᠎ᠳᠤ ᠨᠡᠶ᠋ᠢᠴᠡᠪᠡᠯ ᠰᠠᠶᠢ ᠵᠠᠯᠭ᠋ᠠᠮᠵᠢ ᠭᠠᠷᠳᠠᠮ᠎ᠢ ᠦᠷᠭᠦᠯᠵᠢᠯᠡᠨ ᠭᠦᠢ᠍ᠴᠡᠳᠬᠡᠵᠦ ᠪᠣᠯᠤᠨ᠎ᠠ᠂ ᠡᠭᠦᠨ᠎ᠢ ᠠᠭᠤᠷᠬᠠᠶ ᠬᠠᠶ᠋ᠢᠬᠤ ᠡᠷᠬᠡ ᠵᠢ ᠵᠥᠪᠯᠡᠯᠴᠡᠭᠡᠷ ᠵᠶ᠋ᠠᠷ ᠬᠢᠮᠳᠠ ᠦᠨ᠎ᠡ᠎ᠪᠠᠷ ᠬᠤᠳᠠᠯᠳᠤᠬᠤ ᠦᠶ᠎ᠡ᠎ᠳᠤ ᠲᠦᠭᠰᠢᠭᠦᠷᠢ ᠵᠢᠨ ᠰᠠᠨᠠᠭᠤᠯᠤᠮᠵᠢ ᠥᠭᠬᠦ ᠬᠡᠷᠡᠭᠲᠡᠶ᠃
ᠲᠤᠯᠤᠭ᠎ᠠ᠂ ᠦᠢ᠍ᠯᠡᠳᠪᠦᠷᠢᠯᠡᠯ᠎ᠤᠨ ᠬᠡᠪᠴᠢᠶ᠎ᠡ ᠵᠢ ᠰᠢᠨᠡᠳᠬᠡᠬᠦ ᠲᠤᠬᠠᠢ
ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠢᠨᠠᠨ ᠪᠠᠶ᠋ᠢᠴᠠᠭ᠋ᠠᠵᠤ ᠥᠭᠡᠷᠡᠴᠢᠯᠡᠬᠦ ᠠᠯᠪᠠᠨ ᠬᠡᠷ᠎ᠤᠨ ᠱᠠᠭ᠋ᠠᠷᠳᠠᠯᠭ᠎ᠠ ᠶᠣᠰᠣᠭ᠋ᠠᠷ᠂ 2017 ᠣᠨ᠎ᠳᠤ ᠤᠤᠯ᠎ᠤᠨ ᠤᠯᠤᠰ᠎ᠤᠨ ᠨᠤᠲᠤᠭ ᠳᠡᠪᠢᠰᠬᠡᠷ ᠡᠬᠢ ᠪᠠᠶᠠᠯᠢᠭ᠎ᠤᠨ ᠶᠠᠮᠤᠨ᠎ᠠᠴᠠ ᠠᠭᠤᠷᠬᠠᠶ ᠮᠠᠯᠲᠠᠬᠤ ᠡᠷᠬᠡ ᠵᠢᠨ ᠦᠢ᠍ᠯᠡᠳᠪᠦᠷᠢᠯᠡᠯ᠎ᠤᠨ ᠬᠡᠪᠴᠢᠶ᠎ᠡ ᠵᠢ ᠬᠤᠪᠢᠷᠠᠭᠤᠯᠬᠤ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠬᠦᠴᠦᠨ ᠥᠬᠡᠶ ᠪᠣᠯᠭ᠋ᠠᠪᠠ᠃ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ᠋ᠢᠯᠠᠭᠰᠠᠨ ᠵᠦᠢ᠍ᠯᠡᠰ᠎ᠲᠤ ᠦᠢ᠍ᠯᠡᠳᠪᠦᠷᠢᠯᠡᠯ᠎ᠤᠨ ᠬᠡᠪᠴᠢᠶ᠎ᠡ ᠵᠢᠨ ᠨᠢᠭᠡ ᠪᠤᠯᠤᠩ ᠪᠠᠶ᠋ᠢᠬᠤ ᠵᠢ ᠦᠨᠳᠦᠰᠦᠯᠡᠨ᠂ ᠡᠨᠡ ᠬᠦ᠌ ᠠᠭᠤᠯᠭ᠎ᠠ ᠵᠢ ᠪᠣᠯ ᠰᠢᠨ᠎ᠡ᠎ᠪᠠᠷ ᠪᠠᠶ᠋ᠢᠭᠤᠯᠤᠭᠰᠠᠨ ᠪᠤᠶᠤ ᠪᠤᠰᠤᠳ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠭᠦᠢ᠍ᠴᠡᠳᠬᠡᠬᠦ ᠦᠶ᠎ᠡ᠎ᠳᠤ ᠲᠣᠭᠲᠠᠭ᠋ᠠᠭᠰᠠᠨ ᠶᠤᠮ᠃ ᠦᠢ᠍ᠯᠡᠳᠪᠦᠷᠢᠯᠡᠯ᠎ᠤᠨ ᠬᠡᠪᠴᠢᠶ᠎ᠡ ᠵᠢ ᠬᠤᠪᠢᠷᠠᠭᠤᠯᠬᠤ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠬᠦᠴᠦᠨ ᠥᠬᠡᠶ ᠪᠣᠯᠭ᠋ᠠᠭᠰᠠᠨ᠎ᠤ ᠳᠠᠷᠠᠭ᠎ᠠ᠂ ᠬᠡᠷᠪᠡ ᠬᠠᠷᠢᠴᠠᠩᠭᠤᠶ ᠬᠥᠮᠦᠨ᠎ᠨᠢ ᠡᠨᠡ ᠬᠦ᠌ ᠦᠨᠡᠮᠯᠡᠯ᠎ᠳᠤ ᠲᠡᠮᠳᠡᠭᠯᠡᠭᠰᠡᠨ ᠠᠭᠤᠯᠭ᠎ᠠ ᠵᠢ ᠰᠢᠨᠡᠳᠬᠡᠬᠦ᠎ᠪᠠᠷ ᠳᠤᠷᠠᠳᠤᠭᠰᠠᠨ ᠪᠠᠶ᠋ᠢᠪᠠᠯ᠂ ᠦᠷᠭᠦᠯᠵᠢᠯᠡᠭᠦᠯᠬᠦ᠂ ᠬᠤᠪᠢᠷᠠᠭᠤᠯᠬᠤ ᠵᠡᠷᠭᠡ ᠵᠦᠢ᠍ᠯᠡᠰ᠎ᠢ ᠭᠦᠢ᠍ᠴᠡᠳᠬᠡᠬᠦ᠎ᠳᠤ᠎ᠪᠠᠨ ᠬᠠᠮᠲᠤᠳᠤᠨᠢ ᠳᠤᠷᠠᠳᠴᠤ᠂ ᠨᠡᠶ᠋ᠢᠯᠡᠭᠦᠯᠦᠨ ᠭᠦᠢ᠍ᠴᠡᠳᠬᠡᠵᠦ ᠪᠣᠯᠤᠨ᠎ᠠ᠂ ᠭᠡᠪᠡᠴᠦ ᠬᠠᠷᠢᠴᠠᠩᠭᠤᠶ ᠬᠥᠮᠦᠨ᠎ᠨᠢ ᠲᠡᠭᠦᠨ᠎ᠤ ᠬᠤᠪᠢᠷᠠᠭᠤᠯᠤᠭᠰᠠᠨ ᠬᠡᠪᠴᠢᠶᠡᠨ᠎ᠤ ᠦᠨᠳᠦᠰᠦᠯᠡᠯ᠎ᠳᠤ ᠲᠣᠳᠣᠷᠬᠠᠶ᠋ᠢᠯᠠᠯᠲᠠ ᠬᠢᠵᠦ᠂ ᠬᠢᠨᠠᠨ ᠲᠣᠭᠲᠠᠭ᠋ᠠᠯᠲᠠ᠎ᠪᠠᠷ ᠪᠠᠲᠤᠯᠠᠭᠰᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ᠎ᠢ ᠦᠨᠳᠦᠰᠦᠯᠡᠨ ᠰᠢᠨᠡᠳᠬᠡᠬᠦ᠎ᠪᠠᠷ ᠭᠤᠶᠤᠴᠢᠯᠠᠵᠤ᠂ ᠡᠭᠦᠨ᠎ᠳᠤ᠂ ᠨᠡᠭᠦᠷᠡᠰᠦᠨ᠎ᠤ ᠠᠭᠤᠷᠬᠠᠶ᠎ᠳᠤ ᠪᠠᠰᠠ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠮᠡᠷᠭᠡᠵᠢᠯ᠎ᠤᠨ ᠥᠭᠡᠷᠡᠴᠢᠯᠡᠯᠲᠡ ᠵᠢᠨ ᠴᠣᠬᠣᠯᠠᠪᠤᠷᠢ (ᠪᠤᠶᠤ ᠰᠢᠯᠭ᠋ᠠᠨ ᠠᠪᠤᠭᠰᠠᠨ ᠰᠠᠨᠠᠯ᠂ ᠬᠠᠷᠭᠤᠭᠤᠯᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠳᠠᠩᠰᠠᠯᠠᠭᠤᠯᠤᠭᠰᠠᠨ ᠪᠢᠴᠢᠭ ᠮᠠᠲ᠋ᠧᠷᠢᠶᠠᠯ) ᠵᠢ ᠬᠠᠩᠭ᠋ᠠᠬᠤ ᠴᠢᠬᠤᠯᠠᠲᠠᠶ᠃
ᠨᠠᠢ᠍ᠮᠠ᠂ ᠠᠭᠤᠷᠬᠠᠢ ᠮᠠᠯᠲᠠᠬᠤ ᠡᠷᠬᠡ ᠵᠢᠨ ᠨᠡᠭᠡᠭᠡᠨ ᠮᠠᠯᠲᠠᠬᠤ ᠠᠷᠭ᠎ᠠ ᠮᠠᠶᠢᠭ᠎ᠢ ᠬᠤᠪᠢᠷᠠᠭᠤᠯᠬᠤ ᠲᠤᠬᠠᠢ
