ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠠᠵᠤ ᠠᠬᠤᠶ᠋ᠢᠯᠠᠯ᠎ᠤᠨ ᠲᠤᠰᠠᠳᠠ ᠳᠥᠷᠪᠡᠨ ᠰᠠᠯᠠᠭ᠎ᠠ ᠮᠥᠴᠢᠷ ᠬᠤᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ!
ᠨᠡᠶ᠋ᠢᠲᠡᠯᠡᠭᠰᠡᠨ ᠴᠠᠭ᠄ 2025-04-23

    ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠶᠠᠪᠤᠳᠠᠯ᠎ᠨᠢ ᠠᠵᠤ ᠠᠬᠤᠶ᠋ᠢᠯᠠᠯ᠎ᠤᠳ᠎ᠤᠨ ᠲᠤᠰ ᠪᠡᠶ᠎ᠡ ᠵᠢᠨ ᠬᠢᠨᠢ ᠠᠰᠢᠭ ᠲᠤᠰᠠ᠎ᠲᠠᠢ ᠬᠤᠯᠪᠣᠭᠳᠠᠵᠤ ᠪᠠᠶ᠋ᠢᠳᠠᠭ᠂ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠣᠯ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠥᠪᠡᠷ᠎ᠤᠨ ᠦᠷᠳᠡᠭ᠎ᠢ᠎ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ》᠎ᠢ ᠳᠠᠷᠤᠮᠠᠯᠯᠠᠨ ᠶᠠᠪᠤᠭᠤᠯᠪᠠ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 3 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠦᠳᠡ ᠵᠢᠨ ᠬᠤᠶ᠋ᠢᠨ᠎ᠠ ᠲᠤᠰᠬᠠᠢ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ᠎ᠠᠴᠠ ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠤᠭᠰᠠᠨ ᠪᠠᠶ᠋ᠢᠨ᠎ᠠ᠂ ᠬᠠᠮᠲᠤ᠎ᠪᠠᠷ ᠣᠶ᠋ᠢᠯᠠᠭ᠋ᠠᠵᠠᠭ᠋ᠠᠶ᠎ᠠ!
     ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠄
    《ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ》᠎ᠳᠤ ᠲᠤᠯᠤᠭ᠋ᠠᠨ ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠳᠤᠷᠠᠳᠪᠠ
     ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤ ᠵᠢᠨ ᠳᠦᠷᠢᠮ᠎ᠢ ᠲᠡᠭᠦᠯᠳᠡᠷᠵᠢᠭᠦᠯᠪᠡ
     ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠄
     ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ ᠠᠰᠠᠭᠤᠳᠠᠯ ᠣᠷᠣᠰᠢᠵᠤ ᠪᠠᠶ᠋ᠢᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠢᠯᠠᠷᠡᠭᠦᠯᠪᠡᠯ ᠬᠦᠴᠦᠨ ᠦᠭᠡᠢ ᠪᠣᠯᠭ᠋ᠠᠪᠠᠰᠤ ᠵᠣᠬᠢᠬᠤ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ᠎ᠨᠢ ᠡᠷᠡᠰ ᠰᠢᠭᠤᠷᠬᠠᠢ᠎ᠪᠠᠷ ᠬᠦᠴᠦᠨ ᠦᠭᠡᠢ ᠪᠣᠯᠭ᠋ᠠᠵᠤ᠂ ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤᠨ᠎ᠳᠤ ᠣᠷᠣᠭᠤᠯᠪᠠᠰᠤ ᠵᠣᠬᠢᠬᠤ ᠵᠢ᠎ᠨᠢ ᠴᠠᠭ ᠲᠤᠬᠠᠢ᠎ᠳᠤ᠎ᠨᠢ ᠣᠷᠣᠭᠤᠯᠬᠤ ᠬᠡᠷᠡᠭᠲᠡᠢ᠃
     ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠲᠣᠭᠲᠠᠭ᠋ᠠᠯ᠎ᠠᠴᠠ ᠵᠥᠷᠢᠴᠡᠨ ᠰᠢᠨ᠎ᠡ᠎ᠪᠠᠷ ᠭᠠᠷᠭ᠋ᠠᠬᠤ ᠵᠢ ᠴᠢᠩᠭ᠎ᠠ ᠬᠤᠷᠢᠭᠯᠠᠵᠤ᠂ ᠡᠭᠦᠰᠦᠮᠡᠯ ᠴᠢᠨᠠᠷᠲᠠᠢ ᠵᠠᠭᠤᠴᠢ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ᠂  ᠡᠯᠧᠺᠲᠷᠣᠨ ᠵᠠᠰᠠᠭ᠎ᠤᠨ ᠶᠠᠪᠤᠳᠠᠯ᠎ᠤᠨ ᠲᠠᠪᠴᠠᠩ᠎ᠤᠨ ᠰᠦᠢ᠍ᠳᠬᠡᠯ ᠬᠤᠷᠢᠶᠠᠬᠤ ᠵᠡᠷᠭᠡ ᠠᠰᠠᠭᠤᠳᠠᠯ ᠭᠠᠷᠬᠤ ᠵᠢ ᠴᠢᠩᠭ᠎ᠠ ᠰᠡᠷᠭᠡᠶ᠋ᠢᠯᠡᠨ᠎ᠡ
     ᠥᠨᠥ ᠵᠢᠯ᠂ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠥᠪᠡᠷᠰᠡᠳ ᠵᠶ᠋ᠠᠨ ᠳᠣᠭᠲᠠᠭ᠋ᠠᠬᠤ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠬᠤ᠂ ᠪᠤᠰᠤᠳ ᠵᠶ᠋ᠠᠷ ᠲᠤᠰᠢᠶᠠᠯᠭ᠋ᠠᠬᠤ ᠰᠦᠢ᠍ᠳᠬᠡᠯ ᠵᠡᠷᠭᠡ ᠠᠰᠠᠭᠤᠳᠠᠯ᠎ᠢ ᠭᠤᠣᠯᠳᠠᠯᠭ᠎ᠠ᠎ᠲᠠᠢ ᠪᠠᠶ᠋ᠢᠴᠠᠭ᠋ᠠᠨ ᠰᠢᠢ᠍ᠳᠪᠦᠷᠢᠯᠡᠨ᠎ᠡ
     ᠡᠳ᠋᠎ᠤᠨ ᠵᠠᠰᠠᠭ᠎ᠤᠨ ᠶᠠᠮᠤᠨ᠄
    2013 ᠣᠨ᠎ᠠᠴᠠ ᠨᠠᠭ᠋ᠠᠰᠢ᠂ ᠲᠥᠪ᠎ᠤᠨ ᠳᠣᠭᠲᠠᠭ᠋ᠠᠭᠰᠠᠨ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠢ ᠬᠤᠷᠢᠶᠠᠵᠤ ᠪᠠᠶ᠋ᠢᠭᠰᠠᠨ 185 ᠵᠦᠢ᠍ᠯ᠎ᠤᠨ ᠰᠦᠢ᠍ᠳᠬᠡᠯ᠎ᠢ ᠴᠥᠬᠡᠳᠬᠡᠭᠡᠳ 50 ᠵᠦᠢ᠍ᠯ ᠪᠣᠯᠭ᠋ᠠᠨ ᠬᠠᠰᠤᠵᠤ᠂ 73%᠎ᠪᠠᠷ ᠪᠠᠭ᠋ᠠᠰᠬᠠᠪᠠ
     ᠫᠣᠷᠲ᠋ᠠᠯ ᠰᠦᠯᠵᠢᠶ᠎ᠡ᠎ᠳᠤ ᠨᠡᠶ᠋ᠢᠲᠡᠯᠡᠭᠰᠡᠨ ᠵᠶ᠋ᠠᠷ ᠪᠣᠯ ᠪᠦᠬᠦ ᠤᠯᠤᠰ᠎ᠤᠨ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤ ᠵᠢ ᠨᠢᠭᠡᠳᠬᠡᠯ ᠰᠦᠯᠵᠢᠶ᠎ᠡ᠎ᠪᠠᠷ ᠨᠡᠶ᠋ᠢᠲᠡᠯᠡᠨ᠎ᠡ
     ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠄
     ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠪᠠᠲᠤᠯᠠᠬᠤ ᠮᠥᠩᠭᠦ ᠵᠢᠨ ᠭᠠᠷᠴᠠᠭ᠎ᠤᠨ ᠲᠣᠳᠣᠷᠬᠠᠢ ᠬᠠᠭᠤᠳᠠᠰᠤ ᠵᠢᠨ ᠠᠭᠤᠯᠭ᠎ᠠ ᠵᠢ ᠬᠥᠳᠡᠯᠦᠩᠭᠦᠢ᠎ᠪᠠᠷ ᠲᠣᠬᠢᠷᠠᠭᠤᠯᠵᠤ᠂ ᠪᠡᠯᠡᠨ ᠵᠣᠭᠤᠰ ᠵᠶ᠋ᠠᠷ ᠪᠠᠲᠤᠯᠠᠬᠤ ᠵᠢ ᠪᠠᠲᠤᠯᠠᠭ᠎ᠠ ᠵᠢᠨ ᠪᠢᠴᠢᠭ (ᠳᠠᠭ᠋ᠠᠳᠬᠠᠯ) ᠵᠶ᠋ᠠᠷ ᠣᠷᠣᠯᠠᠭᠤᠯᠬᠤ ᠬᠡᠪᠴᠢᠶ᠎ᠡ᠎ᠪᠠᠨ ᠥᠷᠭᠡᠳᠬᠡᠨ᠎ᠡ
     ᠠᠵᠤ ᠠᠬᠤᠶ᠋ᠢᠯᠠᠯ᠎ᠯᠤᠭ᠎ᠠ ᠬᠤᠯᠪᠣᠭᠳᠠᠭᠰᠠᠨ ᠰᠦᠢ᠍ᠳᠬᠡᠯ ᠬᠤᠷᠢᠶᠠᠬᠤ   ᠦᠢ᠍ᠯᠡ ᠠᠵᠢᠯᠯᠠᠭ᠎ᠠ ᠵᠢ᠎ᠨᠢ ᠵᠢᠷᠤᠮᠵᠢᠭᠤᠯᠬᠤ ᠵᠢ ᠴᠢᠬᠤᠯᠠ ᠠᠭᠤᠯᠭ᠎ᠠ ᠪᠣᠯᠭ᠋ᠠᠵᠤ᠂ 2025 ᠣᠨ᠎ᠤ ᠪᠥᠬᠦ ᠤᠯᠤᠰ᠎ᠲᠠᠬᠢ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠤᠨ ᠬᠡᠷᠡᠭᠵᠢᠭᠦᠯᠬᠦ ᠲᠥᠰᠥᠯ᠎ᠢ ᠨᠡᠶ᠋ᠢᠲᠡᠯᠡᠨ᠎ᠡ
    

ᠢᠷᠡᠯᠲᠡ᠄ ᠥᠪᠥᠷ ᠮᠣᠩᠭᠣᠯ ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠳᠤ 29 ᠵᠦᠢ᠍ᠯ ᠨᠡᠮᠡᠪᠡ᠂ ᠡᠨᠡ ᠵᠢᠯ᠎ᠤᠨ ᠶᠡᠭᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠨᠡᠷ᠎ᠡ ᠮᠡᠳᠡᠭᠦᠯᠵᠦ ᠪᠣᠯᠣᠨ᠎ᠠ
《2025 ᠣᠨ᠎ᠤ ᠪᠥᠬᠦ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠶ᠋ᠢᠯᠤᠮᠵᠢ
ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠠᠪᠤᠭᠰᠠᠨ ᠪᠠᠶ᠋ᠢᠳᠠᠯ ᠳᠣᠣᠷ᠎ᠠ ᠡᠪᠡᠳᠴᠢᠨ ᠦᠵᠡᠭᠦᠯᠬᠦ᠎ᠳᠤ ᠡᠮᠴᠢᠯᠡᠭᠡᠨ᠎ᠤ ᠳᠠᠭ᠋ᠠᠳᠬᠠᠯ ᠵᠶ᠋ᠠᠷ ᠳᠠᠩᠰᠠ ᠪᠠᠰᠠ ᠳᠡᠶ᠋ᠢᠯᠵᠦ ᠪᠣᠯᠬᠤ ᠦᠦ?
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠣᠭᠤᠳᠬᠤ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠬᠡᠷᠬᠢᠨ ᠪᠠᠶ᠋ᠢᠭᠤᠯᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ)
 
            