ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠠᠵᠢᠯ ᠲᠥᠷᠥᠯ᠎ᠤᠨ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ
ᠨᠡᠶ᠋ᠢᠲᠡᠯᠡᠭᠰᠡᠨ ᠴᠠᠭ᠄ 2021-12-23

    ᠥᠪᠥᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠭᠲᠠᠭ᠋ᠠᠯ  [2019] 4 ᠳ᠋ᠦ᠍ᠭᠡᠷ ᠲᠣᠭ᠋ᠠᠲᠤ  
    ᠨᠢᠭᠡᠳᠦᠭᠡᠷ ᠵᠦᠢ᠍ᠯ   ᠮᠠᠨ᠎ᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠨᠢᠭᠡᠴᠢ ᠵᠢᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ᠂ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠨᠢᠭᠡᠴᠢ ᠪᠣᠯᠤᠨ ᠠᠵᠢᠯᠯᠠᠭᠰᠠᠳ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠂ ᠬᠠᠤᠯᠢ ᠶᠣᠰᠣᠭ᠋ᠠᠷ ᠦᠨᠡᠨᠴᠢ ᠢᠲᠡᠭᠡᠮᠵᠢᠲᠡᠶ ᠡᠵᠡᠩᠨᠡᠬᠦ ᠪᠠ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ᠂ ᠬᠠᠤᠯᠢ᠎ᠠᠴᠠ ᠵᠥᠷᠢᠴᠡᠨ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ ᠵᠢᠨ ᠲᠦᠯᠦᠭᠡ᠂ 《ᠭᠠᠵᠠᠷ ᠰᠢᠷᠣᠢ ᠵᠢᠨ ᠪᠠᠢ᠌ᠴᠠᠭ᠋ᠠᠯᠲᠠ ᠵᠢᠨ ᠳᠦᠷᠢᠮ》 (ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ 518 ᠳ᠋ᠤᠭ᠋ᠠᠷ ᠲᠤᠭ᠋ᠠᠳᠤ ᠵᠠᠷᠯᠢᠭ)  《ᠭᠤᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠎ᠢ ᠪᠠᠲᠤᠯᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠤᠷᠪᠠᠳᠤᠭ᠋ᠠᠷ ᠤᠳᠠᠭ᠋ᠠᠨ᠎ᠤ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠮᠡᠳᠡᠭᠳᠡᠯ》 (ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠠᠯᠪᠠᠨ ᠲᠠᠷᠬᠠᠭ᠋ᠠᠭᠰᠠᠨ  [2019] 5 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 234 ᠳ᠋ᠦ᠍ᠭᠡᠷ ᠲᠣᠭ᠋ᠠᠲᠤ ᠵᠠᠷᠯᠢᠭ) ᠪᠠ 《ᠥᠯᠥ ᠬᠥᠳᠡᠯᠬᠦ ᠬᠥᠷᠥᠩᠭᠡ ᠵᠢᠨ ᠡᠷᠬᠡ ᠵᠢᠨ ᠬᠠᠷᠢᠶ᠎ᠠ ᠵᠢ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠤᠯᠤᠰ᠎ᠤᠨ ᠭᠠᠵᠠᠷ ᠰᠢᠷᠣᠶ ᠡᠬᠢ ᠪᠠᠶᠠᠯᠢᠭ ᠲᠠᠷᠬᠠᠭ᠋ᠠᠭᠰᠠᠨ  [2015] 41 ᠳ᠋ᠦ᠍ᠭᠡᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠬᠠᠤᠯᠢ ᠲᠦᠷᠢᠮ᠂ ᠳᠦᠷᠢᠮ ᠲᠣᠭᠲᠠᠭ᠋ᠠᠯ ᠵᠢᠴᠢ ᠬᠣᠯᠪᠣᠭᠳᠠᠯ ᠪᠦᠬᠦᠢ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠥᠪᠡᠷᠲᠡᠭᠡᠨ ᠵᠠᠰᠠᠭ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠤᠯᠤᠰ᠎ᠤᠨ ᠭᠠᠵᠠᠷ ᠰᠢᠷᠣᠢ ᠵᠢᠨ ᠪᠠᠶ᠋ᠢᠴᠠᠭ᠋ᠠᠯᠲᠠ ᠵᠢᠨ ᠠᠵᠢᠯᠯᠠᠭ᠎ᠠ ᠡᠷᠬᠢᠯᠡᠵᠦ ᠪᠠᠶ᠋ᠢᠭ᠎ᠠ ᠨᠢᠭᠡᠴᠢ ᠪᠠ ᠠᠵᠢᠯᠯᠠᠭᠰᠠᠳ᠎ᠤᠨ ᠬᠦᠨᠳᠦ ᠨᠣᠴᠢᠲᠠᠢ ᠢᠲᠡᠭᠡᠯ ᠵᠶ᠋ᠡᠨ ᠠᠯᠳᠠᠭᠰᠠᠨ ᠦᠢ᠍ᠯᠡ ᠠᠵᠢᠯᠯᠠᠭ᠎ᠠ ᠵᠢ ᠴᠤᠭᠯᠠᠭᠤᠯᠬᠤ᠂ ᠨᠡᠶ᠋ᠢᠲᠡᠯᠡᠬᠦ᠂ ᠬᠡᠷᠡᠭᠯᠡᠬᠦ ᠵᠢᠴᠢ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯᠯᠠᠭ᠎ᠠ᠎ᠳᠤ ᠲᠤᠰ ᠠᠷᠭ᠎ᠠ ᠲᠣᠬᠢᠷᠠᠨ᠎ᠠ᠃
      ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ᠎ᠳᠤ ᠭᠠᠵᠠᠷ ᠰᠢᠷᠣᠶ ᠵᠢᠨ ᠪᠠᠶ᠋ᠢᠴᠠᠭ᠋ᠠᠯᠲᠠ᠂ ᠭᠠᠵᠠᠷ ᠰᠢᠷᠣᠶ ᠵᠢᠨ ᠬᠤᠪᠢᠷᠠᠯᠲᠠ ᠵᠢᠨ ᠪᠠᠶ᠋ᠢᠴᠠᠭ᠋ᠠᠯᠲᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠤᠰᠬᠠᠶ ᠪᠠᠶ᠋ᠢᠴᠠᠭ᠋ᠠᠯᠲᠠ ᠪᠣᠯᠤᠨ ᠦᠯᠦ ᠬᠥᠳᠡᠯᠬᠦ ᠬᠥᠷᠥᠩᠭᠡ ᠵᠢᠨ ᠡᠷᠬᠡ ᠵᠢᠨ ᠬᠠᠷᠢᠶ᠎ᠠ ᠵᠢᠨ ᠪᠠᠶ᠋ᠢᠴᠠᠭ᠋ᠠᠯᠲᠠ ᠵᠢᠴᠢ ᠬᠠᠮᠢᠶ᠎ᠠ ᠪᠦᠬᠦᠢ ᠬᠢᠨᠠᠨ ᠬᠠᠮᠢᠶᠠᠷᠬᠤ ᠠᠵᠢᠯ ᠪᠠᠭᠲᠠᠨ᠎ᠠ᠃
ᠭᠤᠷᠪᠠᠳᠤᠭ᠋ᠠᠷ ᠵᠦᠢ᠍ᠯ   ᠢᠲᠡᠭᠡᠯ ᠵᠶ᠋ᠠᠨ ᠠᠯᠳᠠᠭᠰᠠᠨ 《ᠬᠠᠷ᠎ᠠ ᠲᠠᠩᠰᠠ》 ᠵᠢᠨ ᠬᠠᠮᠢᠶᠠᠷᠤᠯᠲᠠ᠎ᠳᠤ ᠬᠠᠤᠯᠢ ᠶᠣᠰᠣᠨ᠎ᠤ᠂ ᠪᠤᠰᠤᠳᠴᠢ᠂ ᠲᠥᠪ ᠭᠤᠤᠯᠴᠢ᠂ ᠣᠨᠣᠪᠴᠢᠲᠠᠶ᠂ ᠴᠠᠭ ᠲᠤᠬᠠᠶ᠎ᠳᠤ᠎ᠨᠢ᠂ ᠵᠠᠯᠬᠠᠭ᠋ᠠᠨ ᠴᠡᠭᠡᠷᠯᠡᠭᠦᠯᠬᠦ ᠵᠠᠷᠴᠢᠮ᠎ᠢ ᠵᠢᠷᠤᠮᠯᠠᠬᠤ ᠬᠡᠷᠡᠭᠲᠡᠶ᠂ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠦᠨ᠎ᠤ ᠨᠢᠭᠤᠴᠠ ᠵᠢ ᠵᠠᠳᠠᠷᠠᠭᠤᠯᠵᠤ ᠪᠣᠯᠬᠤ ᠥᠬᠡᠶ᠃
ᠳᠥᠷᠪᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠪᠥᠬᠥ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠠᠵᠢᠯ ᠲᠥᠷᠥᠯ᠎ᠤᠨ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠨᠢᠭᠡᠳᠦᠯᠲᠡᠶ ᠬᠠᠮᠢᠶᠠᠷᠤᠯᠲᠠ ᠵᠢ ᠬᠠᠷᠢᠭᠤᠴᠠᠨ᠎ᠠ᠃
      ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠨᠢ ᠪᠥᠬᠥ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠠᠵᠢᠯ ᠲᠥᠷᠥᠯ᠎ᠤᠨ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠮᠡᠳᠡᠭᠡ ᠵᠠᠩᠭᠢ ᠵᠢ ᠡᠮᠬᠢᠯᠡᠬᠦ᠂ ᠮᠡᠳᠡᠭᠡ ᠵᠠᠩᠭᠢ ᠡᠳ᠋ᠰᠢᠭᠦᠯᠬᠦ᠂ ᠮᠡᠳᠡᠭᠡ ᠵᠠᠩᠭᠢ ᠨᠡᠶ᠋ᠢᠲᠡᠯᠡᠬᠦ᠂ ᠢᠲᠡᠭᠡᠮᠵᠢ ᠵᠢ ᠮᠡᠳᠡᠭᠦᠯᠦᠨ ᠬᠦᠷᠭᠡᠬᠦ᠂ ᠢᠲᠡᠭᠡᠮᠵᠢ ᠵᠢᠨ ᠲᠠᠩᠰᠠ ᠡᠪᠬᠡᠮᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ ᠵᠡᠷᠭᠡ ᠪᠣᠳᠠᠲᠠᠶ ᠠᠵᠢᠯ᠎ᠢ ᠬᠠᠷᠢᠭᠤᠴᠠᠨ᠎ᠠ᠃ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ》 ᠪᠠ 《ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ》᠎ᠳᠤ ᠢᠲᠡᠭᠡᠯ ᠵᠶ᠋ᠠᠨ ᠠᠯᠳᠠᠭᠰᠠᠨ 《ᠬᠠᠷ᠎ᠠ ᠲᠠᠩᠰᠠ》 ᠵᠢᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ᠂ ᠣᠨᠣᠪᠴᠢᠲᠠᠶ᠂ ᠪᠦᠷᠢᠨ ᠪᠦᠲᠦᠨ ᠵᠶ᠋ᠠᠷ ᠬᠠᠩᠭ᠋ᠠᠬᠤ ᠵᠢᠨ ᠬᠠᠮᠲᠤ᠂ ᠴᠠᠭ ᠲᠤᠬᠠᠶ᠎ᠳᠤ᠎ᠨᠢ ᠰᠢᠨᠡᠳᠬᠡᠬᠦ ᠬᠡᠷᠡᠭᠲᠡᠶ᠃
      ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠠᠵᠢᠯ ᠲᠥᠷᠥᠯ᠎ᠤᠨ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠮᠡᠳᠡᠭᠡ ᠵᠠᠩᠭᠢ ᠵᠢ ᠨᠤᠲᠠᠯᠠᠬᠤ᠂ ᠮᠡᠳᠡᠭᠡ ᠵᠠᠩᠭᠢ ᠴᠤᠭᠯᠠᠭᠤᠯᠤᠭᠰᠠᠨ ᠮᠡᠳᠡᠭᠦᠯᠦᠯᠲᠡ᠂ ᠤᠨᠳᠤᠤ ᠰᠠᠨᠠᠯ᠎ᠢ ᠰᠢᠢ᠍ᠳᠪᠦᠷᠢᠯᠡᠬᠦ᠂ ᠮᠡᠳᠡᠭᠡ ᠵᠠᠩᠭᠢ ᠵᠢ ᠰᠡᠷᠭᠦᠭᠡᠬᠦ ᠵᠡᠷᠭᠡ ᠠᠵᠢᠯ᠎ᠢ ᠬᠠᠷᠢᠭᠤᠴᠠᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠨᠢᠭᠡᠴᠢ ᠵᠢᠨ ᠬᠠᠩᠭ᠋ᠠᠭᠰᠠᠨ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠨ᠎ᠠ᠃
ᠲᠠᠪᠤᠳᠤᠭ᠋ᠠᠷ ᠵᠦᠢ᠍ᠯ   ᠪᠠᠶ᠋ᠢᠴᠠᠭ᠋ᠠᠬᠤ ᠨᠢᠭᠡᠴᠢ᠎ᠳᠤ ᠳᠤᠤᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠪᠠᠶ᠋ᠢᠴᠠᠭ᠋ᠠᠬᠤ ᠨᠢᠭᠡᠴᠢ᠎ᠳᠤ ᠳᠤᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠵᠶ᠋ᠠᠷ ᠮᠠᠭ᠋ᠠᠳᠯᠠᠨ ᠲᠣᠭᠲᠠᠭ᠋ᠠᠯᠭ᠋ᠠᠭᠰᠠᠨ᠎ᠤ ᠳᠠᠷᠠᠭ᠎ᠠ᠂ ᠢᠲᠡᠭᠡᠯ ᠵᠶ᠋ᠠᠨ ᠠᠯᠳᠠᠭᠰᠠᠨ 《ᠬᠠᠷ᠎ᠠ ᠲᠠᠩᠰᠠ》᠎ᠳᠤ ᠵᠢᠭᠰᠠᠭ᠋ᠠᠨ ᠣᠷᠣᠭᠤᠯᠤᠨ᠎ᠠ᠄
     (ᠨᠢᠭᠡ) ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠳᠠᠭ᠋ᠠᠭ᠋ᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ;
     (ᠬᠣᠶᠠᠷ) ᠵᠦᠢ ᠪᠤᠰᠤ ᠠᠷᠭ᠎ᠠ ᠪᠠᠷᠢᠯ ᠵᠶ᠋ᠠᠷ ᠪᠤᠰᠤᠳ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠭᠦᠳᠬᠡᠨ ᠮᠠᠭᠤᠯᠠᠵᠤ ᠭᠠᠳᠠᠭᠤᠷᠴᠢᠯᠠᠭᠰᠠᠨ;
     (ᠭᠤᠷᠪᠠ) ᠬᠤᠳᠠᠯᠳᠤᠨ ᠠᠪᠤᠭᠴᠢ᠂ ᠪᠤᠰᠤᠳ ᠬᠠᠩᠭ᠋ᠠᠯᠭ᠎ᠠ ᠵᠢᠨ ᠬᠤᠳᠠᠯᠳᠤᠭ᠋ᠠᠴᠢᠨ ᠪᠤᠶᠤ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠲᠠᠢ ᠮᠠᠭᠤ ᠰᠠᠨᠠᠭ᠎ᠠ᠎ᠲᠠᠢ᠎ᠪᠠᠷ ᠰᠥᠯᠪᠡᠭᠡᠯᠳᠦᠭᠰᠡᠨ;
     (ᠲᠦᠷᠪᠡ) ᠬᠤᠳᠠᠯᠳᠤᠨ ᠠᠪᠤᠭᠴᠢ᠂ ᠬᠤᠳᠠᠯᠳᠤᠨ ᠠᠪᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠬᠠᠬᠤᠤᠯᠢ ᠲᠦᠯᠬᠢᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠬᠠᠩᠭ᠋ᠠᠭᠰᠠᠨ;
     (ᠲᠠᠪᠤ) ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ᠎ᠳᠤ ᠬᠤᠳᠠᠯᠳᠤᠨ ᠠᠪᠤᠭᠴᠢ᠎ᠲᠠᠢ ᠵᠥᠪᠳᠡᠯᠴᠡᠨ ᠬᠡᠯᠡᠯᠴᠡᠭᠡ ᠬᠢᠭᠰᠡᠨ;
     (ᠵᠢᠷᠭᠤᠭ᠎ᠠ) ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠬᠤᠳᠠᠯ ᠬᠡᠯᠡᠵᠦ ᠬᠠᠭᠤᠷᠮᠠᠭᠯᠠᠨ ᠦᠢ᠍ᠯᠡᠳᠦᠭᠰᠡᠨ᠂ ᠬᠦᠨᠳᠦ ᠶᠡᠬᠡ ᠭᠡᠮ ᠦᠢ᠍ᠯᠡᠳᠦᠭᠰᠡᠨ᠂ ᠬᠦᠨᠳᠦ ᠨᠣᠴᠢᠲᠠᠢ ᠮᠠᠭᠤ ᠦᠢ᠍ᠯᠡ ᠠᠵᠢᠯᠯᠠᠭ᠎ᠠ ᠬᠢᠭᠰᠡᠨ;
     (ᠲᠤᠯᠤᠭ᠎ᠠ) ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠪᠠᠶ᠋ᠢᠴᠠᠭ᠋ᠠᠯᠲᠠ ᠵᠢᠨ ᠡᠭᠦᠷᠭᠡ᠎ᠪᠠᠨ ᠬᠤᠭᠤᠴᠠᠭ᠎ᠠ ᠶᠣᠰᠣᠭ᠋ᠠᠷ ᠪᠡᠶᠡᠯᠡᠭᠦᠯᠦᠭᠰᠡᠨ ᠦᠭᠡᠢ᠂ ᠡᠰᠡᠬᠦᠯ᠎ᠡ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠨᠢ ᠶᠠᠰᠤ ᠴᠢᠨᠠᠷ᠎ᠤᠨ ᠠᠰᠠᠭᠤᠳᠠᠯ᠎ᠲᠠᠢ ᠪᠥᠭᠡᠳ ᠬᠦᠨᠳᠦ ᠨᠣᠴᠢᠲᠠᠢ ᠤᠷᠰᠢᠭ ᠲᠠᠲᠠᠭᠰᠠᠨ;
     (ᠨᠠᠢ᠍ᠮᠠ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠬᠢᠨᠠᠯᠲᠠ ᠪᠠᠶ᠋ᠢᠴᠠᠭ᠋ᠠᠯᠲᠠ ᠬᠢᠬᠦ᠎ᠳᠤ ᠬᠠᠮᠵᠢᠯᠴᠠᠬᠤ ᠦᠭᠡᠢ ᠪᠠᠶ᠋ᠢᠵᠤ᠂ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠬᠠᠩᠭ᠋ᠠᠬᠤ ᠵᠢ ᠨᠢᠭᠤᠵᠤ ᠳᠠᠯᠳᠠᠯᠠᠭᠰᠠᠨ᠂ ᠲᠡᠪᠴᠢᠭᠰᠡᠨ ᠪᠠ ᠬᠠᠷᠰᠢᠯᠠᠭᠰᠠᠨ;
     (ᠶᠢᠰᠦ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠦᠢ᠍ᠯᠡ ᠠᠵᠢᠯᠯᠠᠭ᠎ᠠ᠃