ᠠᠭᠤᠷᠬᠠᠶ ᠮᠠᠯᠲᠠᠬᠤ ᠡᠷᠬᠡ ᠵᠢ ᠬᠤᠪᠢᠷᠠᠭᠤᠯᠬᠤ ᠵᠢᠨ ᠨᠡᠭᠡᠭᠡᠨ ᠮᠠᠯᠲᠠᠬᠤ ᠠᠷᠭ᠎ᠠ ᠮᠠᠶᠢᠭ᠎ᠨᠢ 《ᠨᠡᠭᠡᠭᠡᠨ ᠮᠠᠯᠲᠠᠬᠤ ᠲᠣᠭᠲᠠᠭ᠋ᠠᠯ》᠎ᠳᠤ ᠬᠠᠩᠭ᠋ᠠᠬᠤ᠎ᠪᠠᠷ ᠪᠠᠶ᠋ᠢᠭ᠎ᠠ ᠬᠢᠨᠠᠨ ᠲᠣᠭᠲᠠᠭ᠋ᠠᠵᠤ ᠪᠦᠷᠢᠳᠬᠡᠨ ᠳᠠᠩᠰᠠᠯᠠᠭᠤᠯᠬᠤ ᠭᠠᠵᠠᠷ ᠰᠢᠨᠵᠢᠯᠡᠭᠡᠨ᠎ᠤ ᠮᠡᠳᠡᠭᠦᠯᠦᠯᠲᠡ᠎ᠨᠢ ᠳᠠᠬᠢᠨ ᠬᠢᠨᠠᠨ ᠲᠣᠭᠲᠠᠭ᠋ᠠᠵᠤ ᠪᠦᠷᠢᠳᠬᠡᠨ ᠳᠠᠩᠰᠠᠯᠠᠭᠤᠯᠬᠤ ᠵᠢ ᠣᠨᠴᠣᠭᠣᠶ᠋ᠢᠯᠠᠨ ᠵᠢᠭ᠋ᠠᠵᠤ ᠪᠠᠶ᠋ᠢᠭ᠎ᠠ ᠪᠢᠰᠢ᠂ ᠬᠠᠷᠢᠨ ᠠᠭᠤᠷᠬᠠᠶ ᠮᠠᠯᠲᠠᠬᠤ ᠡᠷᠬᠡᠲᠦ ᠬᠥᠮᠦᠨ ᠵᠶ᠋ᠠᠷ ᠣᠶ᠋ᠢᠷ᠎ᠠ ᠵᠢᠨ ᠨᠢᠭᠡ ᠤᠳᠠᠭ᠋ᠠᠨ᠎ᠤ ᠨᠢᠭᠡᠨᠲᠡ ᠬᠢᠨᠠᠨ ᠲᠣᠭᠲᠠᠭ᠋ᠠᠵᠤ ᠪᠦᠷᠢᠳᠬᠡᠨ ᠳᠠᠩᠰᠠᠯᠠᠭᠤᠯᠤᠭᠰᠠᠨ ᠭᠠᠵᠠᠷ ᠰᠢᠨᠵᠢᠯᠡᠭᠡᠨ᠎ᠤ ᠮᠡᠳᠡᠭᠦᠯᠦᠯᠲᠡ ᠵᠢ ᠲᠤᠰᠢᠶᠠᠯᠭ᠋ᠠᠬᠤ᠎ᠪᠠᠷ ᠱᠠᠭ᠋ᠠᠷᠳᠠᠪᠠᠯ ᠪᠣᠯᠴᠢᠬᠠᠨ᠎ᠠ᠃ ᠬᠡᠷᠪᠡ ᠠᠭᠤᠷᠬᠠᠶ ᠮᠠᠯᠲᠠᠬᠤ ᠬᠤᠭᠤᠴᠠᠭ᠋ᠠᠨ᠎ᠳᠤ ᠬᠠᠳᠠᠭ᠋ᠠᠯᠠᠭᠳᠠᠴᠠ᠎ᠨᠢ ᠴᠢᠬᠤᠯᠠ ᠶᠡᠬᠡ ᠬᠤᠪᠢᠷᠠᠯᠲᠠ ᠭᠠᠷᠪᠠᠯ (ᠬᠤᠪᠢᠷᠠᠯᠲᠠ ᠵᠢᠨ ᠬᠡᠮᠵᠢᠶ᠎ᠡ᠎ᠨᠢ 30 %᠎ᠳᠤ ᠬᠦᠷᠬᠦ ᠪᠤᠶᠤ ᠳᠤᠮᠳᠠ ᠬᠡᠯᠪᠡᠷᠢ ᠵᠢᠨ ᠬᠡᠪᠴᠢᠶ᠎ᠡ᠎ᠠᠴᠠ ᠳᠡᠭᠡᠭᠰᠢ᠎ᠳᠤ ᠬᠦᠷᠬᠦ)᠂ ᠡᠷᠬᠡᠪᠰᠢ ᠬᠠᠮᠤᠭ᠎ᠤᠨ ᠰᠢᠨ᠎ᠡ ᠨᠢᠭᠡᠨᠲᠡ ᠬᠢᠨᠠᠨ ᠲᠣᠭᠲᠠᠭ᠋ᠠᠵᠤ ᠳᠠᠩᠰᠠᠯᠠᠭᠤᠯᠤᠭᠰᠠᠨ ᠭᠠᠵᠠᠷ ᠰᠢᠨᠵᠢᠯᠡᠭᠡᠨ᠎ᠤ ᠮᠡᠳᠡᠭᠦᠯᠦᠯᠲᠡ ᠵᠢ ᠲᠤᠰᠢᠶᠠᠬᠤ ᠬᠡᠷᠡᠭᠲᠡᠶ᠃ ᠡᠭᠦᠨ᠎ᠤ ᠬᠠᠮᠲᠤ᠂ ᠨᠡᠭᠡᠭᠡᠨ ᠮᠠᠯᠲᠠᠬᠤ ᠠᠷᠭ᠎ᠠ ᠮᠠᠶᠢᠭ᠎ᠤᠨ ᠬᠤᠪᠢᠷᠠᠯᠲᠠ᠎ᠳᠤ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠢ ᠲᠠᠲᠠᠪᠤᠷᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠠᠷᠪᠠᠨ ᠨᠢᠭᠡᠳᠦᠭᠡᠷ ᠵᠦᠢ᠍ᠯ᠎ᠤᠨ ᠪᠠᠶ᠋ᠢᠳᠠᠯ ᠣᠷᠣᠰᠢᠵᠤ ᠪᠠᠶ᠋ᠢᠪᠠᠯ᠂ ᠪᠠᠰᠠ ᠵᠥᠪᠯᠡᠯᠴᠡᠭᠡᠷ ᠵᠶ᠋ᠠᠷ ᠬᠢᠮᠳᠠ᠎ᠪᠠᠷ ᠬᠤᠳᠠᠯᠳᠤᠬᠤ ᠠᠷᠭ᠎ᠠ ᠮᠠᠶᠢᠭ ᠵᠶ᠋ᠠᠷ ᠠᠭᠤᠷᠬᠠᠶ ᠮᠠᠯᠲᠠᠬᠤ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠢ ᠲᠠᠲᠠᠪᠤᠷᠢᠯᠠᠬᠤ ᠵᠢ ᠠᠩᠬᠠᠷᠬᠤ ᠬᠡᠷᠡᠭᠲᠡᠶ᠃
ᠬᠤᠳᠳᠤᠭ᠎ᠤᠨ ᠠᠵᠢᠯ᠎ᠨᠢ ᠵᠠᠳᠠᠭ᠋ᠠᠶ ᠮᠠᠯᠲᠠᠬᠤ ᠠᠷᠭ᠎ᠠ ᠮᠠᠶᠢᠭ ᠪᠣᠯᠣᠭᠰᠠᠨ ᠬᠤᠪᠢᠷᠠᠯᠲᠠ᠎ᠨᠢ ᠨᠤᠲᠤᠭ ᠪᠡᠯᠴᠢᠭᠡᠷ᠎ᠲᠤ ᠬᠣᠯᠪᠣᠭᠳᠠᠭᠰᠠᠨ ᠪᠠᠶ᠋ᠢᠪᠠᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠠᠭᠤᠷᠬᠠᠶ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠳᠤᠮᠳᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠶ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》 (ᠥᠪᠥᠷ ᠨᠠᠮ ᠲᠠᠷᠬᠠᠭ᠋ᠠᠭᠰᠠᠨ [2021] 8 ᠳ᠋ᠤᠭ᠋ᠠᠷ ᠲᠣᠭ᠋ᠠᠲᠤ) ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
ᠶᠢᠰᠦ᠂ ᠠᠭᠤᠷᠬᠠᠢ ᠬᠠᠶ᠋ᠢᠬᠤ᠂ ᠠᠭᠤᠷᠬᠠᠢ ᠮᠠᠯᠲᠠᠬᠤ ᠡᠷᠬᠡ ᠵᠢᠨ ᠬᠣᠯᠪᠣᠭᠳᠠᠯ ᠪᠦᠬᠦᠢ ᠭᠠᠷ ᠭᠦᠢ᠍ᠴᠡᠳᠬᠡᠯ ᠬᠢᠬᠦ᠎ᠳᠤ ᠬᠡᠷᠡᠭᠯᠡᠬᠦ ᠰᠦᠢ᠍ᠳᠬᠡᠯ᠎ᠤᠨ ᠪᠠᠷᠢᠮᠲᠠ ᠲᠤᠰᠢᠶᠠᠬᠤ ᠲᠤᠬᠠᠢ
ᠬᠣᠶᠠᠷ 《ᠲᠣᠭᠲᠠᠭ᠋ᠠᠯ》᠎ᠳᠤ᠂ ᠬᠠᠶ᠋ᠢᠬᠤ᠂ ᠠᠭᠤᠷᠬᠠᠶ ᠮᠠᠯᠲᠠᠬᠤ ᠡᠷᠬᠡ ᠵᠢᠨ ᠬᠣᠯᠪᠣᠭᠳᠠᠯ ᠪᠥᠬᠥᠶ ᠭᠠᠷ ᠭᠦᠢ᠍ᠴᠡᠳᠬᠡᠯ ᠬᠢᠬᠦ᠎ᠳᠤ ᠬᠡᠷᠡᠭᠯᠡᠬᠦ ᠰᠦᠢ᠍ᠳᠬᠡᠯ᠎ᠤᠨ ᠪᠠᠷᠢᠮᠲᠠ ᠲᠤᠰᠢᠶᠠᠬᠤ ᠬᠡᠷᠡᠭᠲᠡᠶ᠂ ᠵᠥᠪᠬᠡᠨ ᠳᠡᠭᠡᠷ᠎ᠡ ᠨᠢᠭᠡ ᠬᠦᠴᠦᠨ᠎ᠲᠠᠢ ᠬᠤᠭᠤᠴᠠᠭ᠋ᠠᠨ᠎ᠳᠤ ᠲᠤᠰᠢᠶᠠᠬᠤ ᠪᠠᠷᠢᠮᠲᠠ᠎ᠪᠠᠨ ᠲᠤᠰᠢᠶᠠᠪᠠᠯ ᠪᠣᠯᠴᠢᠬᠠᠨ᠎ᠠ᠂ ᠵᠢᠱ᠌ᠢᠶᠡᠯᠡᠪᠡᠯ ᠵᠢᠯ ᠬᠤᠪᠢᠶᠠᠨ ᠲᠤᠰᠢᠶᠠᠬᠤ᠎ᠳᠤ ᠭᠦᠷᠪᠡᠯ᠂ ᠣᠶ᠋ᠢᠷ᠎ᠠ ᠵᠢᠨ ᠨᠢᠭᠡ ᠵᠢᠯ ᠵᠶ᠋ᠠᠨ ᠲᠤᠰᠢᠶᠠᠪᠠᠯ ᠪᠣᠯᠴᠢᠬᠠᠨ᠎ᠠ ᠭᠡᠵᠦ ᠱᠠᠭ᠋ᠠᠷᠳᠠᠵᠠᠶ᠃
ᠠᠷᠪᠠ᠂ ᠬᠠᠶ᠋ᠢᠬᠤ᠂ ᠠᠭᠤᠷᠬᠠᠶ ᠮᠠᠯᠲᠠᠬᠤ ᠡᠷᠬᠡ ᠵᠢᠨ ᠬᠠᠮᠢᠶ᠎ᠠ ᠪᠥᠬᠥᠶ ᠭᠠᠷᠳᠠᠮ᠎ᠢ ᠭᠦᠢᠴᠡᠳᠬᠡᠬᠦ᠎ᠳᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ ᠠᠰᠢᠭ ᠣᠯᠵᠠᠪᠤᠷᠢ (ᠦᠨ᠎ᠡ ᠵᠢᠨ ᠵᠣᠭᠣᠰ) ᠪᠤᠶᠤ ᠲᠥᠯᠥᠪᠦᠷᠢ᠎ᠲᠠᠢ᠎ᠪᠠᠷ ᠰᠢᠢᠳᠪᠦᠷᠢᠯᠡᠭᠰᠡᠨ ᠭᠡᠷᠡᠴᠢ ᠮᠠᠲ᠋ᠧᠷᠢᠶᠠᠯ ᠵᠶ᠋ᠠᠨ ᠲᠤᠰᠢᠶᠠᠬᠤ ᠲᠤᠬᠠᠢ
ᠬᠣᠶᠠᠷ 《ᠲᠣᠭᠲᠠᠭ᠋ᠠᠯ》᠎ᠳᠤ᠂ ᠬᠠᠶ᠋ᠢᠬᠤ᠂ ᠠᠭᠤᠷᠬᠠᠶ ᠮᠠᠯᠲᠠᠬᠤ ᠡᠷᠬᠡ ᠵᠢᠨ ᠬᠠᠮᠢᠶ᠎ᠠ ᠪᠥᠬᠥᠶ ᠭᠠᠷᠳᠠᠮ᠎ᠢ ᠭᠦᠢᠴᠡᠳᠬᠡᠬᠦ᠎ᠳᠤ ᠠᠭᠤᠷᠬᠠᠶ ᠵᠢᠨ ᠦᠢᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ ᠠᠰᠢᠭ ᠣᠯᠵᠠᠪᠤᠷᠢ (ᠦᠨ᠎ᠡ ᠵᠢᠨ ᠵᠣᠭᠣᠰ) ᠪᠤᠶᠤ ᠲᠥᠯᠥᠪᠦᠷᠢ᠎ᠲᠠᠢ᠎ᠪᠠᠷ ᠰᠢᠢᠳᠪᠦᠷᠢᠯᠡᠭᠰᠡᠨ ᠭᠡᠷᠡᠴᠢ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃ ᠡᠨᠳᠡ ᠴᠢᠬᠤᠯᠠᠴᠢᠯᠠᠭᠤᠰᠢᠲᠠᠶ᠎ᠨᠢ᠂ ᠨᠢᠭᠡ᠎ᠳᠤ᠂ ᠮᠥᠨ ᠬᠦ᠌ ᠲᠥᠯᠥᠪᠦᠷᠢ᠎ᠲᠠᠢ ᠰᠢᠢᠳᠪᠦᠷᠢᠯᠡᠯᠲᠡ ᠬᠢᠭᠡᠳᠦᠶ ᠠᠭᠤᠷᠬᠠᠶ ᠬᠠᠶ᠋ᠢᠬᠤ ᠡᠷᠬᠡ᠎ᠨᠢ ᠠᠭᠤᠷᠬᠠᠶ ᠬᠠᠶ᠋ᠢᠬᠤ ᠡᠷᠬᠡ ᠵᠢᠨ ᠱᠠᠲᠤ ᠦᠶ᠎ᠡ᠎ᠳᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠢ ᠰᠢᠢᠳᠪᠦᠷᠢᠯᠡᠬᠦ ᠴᠢᠬᠤᠯᠠ ᠦᠭᠡᠶ᠂ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠬᠦ᠎ᠳᠤ ᠬᠠᠷᠠᠭ᠋ᠠᠯᠵᠠᠭᠰᠠᠨ ᠮᠠᠲ᠋ᠧᠷᠢᠶᠠᠯ ᠬᠠᠩᠭ᠋ᠠᠬᠤ ᠴᠢᠬᠤᠯᠠ ᠦᠭᠡᠶ᠂ ᠠᠭᠤᠷᠬᠠᠶ ᠮᠠᠯᠲᠠᠬᠤ ᠡᠷᠬᠡ ᠪᠣᠯᠭ᠋ᠠᠨ ᠬᠤᠪᠢᠷᠠᠭᠤᠯᠬᠤ ᠦᠶ᠎ᠡ᠎ᠳᠤ ᠰᠢᠢᠳᠪᠦᠷᠢᠯᠡᠨ᠎ᠡ; ᠬᠣᠶᠠᠷ᠎ᠲᠤ᠂ ᠮᠥᠨ ᠯᠡ ᠲᠥᠯᠥᠪᠦᠷᠢ᠎ᠲᠠᠢ᠎ᠪᠠᠷ ᠰᠢᠢ᠍ᠳᠪᠦᠷᠢᠯᠡᠵᠦ ᠥᠩᠭᠡᠷᠡᠭᠰᠡᠨ ᠦᠭᠡᠢ ᠠᠭᠤᠷᠬᠠᠢ ᠮᠠᠯᠲᠠᠬᠤ ᠡᠷᠬᠡ᠂ 《ᠨᠡᠭᠡᠭᠡᠨ ᠮᠠᠯᠲᠠᠬᠤ ᠲᠣᠭᠲᠠᠭ᠋ᠠᠯ》᠎ᠳᠤ ᠨᠢᠭᠡᠨᠲᠡ ᠪᠠᠶ᠋ᠢᠭᠤᠯᠤᠭᠰᠠᠨ ᠠᠭᠤᠷᠬᠠᠢ ᠮᠠᠯᠲᠠᠬᠤ ᠡᠷᠬᠡ᠎ᠨᠢ ᠠᠭᠤᠷᠬᠠᠢ ᠮᠠᠯᠲᠠᠬᠤ ᠡᠷᠬᠡ ᠵᠢ ᠰᠢᠯᠵᠢᠭᠦᠯᠦᠨ ᠬᠤᠳᠠᠯᠳᠤᠬᠤ ᠠᠰᠢᠭ ᠣᠯᠵᠠᠪᠤᠷᠢ ᠵᠢ ᠨᠥᠬᠥᠪᠥᠷᠢᠯᠡᠨ ᠲᠤᠰᠢᠶᠠᠬᠤ ᠴᠢᠬᠤᠯᠠᠲᠠᠢ ᠪᠠᠶ᠋ᠢᠪᠠᠯ᠂ ᠭᠤᠶᠤᠴᠢᠯᠠᠭᠴᠢ᠎ᠨᠢ ᠰᠢᠯᠲᠠᠭ᠋ᠠᠨ ᠵᠶ᠋ᠠᠨ ᠲᠣᠳᠣᠷᠬᠠᠶ᠋ᠢᠯᠠᠵᠤ ᠳᠡᠶ᠋ᠢᠯᠬᠦ ᠬᠣᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠵᠶ᠋ᠠᠨ ᠲᠤᠰᠢᠶᠠᠭᠰᠠᠨ᠎ᠤ ᠳᠠᠷᠠᠭ᠎ᠠ᠂ ᠪᠦᠷᠢᠳᠬᠡᠨ ᠬᠠᠮᠢᠶᠠᠷᠬᠤ ᠪᠠᠶ᠋ᠢᠭᠤᠯᠭ᠎ᠠ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠦᠷᠭᠦᠯᠵᠢᠯᠡᠭᠦᠯᠬᠦ ᠵᠢ ᠵᠥᠪᠰᠢᠶᠡᠷᠡᠵᠦ ᠪᠣᠯᠤᠨ᠎ᠠ᠂ ᠬᠦᠴᠦᠨ᠎ᠲᠠᠢ ᠬᠤᠭᠤᠴᠠᠭ᠎ᠠ᠎ᠨᠢ 2 ᠵᠢᠯ᠎ᠠᠴᠠ ᠬᠡᠲᠦᠷᠡᠵᠦ ᠪᠣᠯᠬᠤ ᠦᠭᠡᠢ ᠪᠥᠭᠡᠳ ᠠᠭᠤᠷᠬᠠᠢ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠤᠨ ᠬᠠᠭᠤᠯᠪᠤᠷᠢ ᠳᠡᠪᠲᠡᠷ ᠳᠡᠭᠡᠷ᠎ᠡ ᠲᠡᠭᠦᠨ᠎ᠤ ᠰᠢᠯᠲᠠᠭ᠋ᠠᠨ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠨ᠎ᠠ᠃ ᠬᠡᠷᠪᠡ ᠦᠷᠭᠦᠯᠵᠢᠯᠡᠭᠦᠯᠬᠦ ᠬᠤᠭᠤᠴᠠᠭ᠋ᠠᠨ᠎ᠳᠤ ᠲᠥᠯᠥᠪᠥᠷᠢ᠎ᠲᠡᠶ ᠰᠢᠢᠳᠪᠦᠷᠢᠯᠡᠯᠲᠡ ᠵᠢ ᠪᠡᠶᠡᠯᠡᠭᠦᠯᠦᠭᠰᠡᠨ ᠦᠭᠡᠶ ᠪᠣᠯ᠂ 241 ᠳ᠋ᠦ᠍ᠭᠡᠷ ᠲᠣᠭ᠋ᠠᠲᠤ ᠵᠠᠷᠯᠢᠭ᠎ᠤᠨ ᠬᠣᠷᠢᠨ ᠨᠢᠭᠡᠳᠦᠭᠡᠷ ᠵᠦᠢ᠍ᠯ᠎ᠤᠨ 《ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠲᠤᠰ ᠠᠷᠭ᠎ᠠ᠎ᠳᠤ ᠲᠣᠭᠲᠠᠭ᠋ᠠᠭᠰᠠᠨ ᠲᠤᠰᠢᠶᠠᠪᠠᠰᠤ ᠵᠣᠬᠢᠬᠤ ᠵᠠᠷᠤᠳᠠᠯ᠎ᠢ ᠬᠤᠭᠤᠴᠠᠭ᠎ᠠ ᠶᠣᠰᠣᠭ᠋ᠠᠷ ᠲᠤᠰᠢᠶᠠᠭᠰᠠᠨ ᠦᠭᠡᠶ ᠪᠣᠯ᠂ ᠪᠦᠷᠢᠳᠬᠡᠨ ᠬᠠᠮᠢᠶᠠᠷᠬᠤ ᠪᠠᠢ᠌ᠭᠤᠯᠭ᠎ᠠ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠲᠤᠰᠢᠶᠠᠯᠭ᠋ᠠᠬᠤ ᠵᠢᠨ ᠬᠠᠮᠲᠤ ᠬᠤᠭᠤᠴᠠᠭ᠎ᠠ ᠰᠠᠭ᠋ᠠᠲᠠᠭ᠋ᠠᠭᠰᠠᠨ ᠡᠳᠦᠷ᠎ᠠᠴᠠ ᠡᠬᠢᠯᠡᠨ ᠡᠳᠦᠷ ᠪᠦᠷᠢ 2 ‰ ᠵᠢᠨ ᠬᠤᠭᠤᠴᠠᠭ᠎ᠠ ᠰᠠᠭ᠋ᠠᠲᠠᠭ᠋ᠠᠭᠰᠠᠨ ᠲᠣᠷᠭ᠋ᠠᠭᠤᠯᠢ ᠵᠢᠨ ᠮᠥᠩᠭᠥ ᠨᠡᠮᠡᠵᠦ ᠬᠤᠷᠢᠶᠠᠨ᠎ᠠ; ᠬᠤᠭᠤᠴᠠᠭ᠎ᠠ ᠬᠡᠲᠦᠷᠡᠲᠡᠯ᠎ᠡ ᠮᠥᠨ ᠲᠤᠰᠢᠶᠠᠬᠤ ᠦᠭᠡᠢ ᠪᠠᠶ᠋ᠢᠪᠠᠯ᠂ ᠤᠤᠯ᠎ᠤᠨ ᠦᠨᠡᠮᠯᠡᠯ ᠣᠯᠭᠣᠭᠰᠠᠨ ᠪᠠᠶ᠋ᠢᠭᠤᠯᠭ᠎ᠠ᠎ᠠᠴᠠ ᠠᠭᠤᠷᠬᠠᠢ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃ ᠲᠥᠯᠥᠪᠦᠷᠢ᠎ᠲᠠᠢ ᠰᠢᠢᠳᠪᠦᠷᠢᠯᠡᠬᠦ ᠵᠢ ᠨᠢᠭᠡᠨᠲᠡ ᠪᠡᠶᠡᠯᠡᠭᠦᠯᠦᠭᠰᠡᠨ ᠠᠭᠤᠷᠬᠠᠶ ᠵᠢᠨ ᠡᠷᠬᠡ᠎ᠳᠤ ᠪᠣᠯ ᠬᠣᠶᠠᠷ 《ᠲᠣᠭᠲᠠᠭ᠋ᠠᠯ》᠎ᠤᠨ ᠶᠣᠰᠣᠭ᠋ᠠᠷ ᠬᠡᠷᠡᠭᠵᠢᠭᠦᠯᠪᠡᠯ ᠪᠣᠯᠴᠢᠬᠠᠨ᠎ᠠ᠃
ᠠᠷᠪᠠᠨ ᠨᠢᠭᠡ᠂ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢᠨ ᠲᠤᠬᠠᠶ
