ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠳᠤ 29 ᠵᠦᠢ᠍ᠯ ᠨᠡᠮᠡᠪᠡ᠂ ᠡᠨᠡ ᠵᠢᠯ᠎ᠤᠨ ᠶᠡᠭᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠨᠡᠷ᠎ᠡ ᠮᠡᠳᠡᠭᠦᠯᠵᠦ ᠪᠣᠯᠣᠨ᠎ᠠ
ᠨᠡᠶ᠋ᠢᠲᠡᠯᠡᠭᠰᠡᠨ ᠴᠠᠭ᠄ 2025-04-29

    ᠰᠤᠷᠭ᠋ᠠᠨ ᠬᠥᠮᠦᠵᠢᠯ᠎ᠤᠨ ᠶᠠᠮᠤᠨ 4 ᠳ᠋ᠦ᠍ᠭᠡᠷ ᠰᠠᠷ᠎ᠠ ᠵᠢᠨ 22᠎ᠤᠨ ᠡᠳᠦᠷ 2024 ᠣᠨ᠎ᠤ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠤᠨ ᠳᠠᠩᠰᠠᠯᠠᠯᠲᠠ ᠪᠠ ᠬᠢᠨᠠᠨ ᠵᠥᠪᠰᠢᠶᠡᠷᠡᠯ᠎ᠤᠨ ᠳ᠋ᠦᠩ᠎ᠢ ᠨᠡᠶ᠋ᠢᠲᠡᠯᠡᠬᠦ᠎ᠳᠤ᠂ ᠪᠥᠬᠦ ᠤᠯᠤᠰ᠎ᠤᠨ ᠶᠡᠭᠡ ᠳᠡᠭᠡᠳᠦ ᠰᠤᠷᠭ᠋ᠠᠭᠤᠯᠢ᠎ᠳᠤ ᠨᠡᠶ᠋ᠢᠲᠡ 1839 ᠲᠤᠰᠬᠠᠢ ᠮᠡᠷᠭᠡᠵᠢᠯ᠎ᠤᠨ ᠴᠡᠭ ᠨᠡᠮᠡᠭᠳᠡᠵᠦ᠂ 2220 ᠲᠤᠰᠬᠠᠢ ᠮᠡᠷᠭᠡᠵᠢᠯ᠎ᠤᠨ ᠴᠡᠭ᠎ᠲᠤ ᠰᠣᠷᠣᠭᠴᠢ ᠡᠯᠰᠡᠬᠦ ᠵᠢ᠎ᠨᠢ ᠵᠣᠭᠰᠣᠭ᠋ᠠᠵᠤ᠂ 1428 ᠲᠤᠰᠬᠠᠢ ᠮᠡᠷᠭᠡᠵᠢᠯ᠎ᠤᠨ ᠴᠡᠭ᠎ᠢ ᠬᠠᠰᠤᠪᠠ᠃
     ᠰᠤᠷᠭ᠋ᠠᠨ ᠬᠥᠮᠦᠵᠢᠯ᠎ᠤᠨ ᠶᠠᠮᠤᠨ 《ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠤᠨ ᠭᠠᠷᠴᠠᠭ (2025 ᠣᠨ)》᠎ᠢ ᠵᠡᠷᠭᠡ᠎ᠳᠤ᠎ᠨᠢ ᠰᠢᠨᠡᠳᠬᠡᠨ ᠨᠡᠶ᠋ᠢᠲᠡᠯᠡᠵᠦ᠂ 29 ᠵᠦᠢ᠍ᠯ᠎ᠤᠨ ᠰᠢᠨ᠎ᠡ ᠲᠤᠰᠬᠠᠢ ᠮᠡᠷᠭᠡᠵᠢᠯ᠎ᠢ ᠨᠡᠮᠡᠨ ᠵᠢᠭᠰᠠᠭ᠋ᠠᠵᠤ᠂ 2025 ᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ᠎ᠪᠠᠷ ᠰᠣᠷᠣᠭᠴᠢ ᠡᠯᠰᠡᠬᠦ ᠪᠣᠯᠪᠠ᠃ ᠰᠢᠨ᠎ᠡ ᠭᠠᠷᠴᠠᠭ᠎ᠲᠤ 93 ᠲᠤᠰᠬᠠᠢ ᠮᠡᠷᠭᠡᠵᠢᠯ᠎ᠤᠨ ᠲᠥᠷᠥᠯ᠂ 845 ᠵᠦᠢ᠍ᠯ᠎ᠤᠨ ᠲᠤᠰᠬᠠᠢ ᠮᠡᠷᠭᠡᠵᠢᠯ᠎ᠢ ᠪᠠᠭᠲᠠᠭ᠋ᠠᠵᠤ᠂ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠪᠠᠴᠢᠮ ᠬᠡᠷᠡᠭᠴᠡᠭᠡ ᠪᠠ ᠴᠢᠨᠠᠷ ᠰᠠᠶ᠋ᠢᠲᠠᠢ ᠬᠥᠭᠵᠢᠯᠲᠡ᠎ᠳᠤ ᠲᠦᠷᠭᠡᠨ ᠨᠡᠶ᠋ᠢᠴᠡᠭᠦᠯᠦᠨ ᠲᠣᠬᠢᠷᠠᠭᠤᠯᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠪᠠ᠃
     ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ ᠲᠠᠯ᠎ᠠ᠎ᠪᠠᠷ᠂ ᠣᠷᠣᠨ ᠪᠦᠰᠡ ᠪᠠ ᠤᠯᠤᠰ᠎ᠤᠳ᠎ᠤᠨ ᠢᠯᠭ᠋ᠠᠯ᠎ᠤᠨ ᠤᠬᠠᠭ᠋ᠠᠨ᠂ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠯ᠎ᠤᠨ ᠰᠢᠨᠵᠢᠯᠡᠬᠦ ᠤᠬᠠᠭ᠋ᠠᠨ ᠬᠢᠭᠡᠳ ᠢᠨᠵᠧᠨᠧᠷᠢᠩ᠂ ᠲᠡᠯᠡᠶ ᠲᠠᠩᠭᠢᠰ᠎ᠤᠨ ᠰᠢᠨᠵᠢᠯᠡᠬᠦ ᠤᠬᠠᠭ᠋ᠠᠨ ᠬᠢᠭᠡᠳ ᠲᠧᠭᠨᠢᠭ ᠮᠡᠷᠭᠡᠵᠢᠯ᠂ ᠡᠷᠡᠭᠦᠯ ᠮᠡᠨᠳᠦ ᠬᠢᠭᠡᠳ ᠡᠮᠴᠢᠯᠡᠭᠡᠨ᠎ᠤ ᠪᠠᠲᠤᠯᠠᠭ᠎ᠠ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
     ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠬᠤᠰᠢᠭᠤᠷᠠᠯ᠎ᠳᠤ ᠬᠠᠨᠳᠤᠭᠤᠯᠤᠨ᠂ ᠣᠶᠤᠨᠴᠢ ᠮᠣᠯᠧᠺᠦ᠋ᠯ᠎ᠤᠨ ᠢᠨᠵᠧᠨᠧᠷᠢᠩ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠵᠢᠨ ᠢᠨᠵᠧᠨᠧᠷᠢᠩ᠂ ᠴᠠᠭ ᠣᠷᠣᠨ ᠵᠠᠢ ᠵᠢᠨ ᠮᠡᠳᠡᠭᠡ ᠵᠠᠩᠭᠢ ᠵᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
    ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠤᠯᠠᠨ ᠤᠯᠤᠰ᠎ᠤᠨ ᠰᠢᠤᠳᠠᠨ᠎ᠤ ᠬᠥᠯᠭᠡ ᠣᠩᠭᠤᠴᠠᠨ᠎ᠤ ᠬᠠᠮᠢᠶᠠᠷᠤᠯᠲᠠ᠂ ᠠᠭ᠋ᠠᠷ ᠠᠶᠠᠯᠠᠯ᠎ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
     ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠵᠣᠬᠢᠶᠠᠮᠠᠯ ᠣᠶᠣᠨ ᠵᠶ᠋ᠠᠷ ᠡᠷᠴᠢᠮᠯᠡᠬᠦ᠎ᠳᠤ ᠠᠩᠬᠠᠷᠤᠯ ᠲᠥᠪᠯᠡᠷᠡᠭᠦᠯᠵᠦ᠂ ᠵᠣᠬᠢᠶᠠᠮᠠᠯ ᠣᠶᠣᠨ᠎ᠤ ᠰᠤᠷᠭ᠋ᠠᠨ ᠬᠥᠮᠦᠵᠢᠯ᠂ ᠣᠶᠤᠨᠴᠢ ᠠᠦ᠋ᠳᠢᠣ᠋ ᠸᠢᠳᠢᠣ᠋ ᠵᠢᠨ ᠢᠨᠵᠧᠨᠧᠷᠢᠩ᠂ ᠳ᠋ᠢᠭᠢᠲ ᠰᠢ ᠵᠦᠴᠦᠭᠡ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ᠃