      ᠵᠢᠷᠭᠤᠳᠤᠭ᠋ᠠᠷ ᠵᠦᠢ᠍ᠯ   ᠠᠵᠢᠯᠯᠠᠭᠰᠠᠳ ᠳᠤᠤᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠢᠲᠡᠭᠡᠯ ᠵᠶ᠋ᠠᠨ ᠠᠯᠳᠠᠭᠰᠠᠨ 《ᠬᠠᠷ᠎ᠠ ᠲᠠᠩᠰᠠ》᠎ᠳᠤ ᠵᠢᠭᠰᠠᠭ᠋ᠠᠨ ᠣᠷᠣᠭᠤᠯᠬᠤ ᠬᠡᠷᠡᠭᠲᠡᠶ᠄  
     (ᠨᠢᠭᠡ) ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠬᠠᠭᠤᠷᠮᠠᠭ ᠵᠶ᠋ᠠᠷ ᠵᠣᠬᠢᠶᠠᠵᠤ᠂ ᠥᠭᠡᠷᠡᠲᠦᠭᠦᠯᠦᠭᠰᠡᠨ;
    (ᠬᠣᠶᠠᠷ) ᠠᠵᠢᠯ ᠡᠷᠬᠢᠯᠡᠬᠦ ᠶᠠᠪᠤᠴᠠ᠎ᠳᠤ ᠬᠠᠮᠠᠭ᠋ᠠᠯᠠᠬᠤ ᠶᠣᠰᠣᠲᠠᠢ ᠤᠯᠤᠰ᠎ᠤᠨ ᠨᠢᠭᠤᠴᠠ ᠵᠢ ᠵᠠᠳᠠᠷᠠᠭᠤᠯᠤᠭ᠋ᠠᠳ ᠲᠦᠷᠦ ᠵᠢᠨ ᠪᠤᠰᠤᠳ ᠪᠠᠶ᠋ᠢᠭᠤᠯᠭ᠎ᠠ᠎ᠠᠴᠠ ᠪᠠᠶ᠋ᠢᠴᠠᠭ᠋ᠠᠨ ᠰᠢᠢ᠍ᠳᠪᠦᠷᠢᠯᠡᠭᠰᠡᠨ;
    (ᠭᠤᠷᠪᠠ) ᠠᠵᠢᠯᠯᠠᠵᠤ ᠪᠠᠶ᠋ᠢᠭ᠎ᠠ ᠬᠥᠮᠦᠰ᠎ᠤᠨ ᠠᠵᠢᠯ ᠡᠷᠬᠢᠯᠡᠬᠦ ᠬᠢᠷᠢ ᠬᠡᠮ᠎ᠨᠢ ᠪᠤᠰᠤᠳ᠎ᠢ ᠬᠠᠭᠤᠷᠮᠠᠭᠯᠠᠨ ᠵᠣᠬᠢᠶᠠᠭᠰᠠᠨ᠂ ᠬᠠᠭᠤᠷᠮᠠᠭᠯᠠᠨ ᠬᠡᠷᠡᠭᠯᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠬᠤ᠃
    ᠳᠣᠯᠣᠳᠤᠭ᠋ᠠᠷ ᠵᠦᠢ᠍ᠯ   ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》 ᠵᠢᠨ ᠮᠡᠳᠡᠭᠡ ᠵᠠᠩᠭᠢ ᠵᠢᠨ ᠠᠭᠤᠯᠭ᠎ᠠ᠎ᠳᠤ ᠬᠠᠷ᠎ᠠ ᠳᠠᠩᠰᠠ ᠵᠢᠨ ᠮᠡᠳᠡᠭᠡ ᠵᠠᠩᠭᠢ ᠵᠢᠨ ᠨᠡᠷᠡᠶ᠋ᠢᠳᠦᠯ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠡᠷᠡᠶ᠋ᠢᠳᠦᠯ᠂ ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠣᠪᠣᠭ ᠨᠡᠷ᠎ᠡ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠪᠡᠶ᠎ᠡ ᠵᠢᠨ ᠦᠨᠡᠮᠯᠡᠯ᠎ᠤᠨ ᠨᠣᠮᠧᠷ᠂ ᠪᠠᠶ᠋ᠢᠭ᠋ᠠᠯᠢ ᠬᠥᠮᠦᠨ᠎ᠤ ᠣᠪᠣᠭ ᠨᠡᠷ᠎ᠡ᠂ ᠪᠠᠶ᠋ᠢᠭ᠋ᠠᠯᠢ ᠬᠥᠮᠦᠨ᠎ᠤ ᠪᠡᠶ᠎ᠡ ᠵᠢᠨ ᠦᠨᠡᠮᠯᠡᠯ᠎ᠤᠨ ᠨᠣᠮᠧᠷ᠂ ᠢᠲᠡᠭᠡᠯ ᠵᠶ᠋ᠠᠨ ᠠᠯᠳᠠᠭᠰᠠᠨ ᠪᠣᠳᠠᠲᠤ ᠬᠡᠷᠡᠭ᠂ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ᠂ ᠵᠠᠯᠬᠠᠭ᠋ᠠᠨ ᠰᠢᠳᠬᠡᠬᠦ ᠠᠷᠭ᠎ᠠ ᠬᠡᠮᠵᠢᠶ᠎ᠡ ᠵᠡᠷᠭᠡ ᠮᠡᠳᠡᠭᠡ ᠵᠠᠩᠭᠢ ᠵᠢ ᠪᠠᠭᠲᠠᠭ᠋ᠠᠨ᠎ᠠ᠃
ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》 ᠵᠢᠨ ᠮᠡᠳᠡᠭᠡ ᠵᠠᠩᠭᠢ ᠵᠢ ᠢᠯᠡ ᠪᠣᠯᠭ᠋ᠠᠭᠰᠠᠨ ᠮᠡᠳᠡᠭᠡ ᠵᠠᠩᠭᠢ ᠪᠠ ᠦᠯᠦ ᠢᠯᠡ ᠪᠣᠯᠭ᠋ᠠᠭᠰᠠᠨ ᠮᠡᠳᠡᠭᠡ ᠵᠠᠩᠭᠢ ᠭᠡᠵᠦ ᠬᠤᠪᠢᠶᠠᠨ᠎ᠠ᠃ ᠪᠠᠶ᠋ᠢᠭ᠋ᠠᠯᠢ ᠬᠥᠮᠦᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠵᠠᠰᠠᠭ᠎ᠤᠨ ᠶᠠᠪᠤᠳᠠᠯ᠎ᠢ ᠬᠠᠮᠲᠤᠪᠠᠷ ᠭᠥᠷᠳᠡᠬᠦ ᠪᠠ ᠪᠠᠶ᠋ᠢᠴᠠᠭ᠋ᠠᠨ ᠯᠠᠪᠯᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠨᠡᠶ᠋ᠢᠲᠡᠯᠡᠵᠦ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠳᠣᠷᠬᠠᠶ ᠲᠣᠭᠲᠠᠭ᠋ᠠᠯ᠎ᠲᠠᠢ᠎ᠠᠴᠠ ᠪᠤᠰᠤᠳ᠎ᠢ᠎ᠨᠢ ᠢᠯᠡ ᠪᠣᠯᠭ᠋ᠠᠵᠤ ᠪᠣᠯᠬᠤ ᠥᠬᠡᠶ᠃
      ᠨᠠᠢ᠍ᠮᠠᠳᠤᠭ᠋ᠠᠷ ᠵᠦᠢ᠍ᠯ   ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠣᠷᠣᠨ ᠪᠦᠰᠡ ᠵᠢᠨ ᠳᠣᠲᠣᠷᠠᠬᠢ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠢᠲᠡᠭᠡᠯ ᠵᠶ᠋ᠡᠨ ᠠᠯᠳᠠᠭᠰᠠᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠴᠤᠭᠯᠠᠭᠤᠯᠤᠨ ᠨᠤᠲᠠᠯᠠᠵᠤ᠂ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠲᠤ ᠮᠡᠳᠡᠭᠦᠯᠬᠦ ᠬᠡᠷᠡᠭᠲᠡᠶ᠃ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠨᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠰᠦᠯᠵᠢᠶ᠎ᠡ ᠪᠠ ᠨᠡᠶ᠋ᠢᠭᠡᠮᠯᠢᠭ᠎ᠤᠨ ᠰᠦᠯᠵᠢᠶᠡᠨ᠎ᠳᠤ ᠴᠠᠭ ᠲᠤᠬᠠᠶ᠎ᠳᠤ᠎ᠨᠢ ᠭᠠᠳᠠᠭᠰᠢ ᠨᠡᠶ᠋ᠢᠲᠡᠯᠡᠬᠦ ᠵᠢᠨ ᠬᠠᠮᠲᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ》 ᠪᠠ 《ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ》 ᠵᠢᠨ ᠲᠠᠪᠴᠠᠩ᠎ᠳᠤ ᠮᠡᠳᠡᠭᠦᠯᠦᠨ ᠬᠦᠷᠭᠡᠬᠦ ᠬᠡᠷᠡᠭᠲᠡᠶ᠃
      ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠶ᠋ᠢᠴᠠᠭ᠋ᠠᠬᠤ ᠨᠢᠭᠡᠴᠢ ᠪᠣᠯᠤᠨ ᠠᠵᠢᠯᠯᠠᠭᠰᠠᠳ᠎ᠢ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》᠎ᠳᠤ ᠵᠢᠭᠰᠠᠭ᠋ᠠᠨ ᠣᠷᠣᠭᠤᠯᠬᠤ᠎ᠠᠴᠠ ᠡᠮᠦᠨ᠎ᠡ᠂ ᠢᠲᠡᠭᠡᠯ ᠵᠶ᠋ᠠᠨ ᠠᠯᠳᠠᠭᠰᠠᠨ 《ᠬᠠᠷ᠎ᠠ ᠲᠠᠩᠰᠠ》᠎ᠳᠤ ᠵᠢᠭᠰᠠᠭ᠋ᠠᠨ ᠣᠷᠣᠭᠤᠯᠬᠤ ᠤᠴᠢᠷ ᠰᠢᠯᠲᠠᠭ᠋ᠠᠨ ᠪᠠ ᠦᠨᠳᠦᠰᠦᠯᠡᠯ ᠵᠢᠴᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠲᠠᠶ᠋ᠢᠯᠬᠤ ᠨᠥᠬᠥᠴᠡᠯ᠎ᠢ ᠲᠤᠬᠠᠶ᠋ᠢᠲᠠᠶ ᠬᠥᠮᠦᠨ᠎ᠳᠤ ᠮᠡᠳᠡᠭᠳᠡᠬᠦ ᠬᠡᠷᠡᠭᠲᠡᠶ᠃ ᠲᠤᠬᠠᠢ ᠵᠢᠨ ᠬᠥᠮᠦᠨ ᠲᠤᠭ᠋ᠠᠴᠠᠯᠲᠠ ᠬᠢᠬᠦ ᠪᠠ ᠵᠥᠪᠲᠦᠭᠡᠨ ᠲᠣᠳᠣᠷᠬᠠᠶ᠋ᠢᠯᠠᠬᠤ ᠡᠷᠬᠡ᠎ᠲᠠᠢ᠃
      ᠶᠢᠰᠦᠳᠦᠭᠡᠷ ᠵᠦᠢ᠍ᠯ   ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》 ᠵᠢ ᠨᠡᠶ᠋ᠢᠲᠡᠯᠡᠬᠦ ᠬᠤᠭᠤᠴᠠᠭ᠎ᠠ ᠬᠢᠵᠠᠭ᠋ᠠᠷ᠎ᠨᠢ 5 ᠵᠢᠯ ᠪᠣᠯᠤᠨ᠎ᠠ᠃ ᠨᠡᠶ᠋ᠢᠲᠡᠯᠡᠬᠦ ᠪᠠ ᠬᠦᠴᠦᠨ ᠦᠭᠡᠢ ᠪᠣᠯᠭ᠋ᠠᠬᠤ ᠡᠳᠦᠷ ᠬᠤᠭᠤᠴᠠᠭ᠎ᠠ ᠵᠢ ᠴᠥᠮ ᠨᠡᠶ᠋ᠢᠲᠡᠯᠡᠭᠰᠡᠨ ᠡᠳᠦᠷ ᠬᠤᠭᠤᠴᠠᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃ ᠨᠡᠶ᠋ᠢᠲᠡᠯᠡᠬᠦ ᠬᠤᠭᠤᠴᠠᠭ᠎ᠠ ᠳᠠᠭᠤᠰᠪᠠᠯ᠂ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠠᠴᠠ ᠬᠣᠯᠪᠣᠭᠳᠠᠯ ᠪᠥᠬᠥᠶ ᠮᠡᠳᠡᠭᠡ ᠵᠠᠩᠭᠢ ᠵᠢᠨ ᠠᠭᠤᠯᠭ᠎ᠠ ᠵᠢ ᠰᠦᠯᠵᠢᠶᠡᠨ ᠳᠡᠭᠡᠷ᠎ᠡ ᠨᠡᠶ᠋ᠢᠲᠡᠯᠡᠭᠰᠡᠨ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》᠎ᠠᠴᠠ ᠬᠠᠰᠤᠵᠤ ᠭᠠᠷᠭ᠋ᠠᠨ᠎ᠠ᠃
    ᠠᠷᠪᠠᠳᠤᠭ᠋ᠠᠷ ᠵᠦᠢ᠍ᠯ   ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》᠎ᠲᠤ ᠵᠢᠭᠰᠠᠭ᠋ᠠᠨ ᠣᠷᠣᠭᠤᠯᠤᠭᠰᠠᠨ ᠪᠠᠶ᠋ᠢᠴᠠᠭ᠋ᠠᠯᠲᠠ ᠵᠢᠨ ᠨᠢᠭᠡᠴᠢ ᠪᠣᠯᠤᠨ ᠠᠵᠢᠯᠯᠠᠭᠰᠠᠳ ᠥᠪᠡᠷ᠎ᠤᠨ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ ᠵᠢ ᠨᠢᠭᠡᠨᠲᠡ ᠴᠡᠭᠴᠡᠯᠡᠨ ᠥᠭᠡᠷᠡᠴᠢᠯᠡᠭᠰᠡᠨ ᠵᠶ᠋ᠠᠷ ᠦᠵᠡᠪᠡᠯ᠂ ᠢᠲᠡᠭᠡᠯ ᠵᠶ᠋ᠠᠨ ᠠᠯᠳᠠᠭᠰᠠᠨ ᠮᠡᠳᠡᠭᠡ ᠵᠠᠩᠭᠢ ᠵᠢ ᠨᠤᠲᠠᠯᠠᠨ ᠲᠣᠭᠲᠠᠭ᠋ᠠᠭᠰᠠᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠢᠲᠡᠭᠡᠮᠵᠢ ᠵᠢ ᠰᠡᠷᠭᠦᠭᠡᠬᠦ ᠭᠤᠶᠤᠴᠢᠯᠠᠯ ᠵᠶ᠋ᠠᠨ ᠳᠤᠷᠠᠳᠬᠤ ᠵᠢᠨ ᠬᠠᠮᠲᠤ 《ᠢᠲᠡᠭᠡᠯ ᠵᠶ᠋ᠠᠨ ᠠᠯᠳᠠᠭᠰᠠᠨ 〈ᠬᠠᠷ᠎ᠠ ᠳᠠᠩᠰᠠ〉 ᠵᠢ ᠬᠦᠴᠦᠨ ᠦᠭᠡᠢ ᠪᠣᠯᠭ᠋ᠠᠬᠤ ᠭᠤᠶᠤᠴᠢᠯᠠᠯ᠎ᠤᠨ ᠬᠦᠰᠦᠨᠦᠭᠲᠦ》 (ᠳᠠᠭ᠋ᠠᠯᠳᠤᠭᠤᠯᠤᠯ ᠬᠦᠰᠦᠨᠦᠭᠲᠦ) ᠵᠢᠴᠢ ᠬᠠᠮᠢᠶ᠎ᠠ ᠪᠦᠬᠦᠢ ᠴᠡᠭᠴᠡᠯᠡᠨ ᠥᠭᠡᠷᠡᠴᠢᠯᠡᠭᠰᠡᠨ ᠮᠠᠲ᠋ᠧᠷᠢᠶᠠᠯ ᠵᠶ᠋ᠠᠨ ᠲᠤᠰᠢᠶᠠᠵᠤ ᠪᠣᠯᠤᠨ᠎ᠠ᠃
