ᠮᠠᠨ᠎ᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠬᠦ ᠳᠦᠷᠢᠮ᠎ᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠣᠨᠣᠪᠴᠢᠲᠠᠢ ᠦᠨᠡᠯᠡᠬᠦ ᠵᠢᠨ ᠲᠤᠰᠠᠳᠠ᠂ 3 ᠰᠠᠷ᠎ᠠ ᠵᠢᠨ 12᠎ᠤᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠤᠭᠤᠳᠬᠤ ᠰᠠᠨᠠᠯ〉 〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ ᠦᠨᠡᠯᠡᠬᠦ ᠠᠷᠭ᠎ᠠ〉᠎ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠳᠦᠭᠡᠨ ᠪᠠᠶ᠋ᠢᠭᠤᠯᠤᠯᠳᠠ ᠵᠢᠨ ᠵᠢᠯᠤᠭᠤᠳᠬᠤ ᠰᠠᠨᠠᠯ》 (ᠳᠣᠷᠣᠭᠰᠢ ᠵᠢᠯᠤᠭᠤᠳᠬᠤ ᠰᠠᠨᠠᠯ ᠭᠡᠵᠦ ᠲᠣᠪᠴᠢᠯᠠᠨ᠎ᠠ)᠎ᠤᠨ ᠬᠠᠮᠢᠶ᠎ᠠ ᠪᠦᠬᠦᠢ ᠠᠭᠤᠯᠭ᠎ᠠ ᠵᠢ ᠳᠣᠣᠷᠠᠬᠢ ᠮᠡᠲᠦ ᠲᠠᠶ᠋ᠢᠯᠪᠤᠷᠢᠯᠠᠶᠠ᠄
ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶ᠋ᠢᠳᠠᠯ
2019 ᠣᠨ᠎ᠳᠤ᠂ ᠥᠪᠡᠷᠲᠡᠭᠡᠨ ᠵᠠᠰᠠᠬᠤ ᠣᠷᠣᠨ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠵᠦ᠂ ᠤᠳᠤ ᠪᠣᠯᠲᠠᠯ᠎ᠠ᠂ ᠨᠡᠶ᠋ᠢᠳᠡ 41 ᠥᠪᠡᠷᠲᠡᠭᠡᠨ ᠵᠠᠰᠠᠬᠤ ᠣᠷᠣᠨ᠎ᠤ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠵᠦᠪᠰᠢᠶᠡᠷᠡᠨ ᠪᠦᠳᠦᠭᠡᠨ ᠪᠠᠶ᠋ᠢᠭᠤᠯᠵᠠᠢ᠃ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠵᠢᠷᠤᠮᠵᠢᠭᠤᠯᠬᠤ ᠵᠢᠨ ᠲᠥᠯᠥᠭᠡ᠂ 2022 ᠣᠨ᠎ᠳᠤ ᠮᠠᠨ᠎ᠤ ᠲᠢᠩᠬᠢᠮ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠤᠭᠤᠳᠬᠤ ᠰᠠᠨᠠᠯ (ᠲᠤᠷᠰᠢᠨ ᠬᠡᠷᠡᠭᠵᠢᠭᠦᠯᠬᠦ)》᠎ᠢ ᠲᠤᠭᠤᠷᠪᠢᠨ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠪᠦᠲᠦᠮᠵᠢᠲᠡᠶ ᠵᠢᠯᠣᠭᠤᠳᠪᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠳ᠋᠎ᠤᠨ ᠵᠠᠰᠠᠭ᠎ᠤᠨ ᠬᠦᠷᠢᠶ᠎ᠡ ᠴᠠᠷᠠᠭ᠎ᠠ᠎ᠳᠤ ᠤᠯᠠᠮ ᠨᠢᠭᠡ ᠠᠯᠬᠤᠮ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠤᠬᠠᠢ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 52 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠤᠭᠤᠳᠬᠤ ᠰᠠᠨᠠᠯ》᠎ᠳᠤ ᠲᠠᠬᠢᠨᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃
ᠬᠤᠶᠠᠷ᠂ ᠭᠤᠣᠯ ᠪᠣᠷᠣ ᠲᠥᠯᠥᠪ
《ᠵᠢᠯᠤᠭᠤᠳᠬᠤ ᠰᠠᠨᠠᠯ》᠎ᠳᠤ ᠶᠡᠷᠦᠩᠬᠡᠢ ᠱᠠᠭ᠋ᠠᠷᠳᠠᠯᠭ᠎ᠠ᠂ ᠭᠤᠣᠯ ᠡᠭᠦᠷᠭᠡ᠂ ᠦᠨᠳᠦᠰᠦᠨ ᠨᠥᠬᠦᠴᠡᠯ᠂ ᠪᠦᠲᠦᠭᠡᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠪᠠ ᠪᠡᠯᠡ ᠮᠥᠩᠭᠦ ᠵᠢᠨ ᠬᠡᠷᠡᠭᠯᠡᠯᠲᠡ ᠵᠡᠷᠭᠡ 5 ᠬᠡᠰᠡᠭ ᠠᠭᠤᠯᠭ᠎ᠠ ᠪᠠᠭᠲᠠᠨ᠎ᠠ᠃
ᠭᠤᠷᠪᠠ᠂ ᠭᠤᠣᠯ ᠠᠭᠤᠯᠭ᠎ᠠ
ᠨᠢᠭᠡᠳᠦᠭᠡᠷ ᠬᠡᠰᠡᠭ᠄ ᠶᠡᠷᠦᠩᠬᠡᠢ ᠱᠠᠭ᠋ᠠᠷᠳᠠᠯᠭ᠎ᠠ᠃ ᠣᠳᠣᠬᠠᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ ᠵᠢ ᠲᠠᠬᠢᠨᠳᠠ ᠲᠣᠳᠤᠷᠬᠠᠶ᠋ᠢᠯᠠᠨ ᠲᠠᠶ᠋ᠢᠯᠪᠤᠷᠢᠯᠠᠪᠠ᠃
ᠬᠤᠶᠠᠳᠤᠭ᠋ᠠᠷ ᠬᠡᠰᠡᠭ᠄ ᠭᠤᠣᠯ ᠡᠭᠦᠷᠭᠡ᠃ ᠭᠤᠣᠯᠯᠠᠬᠤ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠴᠤᠭᠯᠠᠷᠠᠯ᠎ᠢ ᠠᠬᠢᠭᠤᠯᠬᠤ᠂ ᠨᠢᠭᠡ ᠬᠤᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠢ ᠠᠬᠢᠭᠤᠯᠬᠤ᠂ ᠡᠵᠡᠩᠨᠡᠯᠲᠡ ᠵᠢᠨ ᠭᠤᠣᠯ ᠴᠣᠭᠴᠠ ᠵᠢᠨ ᠬᠦᠷᠢᠶᠡᠯᠡᠩ᠎ᠳᠤ ᠣᠷᠣᠵᠤ ᠡᠵᠡᠩᠨᠡᠬᠦ ᠵᠢ ᠵᠣᠷᠢᠭᠵᠢᠭᠤᠯᠬᠤ᠂ ᠲᠠᠷᠢᠶᠠᠯᠠᠩ ᠮᠠᠯ ᠠᠵᠤ ᠠᠬᠤᠢ ᠵᠢᠨ ᠭᠤᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠡᠷᠭᠡ 5 ᠲᠠᠯ᠎ᠠ᠎ᠠᠴᠠ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢᠨ ᠲᠤᠬᠠᠢ ᠲᠣᠳᠤᠷᠬᠠᠶ᠋ᠢᠯᠠᠨ ᠲᠠᠶ᠋ᠢᠯᠪᠤᠷᠢᠯᠠᠪᠠ᠃
ᠭᠤᠷᠪᠠᠳᠤᠭ᠋ᠠᠷ ᠬᠡᠰᠡᠭ᠄ ᠦᠨᠳᠦᠰᠦᠨ ᠨᠥᠬᠦᠴᠡᠯ᠃ ᠲᠣᠰ ᠪᠦᠷᠢ ᠲᠦᠯᠦᠪᠵᠢᠭᠦᠯᠭᠡ ᠪᠠᠶ᠋ᠢᠷᠢᠯᠠᠭᠤᠯᠤᠯᠳᠠ᠂ ᠭᠤᠣᠯᠯᠠᠬᠤ ᠠᠵᠤ ᠦᠢ᠍ᠯᠡᠰ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠂ ᠪᠣᠬᠢᠷᠲᠤᠯ ᠦᠭᠡᠢ ᠬᠥᠭᠵᠢᠯᠲᠡ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠳᠡ ᠵᠢᠨ ᠭᠤᠤᠯ ᠴᠤᠬ᠍ᠴᠠ ᠵᠢᠨ ᠬᠤᠯᠪᠤᠭ᠋ᠠᠯᠠᠯ᠎ᠤᠨ ᠲᠠᠶ᠋ᠢᠴᠢᠯᠠᠯᠳᠠ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠡᠷᠭᠡ 7 ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠠᠷᠢᠮᠵᠢᠶ᠎ᠠ ᠵᠢ ᠲᠣᠳᠣᠷᠬᠠᠶ᠋ᠢᠯᠠᠭᠰᠠᠨ ᠪᠥᠭᠡᠳ ᠪᠣᠯᠪᠠᠰᠤᠷᠠᠭᠤᠯᠬᠤ ᠦᠢ᠍ᠯᠡᠰ ᠵᠶ᠋ᠠᠷ ᠭᠤᠣᠯ ᠪᠣᠯᠭ᠋ᠠᠭᠰᠠᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠦᠨᠳᠦᠰᠦᠨ ᠨᠥᠬᠦᠴᠡᠯ᠎ᠢ ᠰᠢᠨ᠎ᠡ᠎ᠪᠠᠷ ᠨᠡᠮᠡᠪᠡ᠃
ᠳᠥᠷᠪᠡᠳᠦᠭᠡᠷ ᠬᠡᠰᠡᠭ᠄ ᠪᠦᠲᠦᠭᠡᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ᠃ ᠣᠳᠣᠬᠠᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨᠴᠢ᠎ᠪᠠᠷ ᠲᠥᠰᠥᠯ ᠲᠣᠭᠲᠠᠭ᠋ᠠᠬᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠨᠡᠮᠡᠭᠳᠡᠭᠦᠯᠬᠦ᠂ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ᠂ ᠠᠵᠢᠯ᠎ᠤᠨ ᠦᠷ᠎ᠡ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ 5 ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠤᠭᠰᠠᠨ ᠪᠥᠭᠡᠳ ᠪᠠᠰᠠ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠨ ᠴᠢᠳᠠᠪᠬᠢ ᠪᠠ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃
ᠲᠠᠪᠤᠳᠤᠭ᠋ᠠᠷ ᠬᠡᠰᠡᠭ᠄ ᠪᠡᠯᠡ ᠮᠥᠩᠭᠦ ᠵᠢᠨ ᠬᠡᠷᠡᠭᠯᠡᠯᠲᠡ᠃ ᠣᠶ᠋ᠢᠷ᠎ᠠ ᠵᠢᠨ ᠵᠢᠯ᠎ᠤᠨ ᠲᠤᠷᠰᠢᠬᠢ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢᠨ ᠪᠣᠳᠠᠲᠤ ᠬᠡᠷᠡᠭᠴᠡᠭᠡ᠎ᠲᠠᠢ ᠤᠶᠠᠯᠳᠤᠭᠤᠯᠤᠨ᠂ ᠬᠠᠮᠢᠶᠠᠷᠤᠯᠲᠠ ᠵᠢᠨ ᠵᠢᠷᠤᠮᠵᠢᠭᠤᠯᠤᠯᠳᠠ᠂ ᠳᠡᠮᠵᠢᠬᠦ ᠠᠷᠭ᠎ᠠ ᠮᠠᠶᠢᠭ᠂ ᠬᠡᠷᠡᠭᠯᠡᠬᠦ ᠬᠡᠪᠴᠢᠶ᠎ᠡ ᠵᠡᠷᠭᠡ 3 ᠲᠠᠯ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠱᠠᠩᠨᠠᠯ ᠨᠦᠬᠦᠪᠦᠷᠢ ᠵᠢᠨ ᠪᠡᠯᠡ ᠮᠥᠩᠭᠦ ᠵᠢ ᠬᠡᠷᠡᠭᠯᠡᠬᠦ ᠬᠡᠪᠴᠢᠶ᠎ᠡ ᠪᠣᠯᠣᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