ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠭᠰᠠᠨ ᠬᠣᠯᠪᠣᠭᠳᠠᠯ ᠪᠥᠬᠥᠶ ᠵᠦᠶᠯᠡᠰ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠎ᠤ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2021-12-23

        ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠪᠣᠯᠤᠨ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ 《ᠭᠠᠵᠠᠷ ᠰᠢᠷᠣᠶ ᠵᠢ ᠡᠷᠬᠡ ᠣᠯᠭᠣᠬᠤ ᠪᠠ ᠨᠠᠶ᠋ᠢᠳᠠᠵᠤ ᠬᠡᠷᠡᠭᠯᠡᠭᠦᠯᠬᠦ ᠵᠢ ᠬᠢᠨᠠᠨ ᠵᠥᠪᠰᠢᠶᠡᠷᠡᠬᠦ ᠡᠷᠬᠡ ᠵᠢᠨ ᠲᠤᠬᠠᠶ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ 《ᠲᠣᠭᠲᠠᠭ᠋ᠠᠯ》᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ ᠨᠡᠶ᠋ᠢᠲᠡᠯᠡᠵᠦ᠂ 《ᠪᠠᠭᠤᠯᠭ᠋ᠠᠬᠤ ᠬᠠᠮᠢᠶᠠᠷᠬᠤ ᠦᠶᠯᠡᠴᠢᠯᠡᠬᠦ》 ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠭᠠᠵᠠᠷ ᠰᠢᠷᠣᠶ ᠵᠢᠨ ᠬᠠᠮᠢᠶᠠᠷᠤᠯᠲᠠ ᠵᠢᠨ ᠲᠦᠷᠢᠮ᠎ᠢ ᠥᠭᠡᠷᠡᠴᠢᠯᠡᠵᠦ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠠᠵᠠᠷ ᠰᠢᠷᠣᠶ ᠵᠢᠨ ᠡᠵᠡᠨ ᠮᠡᠳᠡᠬᠦ ᠡᠷᠬᠡ ᠵᠢ ᠨᠠᠩ ᠶᠡᠬᠡ ᠣᠯᠭᠣᠪᠠ᠃
        ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠬᠤ᠎ᠳᠤ ᠶᠠᠮᠠᠷ ᠠᠬᠤᠶ ᠪᠠᠶ᠋ᠢᠳᠠᠯ ᠪᠠ ᠪᠣᠳᠣᠯᠬᠢᠯᠠᠯ᠎ᠳᠤ ᠰᠠᠭᠤᠷᠢᠯᠠᠭᠰᠠᠨ ᠪᠣᠶ? ᠡᠨᠡ ᠤᠳᠠᠭ᠎ᠠ ᠶᠠᠮᠠᠷ ᠶᠠᠮᠠᠷ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠬᠤ ᠪᠣᠶ? ᠶᠠᠮᠠᠷ ᠨᠥᠯᠥᠭᠡ ᠠᠪᠴᠢᠷᠠᠬᠤ ᠪᠣᠯ ᠳ᠋ᠠ? ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠯᠡᠯᠲᠡ ᠵᠢᠨ ᠬᠠᠮᠢᠶᠠᠷᠤᠯᠲᠠ ᠵᠢᠨ ᠵᠤᠷᠭ᠋ᠠᠨ᠎ᠤ 《ᠲᠠᠯᠪᠢᠬᠤ ᠬᠠᠮᠢᠶᠠᠷᠬᠤ ᠦᠶᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃
        ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠪᠣᠯ ᠮᠠᠨ᠎ᠤ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠨᠢᠭᠡᠨ ᠦᠨᠳᠦᠰᠦᠨ ᠲᠦᠷᠢᠮ ᠮᠥᠨ᠃ 1998 ᠣᠨ᠎ᠳᠤ ᠵᠠᠰᠠᠪᠤᠷᠢ ᠣᠷᠣᠭᠤᠯᠵᠤ᠂ 1999 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠭᠰᠡᠨ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠪᠠ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ》᠎ᠳᠤ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠪᠠ ᠵᠢᠷᠤᠮ᠎ᠢ ᠴᠢᠩᠭ᠎ᠠ ᠲᠣᠭᠲᠠᠭ᠋ᠠᠵᠠᠶ᠃ ᠰᠢᠨ᠎ᠡ᠎ᠪᠠᠷ ᠨᠡᠮᠡᠭᠳᠡᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠴᠢᠩᠭ᠎ᠠ ᠡᠵᠡᠮᠳᠡᠬᠦ᠂ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠬᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠦᠲᠦᠮᠵᠢᠲᠡᠶ ᠰᠠᠬᠢᠬᠤ ᠵᠡᠷᠭᠡ ᠲᠠᠯ᠎ᠠ᠎ᠪᠠᠷ ᠲᠤᠶ᠋ᠢᠯ᠎ᠤᠨ ᠴᠢᠬᠤᠯᠠ ᠦᠶᠯᠡᠳᠦᠯ ᠪᠠᠳᠠᠷᠠᠭᠤᠯᠤᠭᠰᠠᠨ ᠪᠣᠯᠪᠠᠴᠤ ᠪᠤᠰᠤᠳᠴᠢ ᠲᠠᠯ᠎ᠠ᠎ᠪᠠᠷ ᠪᠠᠰᠠ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠦᠶᠡᠯᠡᠯ᠎ᠤᠨ ᠬᠤᠭᠤᠴᠠᠭ᠎ᠠ ᠨᠡᠯᠢᠶᠡᠳ ᠣᠷᠳᠣ᠂ ᠣᠳᠣᠬᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠲᠠᠢ ᠨᠡᠯᠢᠶᠡᠳ ᠶᠡᠬᠡ ᠮᠥᠷᠭᠥᠯᠳᠦᠭᠡᠨ᠎ᠲᠠᠢ ᠪᠠᠶ᠋ᠢᠬᠤ ᠠᠰᠠᠭᠤᠳᠠᠯ ᠣᠷᠣᠰᠢᠵᠤ ᠪᠠᠶ᠋ᠢᠨ᠎ᠠ᠃
        ᠠᠰᠠᠭᠤᠳᠠᠯ ᠪᠣᠯ ᠴᠠᠭ ᠦᠶ᠎ᠡ ᠵᠢᠨ ᠲᠠᠭᠤᠨ ᠮᠥᠨ᠂ ᠪᠠᠰᠠ ᠴᠤ᠌ ᠥᠭᠡᠷᠡᠴᠢᠯᠡᠯᠲᠡ ᠵᠢᠨ ᠬᠥᠳᠡᠯᠭᠡᠭᠴᠢ ᠰᠢᠯᠲᠠᠭ᠋ᠠᠨ ᠮᠥᠨ᠃ 2018 ᠣᠨ᠎ᠳᠤ ᠪᠠᠶ᠋ᠢᠭᠤᠯᠤᠭᠳᠠᠭᠰᠠᠨ᠎ᠠᠴᠠ ᠨᠠᠰᠢ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠣᠳᠣᠬᠠᠨ᠎ᠤ ᠭᠠᠵᠠᠷ ᠰᠢᠷᠣᠶ ᠵᠢᠨ ᠬᠠᠮᠢᠶᠠᠷᠤᠯᠲᠠ ᠵᠢᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠢ ᠭᠦᠨᠵᠡᠭᠡᠶ ᠡᠮᠬᠢᠯᠡᠨ ᠳᠢᠭᠯᠡᠵᠦ᠂ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ᠎ᠳᠤ ᠢᠳᠡᠪᠬᠢᠲᠡᠶ ᠬᠦᠴᠦ ᠲᠠᠯᠪᠢᠵᠤ᠂ ᠬᠡᠷᠡᠭᠵᠢᠭᠦᠯᠬᠦ ᠡᠷᠬᠡ ᠵᠢᠨ ᠴᠢᠳᠠᠪᠤᠷᠢ ᠵᠢ ᠦᠨᠳᠦᠰᠦᠯᠡᠨ ᠠᠳᠠᠯᠢ ᠪᠤᠰᠤ ᠲᠠᠰ ᠳᠠᠪᠬᠤᠷᠭ᠎ᠠ ᠵᠢᠨ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠤᠨ ᠡᠷᠬᠡ ᠵᠢ ᠨᠠᠩ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠵᠤ᠂ ᠬᠢᠨᠠᠨ ᠵᠥᠪᠰᠢᠶᠡᠷᠡᠬᠦ ᠭᠣᠭᠴᠣᠭ᠎ᠠ ᠵᠢ ᠵᠦᠶ ᠵᠣᠬᠢᠰᠲᠠᠶ ᠲᠣᠭᠲᠠᠭ᠋ᠠᠨ᠂ ᠴᠢᠬᠤᠯᠠ ᠪᠤᠰᠤ 《ᠬᠡᠯᠪᠡᠷᠢ ᠵᠢᠨ ᠬᠢᠨᠠᠨ ᠪᠠᠶ᠋ᠢᠴᠠᠭ᠋ᠠᠯᠲᠠ》᠂ ᠳᠠᠪᠬᠤᠷᠳᠠᠭᠤᠯᠤᠨ ᠬᠢᠨᠠᠨ ᠪᠠᠶ᠋ᠢᠴᠠᠭ᠋ᠠᠬᠤ ᠵᠢ ᠪᠠᠭ᠋ᠠᠰᠬᠠᠵᠤ᠂ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠬᠢᠷᠢ ᠬᠡᠮᠵᠢᠶ᠎ᠡ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠬᠠᠮᠲᠤ ᠡᠷᠬᠡ ᠬᠠᠷᠢᠭᠤᠴᠠᠯᠭ᠎ᠠ ᠵᠢ ᠠᠳᠠᠯᠢ ᠲᠡᠭᠰᠢ ᠪᠠᠶ᠋ᠢᠯᠭ᠋ᠠᠬᠤ ᠵᠢ ᠴᠢᠩᠭ᠋ᠠᠳᠬᠠᠨ᠎ᠠ᠃ ᠠᠪᠬᠤ ᠠᠷᠭ᠎ᠠ ᠬᠡᠮᠵᠢᠶ᠎ᠡ᠎ᠳᠤ ᠬᠢᠨᠠᠨ ᠵᠥᠪᠰᠢᠶᠡᠷᠡᠬᠦ ᠶᠠᠪᠤᠴᠠ ᠵᠢ ᠲᠠᠬᠢᠨ ᠱᠤᠭᠤᠬᠤ᠂ ᠮᠡᠳᠡᠭᠦᠯᠬᠦ ᠮᠠᠲ᠋ᠧᠷᠢᠶᠠᠯ᠎ᠢ ᠳᠥᠭᠥᠮᠴᠢᠯᠡᠬᠦ᠂ ᠰᠦᠯᠵᠢᠶᠡᠨ ᠳᠡᠭᠡᠷ᠎ᠡ ᠠᠯᠤᠰ᠎ᠠᠴᠠ ᠮᠡᠳᠡᠭᠦᠯᠦᠨ ᠬᠦᠷᠭᠡᠬᠦ ᠪᠠ ᠬᠢᠨᠠᠨ ᠪᠠᠶ᠋ᠢᠴᠠᠭ᠋ᠠᠬᠤ᠂ ᠬᠠᠮᠲᠤᠷᠠᠨ ᠬᠢᠨᠠᠬᠤ ᠬᠤᠷᠠᠯ᠎ᠤᠨ ᠳᠠᠪᠲᠠᠮᠵᠢ ᠵᠢ ᠨᠡᠮᠡᠭᠳᠡᠭᠦᠯᠬᠦ ᠵᠡᠷᠭᠡ ᠪᠠᠭᠲᠠᠨ᠎ᠠ᠃ ᠡᠭᠦᠨ᠎ᠤ ᠬᠠᠮᠲᠤ ᠪᠠᠰᠠ ᠴᠢᠬᠤᠯᠠ ᠶᠡᠬᠡ ᠲᠥᠷᠥᠯ ᠵᠦᠢ᠍ᠯ᠎ᠤᠨ ᠭᠠᠵᠠᠷ ᠬᠡᠷᠡᠭᠯᠡᠬᠦ ᠵᠢ ᠵᠣᠬᠢᠴᠠᠭᠤᠯᠬᠤ ᠲᠣᠭᠲᠠᠴᠠ ᠵᠢ ᠬᠡᠷᠡᠭᠵᠢᠭᠦᠯᠵᠦ᠂ ᠴᠢᠬᠤᠯᠠ ᠶᠡᠬᠡ ᠲᠥᠷᠥᠯ ᠵᠦᠢ᠍ᠯ᠎ᠳᠤ ᠤᠷᠢᠳᠠᠪᠠᠷ ᠭᠠᠵᠠᠷ ᠰᠢᠷᠣᠶ ᠬᠡᠷᠡᠭᠯᠡᠬᠦ ᠵᠢ ᠳᠡᠮᠵᠢᠵᠦ᠂ ᠲᠡᠮᠦᠷ ᠵᠠᠮ ᠵᠠᠰᠠᠮᠠᠯ ᠵᠠᠮ ᠤᠰᠤᠨ ᠠᠰᠢᠭᠯᠠᠯᠲᠠ ᠵᠡᠷᠭᠡ ᠴᠢᠬᠤᠯᠠ ᠶᠡᠬᠡ ᠰᠠᠭᠤᠷᠢ ᠪᠡᠯᠡᠳᠬᠡᠮᠵᠢ ᠵᠢᠨ ᠭᠠᠵᠠᠷ ᠰᠢᠷᠣᠶ ᠵᠢᠨ ᠲᠥᠯᠥᠪᠯᠡᠭᠡ ᠵᠢᠨ ᠭᠦᠶᠴᠡᠳᠬᠡᠯ ᠲᠣᠭ᠎ᠠ ᠵᠢᠨ ᠳᠡᠮᠵᠢᠯᠭᠡ ᠵᠢ ᠴᠢᠩᠭ᠋ᠠᠳᠬᠠᠵᠤ᠂ ᠴᠢᠬᠤᠯᠠ ᠶᠡᠬᠡ ᠲᠥᠷᠥᠯ ᠵᠦᠶᠯ᠎ᠤᠨ ᠲᠠᠷᠢᠶᠠᠨ ᠭᠠᠵᠠᠷ᠎ᠢ ᠡᠵᠡᠯᠡᠬᠦ ᠨᠥᠬᠥᠪᠥᠷᠢᠯᠡᠬᠦ ᠲᠡᠩᠴᠡᠭᠦᠷᠢ ᠵᠢ ᠤᠯᠤᠰ᠎ᠠᠴᠠ ᠨᠢᠭᠡᠳᠦᠯᠲᠡᠶ ᠲᠥᠯᠥᠪᠯᠡᠬᠦ ᠵᠢ ᠬᠡᠷᠡᠭᠵᠢᠭᠦᠯᠵᠦ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡᠯᠡᠬᠦ ᠣᠷᠣᠨ᠎ᠢ ᠪᠠᠶ᠋ᠢᠭᠤᠯᠵᠤ᠂ ᠲᠥᠯᠥᠪᠵᠢᠭᠦᠯᠭᠡ ᠵᠢᠨ ᠭᠠᠵᠠᠷ ᠰᠣᠩᠭᠣᠬᠤ ᠪᠠ ᠭᠠᠵᠠᠷ ᠬᠡᠷᠡᠭᠯᠡᠬᠦ ᠵᠢ ᠤᠷᠢᠳᠴᠢᠯᠠᠨ ᠬᠢᠨᠠᠬᠤ᠂ ᠪᠥᠲᠥᠭᠡᠨ ᠪᠠᠶ᠋ᠢᠭᠤᠯᠤᠯᠲᠠ ᠵᠢᠨ ᠭᠠᠵᠠᠷ ᠬᠡᠷᠡᠭᠯᠡᠬᠦ ᠲᠥᠯᠥᠪᠵᠢᠭᠦᠯᠭᠡ ᠵᠢᠨ ᠵᠥᠪᠰᠢᠶᠡᠷᠡᠯ ᠪᠠ ᠭᠠᠵᠠᠷ ᠬᠡᠷᠡᠭᠯᠡᠬᠦ ᠵᠢ ᠵᠥᠪᠰᠢᠶᠡᠷᠡᠬᠦ ᠵᠢ ᠨᠡᠶ᠋ᠢᠯᠡᠭᠦᠯᠬᠦ᠂ 《ᠣᠯᠠᠨ ᠬᠡᠮᠵᠢᠯᠲᠡ ᠵᠢ ᠨᠡᠶ᠋ᠢᠯᠡᠭᠦᠯᠦᠨ ᠨᠢᠭᠡ ᠪᠣᠯᠭ᠋ᠠᠬᠤ》 ᠪᠠ 《ᠣᠯᠠᠨ ᠲᠤᠷᠰᠢᠯᠲᠠ ᠵᠢ ᠨᠡᠶ᠋ᠢᠯᠡᠭᠦᠯᠦᠨ ᠨᠢᠭᠡ ᠪᠣᠯᠭ᠋ᠠᠬᠤ》 ᠵᠡᠷᠭᠡ ᠣᠯᠠᠨ ᠵᠦᠶᠯ᠎ᠤᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃ ᠪᠦᠲᠦᠮᠵᠢᠲᠡᠶ ᠪᠡᠯᠡ ᠣᠷᠣᠭᠤᠯᠤᠯᠲᠠ ᠵᠢ ᠠᠬᠢᠭᠤᠯᠬᠤ᠎ᠳᠤ ᠭᠠᠵᠠᠷ ᠬᠡᠷᠡᠭᠯᠡᠬᠦ ᠪᠠᠲᠤᠯᠠᠭ᠎ᠠ ᠬᠠᠩᠭ᠋ᠠᠨ᠎ᠠ᠃ ᠡᠭᠦᠨ᠎ᠤ ᠬᠠᠮᠲᠤ᠂ ᠣᠷᠣᠨ ᠨᠤᠲᠤᠭ᠎ᠤᠨ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ᠎ᠤᠨ ᠶᠠᠰᠤ ᠴᠢᠨᠠᠷ᠎ᠲᠤ ᠤᠯᠠᠮ ᠨᠢᠭᠡ ᠠᠯᠬᠤᠮ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠮᠠᠲ᠋ᠧᠷᠢᠶᠠᠯ᠎ᠤᠨ ᠲᠣᠰ ᠪᠡᠶ᠎ᠡ᠎ᠨᠢ ᠬᠢᠷᠢ ᠲᠡᠩᠴᠡᠭᠰᠡᠨ ᠥᠬᠡᠶ᠎ᠠᠴᠠ ᠪᠣᠯᠤᠭᠰᠠᠨ ᠨᠥᠬᠥᠪᠥᠷᠢᠯᠡᠨ ᠵᠠᠯᠠᠷᠠᠭᠤᠯᠬᠤ ᠵᠦᠶᠯᠡᠰ ᠣᠯᠠᠨ᠂ ᠤᠳᠠᠭ᠎ᠠ ᠣᠯᠠᠨ᠂ ᠴᠠᠭ ᠣᠷᠳᠣ ᠪᠠᠶ᠋ᠢᠬᠤ ᠪᠠᠶ᠋ᠢᠳᠠᠯ᠎ᠢ ᠪᠠᠭ᠋ᠠᠰᠬᠠᠪᠠ᠃ ᠬᠡᠳᠦᠶ᠋ᠢᠪᠡᠷ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ᠎ᠨᠢ ᠵᠣᠬᠢᠬᠤ ᠬᠡᠮᠵᠢᠶᠡᠨ᠎ᠤ ᠪᠣᠳᠠᠲᠠᠶ ᠦᠷ᠎ᠡ ᠪᠦᠲᠦᠮᠵᠢ᠎ᠲᠠᠢ ᠪᠣᠯᠪᠠᠴᠤ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠵᠢᠨ ᠱᠠᠭ᠋ᠠᠷᠳᠠᠯᠭ᠎ᠠ ᠪᠠ ᠬᠢᠵᠠᠭ᠋ᠠᠷᠯᠠᠯ᠎ᠠᠴᠠ ᠪᠣᠯᠵᠣ᠂ ᠵᠥᠪᠬᠡᠨ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ᠎ᠳᠤ ᠲᠦᠰᠢᠭᠯᠡᠪᠡᠯ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠭᠣᠭᠴᠣᠭ᠎ᠠ ᠣᠯᠠᠨ᠂ ᠠᠵᠢᠯ ᠶᠠᠪᠤᠳᠠᠯ᠎ᠤᠨ ᠡᠷᠬᠡ᠎ᠨᠢ ᠪᠤᠷᠤᠭᠤᠳᠠᠭᠰᠠᠨ᠂ ᠦᠶᠡᠯᠡᠬᠦ ᠬᠤᠭᠤᠴᠠᠭ᠎ᠠ᠎ᠨᠢ ᠣᠷᠳᠣ ᠪᠠᠶ᠋ᠢᠬᠤ ᠠᠰᠠᠭᠤᠳᠠᠯ᠎ᠢ ᠦᠨᠳᠦᠰᠦᠨ᠎ᠠᠴᠠ᠎ᠨᠢ ᠰᠢᠶᠳᠪᠦᠷᠢᠯᠡᠬᠦ᠎ᠳᠤ ᠪᠡᠷᠬᠡᠲᠡᠶ ᠶᠤᠮ᠃