      ᠪᠠᠶ᠋ᠢᠴᠠᠭ᠋ᠠᠯᠲᠠ᠎ᠪᠠᠷ ᠳᠡᠮᠵᠢᠨ ᠨᠢᠭᠡᠨᠲᠡ ᠴᠡᠭᠴᠡᠯᠡᠨ ᠰᠠᠶ᠋ᠢᠵᠢᠷᠠᠭᠤᠯᠤᠭᠰᠠᠨ ᠵᠶ᠋ᠠᠷ ᠦᠵᠡᠪᠡᠯ᠂ ᠢᠲᠡᠭᠡᠯ ᠵᠶ᠋ᠡᠨ ᠠᠯᠳᠠᠭᠰᠠᠨ ᠮᠡᠳᠡᠭᠡ ᠵᠠᠩᠭᠢ ᠵᠢ ᠨᠤᠲᠠᠯᠠᠨ ᠲᠣᠭᠲᠠᠭ᠋ᠠᠭᠰᠠᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠢᠲᠡᠭᠡᠮᠵᠢ᠎ᠪᠠᠨ ᠰᠡᠷᠭᠦᠭᠡᠬᠦ ᠵᠢᠨ ᠬᠠᠮᠲᠤ᠂ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠲᠤ ᠮᠡᠳᠡᠭᠦᠯᠦᠨ᠎ᠡ᠃ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠨᠢ ᠰᠦᠯᠵᠢᠶᠡᠨ ᠥᠷᠲᠡᠭᠡ᠎ᠠᠴᠠ ᠬᠠᠮᠢᠶ᠎ᠠ ᠪᠥᠬᠥᠶ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠬᠠᠰᠤᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ》 ᠪᠣᠯᠤᠨ 《ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ》᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
      ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠪᠣᠳᠠᠲᠠᠶ᠋ᠢᠵᠢᠭᠤᠯᠤᠭᠰᠠᠨ ᠥᠬᠡᠶ ᠭᠡᠵᠦ ᠨᠤᠲᠠᠯᠠᠭᠰᠠᠨ ᠪᠠᠶ᠋ᠢᠪᠠᠯ᠂ ᠢᠲᠡᠭᠡᠮᠵᠢ ᠵᠢ᠎ᠨᠢ ᠰᠡᠷᠭᠦᠭᠡᠵᠦ ᠥᠭᠬᠦ ᠥᠬᠡᠶ ᠪᠥᠭᠡᠳ ᠭᠤᠶᠤᠴᠢᠯᠠᠭᠴᠢ᠎ᠳᠤ ᠮᠡᠳᠡᠭᠳᠡᠬᠦ ᠬᠡᠷᠡᠭᠲᠡᠶ᠃
      ᠠᠷᠪᠠᠨ ᠨᠢᠭᠡᠳᠦᠭᠡᠷ ᠵᠦᠢ᠍ᠯ   ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》᠎ᠳᠤ ᠵᠢᠭᠰᠠᠭ᠋ᠠᠭᠳᠠᠭᠰᠠᠨ ᠨᠢᠭᠡᠴᠢ ᠪᠠ ᠠᠵᠢᠯᠯᠠᠭᠰᠠᠳ᠎ᠲᠤ᠂ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢ ᠨᠡᠶ᠋ᠢᠲᠡᠯᠡᠬᠦ ᠬᠤᠭᠤᠴᠠᠭ᠋ᠠᠨ᠎ᠳᠤ᠂ ᠳᠤᠤᠷᠠᠬᠢ ᠮᠡᠲᠦ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠄  
     (ᠨᠢᠭᠡ) ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》᠎ᠳᠤ ᠣᠷᠣᠭᠤᠯᠤᠭᠰᠠᠨ ᠨᠢᠭᠡᠴᠢ ᠪᠠ ᠠᠵᠢᠯ ᠡᠷᠬᠢᠯᠡᠭᠰᠡᠳ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠬᠡᠪᠴᠢᠶᠡᠨ᠎ᠳᠤ ᠣᠷᠣᠭᠤᠯᠤᠨ᠎ᠠ;
     (ᠬᠣᠶᠠᠷ) ᠲᠡᠷᠢᠭᠦᠨ᠎ᠢ ᠰᠢᠯᠭ᠋ᠠᠷᠠᠭᠤᠯᠵᠤ ᠰᠢᠯᠢᠳᠡᠭ᠎ᠢ ᠰᠣᠩᠭᠣᠬᠤ ᠵᠡᠷᠭᠡ ᠬᠥᠬᠢᠭᠦᠯᠦᠨ ᠰᠠᠶ᠋ᠢᠰᠢᠶᠠᠬᠤ ᠠᠵᠢᠯ᠎ᠤᠨ ᠳᠤᠮᠳᠠ ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》᠎ᠳᠤ ᠣᠷᠣᠭᠤᠯᠤᠭᠰᠠᠨ ᠨᠢᠭᠡᠴᠢ ᠪᠠ ᠠᠵᠢᠯᠯᠠᠭᠰᠠᠳ᠎ᠢ ᠬᠢᠵᠠᠭ᠋ᠠᠷᠯᠠᠨ᠎ᠠ;
     (ᠭᠤᠷᠪᠠ) ᠢᠲᠡᠭᠡᠯ ᠵᠶ᠋ᠠᠨ ᠠᠯᠳᠠᠭᠰᠠᠨ 《ᠬᠠᠷ᠎ᠠ ᠲᠠᠨᠭ᠌ᠰᠠ》᠎ᠳᠤ ᠣᠷᠣᠭᠤᠯᠤᠭᠰᠠᠨ ᠪᠠᠶ᠋ᠢᠴᠠᠭ᠋ᠠᠯᠲᠠ ᠵᠢᠨ ᠨᠢᠭᠡᠴᠢ᠎ᠳᠤ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠬᠦ ᠲᠦᠷᠦᠯ ᠵᠦᠢ᠍ᠯ᠎ᠤᠨ ᠵᠠᠯᠭ᠋ᠠᠨ ᠠᠪᠬᠤ ᠵᠢ ᠬᠢᠵᠠᠭ᠋ᠠᠷᠯᠠᠨ᠎ᠠ; 
