ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠠᠪᠤᠭᠰᠠᠨ ᠪᠠᠶ᠋ᠢᠳᠠᠯ ᠳᠣᠣᠷ᠎ᠠ ᠡᠪᠡᠳᠴᠢᠨ ᠦᠵᠡᠭᠦᠯᠬᠦ᠎ᠳᠤ ᠡᠮᠴᠢᠯᠡᠭᠡᠨ᠎ᠤ ᠳᠠᠭ᠋ᠠᠳᠬᠠᠯ ᠵᠶ᠋ᠠᠷ ᠳᠠᠩᠰᠠ ᠪᠠᠰᠠ ᠳᠡᠶ᠋ᠢᠯᠵᠦ ᠪᠣᠯᠬᠤ ᠦᠦ?
ᠨᠡᠶ᠋ᠢᠲᠡᠯᠡᠭᠰᠡᠨ ᠴᠠᠭ᠄ 2025-05-19

     ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠠᠪᠤᠭᠰᠠᠨ ᠠᠵᠢᠯ ᠠᠯᠳᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠢ ᠶᠠᠭ᠋ᠠᠬᠢᠬᠤ ᠪᠤᠶ? ᠥᠪᠡᠷᠰᠡᠳ ᠵᠶ᠋ᠠᠨ ᠰᠦᠢ᠍ᠳᠬᠡᠯ ᠲᠤᠰᠢᠶᠠᠬᠤ ᠴᠢᠬᠤᠯᠠ᠎ᠲᠠᠢ ᠦᠦ? ᠡᠪᠡᠳᠴᠢᠨ ᠵᠶ᠋ᠠᠨ ᠦᠵᠡᠭᠦᠯᠬᠦ᠎ᠳᠤ ᠲᠠᠩᠰᠠ ᠪᠠᠰᠠ ᠳᠡᠶ᠋ᠢᠯᠵᠦ ᠲᠠᠶ᠋ᠢᠯᠤᠨ᠎ᠠ ᠦᠦ? ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠴᠣᠬᠤᠮ ᠶᠠᠮᠠᠷ ᠶᠠᠮᠠᠷ ᠬᠠᠷᠠᠭ᠋ᠠᠯᠵᠠᠯ ᠭᠥᠷᠳᠡᠵᠦ ᠪᠣᠯᠬᠤ ᠪᠤᠶ? ᠤᠯᠠᠨ᠎ᠤ ᠠᠩᠬᠠᠷᠴᠤ ᠪᠠᠶ᠋ᠢᠭ᠎ᠠ ᠡᠳᠡᠭᠡᠷ ᠠᠰᠠᠭᠤᠳᠠᠯ᠎ᠤᠳ᠎ᠲᠤ ᠨᠢᠭᠡᠳ ᠨᠢᠭᠡ᠎ᠪᠠᠷ ᠬᠠᠷᠢᠭᠤᠯᠲᠠ ᠥᠭᠭᠦᠶ᠎ᠡ᠃
     ᠨᠢᠭᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠦᠷᠭᠦᠯᠵᠢᠯᠡᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ ᠬᠦᠷᠲᠡᠵᠦ ᠪᠣᠯᠣᠨ᠎ᠠ ᠦᠦ?
     ᠪᠣᠯᠣᠨ᠎ᠠ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠲᠤᠰᠢᠶᠠᠬᠤ ᠶᠣᠰᠣᠲᠠᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠦᠨ᠎ᠠᠴᠠ ᠲᠤᠰᠢᠶᠠᠵᠤ ᠥᠭᠬᠦᠨ᠎ᠡ᠂ ᠬᠤᠪᠢ ᠬᠥᠮᠥᠨ ᠰᠦᠢ᠍ᠳᠬᠡᠯ ᠲᠤᠰᠢᠶᠠᠬᠤ ᠦᠭᠡᠢ᠃ ᠥᠭᠡᠷ᠎ᠡ᠎ᠪᠠᠷ ᠬᠡᠯᠡᠪᠡᠯ᠂ ᠠᠵᠢᠯ ᠠᠯᠳᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦᠨ᠎ᠠᠴᠠ ᠰᠢᠭᠤᠳ ᠲᠤᠰᠢᠶᠠᠵᠤ ᠥᠭᠭᠦᠨ᠎ᠡ᠃
     ᠬᠤᠶᠠᠷ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ ᠥᠪᠡᠷᠰᠡᠳ ᠵᠶ᠋ᠠᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠴᠢᠬᠤᠯᠠ᠎ᠲᠠᠢ ᠦᠦ?
     ᠠᠵᠢᠯ ᠠᠯᠳᠠᠭᠰᠠᠳ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ ᠡᠯ᠎ᠡ ᠱᠠᠲᠤᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠬᠢᠬᠦ ᠪᠠᠶ᠋ᠢᠭᠤᠯᠤᠮᠵᠢ᠎ᠨᠤᠭᠤᠳ ᠰᠠᠷ᠎ᠠ᠎ᠪᠠᠷ ᠨᠢᠭᠡᠴᠢ ᠪᠣᠯᠭ᠋ᠠᠨ ᠣᠷᠣᠯᠠᠨ ᠲᠤᠰᠢᠶᠠᠨ᠎ᠠ᠃ ᠠᠵᠢᠯ ᠠᠯᠳᠠᠭᠰᠠᠳ᠎ᠲᠤ ᠠᠪᠴᠤ ᠬᠡᠯᠡᠪᠡᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ᠎ᠪᠠᠨ ᠭᠤᠶᠤᠴᠢᠯᠠᠨ ᠣᠯᠣᠭᠰᠠᠨ᠎ᠤ ᠳᠠᠷᠠᠭ᠎ᠠ᠂ ᠥᠪᠡᠷᠰᠡᠳ ᠵᠶ᠋ᠠᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠴᠢᠬᠤᠯᠠ ᠦᠭᠡᠢ᠃
     ᠭᠤᠷᠪᠠ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ ᠶᠠᠮᠠᠷ ᠶᠠᠮᠠᠷ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ ᠬᠦᠷᠲᠡᠵᠦ ᠪᠣᠯᠬᠤ ᠪᠤᠢ?
     ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ᠎ᠨᠢ ᠠᠵᠢᠯ᠎ᠤᠨ ᠪᠠᠶ᠋ᠢᠷᠢᠨ᠎ᠳᠤ᠎ᠪᠠᠨ ᠪᠠᠶ᠋ᠢᠭ᠎ᠠ ᠠᠵᠢᠯᠲᠠᠨ ᠠᠵᠢᠯᠴᠢᠨ᠎ᠲᠠᠢ ᠡᠭᠡᠭᠡ ᠠᠳᠠᠯᠢᠬᠠᠨ ᠵᠶ᠋ᠠᠷ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ (ᠡᠮᠨᠡᠯᠭᠡ᠎ᠳᠤ ᠰᠠᠭᠤᠬᠤ᠂ ᠡᠩ᠎ᠤᠨ ᠡᠭᠦᠳᠡᠨ ᠡᠮᠨᠡᠯᠭᠡ᠎ᠳᠤ ᠡᠮᠨᠡᠭᠦᠯᠬᠦ᠂ ᠡᠭᠦᠳᠡᠨ ᠡᠮᠨᠡᠯᠭᠡ᠎ᠳᠤ ᠤᠵᠢᠭ ᠡᠪᠡᠳᠴᠢᠨ ᠣᠨᠴᠠᠭ᠋ᠠᠶ ᠡᠪᠡᠳᠴᠢᠨ ᠡᠮᠨᠡᠭᠦᠯᠬᠦ᠎ᠳᠤ ᠨᠢᠭᠡᠳᠦᠯᠲᠡᠢ ᠲᠥᠯᠥᠪᠯᠡᠬᠦ ᠬᠠᠷᠠᠭ᠋ᠠᠯᠵᠠᠯ᠎ᠢ ᠪᠠᠭᠲᠠᠭ᠋ᠠᠨ᠎ᠠ) ᠪᠠ ᠦᠷᠡᠵᠢᠯ᠎ᠤᠨ ᠳᠠᠭ᠋ᠠᠳᠬᠠᠯ᠎ᠤᠨ ᠬᠠᠷᠠᠭ᠋ᠠᠯᠵᠠᠯ᠎ᠢ ᠬᠦᠷᠲᠡᠵᠦ ᠪᠣᠯᠣᠨ᠎ᠠ᠃
     ᠳᠥᠷᠪᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠦᠷᠭᠦᠯᠵᠢᠯᠡᠨ ᠬᠦᠷᠲᠡᠭᠡᠳ ᠪᠠᠶ᠋ᠢᠵᠤ ᠪᠣᠯᠣᠨ᠎ᠠ ᠦᠦ?
     ᠪᠣᠯᠣᠨ᠎ᠠ᠃ ᠠᠵᠢᠯ ᠠᠯᠳᠠᠭᠰᠠᠳ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠦᠨ᠎ᠠᠴᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ᠎ᠨᠢ ᠢᠵᠢᠯ ᠠᠯᠬᠤᠮ ᠵᠶ᠋ᠠᠷ ᠲᠤᠰᠢᠶᠠᠵᠤ ᠥᠭᠭᠦᠨ᠎ᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠵᠢ ᠬᠡᠳᠦᠢ ᠤᠷᠲᠤ ᠬᠤᠭᠤᠴᠠᠭ᠎ᠠ ᠠᠪᠤᠪᠠᠯ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ᠎ᠨᠢ ᠳᠠᠷᠤᠢ ᠲᠡᠳᠦᠢ ᠤᠷᠲᠤ ᠬᠤᠭᠤᠴᠠᠭ᠎ᠠ ᠲᠤᠰᠢᠶᠠᠵᠤ ᠥᠭᠭᠦᠨ᠎ᠡ᠃
     ᠲᠠᠪᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠤᠭᠤᠴᠠᠭ᠋ᠠᠨ᠎ᠳᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠵᠢ ᠨᠡᠶ᠋ᠢᠯᠡᠭᠦᠯᠦᠨ ᠪᠤᠳᠤᠵᠤ ᠥᠭᠭᠦᠨ᠎ᠡ ᠦᠦ?
     ᠪᠣᠳᠣᠵᠤ ᠥᠭᠭᠦᠨ᠎ᠡ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠦ ᠬᠦᠷᠲᠡᠵᠦ ᠪᠠᠶ᠋ᠢᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠵᠢ᠎ᠨᠢ ᠲᠡᠭᠦᠨ᠎ᠤ ᠠᠵᠢᠯ ᠠᠯᠳᠠᠬᠤ᠎ᠠᠴᠠ ᠡᠮᠦᠨᠡᠬᠢ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ᠎ᠲᠠᠢ᠎ᠨᠢ ᠨᠡᠶ᠋ᠢᠯᠡᠭᠦᠯᠦᠨ ᠪᠣᠳᠣᠨ᠎ᠠ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠣᠭᠤᠳᠬᠤ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠬᠡᠷᠬᠢᠨ ᠪᠠᠶ᠋ᠢᠭᠤᠯᠬᠤ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ)
ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ
《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠬᠦᠷ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
《ᠤᠯᠤᠰ᠎ᠤᠨ ᠨᠡᠮᠡᠭᠦᠷᠢ》 ᠦᠷᠭᠦᠯᠵᠢᠯᠡᠵᠦ ᠪᠣᠢ
 
            