     ᠣᠳᠣᠬᠠᠨ᠎ᠳᠤ᠂ ᠪᠥᠬᠦ ᠤᠯᠤᠰ᠎ᠤᠨ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠨᠡᠶ᠋ᠢᠲᠡ 6.28 ᠲᠦᠮᠡ ᠪᠠᠶ᠋ᠢᠨ᠎ᠠ᠃ ᠰᠤᠷᠭ᠋ᠠᠨ ᠬᠥᠮᠦᠵᠢᠯ᠎ᠤᠨ ᠶᠠᠮᠤᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠪᠠ ᠠᠵᠢᠯ ᠣᠯᠭᠤᠯᠲᠠ ᠵᠢᠨ ᠠᠵᠢᠯ᠎ᠤᠨ ᠬᠤᠯᠪᠣᠯᠳᠤᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠶᠡᠭᠡ ᠳᠡᠭᠡᠳᠦ ᠰᠤᠷᠭ᠋ᠠᠭᠤᠯᠢ ᠵᠢ ᠵᠢᠭ᠋ᠠᠨ ᠵᠢᠯᠤᠭᠤᠳᠴᠤ ᠪᠠᠶ᠋ᠢᠭ᠋ᠠᠳ ᠦᠯᠡᠳᠡᠭᠡᠯ ᠲᠤᠰᠬᠠᠢ ᠮᠡᠷᠭᠡᠵᠢᠯ᠎ᠢ᠎ᠨᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ᠂ ᠡᠯ᠎ᠡ ᠬᠦᠷᠢᠶᠡᠨ᠎ᠳᠠᠬᠢ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ᠎ᠪᠠᠨ ᠲᠥᠰᠥᠭᠡᠯᠡᠵᠦ ᠵᠠᠳᠠᠯᠬᠤ ᠵᠢ ᠴᠢᠩᠭ᠋ᠠᠳᠬᠠᠨ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠬᠢᠭᠡᠳ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠵᠣᠬᠢᠴᠠᠯᠳᠤᠯ᠎ᠢ ᠲᠠᠰᠤᠷᠠᠯᠲᠠ ᠦᠭᠡᠢ ᠴᠢᠩᠭ᠋ᠠᠷᠠᠭᠤᠯᠬᠤ ᠪᠣᠯᠣᠨ᠎ᠠ᠃
    111111111111111111111.jpg

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《2025 ᠣᠨ᠎ᠤ ᠪᠥᠬᠦ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠶ᠋ᠢᠯᠤᠮᠵᠢ
ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠠᠪᠤᠭᠰᠠᠨ ᠪᠠᠶ᠋ᠢᠳᠠᠯ ᠳᠣᠣᠷ᠎ᠠ ᠡᠪᠡᠳᠴᠢᠨ ᠦᠵᠡᠭᠦᠯᠬᠦ᠎ᠳᠤ ᠡᠮᠴᠢᠯᠡᠭᠡᠨ᠎ᠤ ᠳᠠᠭ᠋ᠠᠳᠬᠠᠯ ᠵᠶ᠋ᠠᠷ ᠳᠠᠩᠰᠠ ᠪᠠᠰᠠ ᠳᠡᠶ᠋ᠢᠯᠵᠦ ᠪᠣᠯᠬᠤ ᠦᠦ?
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠣᠭᠤᠳᠬᠤ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠬᠡᠷᠬᠢᠨ ᠪᠠᠶ᠋ᠢᠭᠤᠯᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ)
ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ
 
            