     (ᠳᠥᠷᠪᠡ) ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠨᠢᠭᠡᠴᠢ᠎ᠳᠤ ᠣᠷᠣᠭᠤᠯᠤᠭᠰᠠᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠭᠤᠤᠯ ᠬᠠᠷᠢᠭᠤᠴᠠᠯᠭ᠋ᠠᠲᠠᠨ ᠪᠠ ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ᠎ᠳᠤ ᠰᠢᠭᠤᠳ ᠬᠠᠷᠢᠭᠤᠴᠠᠯᠭ᠎ᠠ᠎ᠲᠠᠢ ᠠᠵᠢᠯᠯᠠᠭᠰᠠᠳ ᠵᠡᠷᠭᠡ᠎ᠳᠤ ᠵᠠᠬ᠎ᠠ ᠳᠡᠯᠭᠡᠭᠦᠷ ᠪᠠ ᠠᠵᠢᠯ ᠲᠥᠷᠥᠯ᠎ᠳᠤ ᠣᠷᠣᠬᠤ ᠵᠢ ᠴᠠᠭ᠋ᠠᠵᠠᠯᠠᠬᠤ ᠵᠢ ᠬᠡᠷᠡᠭᠵᠢᠭᠦᠯᠦᠨ᠎ᠡ᠃
      ᠠᠷᠪᠠᠨ ᠬᠣᠶᠠᠳᠤᠭ᠋ᠠᠷ ᠵᠦᠢ᠍ᠯ   ᠪᠠᠶ᠋ᠢᠴᠠᠭ᠋ᠠᠬᠤ ᠨᠢᠭᠡᠴᠢ ᠵᠢᠴᠢ ᠠᠵᠢᠯᠯᠠᠭᠰᠠᠳ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠬᠢᠭᠡᠳ ᠦᠨᠡᠯᠡᠨ ᠵᠢᠱ᠌ᠢᠬᠦ ᠨᠡᠶ᠋ᠢᠭᠡᠮᠯᠢᠭ᠎ᠤᠨ ᠨᠡᠶ᠋ᠢᠲᠡᠯᠡᠭᠰᠡᠨ ᠢᠲᠡᠭᠡᠮᠵᠢ ᠵᠢᠨ ᠮᠡᠳᠡᠭᠡ ᠵᠠᠩᠭᠢ᠎ᠳᠤ ᠪᠤᠷᠤᠭᠤ᠎ᠲᠠᠢ᠂ ᠣᠷᠬᠢᠭᠳᠠᠭᠰᠠᠨ᠂ ᠨᠢᠭᠡᠨᠲᠡ ᠲᠣᠭᠲᠠᠭ᠋ᠠᠭᠰᠠᠨ ᠬᠠᠳᠠᠭ᠋ᠠᠯᠠᠬᠤ ᠪᠠ ᠨᠡᠶ᠋ᠢᠲᠡᠯᠡᠬᠦ ᠬᠤᠭᠤᠴᠠᠭ᠎ᠠ᠎ᠠᠴᠠ ᠬᠡᠲᠦᠷᠡᠭᠰᠡᠨ ᠭᠡᠵᠦ ᠦᠵᠡᠪᠡᠯ᠂ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠲᠤ ᠤᠨᠳᠤᠤ ᠰᠠᠨᠠᠯ ᠵᠶ᠋ᠠᠨ ᠳᠤᠷᠠᠳᠴᠤ ᠪᠣᠯᠤᠨ᠎ᠠ᠃ ᠪᠠᠶ᠋ᠢᠴᠠᠭ᠋ᠠᠬᠤ ᠨᠢᠭᠡᠴᠢ ᠵᠢᠴᠢ ᠠᠵᠢᠯᠯᠠᠭᠰᠠᠳ ᠤᠨᠳᠤᠤ ᠰᠠᠨᠠᠯ ᠳᠤᠷᠠᠳᠤᠭᠰᠠᠨ ᠪᠠᠶ᠋ᠢᠪᠠᠯ᠂ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠡᠩᠰᠡᠯᠡᠨ ᠲᠡᠮᠳᠡᠭᠯᠡᠬᠦ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠨᠢ ᠤᠨᠳᠤᠤ ᠰᠠᠨᠠᠯ᠎ᠤᠨ ᠲᠣᠳᠣᠷᠬᠠᠶ᠋ᠢᠯᠠᠯᠲᠠ ᠬᠢᠵᠦ᠂ ᠢᠲᠡᠭᠡᠯ ᠵᠶ᠋ᠠᠨ ᠠᠯᠳᠠᠭᠰᠠᠨ ᠮᠡᠳᠡᠭᠡ ᠵᠠᠩᠭᠢ ᠵᠢ ᠨᠤᠲᠠᠯᠠᠨ ᠵᠥᠪᠰᠢᠶᠡᠷᠡᠭᠰᠡᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠳᠤᠤᠷᠠᠬᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠄
    (ᠨᠢᠭᠡ) ᠮᠡᠳᠡᠭᠡ ᠵᠠᠩᠭᠢ᠎ᠳᠤ ᠪᠣᠳᠠᠲᠤ ᠬᠡᠷᠡᠭ᠎ᠨᠢ ᠪᠤᠷᠤᠭᠤ ᠪᠠᠶ᠋ᠢᠪᠠᠯ ᠬᠠᠰᠤᠬᠤ ᠬᠡᠷᠡᠭᠲᠡᠶ;
    (ᠬᠣᠶᠠᠷ) ᠮᠡᠳᠡᠭᠡ ᠵᠠᠩᠭᠢ᠎ᠳᠤ ᠥᠰᠥᠭ ᠪᠢᠴᠢᠭ᠎ᠨᠢ ᠪᠤᠷᠤᠭᠤ ᠪᠠᠶ᠋ᠢᠪᠠᠯ ᠵᠠᠯᠠᠷᠠᠭᠤᠯᠵᠤ ᠥᠭᠭᠦᠨ᠎ᠡ;
    (ᠭᠤᠷᠪᠠ) ᠮᠡᠳᠡᠭᠡ ᠵᠠᠩᠭᠢ᠎ᠳᠤ ᠣᠷᠬᠢᠭᠳᠠᠭᠤᠯᠤᠭᠰᠠᠨ ᠵᠦᠢ᠍ᠯ ᠣᠷᠣᠰᠢᠵᠤ ᠪᠠᠶ᠋ᠢᠪᠠᠯ ᠨᠥᠬᠥᠪᠥᠷᠢᠯᠡᠨ᠎ᠡ;
    (ᠳᠥᠷᠪᠡ) ᠮᠡᠳᠡᠭᠡ ᠵᠠᠩᠭᠢ᠎ᠨᠢ ᠲᠣᠰ ᠲᠦᠷᠢᠮ᠎ᠳᠤ ᠲᠣᠭᠲᠠᠭ᠋ᠠᠭᠰᠠᠨ ᠬᠤᠭᠤᠴᠠᠭ᠎ᠠ ᠬᠢᠵᠠᠭ᠋ᠠᠷ᠎ᠠᠴᠠ ᠬᠡᠲᠦᠷᠡᠭᠰᠡᠨ ᠪᠠᠶ᠋ᠢᠲᠠᠯ᠎ᠠ ᠮᠥᠨ ᠬᠦ᠌ ᠨᠡᠶ᠋ᠢᠲᠡᠯᠡᠭᠰᠡᠭᠡᠷ ᠪᠠᠶ᠋ᠢᠪᠠᠯ᠂ ᠨᠡᠶ᠋ᠢᠲᠡᠯᠡᠬᠦ᠎ᠪᠠᠨ ᠵᠣᠭᠰᠣᠭ᠋ᠠᠬᠤ ᠬᠡᠷᠡᠭᠲᠡᠶ᠃
    ᠠᠷᠪᠠᠨ ᠭᠤᠷᠪᠠᠳᠤᠭ᠋ᠠᠷ ᠵᠦᠢ᠍ᠯ   ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》᠎ᠳᠤ ᠵᠢᠭᠰᠠᠭ᠋ᠠᠨ ᠣᠷᠣᠭᠤᠯᠤᠭᠰᠠᠨ ᠪᠠᠶ᠋ᠢᠴᠠᠭ᠋ᠠᠬᠤ ᠨᠢᠭᠡᠴᠢ᠎ᠨᠢ ᠢᠲᠡᠭᠡᠯ ᠵᠶ᠋ᠠᠨ ᠠᠯᠳᠠᠭᠰᠠᠨ 《ᠬᠠᠷ᠎ᠠ ᠳᠠᠩᠰᠠ》 ᠵᠢᠨ ᠬᠠᠮᠢᠶᠠᠷᠤᠯᠲᠠ ᠵᠢᠨ ᠬᠤᠭᠤᠴᠠᠭ᠋ᠠᠨ ᠳᠣᠲᠣᠷ᠎ᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠳᠠᠬᠢᠨ ᠡᠭᠦᠰᠦᠭᠰᠡᠨ ᠪᠤᠶᠤ ᠴᠡᠭᠴᠡᠯᠡᠨ ᠰᠠᠶ᠋ᠢᠵᠢᠷᠠᠭᠤᠯᠤᠭᠰᠠᠨ᠎ᠨᠢ ᠬᠦᠴᠦᠨ ᠦᠭᠡᠶ ᠪᠠᠶ᠋ᠢᠪᠠᠯ᠂ ᠲᠡᠭᠦᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠬᠦᠨᠳᠦ᠎ᠪᠠᠷ ᠰᠢᠢ᠍ᠳᠪᠦᠷᠢᠯᠡᠨ᠎ᠡ᠃