ᠨᠡᠭᠦᠷᠡᠰᠦᠨ ᠳᠠᠪᠬᠤᠷᠭ᠎ᠠ ᠵᠢᠨ ᠬᠡᠢ ᠵᠢ ᠲᠤᠰᠠᠭ᠋ᠠᠷ ᠲᠤᠬᠠᠶ᠋ᠢᠯᠠᠭᠰᠠᠨ ᠠᠵᠢᠯ᠎ᠤᠨ ᠴᠤᠪᠤᠷᠠᠯ ᠵᠶ᠋ᠠᠷ ᠳᠠᠮᠵᠢᠭᠤᠯᠤᠨ ᠭᠦᠢ᠍ᠴᠡᠳᠬᠡᠵᠦ᠂ ᠭᠤᠶᠤᠴᠢᠯᠠᠯ᠎ᠤᠨ ᠮᠠᠲ᠋ᠧᠷᠢᠶᠠᠯ᠎ᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠢᠲᠠᠮᠠᠬᠠᠶ ᠬᠡᠢ ᠠᠭᠤᠷᠬᠠᠶ ᠵᠢᠨ ᠭᠠᠷᠤᠯᠲᠠ ᠵᠢᠨ ᠮᠠᠲ᠋ᠧᠷᠢᠶᠠᠯ᠎ᠤᠨ ᠱᠠᠭ᠋ᠠᠷᠳᠠᠯᠭ᠎ᠠ (ᠡᠮᠬᠢᠳᠬᠡᠨ ᠳᠠᠭ᠋ᠠᠯᠳᠤᠭᠤᠯᠤᠨ᠎ᠠ)᠎ᠪᠠᠷ ᠯᠠᠪᠯᠠᠯᠲᠠ ᠪᠣᠯᠭ᠋ᠠᠵᠤ᠂ ᠪᠣᠳᠠᠲᠠᠶ ᠭᠦᠢ᠍ᠴᠡᠳᠬᠡᠬᠦ ᠶᠠᠪᠤᠴᠠ᠎ᠳᠤ 《ᠨᠡᠭᠦᠷᠡᠰᠦ ᠪᠠ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠡᠬᠢ ᠪᠠᠶᠠᠯᠢᠭ᠎ᠢ ᠶᠡᠷᠦᠩᠬᠡᠶ᠋ᠢᠯᠡᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠮᠡᠳᠡᠭᠳᠡᠯ》 ( [2007] 96 ᠳ᠋ᠤᠭ᠋ᠠᠷ ᠲᠣᠭ᠋ᠠᠲᠤ)᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠨᠡᠭᠦᠷᠡᠰᠦᠨ ᠳᠠᠪᠬᠤᠷᠭ᠎ᠠ ᠵᠢᠨ ᠬᠡᠶ ᠨᠡᠮᠡᠵᠦ ᠵᠢᠭᠰᠠᠭ᠋ᠠᠬᠤ ᠵᠢ ᠠᠩᠬᠠᠷᠴᠤ ᠰᠠᠨᠠᠭᠤᠯᠬᠤ᠎ᠨᠢ᠄ ᠰᠢᠲᠠᠮᠠᠬᠠᠶ ᠬᠡᠶ ᠵᠢᠨ ᠠᠭᠤᠷᠬᠠᠶ ᠬᠠᠶ᠋ᠢᠬᠤ ᠡᠷᠬᠡ ᠵᠢ ᠨᠡᠭᠦᠷᠡᠰᠦᠨ ᠳᠠᠪᠬᠤᠷᠭ᠎ᠠ ᠵᠢᠨ ᠬᠡᠶ ᠨᠡᠮᠡᠵᠦ ᠵᠢᠭᠰᠠᠭ᠋ᠠᠬᠤ᠎ᠳᠤ ᠰᠢᠨ᠎ᠡ᠎ᠪᠠᠷ ᠪᠠᠶ᠋ᠢᠭᠤᠯᠤᠭᠰᠠᠨ ᠨᠡᠭᠦᠷᠡᠰᠦᠨ ᠳᠠᠪᠬᠤᠷᠭ᠎ᠠ ᠵᠢᠨ ᠬᠡᠶ ᠵᠢᠨ ᠠᠭᠤᠷᠬᠠᠶ ᠬᠠᠶ᠋ᠢᠬᠤ ᠡᠷᠬᠡ ᠶᠣᠰᠣᠭ᠋ᠠᠷ ᠭᠦᠢᠴᠡᠳᠬᠡᠬᠦ ᠬᠡᠷᠡᠭᠲᠡᠶ; ᠨᠡᠭᠦᠷᠡᠰᠦ ᠮᠠᠯᠲᠠᠬᠤ ᠡᠷᠬᠡ ᠵᠢ ᠨᠡᠭᠦᠷᠡᠰᠦᠨ ᠳᠠᠪᠬᠤᠷᠭ᠎ᠠ ᠵᠢᠨ ᠬᠡᠢ ᠨᠡᠮᠡᠵᠦ ᠵᠢᠭᠰᠠᠭ᠋ᠠᠨ ᠨᠡᠭᠡᠭᠡᠨ ᠮᠠᠯᠲᠠᠬᠤ᠎ᠳᠤ ᠰᠢᠨ᠎ᠡ᠎ᠪᠠᠷ ᠪᠠᠶ᠋ᠢᠭᠤᠯᠤᠭᠰᠠᠨ ᠨᠡᠭᠦᠷᠡᠰᠦᠨ ᠳᠠᠪᠬᠤᠷᠭ᠎ᠠ ᠵᠢᠨ ᠬᠡᠢ ᠮᠠᠯᠲᠠᠬᠤ ᠡᠷᠬᠡ ᠵᠢᠨ ᠶᠣᠰᠣᠭ᠋ᠠᠷ ᠭᠦᠢᠴᠡᠳᠬᠡᠨ᠎ᠡ᠃