       《ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠦᠶᠡᠯᠡᠯ᠎ᠤᠨ ᠬᠤᠭᠤᠴᠠᠭ᠎ᠠ᠎ᠨᠢ ᠣᠷᠳᠣ ᠪᠠᠶ᠋ᠢᠳᠠᠭ᠎ᠨᠢ ᠠᠵᠢᠯ᠎ᠤᠨ ᠲᠠᠯ᠎ᠠ ᠵᠢᠨ ᠰᠢᠯᠲᠠᠭ᠋ᠠᠨ᠎ᠲᠠᠢ ᠮᠥᠷᠲᠡᠭᠡᠨ ᠪᠠᠰᠠ ᠬᠠᠤᠯᠢ ᠴᠠᠭ᠋ᠠᠵᠠ ᠵᠢᠨ ᠲᠦᠷᠢᠮ᠎ᠤᠨ ᠲᠠᠯ᠎ᠠ ᠵᠢᠨ ᠰᠢᠯᠲᠠᠭ᠋ᠠᠨ᠎ᠲᠠᠢ ᠪᠠᠶ᠋ᠢᠳᠠᠭ᠂ ᠭᠣᠤᠯᠳᠠᠭᠤ ᠬᠢᠨᠠᠨ ᠵᠥᠪᠰᠢᠶᠡᠷᠡᠬᠦ ᠲᠠᠰ ᠳᠠᠪᠬᠤᠷᠭ᠎ᠠ᠎ᠨᠢ ᠥᠨᠳᠥᠷ᠂ ᠭᠣᠭᠴᠣᠭ᠎ᠠ᠎ᠨᠢ ᠣᠯᠠᠨ᠂ ᠠᠵᠢᠯ ᠶᠠᠪᠤᠳᠠᠯ᠎ᠤᠨ ᠡᠷᠬᠡ᠎ᠨᠢ ᠣᠷᠣᠨ ᠪᠠᠶ᠋ᠢᠷᠢ᠎ᠪᠠᠨ ᠠᠯᠳᠠᠵᠤ᠂ ᠲᠥᠪ᠎ᠤᠨ ᠱᠠᠲᠤᠨ᠎ᠤ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ᠎ᠨᠢ ᠨᠡᠯᠢᠶᠡᠳ ᠶᠡᠬᠡ ᠪᠠᠶ᠋ᠢᠵᠤ᠂ ᠪᠠᠰᠠ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠭᠦᠷᠭᠡᠯᠡᠬᠦ ᠶᠣᠰᠣᠲᠠᠶ ᠬᠡᠰᠡᠭ ᠠᠵᠢᠯ ᠶᠠᠪᠤᠳᠠᠯ᠎ᠤᠨ ᠡᠷᠬᠡ ᠵᠢ ᠡᠭᠦᠷᠭᠡᠯᠡᠭᠰᠡᠨ ᠪᠠᠶ᠋ᠢᠨ᠎ᠠ᠃ ᠵᠢᠱ᠌ᠢᠶᠡᠯᠡᠵᠦ ᠬᠡᠯᠡᠪᠡᠯ᠂ ᠭᠠᠵᠠᠷ ᠰᠢᠷᠣᠶ ᠵᠢ ᠲᠠᠲᠠᠪᠤᠷᠢᠯᠠᠬᠤ᠎ᠳᠤ ᠲᠥᠯᠥᠪᠦᠷᠢ ᠣᠯᠭᠣᠵᠤ ᠲᠥᠪᠬᠢᠨᠡᠭᠦᠯᠬᠦ ᠲᠥᠰᠦᠯ᠎ᠢ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠪᠣᠳᠠᠲᠠᠶ᠎ᠪᠠᠷ ᠲᠣᠭᠲᠠᠭ᠋ᠠᠵᠤ ᠬᠡᠷᠡᠭᠵᠢᠭᠦᠯᠦᠨ᠎ᠡ᠂ ᠠᠵᠢᠯ ᠶᠠᠪᠤᠳᠠᠯ᠎ᠤᠨ ᠡᠷᠬᠡ᠎ᠨᠢ ᠴᠤᠬᠤᠮ᠎ᠳᠠᠭᠠᠨ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠶᠣᠰᠣᠲᠠᠶ᠂ ᠭᠡᠪᠡᠴᠦ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠭᠠᠵᠠᠷ ᠰᠢᠷᠣᠶ ᠵᠢ ᠲᠠᠲᠠᠪᠤᠷᠢᠯᠠᠬᠤ ᠵᠢ ᠵᠥᠪᠰᠢᠶᠡᠷᠡᠬᠦ ᠦᠶ᠎ᠡ᠎ᠳᠤ ᠲᠥᠰᠦᠯ᠎ᠢ ᠬᠠᠷᠢᠨ ᠱᠠᠳᠤ ᠱᠠᠳᠤ᠎ᠪᠠᠷ ᠬᠡᠯᠪᠡᠷᠢ ᠵᠢᠨ ᠲᠠᠯ᠎ᠠ᠎ᠪᠠᠷ ᠬᠢᠨᠠᠨ ᠪᠠᠶ᠋ᠢᠴᠠᠭ᠋ᠠᠭᠰᠠᠨ᠎ᠤ ᠲᠠᠷᠠᠭ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠬᠦ ᠬᠡᠷᠡᠭᠲᠡᠶ》 ᠭᠡᠵᠦ ᠲᠤᠰ ᠬᠠᠷᠢᠭᠤᠴᠠᠯᠭ᠋ᠠᠲᠠᠨ ᠬᠡᠯᠡᠵᠡᠶ᠃
       2018 ᠣᠨ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》᠎ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠵᠢ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠬᠦ᠎ᠳᠡᠭᠡᠨ ᠲᠣᠳᠣᠷᠬᠠᠶ ᠳᠤᠷᠠᠳᠤᠭᠰᠠᠨ᠎ᠨᠢ᠂ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》᠎ᠳᠤ ᠵᠠᠰᠠᠪᠤᠷᠢ ᠣᠷᠣᠭᠤᠯᠬᠤ᠎ᠳᠠᠭᠠᠨ 《ᠭᠤᠷᠪᠠᠨ ᠬᠡᠰᠡᠭ ᠭᠠᠵᠠᠷ》᠎ᠤᠨ ᠥᠭᠡᠷᠡᠴᠢᠯᠡᠯᠲᠡ (ᠬᠥᠳᠡᠭᠡ ᠲᠣᠰᠬᠣᠨ᠎ᠤ ᠭᠠᠵᠠᠷ ᠰᠢᠷᠣᠶ ᠲᠠᠲᠠᠪᠤᠷᠢᠯᠠᠬᠤ᠂ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ᠂ ᠣᠷᠣᠨ ᠰᠠᠭᠤᠴᠠ ᠵᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ) ᠵᠢᠨ ᠬᠠᠤᠯᠢ ᠴᠠᠭ᠋ᠠᠵᠠ ᠵᠢᠨ ᠦᠨᠳᠦᠰᠦᠯᠡᠯ᠎ᠤᠨ ᠠᠰᠠᠭᠤᠳᠠᠯ᠎ᠢ ᠰᠢᠶᠳᠪᠦᠷᠢᠯᠡᠬᠦ ᠦᠶ᠎ᠡ᠎ᠳᠤ᠂ ᠪᠠᠰᠠ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠲᠦᠷᠢᠮ᠎ᠤᠨ 《ᠪᠠᠭᠤᠯᠭ᠋ᠠᠬᠤ ᠬᠠᠮᠢᠶᠠᠷᠬᠤ ᠦᠶᠯᠡᠴᠢᠯᠡᠬᠦ》 ᠥᠭᠡᠷᠡᠴᠢᠯᠡᠯᠲᠡ ᠵᠢ ᠬᠠᠮᠲᠤ᠎ᠳᠤᠨᠢ ᠳᠥᠯᠭᠢᠨ ᠠᠬᠢᠭᠤᠯᠬᠤ ᠵᠢ ᠪᠣᠳᠣᠯᠬᠢᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠵᠢᠨ ᠬᠠᠮᠲᠤ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠥᠭᠡᠷᠡᠴᠢᠯᠡᠯᠲᠡ ᠵᠢᠨ ᠰᠠᠨᠠᠭᠤᠯᠭ᠎ᠠ ᠵᠢ ᠮᠡᠳᠡᠭᠦᠯᠦᠨ ᠬᠦᠷᠭᠡᠬᠦ ᠬᠡᠷᠡᠭᠲᠡᠶ᠂ ᠡᠭᠦᠨ᠎ᠤ ᠭᠣᠤᠯᠳᠠᠯᠭ᠎ᠠ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠡᠷᠬᠡ ᠣᠯᠭᠣᠬᠤ》 ᠪᠤᠶᠤ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ 《ᠨᠠᠶ᠋ᠢᠳᠠᠵᠤ》 ᠬᠢᠨᠠᠨ ᠵᠥᠪᠰᠢᠶᠡᠷᠡᠬᠦ ᠡᠷᠬᠡ ᠵᠢ ᠬᠡᠷᠡᠭᠵᠢᠭᠦᠯᠬᠦ ᠵᠢ ᠨᠡᠮᠡᠭᠳᠡᠭᠦᠯᠬᠦ ᠶᠠᠪᠤᠳᠠᠯ ᠪᠣᠯᠤᠨ᠎ᠠ᠃ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠭᠦᠨᠵᠡᠭᠡᠶ ᠨᠡᠪᠲᠡᠷᠡᠯᠴᠡᠬᠦ᠎ᠪᠠᠷ ᠳᠡᠮᠵᠢᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠬᠤ ᠨᠥᠬᠥᠳ᠎ᠤᠨ ᠵᠣᠬᠢᠴᠠᠭᠤᠯᠭ᠎ᠠ ᠳᠣᠤᠷ᠎ᠠ᠂ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠲᠦᠷᠢᠮ᠎ᠳᠤ ᠥᠭᠡᠷᠡᠴᠢᠯᠡᠯᠲᠡ ᠬᠢᠬᠦ᠂ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠵᠢ ᠳᠣᠷᠣᠭᠰᠢ ᠪᠠᠭᠤᠯᠭ᠋ᠠᠬᠤ ᠠᠭᠤᠯᠭ᠎ᠠ ᠵᠢ ᠰᠢᠨ᠎ᠡ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》᠎ᠳᠤ ᠵᠠᠰᠠᠪᠤᠷᠢ ᠣᠷᠣᠭᠤᠯᠬᠤ ᠰᠠᠨᠠᠭᠤᠯᠭ᠎ᠠ᠎ᠳᠤ ᠪᠢᠴᠢᠨ ᠣᠷᠣᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠶᠠᠷᠢᠯᠴᠠᠭᠤᠯᠤᠭᠰᠠᠨ᠎ᠤ ᠳᠠᠷᠠᠭ᠎ᠠ᠂ ᠬᠠᠮᠤᠭ ᠡᠴᠦᠰ᠎ᠲᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠮᠡᠳᠡᠭᠦᠯᠦᠨ ᠬᠢᠨᠠᠨ ᠶᠠᠷᠢᠯᠴᠠᠭᠤᠯᠵᠤ ᠪᠠᠲᠤᠯᠠᠭᠤᠯᠪᠠ᠂ ᠰᠢᠨ᠎ᠡ ᠬᠠᠤᠯᠢ ᠵᠢ ᠡᠨᠡ ᠵᠢᠯ᠎ᠤᠨ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠵᠢᠩᠬᠢᠨᠢ᠎ᠪᠠᠷ ᠬᠡᠷᠡᠭᠵᠢᠭᠦᠯᠦᠨ᠎ᠡ᠃
        ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠵᠢ ᠵᠥᠪᠰᠢᠶᠡᠷᠡᠭᠰᠡᠨ 106 ᠬᠣᠲᠠ ᠵᠢᠨ ᠪᠦᠯᠦᠭ ᠤᠳᠠᠭ᠎ᠠ ᠬᠤᠪᠢᠶᠠᠭᠰᠠᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭ᠋ᠠᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠵᠦᠶᠯᠡᠰ᠎ᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠵᠤ ᠵᠥᠪᠰᠢᠶᠡᠷᠡᠭᠦᠯᠵᠦ ᠪᠣᠯᠤᠨ᠎ᠠ; ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ ᠲᠤᠰᠠᠭ᠋ᠠᠷ ᠭᠠᠵᠠᠷ ᠰᠣᠩᠭᠣᠬᠤ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭᠤᠯᠤᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠰᠢᠨ᠎ᠡ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠵᠢ ᠬᠡᠷᠡᠭᠵᠢᠭᠦᠯᠦᠭᠰᠡᠨ᠎ᠤ ᠳᠠᠷᠠᠭ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠬᠢᠨᠠᠨ ᠵᠥᠪᠰᠢᠶᠡᠷᠡᠬᠦ ᠡᠷᠬᠡ ᠵᠢᠴᠢ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠭᠤᠴᠢᠨ ᠲᠠᠪᠤᠨ ᠾᠧᠺᠲ᠋ᠠᠷ᠎ᠠᠴᠠ ᠳᠡᠭᠡᠭᠰᠢᠬᠢ ᠲᠠᠷᠢᠶᠠᠨ ᠭᠠᠵᠠᠷ᠂ ᠳᠠᠯᠠᠨ ᠾᠧᠺᠲ᠋ᠠᠷ᠎ᠠᠴᠠ ᠳᠡᠭᠡᠭᠰᠢᠬᠢ ᠪᠤᠰᠤᠳ ᠭᠠᠵᠠᠷ ᠰᠢᠷᠣᠶ ᠵᠢ ᠲᠠᠲᠠᠪᠤᠷᠢᠯᠠᠬᠤ ᠵᠢ ᠬᠢᠨᠠᠨ ᠵᠥᠪᠰᠢᠶᠡᠷᠡᠬᠦ ᠡᠷᠬᠡ ᠵᠢ ᠬᠡᠪ ᠵᠶ᠋ᠠᠷ ᠦᠯᠡᠳᠡᠭᠡᠨ᠎ᠡ᠃ ᠪᠥᠬᠥ ᠤᠯᠤᠰ᠎ᠤᠨ 80%᠎ᠠᠴᠠ ᠳᠡᠭᠡᠭᠰᠢᠬᠢ ᠲᠠᠷᠢᠶᠠᠨ ᠭᠠᠵᠠᠷ ᠪᠣᠯ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ ᠪᠣᠯᠬᠤ ᠪᠥᠭᠡᠳ ᠴᠢᠬᠤᠯᠠ ᠶᠡᠬᠡ ᠵᠦᠶᠯᠡᠰ᠎ᠤᠨ ᠣᠯᠠᠩᠬᠢ᠎ᠨᠢ ᠭᠤᠴᠢᠨ ᠲᠠᠪᠤᠨ ᠾᠧᠺᠲ᠋ᠠᠷ ᠲᠠᠷᠢᠶᠠᠨ ᠭᠠᠵᠠᠷ ᠪᠤᠶᠤ ᠶᠡᠷᠦᠩᠬᠡᠶ ᠬᠡᠷᠡᠭᠯᠡᠬᠦ ᠭᠠᠵᠠᠷ ᠳᠠᠯᠠᠨ ᠾᠧᠺᠲ᠋ᠠᠷ᠎ᠠᠴᠠ ᠳᠡᠭᠡᠭᠰᠢ ᠪᠠᠶ᠋ᠢᠬᠤ ᠵᠢ ᠪᠣᠳᠣᠯᠬᠢᠯᠠᠭ᠋ᠠᠳ᠂ ᠮᠠᠰᠢ ᠣᠯᠠᠨ ᠵᠦᠶᠯᠡᠰ᠎ᠲᠤ ᠬᠡᠷᠡᠭᠯᠡᠬᠦ ᠭᠠᠵᠠᠷ᠎ᠢ ᠮᠥᠨ ᠴᠢᠨᠠᠷ ᠳᠡᠭᠡᠷ᠎ᠡ᠎ᠪᠠᠨ ᠮᠥᠨ ᠬᠦ᠌ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠬᠢᠨᠠᠨ ᠵᠥᠪᠰᠢᠶᠡᠷᠡᠭᠦᠯᠬᠦ ᠴᠢᠬᠤᠯᠠᠲᠠᠶ ᠪᠠᠶ᠋ᠢᠨ᠎ᠠ᠃ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ 《ᠣᠷᠣᠨ ᠨᠤᠲᠤᠭ᠎ᠤᠨ ᠵᠠᠰᠠᠭ᠎ᠤᠨ ᠣᠷᠳᠣᠨ᠎ᠳᠤ ᠨᠡᠩ ᠣᠯᠠᠨ ᠡᠵᠡᠨ ᠮᠡᠳᠡᠬᠦ ᠡᠷᠬᠡ ᠣᠯᠭᠣᠵᠤ᠂ ᠣᠷᠣᠨ ᠨᠤᠲᠤᠭ᠎ᠤᠨ ᠠᠵᠢᠯ ᠵᠶ᠋ᠠᠨ ᠪᠦᠲᠦᠭᠡᠯᠴᠢ᠎ᠪᠠᠷ ᠥᠷᠨᠢᠭᠦᠯᠬᠦ ᠵᠢ ᠳᠡᠮᠵᠢᠬᠦ》 ᠱᠠᠭ᠋ᠠᠷᠳᠠᠯᠭ᠎ᠠ ᠪᠣᠯᠤᠨ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ ᠲᠤᠰᠬᠠᠶ ᠰᠡᠳᠦᠪ᠎ᠤᠨ ᠰᠤᠳᠤᠯᠤᠯᠲᠠ ᠬᠢᠵᠦ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠵᠢ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠡᠷᠬᠡ ᠣᠯᠭᠣᠵᠤ ᠪᠣᠯᠬᠤ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠵᠤ ᠬᠡᠷᠡᠭᠵᠢᠭᠦᠯᠬᠦ ᠵᠢ ᠲᠣᠳᠣᠷᠬᠠᠶ᠋ᠢᠯᠠᠭᠰᠠᠨ᠎ᠤ ᠬᠠᠮᠲᠤ᠂ ᠨᠠᠷᠢᠨ ᠬᠢᠨᠠᠮᠠᠭ᠋ᠠᠶ ᠰᠤᠳᠤᠯᠬᠤ᠎ᠪᠠᠷ ᠳᠡᠮᠵᠢᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠦᠯᠡᠳᠡᠭᠡᠭᠰᠡᠨ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠨᠠᠶ᠋ᠢᠳᠠᠯᠭ᠎ᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠪᠥᠬᠥ ᠤᠯᠤᠰ᠎ᠤᠨ ᠬᠡᠰᠡᠭ ᠮᠤᠵᠢ᠎ᠳᠤ ᠲᠤᠷᠰᠢᠯᠲᠠ ᠬᠢᠵᠦ᠂ ᠡᠴᠦᠰ᠎ᠲᠡᠭᠡᠨ 《ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠣᠯᠭᠣᠬᠤ ᠪᠠ ᠨᠠᠶ᠋ᠢᠳᠠᠯᠭ᠎ᠠ ᠵᠢᠨ ᠡᠷᠬᠡ ᠵᠢᠨ ᠲᠤᠬᠠᠶ ᠲᠣᠭᠲᠠᠭ᠋ᠠᠯ》᠎ᠢ ᠪᠣᠶ ᠪᠣᠯᠭ᠋ᠠᠪᠠ᠃
        ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠳᠤ ᠭᠠᠵᠠᠷ ᠰᠢᠷᠣᠶ ᠵᠢᠨ ᠡᠵᠡᠨ ᠮᠡᠳᠡᠬᠦ ᠡᠷᠬᠡ ᠵᠢ ᠨᠠᠩ ᠶᠡᠬᠡ ᠣᠯᠭᠣᠵᠤ᠂ ᠡᠯᠧᠮᠧᠨ᠋ᠲ᠎ᠤᠨ ᠲᠣᠰ ᠤᠳᠠᠭ᠋ᠠᠨ᠎ᠤ ᠳᠣᠷᠣᠭᠰᠢ ᠪᠠᠭᠤᠯᠭ᠋ᠠᠭᠰᠠᠨ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ᠎ᠨᠢ ᠭᠣᠤᠯᠳᠠᠭᠤ ᠶᠠᠭᠤ ᠶᠠᠭᠤ ᠪᠠᠶ᠋ᠢᠬᠤ ᠪᠣᠶ?