    ᠠᠷᠪᠠᠨ ᠳᠥᠷᠪᠡᠳᠦᠭᠡᠷ ᠵᠦᠢ᠍ᠯ   ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠠᠴᠠ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠲᠦᠷᠢᠮ᠎ᠤᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠵᠣᠷᠢᠭᠵᠢᠭᠤᠯᠵᠤ᠂ ᠢᠲᠡᠭᠡᠯ ᠵᠶ᠋ᠡᠨ ᠠᠯᠳᠠᠭᠰᠠᠨ 《ᠬᠠᠷ᠎ᠠ ᠲᠠᠩᠰᠠ》 ᠵᠢᠨ ᠲᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠳᠠᠯ᠎ᠢ ᠣᠯᠵᠤ ᠮᠡᠳᠡᠪᠡᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ; ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠤ ᠢᠲᠡᠭᠡᠯ ᠵᠶ᠋ᠡᠨ ᠠᠯᠳᠠᠭᠰᠠᠨ 《ᠬᠠᠷ᠎ᠠ ᠳᠠᠩᠰᠠ》᠎ᠳᠤ ᠵᠢᠭᠰᠠᠭ᠋ᠠᠨ ᠣᠷᠣᠭᠤᠯᠪᠠᠯ ᠵᠣᠬᠢᠬᠤ ᠬᠢᠨᠠᠨ ᠬᠠᠮᠢᠶᠠᠷᠬᠤ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠤᠨ᠎ᠠ᠃
    ᠠᠷᠪᠠᠨ ᠲᠠᠪᠤᠳᠤᠭ᠋ᠠᠷ ᠵᠦᠢ᠍ᠯ   ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠥᠪᠥᠷ ᠮᠣᠩᠭᠣᠯ᠎ᠤᠨ ᠥᠯᠥ ᠬᠥᠳᠡᠯᠬᠦ ᠬᠥᠷᠥᠩᠭᠡ ᠵᠢ ᠪᠠᠶ᠋ᠢᠴᠠᠭ᠋ᠠᠨ ᠳᠠᠩᠰᠠᠯᠠᠬᠤ ᠪᠠ ᠦᠨᠡᠯᠡᠨ ᠵᠢᠱ᠌ᠢᠬᠦ ᠨᠡᠶ᠋ᠢᠭᠡᠮᠯᠢᠭ᠎ᠤᠨ ᠠᠵᠢᠯᠲᠠᠳ ᠲᠣᠰ ᠠᠷᠭ᠎ᠠ ᠵᠢ ᠵᠥᠷᠢᠴᠡᠭᠰᠡᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ᠂ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠣᠰᠣᠯᠳᠠᠭᠰᠠᠨ ᠪᠠᠶ᠋ᠢᠪᠠᠯ᠂ ᠰᠢᠭᠤᠳ ᠬᠠᠷᠢᠭᠤᠴᠠᠯᠭ᠎ᠠ᠎ᠲᠠᠢ ᠬᠥᠮᠦᠰ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠠᠷᠪᠠᠨ ᠵᠢᠷᠭᠤᠳᠤᠭ᠋ᠠᠷ ᠵᠦᠢ᠍ᠯ   ᠲᠣᠰ ᠠᠷᠭ᠎ᠠ ᠵᠢ 2020 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ 2 ᠵᠢᠯ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠭᠠᠵᠠᠷ ᠰᠢᠷᠣᠶ ᠬᠡᠷᠡᠭᠯᠡᠬᠦ ᠵᠢ ᠬᠢᠨᠠᠨ ᠵᠥᠪᠰᠢᠶᠡᠷᠡᠬᠦ ᠡᠷᠬᠡ ᠵᠢ ᠳᠣᠷᠣᠭᠰᠢ ᠪᠠᠭᠤᠯᠭ᠋ᠠᠭᠰᠠᠨ ᠬᠣᠯᠪᠣᠭᠳᠠᠯ ᠪᠥᠬᠥᠶ ᠵᠦᠶᠯᠡᠰ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ᠎ᠤ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠲᠠᠪᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠳᠥᠯᠭᠢᠨ ᠠᠬᠢᠭᠤᠯᠬᠤ ᠵᠦᠶᠯᠡᠰ᠎ᠤᠳ᠎ᠤᠨ ᠲᠤᠬᠠᠶ ᠰᠠᠨᠠᠯ (ᠲᠤᠷᠰᠢᠨ ᠬᠡᠷᠡᠭᠵᠢᠭᠦᠯᠬᠦ)》᠎ᠳᠤ ᠲᠠᠶ᠋ᠢᠯᠤᠮᠵᠢ ᠬᠢᠪᠠ
ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠵᠢ ᠲᠣᠭᠲᠠᠭᠤᠨ ᠪᠠᠶ᠋ᠢᠯᠭ᠋ᠠᠬᠤ ᠵᠢᠨ ᠬᠠᠮᠲᠤ ᠣᠷᠳᠣ ᠬᠤᠭᠤᠴᠠᠭ᠎ᠠ᠎ᠪᠠᠷ ᠬᠤᠪᠢᠷᠠᠭᠤᠯᠬᠤ ᠥᠬᠡᠶ ᠪᠠᠶ᠋ᠢᠬᠤ ᠵᠢ ᠪᠠᠲᠤᠯᠠᠵᠤ ᠲᠦᠭ ᠲᠦᠮᠡᠨ ᠲᠠᠷᠢᠶᠠᠴᠢᠨ ᠡᠷᠦᠬᠡ ᠵᠢᠨ ᠰᠡᠳᠬᠢᠯ᠎ᠢ ᠠᠮᠤᠷᠵᠢᠭᠤᠯᠤᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭ᠋ᠸᠤᠯᠦᠬᠢ᠎ᠤᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ (2021 — 2025 ᠣᠨ)》 ᠵᠢᠨ ᠲᠠᠶ᠋ᠢᠯᠤᠮᠵᠢ
 
            