        ᠲᠣᠰ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠡᠩ ᠲᠡᠷᠢᠭᠦᠨ᠎ᠳᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠡᠷᠬᠡ ᠣᠯᠭᠣᠵᠤ ᠪᠣᠯᠬᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠬᠢᠨᠠᠨ ᠵᠥᠪᠰᠢᠶᠡᠷᠡᠬᠦ ᠵᠦᠶᠯᠡᠰ᠎ᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠵᠤ ᠵᠥᠪᠰᠢᠶᠡᠷᠡᠭᠦᠯᠦᠨ᠎ᠡ ᠭᠡᠵᠡᠶ᠃
        ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠵᠢᠨ ᠳᠥᠴᠢᠨ ᠳᠥᠷᠪᠡᠳᠦᠭᠡᠷ ᠵᠦᠢ᠍ᠯ᠎ᠤᠨ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ ᠶᠣᠰᠣᠭ᠋ᠠᠷ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠵᠢ ᠵᠥᠪᠰᠢᠶᠡᠷᠡᠭᠰᠡᠨ ᠬᠤᠳᠠ ᠵᠢᠨ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠬᠡᠪᠴᠢᠶᠡᠨ ᠳᠣᠲᠣᠷ᠎ᠠ᠂ ᠭᠠᠵᠠᠷ ᠰᠢᠷᠣᠶ ᠵᠢᠨ ᠠᠰᠢᠭᠯᠠᠯᠲᠠ ᠵᠢᠨ ᠣᠨ᠎ᠤ ᠲᠥᠯᠥᠪᠯᠡᠭᠡ ᠵᠢᠨ ᠶᠣᠰᠣᠭ᠋ᠠᠷ ᠪᠦᠯᠦᠭ ᠤᠳᠠᠭ᠎ᠠ ᠬᠤᠪᠢᠶᠠᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ᠎ᠳᠤ ᠬᠦᠷᠪᠡᠯ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠵᠤ ᠵᠥᠪᠰᠢᠶᠡᠷᠡᠭᠦᠯᠦᠨ᠎ᠡ; ᠰᠢᠨ᠎ᠡ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠵᠢᠨ ᠳᠥᠴᠢᠨ ᠳᠥᠷᠪᠡᠳᠦᠭᠡᠷ ᠵᠦᠢ᠍ᠯ᠎ᠤᠨ ᠳᠥᠷᠪᠡᠳᠦᠭᠡᠷ ᠪᠠᠳᠠᠭ᠎ᠤᠨ ᠲᠣᠭᠲᠠᠭ᠋ᠠᠯ ᠶᠣᠰᠣᠭ᠋ᠠᠷ᠂ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠎ᠳᠤ ᠲᠣᠭᠲᠠᠭ᠋ᠠᠭᠰᠠᠨ ᠬᠤᠳᠠ ᠪᠠ ᠠᠶ᠋ᠢᠯ ᠲᠣᠰᠬᠣᠨ᠂ ᠪᠠᠯᠭ᠋ᠠᠰᠤᠨ᠎ᠤ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠬᠡᠪᠴᠢᠶᠡᠨ᠎ᠠᠴᠠ ᠭᠠᠳᠠᠨ᠎ᠠ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ᠎ᠳᠤ ᠬᠦᠷᠪᠡᠯ᠂ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠵᠤ ᠵᠥᠪᠰᠢᠶᠡᠷᠡᠭᠦᠯᠦᠨ᠎ᠡ᠃
        ᠡᠭᠦᠨ᠎ᠤ ᠵᠡᠷᠭᠡᠴᠡᠭᠡᠪᠡᠷ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠳᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠲᠤᠷᠰᠢᠯᠲᠠ ᠬᠢᠬᠦ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠭᠰᠡᠨ ᠭᠠᠵᠠᠷ ᠰᠢᠷᠣᠶ ᠵᠢ ᠲᠠᠲᠠᠪᠤᠷᠢᠯᠠᠬᠤ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠬᠡᠰᠡᠭ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠨᠠᠶ᠋ᠢᠳᠠᠵᠤ ᠵᠥᠪᠰᠢᠶᠡᠷᠡᠭᠦᠯᠦᠨ᠎ᠡ᠃ ᠰᠢᠨ᠎ᠡ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠵᠢᠨ ᠳᠥᠴᠢᠨ ᠳᠥᠷᠪᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠬᠢᠨᠠᠨ ᠵᠥᠪᠰᠢᠶᠡᠷᠡᠬᠦ ᠵᠦᠢ᠍ᠯᠡᠰ ᠵᠢᠴᠢ ᠳᠥᠴᠢᠨ ᠵᠢᠷᠭᠤᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠲᠤ ᠲᠣᠭᠲᠠᠭ᠋ᠠᠭᠰᠠᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ ᠲᠠᠷᠢᠶᠠᠨ ᠭᠠᠵᠠᠷ᠎ᠨᠢ ᠭᠤᠴᠢᠨ ᠲᠠᠪᠤᠨ ᠾᠧᠺᠲ᠋ᠠᠷ᠎ᠠᠴᠠ ᠬᠡᠲᠦᠷᠡᠭᠰᠡᠨ ᠪᠠᠶ᠋ᠢᠪᠠᠯ᠂ ᠪᠤᠰᠤᠳ ᠭᠠᠵᠠᠷ ᠰᠢᠷᠣᠶ᠎ᠨᠢ ᠳᠠᠯᠠᠨ ᠾᠧᠺᠲ᠋ᠠᠷ᠎ᠠᠴᠠ ᠬᠡᠲᠦᠷᠡᠭᠰᠡᠨ ᠭᠠᠵᠠᠷ ᠰᠢᠷᠣᠶ ᠵᠢ ᠲᠠᠲᠠᠪᠤᠷᠢᠯᠠᠬᠤ ᠵᠢ ᠬᠢᠨᠠᠨ ᠵᠥᠪᠰᠢᠶᠡᠷᠡᠬᠦ ᠵᠦᠢ᠍ᠯᠡᠰ᠎ᠢ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠬᠡᠰᠡᠭ ᠲᠤᠷᠰᠢᠯᠲᠠ ᠬᠢᠬᠦ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠨᠠᠶ᠋ᠢᠳᠠᠵᠤ ᠵᠥᠪᠰᠢᠶᠡᠷᠡᠭᠦᠯᠦᠨ᠎ᠡ᠃ ᠲᠦᠷᠦᠭᠦᠤ ᠪᠦᠯᠦᠭ᠎ᠤᠨ 8 ᠮᠤᠵᠢ ᠣᠷᠣᠨ᠎ᠳᠤ ᠲᠤᠷᠰᠢᠯᠲᠠ ᠬᠢᠵᠦ᠂ ᠲᠤᠷᠰᠢᠯᠲᠠ ᠵᠢᠨ ᠬᠤᠭᠤᠴᠠᠭ᠎ᠠ᠎ᠨᠢ 1 ᠵᠢᠯ ᠪᠣᠯᠤᠨ᠎ᠠ᠃ ᠲᠥᠷᠥ ᠵᠢᠨ ᠶᠠᠪᠤᠳᠠᠯ᠎ᠤᠨ ᠬᠣᠷᠢᠶ᠎ᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠠᠵᠢᠯ᠎ᠤᠨ ᠦᠨᠡᠯᠡᠯᠲᠡ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠤ ᠶᠡᠷᠦᠩᠬᠡᠶ᠋ᠢᠯᠡᠭᠰᠡᠨ ᠦᠨᠡᠯᠡᠯᠲᠡ ᠵᠢᠨ ᠦᠷ᠎ᠡ ᠳ᠋ᠦᠩ᠎ᠢ ᠦᠨᠳᠦᠰᠦᠯᠡᠨ᠂ ᠲᠤᠷᠰᠢᠯᠲᠠ ᠬᠢᠬᠦ ᠮᠤᠵᠢ᠎ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠵᠠᠯᠭ᠋ᠠᠭ᠎ᠠ᠎ᠪᠠᠷ ᠬᠣᠶ᠋ᠢᠨ᠎ᠠ ᠵᠢᠭᠰᠠᠭ᠋ᠠᠭᠳᠠᠭᠰᠠᠨ ᠪᠤᠶᠤ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠥᠬᠡᠶ ᠲᠤᠷᠰᠢᠯᠲᠠ ᠬᠢᠬᠦ ᠮᠤᠵᠢ ᠵᠢᠨ ᠨᠠᠶ᠋ᠢᠳᠠᠯᠭ᠎ᠠ ᠵᠢ ᠲᠥᠷᠥ ᠵᠢᠨ ᠶᠠᠪᠤᠳᠠᠯ᠎ᠤᠨ ᠬᠣᠷᠢᠶ᠎ᠠ ᠬᠣᠷᠢᠶᠠᠨ ᠠᠪᠤᠨ᠎ᠠ᠃
        ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠡᠷᠬᠡ ᠣᠯᠭᠣᠭᠰᠠᠨ ᠪᠠ ᠨᠠᠶ᠋ᠢᠳᠠᠭᠰᠠᠨ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ᠎ᠲᠠᠢ ᠵᠣᠬᠢᠴᠠᠭᠤᠯᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠭᠠᠵᠠᠷ ᠰᠢᠷᠣᠶ ᠬᠡᠷᠡᠭᠯᠡᠬᠦ ᠵᠢ ᠤᠷᠢᠳᠴᠢᠯᠠᠨ ᠬᠢᠨᠠᠬᠤ ᠵᠦᠶᠯᠡᠰ᠎ᠢ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠬᠠᠮᠲᠤ᠎ᠳᠤᠨᠢ ᠪᠠᠭᠤᠯᠭ᠋ᠠᠵᠤ᠂ ᠭᠠᠵᠠᠷ ᠰᠢᠷᠣᠶ ᠬᠡᠷᠡᠭᠯᠡᠬᠦ ᠵᠢ ᠵᠥᠪᠰᠢᠶᠡᠷᠡᠭᠰᠡᠨ ᠵᠦᠶᠯᠡᠰ᠎ᠢ ᠬᠠᠮᠲᠤ᠎ᠳᠤᠨᠢ ᠲᠤᠷᠰᠢᠯᠲᠠ ᠵᠢᠨ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠠᠵᠠᠷ ᠬᠡᠷᠡᠭᠯᠡᠬᠦ ᠵᠢ ᠤᠷᠢᠳᠴᠢᠯᠠᠨ ᠬᠢᠨᠠᠭᠤᠯᠬᠤ᠎ᠪᠠᠷ ᠨᠠᠶ᠋ᠢᠳᠠᠬᠤ ᠪᠠ ᠭᠠᠵᠠᠷ ᠬᠡᠷᠡᠭᠯᠡᠬᠦ ᠵᠢ ᠤᠷᠢᠳ ᠵᠶ᠋ᠠᠷ ᠵᠥᠪᠰᠢᠶᠡᠷᠡᠬᠦ ᠵᠦᠢ᠍ᠯᠡᠰ᠎ᠤᠨ ᠬᠤᠭᠤᠴᠠᠭ᠎ᠠ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢᠨ ᠲᠤᠷᠰᠢᠯᠲᠠ᠎ᠳᠤ ᠨᠠᠶ᠋ᠢᠳᠠᠭᠰᠠᠨ ᠴᠠᠭ᠎ᠲᠠᠢ ᠠᠳᠠᠯᠢ᠃
        ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠲᠦᠷᠢᠮ᠎ᠢ ᠥᠭᠡᠷᠡᠴᠢᠯᠡᠵᠦ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠠᠵᠠᠷ ᠬᠡᠷᠡᠭᠯᠡᠬᠦ᠎ᠳᠤ ᠡᠵᠡᠨ ᠮᠡᠳᠡᠬᠦ ᠡᠷᠬᠡ ᠵᠢ ᠨᠠᠩ ᠶᠡᠬᠡ ᠣᠯᠭᠣᠬᠤ ᠪᠣᠯ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ᠂ ᠲᠥᠪ ᠪᠠ ᠣᠷᠣᠨ ᠨᠤᠲᠤᠭ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠲᠠᠯ᠎ᠠ᠎ᠪᠠᠷ᠎ᠬᠢ ᠡᠷᠬᠡ ᠬᠠᠷᠢᠭᠤᠴᠠᠯᠭ᠎ᠠ ᠵᠢᠨ ᠬᠠᠷᠢᠴᠠᠭ᠎ᠠ ᠵᠢ ᠲᠣᠳᠣᠷᠬᠠᠶ ᠪᠣᠯᠭ᠋ᠠᠬᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠳᠥᠯᠭᠢᠨ ᠠᠬᠢᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ; ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠬᠤ᠂ ᠪᠦᠲᠦᠮᠵᠢᠲᠡᠢ ᠪᠡᠯᠡ ᠣᠷᠣᠭᠤᠯᠤᠯᠲᠠ ᠵᠢ ᠠᠬᠢᠭᠤᠯᠬᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢ᠊ ᠢ᠎ᠡ ᠮᠥᠨ; 《ᠪᠠᠭᠤᠯᠭ᠋ᠠᠬᠤ ᠬᠠᠮᠢᠶᠠᠷᠬᠤ ᠦᠶᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ ᠳᠥᠯᠭᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠨᠡᠶ᠋ᠢᠭᠡᠮ᠎ᠤᠨ ᠠᠩᠬᠠᠷᠤᠯ᠎ᠳᠤ ᠬᠠᠷᠢᠭᠤ ᠥᠭᠴᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠦᠶᠯᠡᠴᠢᠯᠡᠭᠡᠨ᠎ᠤ ᠦᠶᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠪᠣᠳᠠᠲᠤ ᠠᠵᠢᠯᠯᠠᠭ᠎ᠠ ᠮᠥᠨ᠃
        《ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠬᠤ ᠪᠠ ᠲᠡᠭᠦᠨ᠎ᠳᠤ ᠨᠠᠶ᠋ᠢᠳᠠᠬᠤ᠎ᠨᠢ ᠡᠷᠬᠡ ᠬᠠᠷᠢᠭᠤᠴᠠᠯᠭ᠎ᠠ ᠵᠢ ᠠᠳᠠᠯᠢ ᠲᠡᠭᠰᠢ ᠪᠠᠶ᠋ᠢᠯᠭ᠋ᠠᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠵᠢᠷᠤᠮᠵᠢᠭᠤᠯᠤᠨ ᠬᠠᠮᠢᠶᠠᠷᠬᠤ ᠦᠨᠳᠦᠰᠦᠨ ᠱᠠᠭ᠋ᠠᠷᠳᠠᠯᠭ᠎ᠠ ᠵᠢ ᠨᠠᠩ ᠰᠠᠶ᠋ᠢᠨ ᠢᠯᠡᠷᠡᠭᠦᠯᠦᠭᠰᠡᠨ ᠪᠠᠶ᠋ᠢᠨ᠎ᠠ᠃ ᠳᠡᠭᠡᠷ᠎ᠡ ᠳᠤᠷᠠᠳᠤᠭᠰᠠᠨ ᠥᠭᠡᠷᠡᠴᠢᠯᠡᠯᠲᠡ ᠵᠢ ᠬᠡᠷᠡᠭᠵᠢᠭᠦᠯᠪᠡᠯ᠂ ᠨᠢᠭᠡ ᠲᠠᠯ᠎ᠠ᠎ᠪᠠᠷ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠨᠠᠩ ᠶᠡᠬᠡ ᠡᠵᠡᠨ ᠮᠡᠳᠡᠬᠦ ᠡᠷᠬᠡ ᠣᠯᠭᠣᠵᠤ᠂ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠦᠨ᠎ᠡ᠂ ᠨᠥᠭᠥᠭᠡ ᠲᠠᠯ᠎ᠠ᠎ᠪᠠᠷ᠂ ᠲᠥᠪ᠎ᠤᠨ ᠶᠠᠮᠤᠨ ᠬᠣᠷᠢᠶ᠎ᠠ ᠲᠤᠷᠰᠢᠯᠲᠠ ᠵᠢᠨ ᠴᠡᠭ᠎ᠤᠨ ᠪᠤᠰᠤ ᠮᠤᠵᠢ ᠵᠢᠨ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠭᠦᠷᠭᠡ ᠵᠢ ᠪᠡᠶᠡᠯᠡᠭᠦᠯᠬᠦ ᠵᠢᠨ ᠬᠠᠮᠲᠤ ᠨᠠᠩ ᠶᠡᠬᠡ ᠣᠶᠤᠨ ᠴᠢᠳᠠᠯ ᠵᠶ᠋ᠠᠨ ᠭᠠᠷᠭ᠋ᠠᠵᠤ ᠪᠠᠶ᠋ᠢᠭ᠋ᠠᠳ ᠡᠷᠬᠡ ᠣᠯᠭᠣᠯᠲᠠ ᠪᠠ ᠨᠠᠶ᠋ᠢᠳᠠᠯᠭ᠎ᠠ ᠵᠢ ᠭᠥᠯᠢᠶᠡᠨ ᠠᠪᠤᠭᠰᠠᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠠᠪᠤᠭᠤᠯᠵᠤ ᠪᠣᠯᠤᠨ᠎ᠠ》 ᠭᠡᠵᠦ ᠲᠣᠰ ᠬᠠᠷᠢᠭᠤᠴᠠᠯᠭ᠋ᠠᠲᠠᠨ ᠬᠡᠯᠡᠵᠡᠶ᠃
        ᠡᠷᠬᠡ ᠵᠢ ᠳᠣᠷᠣᠭᠰᠢ ᠪᠠᠭᠤᠯᠭ᠋ᠠᠬᠤ᠎ᠳᠤ ᠬᠢᠨᠠᠨ ᠪᠠᠶ᠋ᠢᠴᠠᠭ᠋ᠠᠬᠤ ᠪᠠᠷᠢᠮᠵᠢᠶ᠎ᠠ ᠵᠢ ᠰᠤᠯᠠᠷᠠᠭᠤᠯᠬᠤ ᠥᠬᠡᠶ ᠪᠠᠶ᠋ᠢᠵᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠬᠥᠮᠦᠰ ᠬᠦᠰᠡᠨ ᠬᠦᠯᠢᠶᠡᠵᠦ ᠪᠠᠶ᠋ᠢᠨ᠎ᠠ᠂ ᠭᠡᠪᠡᠴᠦ ᠳᠣᠷᠣᠭᠰᠢ ᠪᠠᠭᠤᠯᠭ᠋ᠠᠭᠰᠠᠨ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠬᠡᠷᠬᠢᠨ 《ᠳᠣᠷᠣᠭᠰᠢ ᠪᠠᠭᠤᠯᠭ᠋ᠠᠵᠤ ᠳᠡᠶ᠋ᠢᠯᠬᠦ᠂ ᠭᠥᠯᠢᠶᠡᠨ ᠠᠪᠴᠤ ᠳᠡᠶ᠋ᠢᠯᠬᠦ᠂ ᠰᠠᠶ᠋ᠢᠲᠤᠷ ᠬᠠᠮᠢᠶᠠᠷᠴᠤ ᠳᠡᠶ᠋ᠢᠯᠬᠦ》 ᠵᠢ ᠪᠠᠲᠤᠯᠠᠬᠤ ᠪᠣᠶ?
    《ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠬᠤ᠎ᠨᠢ ᠭᠠᠵᠠᠷ ᠰᠢᠷᠣᠶ ᠬᠡᠷᠡᠭᠯᠡᠬᠦ ᠵᠢ ᠬᠢᠨᠠᠨ ᠪᠠᠶ᠋ᠢᠴᠠᠭ᠋ᠠᠬᠤ ᠪᠠ ᠬᠢᠨᠠᠨ ᠬᠠᠮᠢᠶᠠᠷᠬᠤ ᠱᠠᠭ᠋ᠠᠷᠳᠠᠯᠭ᠎ᠠ ᠵᠢ ᠰᠤᠯᠠᠷᠠᠭᠤᠯᠬᠤ ᠭᠡᠰᠡᠨ ᠶᠠᠪᠤᠳᠠᠯ ᠣᠭᠲᠣ ᠪᠢᠰᠢ ᡽》 《ᠲᠠᠷᠢᠶᠠᠨ ᠭᠠᠵᠠᠷ᠎ᠢ ᠬᠠᠮᠠᠭ᠋ᠠᠯᠠᠬᠤ ᠭᠣᠤᠯ ᠠᠷᠭ᠎ᠠ ᠪᠠᠷᠢᠯ ᠪᠣᠯ ᠲᠥᠯᠥᠪᠵᠢᠭᠦᠯᠭᠡ ᠵᠢ ᠬᠠᠮᠢᠶᠠᠷᠤᠨ ᠡᠵᠡᠮᠳᠡᠬᠦ ᠪᠠ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠦᠷᠢᠮ᠎ᠢ ᠨᠠᠶ᠋ᠢᠳᠠᠪᠤᠷᠢᠵᠢᠭᠤᠯᠬᠤ ᠶᠠᠪᠤᠳᠠᠯ ᠪᠣᠯᠤᠨ᠎ᠠ᠂ ᠬᠡᠰᠡᠭ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠎ᠢ ᠳᠣᠷᠣᠭᠰᠢ ᠪᠠᠭᠤᠯᠭ᠋ᠠᠭᠰᠠᠨ᠎ᠤ ᠳᠠᠷᠠᠭ᠎ᠠ᠂ ᠴᠢᠩᠭ᠎ᠠ ᠬᠢᠨᠠᠨ ᠬᠠᠮᠢᠶᠠᠷᠬᠤ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ᠎ᠳᠤ ᠨᠥᠯᠥᠭᠡ ᠪᠣᠯᠬᠤ ᠥᠬᠡᠶ》 ᠭᠡᠵᠡᠶ᠃ ᠲᠣᠰ ᠬᠠᠷᠢᠭᠤᠴᠠᠯᠭ᠋ᠠᠲᠠᠨ ᠴᠢᠬᠤᠯᠠᠴᠢᠯᠠᠬᠤ᠎ᠳᠠᠭᠠᠨ᠂ 《ᠡᠷᠬᠡ ᠣᠯᠭᠣᠭᠰᠠᠨ ᠴᠤ᠌ ᠲᠡᠷᠡ᠂ ᠨᠠᠶ᠋ᠢᠳᠠᠭᠰᠠᠨ ᠴᠤ᠌ ᠲᠡᠷᠡ᠂ ᠭᠣᠤᠯᠳᠠᠭᠤ ᠣᠳᠣᠬᠠᠨ᠎ᠤ ᠠᠵᠤ ᠠᠬᠤᠶ ᠵᠢᠨ ᠲᠦᠷᠭᠡᠨ ᠬᠥᠭᠵᠢᠯᠲᠡ᠎ᠠᠴᠠ ᠭᠠᠵᠠᠷ ᠬᠡᠷᠡᠭᠯᠡᠬᠦ ᠦᠷ᠎ᠡ ᠪᠦᠲᠦᠮᠵᠢ ᠵᠢᠨ ᠲᠤᠬᠠᠶ ᠱᠠᠭ᠋ᠠᠷᠳᠠᠯᠭ᠎ᠠ᠎ᠳᠤ ᠵᠣᠬᠢᠴᠠᠭᠤᠯᠵᠤ᠂ ᠵᠥᠪᠬᠡᠨ ᠠᠵᠢᠯ ᠶᠠᠪᠤᠳᠠᠯ᠎ᠤᠨ ᠡᠷᠬᠡ ᠵᠢ ᠳᠠᠬᠢᠨ ᠬᠤᠪᠢᠶᠠᠷᠢᠯᠠᠬᠤ ᠵᠢ ᠬᠢᠨᠠᠨ ᠵᠥᠪᠰᠢᠶᠡᠷᠡᠭᠰᠡᠨ ᠲᠡᠳᠦᠶ ᠶᠤᠮ᠂ ᠬᠢᠨᠠᠨ ᠪᠠᠶ᠋ᠢᠴᠠᠭ᠋ᠠᠬᠤ᠎ᠳᠤ ᠵᠢᠷᠤᠮᠯᠠᠬᠤ ᠲᠦᠷᠢᠮ᠂ ᠪᠠᠷᠢᠮᠵᠢᠶ᠎ᠠ ᠵᠢ ᠬᠤᠪᠢᠷᠠᠭᠤᠯᠤᠭᠰᠠᠨ ᠥᠬᠡᠶ᠃ ᠡᠨᠡ ᠬᠦ᠌ ᠲᠦᠷᠢᠮ᠂ ᠪᠠᠷᠢᠮᠵᠢᠶ᠎ᠠ ᠵᠢ ᠪᠣᠯ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠶᠤᠮ᠂ ᠤᠯᠤᠰ᠎ᠠᠴᠠ ᠬᠢᠨᠠᠨ ᠪᠠᠶ᠋ᠢᠴᠠᠭ᠋ᠠᠭᠰᠠᠨ ᠴᠤ᠌ ᠲᠡᠷᠡ᠂ ᠮᠤᠵᠢ᠂ ᠣᠷᠣᠨ᠂ ᠬᠤᠳᠠ ᠵᠢᠨ ᠬᠢᠨᠠᠨ ᠪᠠᠶ᠋ᠢᠴᠠᠭ᠋ᠠᠭᠰᠠᠨ ᠴᠤ᠌ ᠲᠡᠷᠡ᠂ ᠪᠠᠷᠢᠮᠵᠢᠶ᠎ᠠ᠎ᠨᠢ ᠨᠢᠭᠡᠳᠦᠯᠲᠡᠶ ᠪᠠᠶ᠋ᠢᠳᠠᠭ᠃ ᠡᠨᠡ ᠬᠦ᠌ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ ᠲᠠᠷᠢᠶᠠᠨ ᠭᠠᠵᠠᠷ᠎ᠢ ᠦᠨᠡᠨ ᠬᠦ᠌ ᠬᠠᠮᠠᠭ᠋ᠠᠯᠠᠬᠤ᠂ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ᠂ ᠭᠠᠵᠠᠷ ᠰᠢᠷᠣᠶ᠎ᠪᠠᠨ ᠲᠠᠲᠠᠪᠤᠷᠢᠯᠠᠭᠳᠠᠭᠰᠠᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠠᠷᠴᠢᠮ᠎ᠢ ᠬᠤᠪᠢᠷᠠᠭᠤᠯᠬᠤ ᠦᠭᠡᠢ; ᠭᠠᠵᠠᠷ ᠬᠡᠷᠡᠭᠯᠡᠬᠦ᠎ᠳᠤ ᠡᠷᠬᠡᠪᠰᠢ ᠲᠥᠯᠥᠪᠵᠢᠭᠦᠯᠭᠡ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠭᠠᠵᠠᠷ ᠬᠡᠷᠡᠭᠯᠡᠬᠦ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠨᠠᠶ᠋ᠢᠳᠠᠪᠤᠷᠢᠵᠢᠭᠤᠯᠬᠤ ᠵᠡᠷᠭᠡ ᠱᠠᠭ᠋ᠠᠷᠳᠠᠯᠭ᠎ᠠ ᠵᠢ ᠬᠤᠪᠢᠷᠠᠭᠤᠯᠬᠤ ᠦᠭᠡᠢ》 ᠭᠡᠵᠦ ᠲᠣᠭᠲᠠᠭ᠋ᠠᠵᠠᠶ᠃  《ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠭᠰᠠᠨ᠎ᠤ ᠳᠠᠷᠠᠭ᠎ᠠ᠂ ᠡᠯ᠎ᠡ ᠱᠠᠲᠤᠨ᠎ᠤ ᠬᠣᠲᠠ ᠵᠢᠨ᠎ᠬᠢᠨ ᠭᠠᠵᠠᠷ ᠰᠢᠷᠣᠶ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠲᠠᠯ᠎ᠠ᠎ᠪᠠᠷ ᠡᠷᠬᠡᠪᠰᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠢᠨ ᠬᠡᠪᠴᠢᠶ᠎ᠡ᠂ ᠪᠠᠶ᠋ᠢᠷᠢᠯᠠᠭᠤᠯᠤᠯᠲᠠ ᠵᠢᠴᠢ ᠬᠣᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠢ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ᠎ᠳᠤ ᠨᠡᠶ᠋ᠢᠴᠡᠭᠦᠯᠵᠦ᠂ ᠭᠠᠵᠠᠷ ᠰᠢᠷᠣᠶ ᠵᠢᠨ ᠠᠰᠢᠭᠯᠠᠯᠲᠠ ᠵᠢᠨ ᠣᠨ᠎ᠤ ᠲᠥᠯᠥᠪᠯᠡᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ》᠃ 《ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠭᠰᠠᠨ᠎ᠤ ᠳᠠᠷᠠᠭ᠎ᠠ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠪᠦᠲᠦᠭᠡᠨ ᠪᠠᠶ᠋ᠢᠭᠤᠯᠤᠯᠲᠠ ᠬᠢᠬᠦ ᠱᠠᠭ᠋ᠠᠷᠳᠠᠯᠭ᠎ᠠ᠎ᠨᠢ ᠮᠥᠨ ᠴᠦ᠍ ᠥᠩᠭᠡᠷᠡᠭᠰᠡᠨ᠎ᠤ᠎ᠬᠢ᠎ᠲᠠᠢ᠎ᠪᠠᠨ ᠠᠳᠠᠯᠢ ᠴᠢᠩᠭ᠎ᠠ ᠪᠠᠶ᠋ᠢᠵᠤ᠂ ᠡᠩ᠎ᠤᠨ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠪᠣᠯᠬᠤ ᠦᠭᠡᠢ᠂ ᠤᠯᠤᠰ᠎ᠤᠨ ᠵᠠᠮ ᠬᠠᠷᠢᠯᠴᠠᠭ᠎ᠠ᠂ ᠡᠨᠧᠷᠭᠢ ᠵᠢᠨ ᠰᠤᠷᠪᠤᠯᠵᠢ᠂ ᠤᠰᠤᠨ ᠠᠰᠢᠭᠯᠠᠯᠲᠠ᠂ ᠴᠡᠷᠢᠭ᠎ᠤᠨ ᠶᠠᠪᠤᠳᠠᠯ ᠤᠯᠤᠰ᠎ᠤᠨ ᠪᠠᠲᠤᠯᠠᠨ ᠬᠠᠮᠠᠭ᠋ᠠᠯᠠᠯᠲᠠ ᠵᠡᠷᠭᠡ ᠴᠢᠬᠤᠯᠠ ᠶᠡᠬᠡ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠰᠣᠩᠭᠣᠭᠰᠠᠨ ᠭᠠᠵᠠᠷ᠎ᠨᠢ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠦᠨᠡᠬᠡᠷ ᠵᠠᠶ᠋ᠢᠯᠠᠬᠤ᠎ᠳᠤ ᠪᠡᠷᠬᠡᠲᠡᠶ ᠪᠠᠶ᠋ᠢᠪᠠᠯ᠂ ᠪᠣᠯᠤᠮᠵᠢᠲᠤ ᠴᠢᠨᠠᠷ᠎ᠤᠨ ᠰᠤᠳᠤᠯᠭ᠋ᠠᠨ᠎ᠤ ᠱᠠᠲᠤᠨ᠎ᠳᠤ ᠡᠵᠡᠯᠡᠨ ᠬᠡᠷᠡᠭᠯᠡᠬᠦ ᠵᠢᠨ ᠴᠢᠬᠤᠯᠠ ᠴᠢᠨᠠᠷ᠂ ᠵᠦᠢ ᠵᠣᠬᠢᠰᠲᠠᠶ ᠴᠢᠨᠠᠷ ᠪᠠ ᠨᠥᠬᠥᠪᠥᠷᠢᠯᠡᠨ ᠬᠤᠪᠢᠶᠠᠷᠢᠯᠠᠬᠤ ᠲᠥᠰᠦᠯ᠎ᠤᠨ ᠪᠣᠯᠤᠮᠵᠢᠲᠤ ᠴᠢᠨᠠᠷ᠎ᠲᠤ ᠡᠷᠬᠡᠪᠰᠢ ᠴᠢᠩᠭ᠎ᠠ ᠨᠤᠲᠠᠯᠠᠯᠲᠠ ᠬᠢᠬᠦ ᠬᠡᠷᠡᠭᠲᠡᠶ》 ᠭᠡᠵᠦ ᠲᠣᠭᠲᠠᠭ᠋ᠠᠵᠠᠶ᠃
        ᠲᠣᠰ ᠬᠠᠷᠢᠭᠤᠴᠠᠯᠭ᠋ᠠᠲᠠᠨ ᠬᠡᠯᠡᠬᠦ᠎ᠳᠡᠭᠡᠨ᠂ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠎ᠢ ᠳᠣᠷᠣᠭᠰᠢ ᠪᠠᠭᠤᠯᠭ᠋ᠠᠭᠰᠠᠨ᠎ᠤ ᠳᠠᠷᠠᠭ᠎ᠠ᠂ ᠬᠡᠷᠡᠭ ᠳᠡᠭᠡᠷ᠎ᠡ᠎ᠪᠠᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠭᠰᠠᠨ ᠪᠠᠶ᠋ᠢᠨ᠎ᠠ ᠭᠡᠵᠡᠶ᠃ ᠥᠩᠭᠡᠷᠡᠭᠰᠡᠨ᠎ᠳᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠢᠨᠠᠨ ᠵᠥᠪᠰᠢᠶᠡᠷᠡᠭᠰᠡᠨ ᠵᠦᠢ᠍ᠯᠡᠰ᠎ᠲᠤ ᠣᠷᠣᠨ ᠨᠤᠲᠤᠭ᠎ᠤᠨ ᠲᠤᠨᠤᠭ ᠲᠥᠬᠥᠭᠡᠷᠦᠮᠵᠢ ᠵᠢ ᠬᠢᠨᠠᠮᠠᠭ᠋ᠠᠶ ᠰᠠᠢ᠍ᠢ᠍ᠨ ᠠᠳᠬᠤᠭᠰᠠᠨ ᠦᠭᠡᠢ᠂ ᠪᠣᠭᠣᠮᠲᠠ ᠵᠢ ᠴᠢᠩᠭ᠎ᠠ ᠠᠳᠬᠤᠭᠰᠠᠨ ᠦᠭᠡᠢ ᠪᠠᠶ᠋ᠢᠳᠠᠯ ᠵᠣᠬᠢᠬᠤ ᠬᠡᠮᠵᠢᠶ᠎ᠡ᠎ᠪᠠᠷ ᠣᠷᠣᠰᠢᠵᠤ ᠪᠠᠶ᠋ᠢᠪᠠ᠃ ᠤᠳᠦ ᠡᠷᠬᠡ ᠵᠢ ᠣᠷᠣᠨ ᠨᠤᠲᠤᠭ᠎ᠲᠤ ᠥᠭᠴᠦ᠂ ᠬᠠᠷᠢᠭᠤᠴᠠᠯᠭ᠎ᠠ ᠵᠢ ᠴᠤ᠌ ᠣᠷᠣᠨ ᠨᠤᠲᠤᠭ᠎ᠲᠤ ᠥᠭᠴᠡᠶ᠂ ᠲᠤᠢ᠍ᠷᠢᠮ ᠶᠣᠰᠣᠭ᠋ᠠᠷ ᠬᠢᠨᠠᠨ ᠪᠠᠶ᠋ᠢᠴᠠᠭ᠋ᠠᠬᠤ ᠤᠢ᠍ᠭᠡᠢ᠎ᠪᠠᠷ ᠬᠠᠷᠢᠭᠤᠴᠠᠯᠭ᠎ᠠ ᠡᠭᠦᠷᠭᠡᠯᠡᠬᠦ ᠪᠥᠭᠡᠳ ᠦᠷ᠎ᠡ ᠤᠷᠰᠢᠭ᠎ᠢ᠎ᠨᠢ ᠡᠭᠦᠷᠭᠡᠯᠡᠬᠦ ᠪᠣᠯᠤᠨ᠎ᠠ᠂ ᠡᠨᠡ ᠪᠣᠯ ᠳᠠᠷᠤᠶ 《ᠳᠣᠷᠣᠭᠰᠢ ᠪᠠᠭᠤᠯᠭ᠋ᠠᠵᠤ᠂ ᠬᠦᠯᠢᠶᠡᠠ ᠠᠪᠴᠤ᠂ ᠰᠡᠢ᠍ᠢ᠍ᠠ ᠬᠠᠮᠢᠶᠠᠷᠤᠨ᠎ᠠ》 ᠭᠡᠰᠡᠨ ᠦᠭᠡ ᠪᠣᠯᠤᠨ᠎ᠠ᠃ ᠡᠭᠦᠨ᠎ᠤ ᠬᠠᠮᠲᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠱᠠᠭ᠋ᠠᠷᠳᠠᠯᠭ᠎ᠠ ᠵᠢ ᠡᠷᠡᠰ ᠨᠠᠶ᠋ᠢᠳᠠᠪᠤᠷᠢᠵᠢᠭᠤᠯᠤᠨ᠂ ᠬᠢᠨᠠᠨ ᠬᠠᠮᠢᠶᠠᠷᠬᠤ ᠲᠠᠯ᠎ᠠ᠎ᠪᠠᠷ ᠬᠦᠴᠦ ᠲᠠᠯᠪᠢᠵᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠨ ᠬᠠᠮᠢᠶᠠᠷᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠎ᠠ᠄ ᠨᠢᠭᠡ᠎ᠳᠤ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠲᠥᠷᠥ ᠵᠢᠨ ᠪᠣᠳᠣᠯᠭ᠎ᠠ᠂ ᠲᠦᠷᠢᠮ᠂ ᠪᠠᠷᠢᠮᠵᠢᠶ᠎ᠠ᠂ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠬᠢᠨᠠᠨ ᠵᠥᠪᠰᠢᠶᠡᠷᠡᠬᠦ ᠠᠵᠢᠯᠯᠠᠭ᠎ᠠ ᠵᠢ ᠵᠢᠷᠤᠮᠵᠢᠭᠤᠯᠤᠨ᠂ ᠬᠢᠨᠠᠨ ᠵᠥᠪᠰᠢᠶᠡᠷᠡᠬᠦ ᠶᠠᠰᠤ ᠴᠢᠨᠠᠷ ᠪᠠ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠦᠨ᠎ᠡ; ᠬᠣᠶᠠᠷ᠎ᠲᠤ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠯᠤᠰ ᠰᠡᠷᠡᠯ᠎ᠤᠨ ᠬᠢᠨᠠᠨ ᠬᠡᠮᠵᠢᠯᠲᠡ᠂ ᠭᠤᠷᠪᠠᠨ ᠬᠡᠮᠵᠢᠯᠳᠦ ᠭᠠᠵᠠᠷ᠎ᠤᠨ ᠪᠠᠶ᠋ᠢᠴᠠ ᠵᠢ ᠳᠡᠯᠭᠡᠨ ᠦᠵᠡᠭᠦᠯᠬᠦ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠮᠡᠷᠭᠡᠵᠢᠯ᠎ᠤᠨ ᠬᠤᠷᠠᠮᠠᠯ ᠠᠷᠭ᠎ᠠ ᠪᠠᠷᠢᠯ᠎ᠢ ᠬᠡᠷᠡᠭᠯᠡᠵᠦ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠡᠷᠭᠡ ᠠᠷᠭ᠎ᠠ ᠮᠠᠶᠢᠭ᠎ᠢ ᠠᠪᠴᠤ᠂ ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠢᠯᠠᠩᠭᠤᠶ᠎ᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠪᠠ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠭᠠᠷᠴᠤ ᠮᠡᠳᠡᠬᠦ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠭᠰᠡᠨ ᠪᠤᠶᠤ ᠨᠥᠬᠥᠵᠦ ᠬᠤᠪᠢᠶᠠᠷᠢᠯᠠᠭᠰᠠᠨ᠎ᠨᠢ ᠦᠨᠡᠨ ᠪᠣᠳᠠᠲᠠᠶ ᠪᠢᠰᠢ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠶᠠᠪᠤᠳᠠᠯ᠎ᠢ ᠨᠠᠶ᠋ᠢᠳᠠᠪᠤᠷᠢᠵᠢᠭᠤᠯᠤᠭᠰᠠᠨ ᠥᠬᠡᠶ᠂ ᠭᠠᠵᠠᠷ ᠬᠡᠷᠡᠭᠯᠡᠬᠦ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠭᠰᠡᠨ ᠥᠬᠡᠶ᠂ ᠭᠠᠵᠠᠷ ᠲᠠᠲᠠᠪᠤᠷᠢᠯᠠᠭᠰᠠᠨ ᠨᠥᠬᠥᠪᠥᠷᠢ ᠵᠢ ᠪᠣᠳᠠᠲᠠᠶ᠋ᠢᠵᠢᠭᠤᠯᠤᠭᠰᠠᠨ ᠥᠬᠡᠶ᠂ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ᠎ᠳᠡᠭᠡᠨ ᠬᠠᠤᠯᠢ ᠵᠢ ᠵᠥᠷᠢᠴᠡᠨ ᠭᠠᠵᠠᠷ ᠬᠡᠷᠡᠭᠯᠡᠬᠦ ᠵᠢ ᠮᠡᠳᠡᠭᠦᠯᠬᠦ ᠥᠬᠡᠶ ᠨᠢᠭᠤᠭᠰᠠᠨ᠂ ᠰᠢᠳᠬᠡᠬᠦ ᠪᠠᠷᠢᠮᠵᠢᠶ᠎ᠠ ᠵᠢ ᠪᠠᠭᠤᠷᠠᠭᠤᠯᠤᠭᠰᠠᠨ ᠵᠡᠷᠭᠡ ᠠᠰᠠᠭᠤᠳᠠᠯ᠎ᠢ ᠴᠠᠭ ᠲᠤᠬᠠᠶ᠎ᠳᠤᠨᠢ ᠵᠠᠯᠠᠷᠠᠭᠤᠯᠤᠨ ᠴᠡᠭᠴᠡᠯᠡᠨ ᠰᠠᠶ᠋ᠢᠵᠢᠷᠠᠭᠤᠯᠵᠤ᠂ ᠲᠣᠭᠲᠠᠭ᠋ᠠᠯ᠎ᠢ ᠵᠥᠷᠢᠴᠡᠨ ᠬᠢᠨᠠᠨ ᠵᠥᠪᠰᠢᠶᠡᠷᠡᠭᠰᠡᠨ᠎ᠢ᠎ᠨᠢ ᠴᠢᠩᠭ᠎ᠠ ᠰᠢᠶᠳᠪᠦᠷᠢᠯᠡᠬᠦ ᠬᠡᠷᠡᠭᠲᠡᠶ; ᠭᠤᠷᠪᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠠᠵᠢᠯ᠎ᠤᠨ ᠦᠨᠡᠯᠡᠬᠦ ᠲᠣᠭᠲᠠᠴᠠ ᠵᠢ ᠪᠠᠶ᠋ᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠲᠠᠷᠢᠶᠠᠨ ᠭᠠᠵᠠᠷ᠎ᠢ ᠬᠠᠮᠠᠭ᠋ᠠᠯᠠᠬᠤ᠂ ᠠᠷᠪᠢᠲᠠᠶ ᠡᠷᠴᠢᠮᠯᠢᠭ ᠠᠰᠢᠭᠯᠠᠬᠤ᠂ ᠲᠥᠯᠥᠪᠵᠢᠭᠦᠯᠦᠨ ᠬᠠᠮᠢᠶᠠᠷᠬᠤ᠂ ᠭᠠᠵᠠᠷ ᠰᠢᠷᠣᠶ ᠵᠢᠨ ᠬᠠᠮᠢᠶᠠᠷᠤᠯᠲᠠ ᠵᠢᠨ ᠡᠮᠬᠢ ᠵᠢᠷᠤᠮ ᠵᠡᠷᠭᠡ ᠲᠠᠯ᠎ᠠ᠎ᠪᠠᠷ ᠡᠯ᠎ᠡ ᠭᠠᠵᠠᠷ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠶᠡᠷᠦᠩᠬᠡᠶ᠋ᠢᠯᠡᠨ ᠦᠨᠡᠯᠡᠨ ᠵᠢᠱ᠌ᠢᠵᠦ᠂ ᠶᠡᠷᠦᠩᠬᠡᠶ᠋ᠢᠯᠡᠨ ᠦᠨᠡᠯᠡᠨ ᠵᠢᠱ᠌ᠢᠭᠰᠡᠨ ᠦᠷ᠎ᠡ ᠳ᠋ᠦᠩ᠎ᠢ ᠦᠨᠳᠦᠰᠦᠯᠡᠨ᠂ ᠴᠠᠭ ᠲᠤᠬᠠᠶ᠎ᠳᠤᠨᠢ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠳᠡᠪᠰᠢᠭᠦᠯᠵᠦ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠯᠭᠡᠨ᠎ᠡ᠃
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠲᠠᠪᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠳᠥᠯᠭᠢᠨ ᠠᠬᠢᠭᠤᠯᠬᠤ ᠵᠦᠶᠯᠡᠰ᠎ᠤᠳ᠎ᠤᠨ ᠲᠤᠬᠠᠶ ᠰᠠᠨᠠᠯ (ᠲᠤᠷᠰᠢᠨ ᠬᠡᠷᠡᠭᠵᠢᠭᠦᠯᠬᠦ)》᠎ᠳᠤ ᠲᠠᠶ᠋ᠢᠯᠤᠮᠵᠢ ᠬᠢᠪᠠ
ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠵᠢ ᠲᠣᠭᠲᠠᠭᠤᠨ ᠪᠠᠶ᠋ᠢᠯᠭ᠋ᠠᠬᠤ ᠵᠢᠨ ᠬᠠᠮᠲᠤ ᠣᠷᠳᠣ ᠬᠤᠭᠤᠴᠠᠭ᠎ᠠ᠎ᠪᠠᠷ ᠬᠤᠪᠢᠷᠠᠭᠤᠯᠬᠤ ᠥᠬᠡᠶ ᠪᠠᠶ᠋ᠢᠬᠤ ᠵᠢ ᠪᠠᠲᠤᠯᠠᠵᠤ ᠲᠦᠭ ᠲᠦᠮᠡᠨ ᠲᠠᠷᠢᠶᠠᠴᠢᠨ ᠡᠷᠦᠬᠡ ᠵᠢᠨ ᠰᠡᠳᠬᠢᠯ᠎ᠢ ᠠᠮᠤᠷᠵᠢᠭᠤᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭ᠋ᠸᠤᠯᠦᠬᠢ᠎ᠤᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2021 — 2025 ᠣᠨ)》 ᠵᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠎ᠤᠨ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠷᠴᠠᠭ (ᠰᠠᠴᠤᠷᠠᠭ᠎ᠤᠨ ᠪᠤᠰᠤ ᠲᠥᠷᠥᠯ)》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
 
            