ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠬᠦᠷ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-06-19

     ᠣᠶ᠋ᠢᠷ᠎ᠠ᠎ᠳᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠪᠠ) ᠵᠢ ᠳᠠᠷᠤᠮᠠᠯᠯᠠᠨ ᠶᠠᠪᠤᠭᠤᠯᠪᠠ᠂ 《ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠨᠠᠩ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ᠎ᠬᠢᠨ᠎ᠤ ᠠᠩᠬᠠᠷᠤᠯ᠎ᠳᠤ ᠬᠠᠷᠢᠭᠤ ᠲᠤᠰᠬᠠᠬᠤ ᠵᠢᠨ ᠲᠥᠯᠥᠭᠡ᠂ 《ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠳᠣᠣᠷᠠᠬᠢ ᠮᠡᠲᠦ ᠲᠠᠶ᠋ᠢᠯᠤᠮᠵᠢ ᠬᠢᠪᠡ᠄
    1. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠭᠰᠡᠨ ᠠᠬᠤᠢ ᠪᠠᠶ᠋ᠢᠳᠠᠯ᠎ᠨᠢ ᠶᠠᠭᠤ ᠪᠣᠶ?
     ᠬᠠᠷᠢᠭᠤᠯᠲᠠ᠄ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠰᠢᠨ᠎ᠡ᠎ᠪᠠᠷ ᠮᠠᠨᠳᠤᠵᠤ ᠪᠠᠶ᠋ᠢᠭ᠎ᠠ ᠠᠵᠤ ᠦᠢ᠍ᠯᠡᠰ᠎ᠢ ᠨᠡᠪᠴᠢᠭᠦᠯᠬᠦ᠎ᠳᠤ ᠨᠡᠩ ᠶᠡᠭᠡ ᠬᠦᠴᠦ ᠣᠷᠣᠭᠤᠯᠤᠨ᠂ ᠰᠢᠨ᠎ᠡ ᠡᠵᠡᠩᠨᠡᠯᠲᠡ ᠵᠢᠨ ᠪᠠᠶ᠋ᠢᠳᠠᠯ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠴᠢᠳᠠᠮᠵᠢ ᠵᠢ ᠢᠳᠡᠪᠬᠢᠲᠡᠢ ᠪᠦᠲᠦᠭᠡᠵᠦ᠂ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ》 ᠭᠡᠪᠡ᠃ ᠨᠡᠪᠴᠢᠭᠦᠯᠦᠭᠦᠷ᠎ᠨᠢ ᠤᠷᠤᠭᠰᠢ᠎ᠪᠠᠨ ᠰᠢᠨ᠎ᠡ ᠵᠢ ᠡᠭᠦᠳᠬᠦ ᠬᠡᠯᠬᠢᠶ᠎ᠡ ᠵᠢ ᠨᠠᠪᠲᠠᠷᠡᠭᠦᠯᠵᠦ᠂ ᠬᠤᠶ᠋ᠢᠰᠢ᠎ᠪᠠᠨ ᠠᠵᠤ ᠦᠢ᠍ᠯᠡᠰ᠎ᠤᠨ ᠬᠡᠯᠬᠢᠶ᠎ᠡ ᠵᠢ ᠵᠠᠯᠭ᠋ᠠᠵᠤ᠂ ᠬᠥᠨᠳᠡᠯᠡᠨ ᠵᠶ᠋ᠠᠷ ᠪᠡᠯᠡ ᠮᠥᠩᠭᠦᠨ᠎ᠤ ᠬᠡᠯᠬᠢᠶ᠎ᠡ ᠪᠠ ᠴᠢᠳᠠᠪᠤᠷᠢᠲᠠᠨ᠎ᠤ ᠬᠡᠯᠬᠢᠶ᠎ᠡ ᠵᠢ ᠠᠭᠤᠰᠤᠯᠴᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠭᠤᠰᠤᠯᠴᠠᠭᠤᠯᠬᠤ ᠴᠢᠬᠤᠯᠠ ᠠᠴᠢᠶᠠᠯᠠᠪᠤᠷᠢ ᠪᠣᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠂ ᠨᠡᠪᠴᠢᠭᠦᠯᠬᠦ ᠪᠠ ᠠᠵᠤ ᠦᠢ᠍ᠯᠡᠰᠵᠢᠭᠦᠯᠬᠦ ᠵᠢ ᠪᠦᠲᠦᠮᠵᠢᠲᠡᠢ ᠠᠬᠢᠭᠤᠯᠵᠤ᠂ ᠠᠵᠤ ᠠᠬᠤᠶ᠋ᠢᠯᠠᠯ᠎ᠤᠨ ᠨᠡᠮᠡᠭᠳᠡᠯ᠎ᠢ ᠰᠢᠯᠢᠳᠡᠭᠵᠢᠭᠦᠯᠵᠦ᠂ ᠴᠢᠨᠠᠷ ᠰᠠᠶ᠋ᠢᠲᠠᠢ ᠠᠵᠢᠯ ᠣᠯᠭᠤᠯᠲᠠ ᠵᠢ ᠠᠬᠢᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠪᠦᠲᠦᠮᠵᠢᠲᠡᠢ ᠲᠤᠯᠭ᠋ᠠᠭᠤᠷᠢᠯᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠶ᠋ᠢᠵᠢᠭᠤᠯᠤᠨ ᠬᠥᠭᠵᠢᠭᠦᠯᠵᠦ ᠴᠢᠳᠠᠨ᠎ᠠ᠃
    30 ᠭᠠᠷᠤᠢ ᠵᠢᠯ᠎ᠤᠨ ᠬᠥᠭᠵᠢᠯᠲᠡ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠨᠡᠪᠴᠢᠭᠦᠯᠦᠭᠦᠷ᠎ᠤᠨ ᠪᠦᠲᠦᠭᠡᠨ ᠪᠠᠶ᠋ᠢᠭᠤᠯᠤᠯᠲᠠ ᠬᠢᠬᠦ ᠦᠭᠡᠢ ᠪᠠᠶ᠋ᠢᠭᠰᠠᠨ᠎ᠠᠴᠠ᠎ᠪᠠᠨ ᠬᠢᠬᠦ ᠪᠣᠯᠵᠤ᠂ ᠪᠠᠭ᠎ᠠ᠎ᠪᠠᠷ ᠪᠠᠶ᠋ᠢᠭᠤᠯᠵᠤ ᠪᠠᠶ᠋ᠢᠭᠰᠠᠨ᠎ᠠᠴᠠ ᠶᠡᠭᠡ᠎ᠪᠠᠷ ᠪᠠᠶ᠋ᠢᠭᠤᠯᠬᠤ ᠪᠣᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠢ᠍ᠯᠡᠰ ᠪᠣᠰᠬᠠᠨ ᠨᠡᠪᠴᠢᠭᠦᠯᠬᠦ ᠬᠥᠭᠵᠢᠯᠲᠡ ᠵᠢᠨ ᠵᠠᠮ᠎ᠢ ᠨᠡᠭᠡᠭᠡᠪᠡ᠃ ᠣᠳᠣᠬᠠᠨ᠎ᠳᠤ᠂ ᠪᠦᠬᠦ ᠤᠯᠤᠰ᠎ᠤᠨ ᠨᠡᠪᠴᠢᠭᠦᠯᠬᠦ ᠪᠠᠶ᠋ᠢᠭᠤᠯᠤᠮᠵᠢ ᠵᠢᠨ ᠶᠡᠷᠦᠩᠬᠡᠢ ᠲᠤᠭ᠎ᠠ 1.6 ᠲᠦᠮᠡ᠎ᠳᠤ ᠬᠦᠷᠴᠦ᠂ ᠪᠦᠬᠦ ᠪᠥᠮᠪᠥᠷᠴᠡᠭ᠎ᠤᠨ 50 ᠭᠠᠷᠤᠢ ᠤᠯᠤᠰ ᠪᠠ ᠭᠠᠵᠠᠷ ᠣᠷᠣᠨ᠎ᠳᠤ ᠬᠤᠪᠢᠶᠠᠷᠢ ᠰᠠᠯᠪᠤᠷᠢ ᠪᠠᠶ᠋ᠢᠭᠤᠯᠤᠮᠵᠢ ᠵᠢ ᠪᠠᠶ᠋ᠢᠷᠢᠰᠢᠭᠤᠯᠤᠨ ᠪᠠᠶ᠋ᠢᠭᠤᠯᠵᠤ᠂ ᠶᠡᠭᠡ ᠬᠡᠮᠵᠢᠶᠡᠨ᠎ᠤ ᠨᠥᠯᠥᠭᠡᠯᠡᠬᠦ ᠬᠦᠴᠦᠨ᠎ᠲᠠᠢ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠠᠵᠤ ᠠᠬᠤᠢ ᠵᠢᠨ ᠲᠦᠷᠭᠡᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃
    2023 ᠣᠨ᠎ᠤ 3 ᠳ᠋ᠤᠭ᠋ᠠᠷ ᠰᠠᠷ᠎ᠠ᠎ᠳᠤ 《ᠨᠠᠮ ᠪᠠ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠢ ᠦᠨᠳᠦᠰᠦᠯᠡᠨ᠂ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ ᠵᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠳᠤ ᠬᠤᠪᠢᠶᠠᠷᠢᠯᠠᠨ ᠣᠷᠣᠭᠤᠯᠪᠠ᠃ ᠣᠳᠣᠬᠠᠨ᠎ᠳᠤ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠲᠦᠷᠭᠡᠰᠴᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠨᠢ ᠨᠡᠪᠴᠢᠭᠦᠯᠦᠭᠦᠷ᠎ᠤᠨ ᠬᠥᠭᠵᠢᠯᠲᠡ᠎ᠳᠤ ᠰᠢᠨ᠎ᠡ ᠡᠭᠦᠷᠭᠡ ᠣᠯᠭᠤᠵᠤ᠂ ᠰᠢᠨ᠎ᠡ ᠱᠠᠭ᠋ᠠᠷᠳᠠᠯᠭ᠎ᠠ ᠳᠤᠷᠠᠳᠪᠠ᠃ ᠡᠶ᠋ᠢᠮᠦ᠎ᠠᠴᠠ᠂ ᠤᠤᠯ᠎ᠤᠨ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠵᠤ᠂ ᠨᠡᠪᠴᠢᠭᠦᠯᠦᠬᠦᠷ᠎ᠤᠨ ᠬᠥᠭᠵᠢᠯᠲᠡ ᠵᠢᠨ ᠰᠡᠳᠬᠢᠮᠵᠢ ᠵᠢ ᠢᠯᠭ᠋ᠠᠷᠠᠭᠤᠯᠤᠨ ᠵᠠᠰᠠᠵᠤ᠂ ᠴᠢᠭᠯᠡᠯ᠎ᠢ ᠲᠣᠳᠣᠷᠬᠠᠶ᠋ᠢᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠠᠭᠤᠰᠤᠯᠴᠠᠭᠤᠯᠬᠤ᠎ᠳᠤ ᠤᠯᠠᠮ ᠨᠢᠭᠡ ᠠᠯᠬᠤᠮ ᠠᠩᠬᠠᠷᠤᠯ ᠲᠥᠪᠯᠡᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡ ᠵᠢ ᠴᠢᠩᠭ᠋ᠠᠳᠬᠠᠨ᠂ ᠰᠢᠨ᠎ᠡ ᠴᠠᠭ ᠦᠶ᠎ᠡ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠬᠡᠷᠡᠭᠲᠡᠢ ᠪᠣᠯᠪᠠ᠃ ᠵᠢᠯ ᠭᠠᠷᠤᠢ ᠵᠢᠨ ᠥᠷᠭᠡᠨ ᠳᠡᠯᠭᠡᠷᠡᠩᠭᠦᠢ ᠪᠠᠶ᠋ᠢᠴᠠᠭ᠋ᠠᠨ ᠰᠤᠳᠤᠯᠤᠯᠲᠠ᠂ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠴᠢ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ ᠰᠠᠨᠠᠭᠤᠯᠭ᠎ᠠ ᠵᠢ ᠬᠤᠷᠢᠶᠠᠭ᠋ᠠᠳ᠂ ᠮᠠᠨ᠎ᠤ ᠶᠠᠮᠤᠨ ᠰᠢᠨ᠎ᠡ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠭᠰᠠᠨ᠎ᠨᠢ ᠮᠠᠨ᠎ᠤ ᠤᠯᠤᠰ᠎ᠤᠨ ᠨᠡᠪᠴᠢᠭᠦᠯᠦᠭᠦᠷ᠎ᠤᠨ ᠬᠥᠭᠵᠢᠯᠲᠡ ᠪᠠ ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠶ᠋ᠢᠨ᠎ᠠ᠃
    2. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠶᠡᠷᠦᠩᠬᠡᠢ ᠰᠡᠳᠬᠢᠮᠵᠢ᠎ᠨᠢ ᠶᠠᠭᠤ ᠪᠤᠶ?
     ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ ᠨᠡᠪᠴᠢᠭᠦᠯᠦᠭᠦᠷ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠂ ᠠᠰᠠᠭᠤᠳᠠᠯ ᠪᠠ ᠬᠠᠨᠳᠤᠰᠢ ᠵᠢ ᠶᠡᠷᠦᠩᠬᠡᠶ᠋ᠢᠯᠡᠨ ᠪᠣᠳᠣᠯᠬᠢᠯᠠᠵᠤ᠂ ᠣᠳᠣᠬᠠᠨ᠎ᠤ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠵᠣᠬᠢᠴᠠᠭᠤᠯᠤᠨ ᠰᠢᠰᠲ᠋ᠧᠮ᠎ᠤᠨ ᠴᠢᠨᠠᠷᠲᠠᠢ ᠳᠠᠬᠢᠨ ᠴᠣᠭᠴᠠᠯᠠᠯᠲᠠ ᠬᠢᠵᠡᠢ᠂ ᠡᠭᠦᠨ᠎ᠤ ᠵᠣᠷᠢᠯᠭ᠎ᠠ᠎ᠨᠢ ᠨᠡᠪᠴᠢᠭᠦᠯᠦᠭᠦᠷ᠎ᠢ ᠲᠣᠭ᠋ᠠᠨ᠎ᠤ ᠨᠡᠮᠡᠭᠳᠡᠯ᠎ᠠᠴᠠ ᠴᠢᠨᠠᠷ᠎ᠤᠨ ᠳᠡᠭᠡᠭᠰᠢᠯᠡᠯᠲᠡ ᠲᠡᠶ᠋ᠢᠰᠢ ᠬᠤᠪᠢᠷᠠᠭᠤᠯᠵᠤ᠂ ᠦᠢ᠍ᠯᠡᠴᠢᠯᠡᠭᠡ ᠬᠠᠩᠭ᠋ᠠᠬᠤ᠎ᠠᠴᠠ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠠᠮᠢ ᠠᠬᠤᠢ ᠵᠢ ᠪᠠᠶ᠋ᠢᠭᠤᠯᠬᠤ ᠲᠡᠶ᠋ᠢᠰᠢ ᠬᠤᠪᠢᠷᠠᠭᠤᠯᠬᠤ ᠵᠢ ᠠᠬᠢᠭᠤᠯᠬᠤ ᠵᠢᠨ ᠲᠥᠯᠥᠭᠡ ᠶᠤᠮ᠃ ᠵᠠᠰᠠᠪᠤᠷᠢ ᠣᠷᠣᠭᠤᠯᠤᠭᠰᠠᠨ ᠰᠡᠳᠬᠢᠮᠵᠢ᠎ᠨᠢ ᠳᠣᠣᠷᠠᠬᠢ ᠳᠥᠷᠪᠡᠨ ᠲᠠᠯ᠎ᠠ᠎ᠪᠠᠷ ᠢᠯᠡᠷᠡᠵᠦ ᠪᠣᠶ᠄
     ᠨᠢᠭᠡ᠎ᠳᠤ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢᠨ ᠲᠠᠯ᠎ᠠ᠎ᠪᠠᠷ᠂ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠦᠢ᠍ᠯᠡᠰᠵᠢᠭᠦᠯᠬᠦ ᠵᠢ ᠲᠣᠪᠤᠶ᠋ᠢᠯᠭ᠋ᠠᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠢ ᠨᠡᠪᠴᠢᠭᠦᠯᠵᠦ᠂ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠤᠯᠠᠮᠵᠢᠯᠠᠯᠲᠤ ᠠᠵᠤ ᠦᠢ᠍ᠯᠡᠰ᠎ᠤᠨ ᠲᠡᠰ ᠳᠡᠪᠰᠢᠬᠦ᠂ ᠰᠢᠨ᠎ᠡ᠎ᠪᠠᠷ ᠮᠠᠨᠳᠤᠵᠤ ᠪᠠᠶ᠋ᠢᠭ᠎ᠠ ᠠᠵᠤ ᠦᠢ᠍ᠯᠡᠰ᠎ᠢ ᠪᠤᠵᠠᠭ᠋ᠠᠶ᠋ᠢᠷᠠᠭᠤᠯᠬᠤ᠂ ᠢᠷᠡᠭᠡᠳᠦᠢ ᠵᠢᠨ ᠠᠵᠤ ᠦᠢ᠍ᠯᠡᠰ᠎ᠢ ᠪᠣᠶ᠋ᠢᠵᠢᠭᠤᠯᠬᠤ ᠵᠢ ᠲᠣᠪᠣᠶ᠋ᠢᠯᠭ᠋ᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠦᠢ᠍ᠯᠡᠴᠢᠯᠡᠨ᠎ᠡ᠃
     ᠬᠤᠶᠠᠷ᠎ᠲᠤ ᠬᠠᠮᠢᠶᠠᠷᠤᠯᠲᠠ ᠵᠢᠨ ᠲᠣᠭᠲᠠᠯᠴᠠᠭ᠎ᠠ ᠵᠢᠨ ᠲᠠᠯ᠎ᠠ᠎ᠪᠠᠷ᠂ ᠤᠤᠯ᠎ᠤᠨ ᠤᠯᠤᠰ᠎ᠤᠨ ᠲᠡᠰ᠎ᠤᠨ᠎ᠬᠢ ᠵᠢ ᠶᠠᠮᠤᠨ᠎ᠤ ᠲᠡᠰ (ᠪᠠᠷᠢᠮᠵᠢᠶ᠎ᠠ ᠲᠡᠰ)᠎ᠤᠨ ᠨᠡᠪᠴᠢᠭᠦᠯᠦᠭᠦᠷ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠵᠢᠨ ᠬᠠᠮᠲᠤ᠂ ᠰᠢᠨ᠎ᠡ᠎ᠪᠠᠷ ᠮᠠᠨᠳᠤᠵᠤ ᠪᠠᠶ᠋ᠢᠭ᠎ᠠ ᠠᠵᠤ ᠦᠢ᠍ᠯᠡᠰ ᠪᠠ ᠢᠷᠡᠭᠡᠳᠦᠢ ᠵᠢᠨ ᠠᠵᠤ ᠦᠢ᠍ᠯᠡᠰ᠎ᠤᠨ ᠬᠦᠷᠢᠶᠡᠨ᠎ᠳᠤ ᠠᠩᠬᠠᠷᠤᠯ ᠲᠥᠪᠯᠡᠷᠡᠭᠦᠯᠵᠦ᠂ ᠳᠡᠯᠡᠬᠡᠢ ᠵᠢᠨ ᠲᠡᠷᠢᠭᠦᠨ᠎ᠳᠤ ᠣᠷᠣᠬᠤ ᠶᠠᠮᠤᠨ᠎ᠤ ᠲᠡᠰ (ᠭᠠᠷᠮᠠᠭ᠋ᠠᠢ ᠲᠡᠰ)᠎ᠲᠠᠢ ᠬᠠᠷᠢᠴᠠᠭᠤᠯᠤᠭᠰᠠᠨ ᠨᠡᠪᠴᠢᠭᠦᠯᠦᠭᠦᠷ᠎ᠢ ᠪᠣᠶ᠋ᠢᠵᠢᠭᠤᠯᠵᠤ᠂ ᠡᠯ᠎ᠡ ᠲᠦᠷᠦᠯ᠎ᠤᠨ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠴᠤᠭᠯᠠᠷᠠᠯ᠎ᠢ ᠬᠥᠲᠥᠯᠥᠨ ᠵᠢᠯᠣᠭᠤᠳᠤᠨ᠎ᠠ᠃
     ᠭᠤᠷᠪᠠ᠎ᠳᠤ ᠪᠠᠷᠢᠮᠵᠢᠶ᠎ᠠ ᠵᠢ ᠮᠠᠭ᠋ᠠᠳᠯᠠᠨ ᠲᠣᠭᠲᠠᠭ᠋ᠠᠬᠤ ᠲᠠᠯ᠎ᠠ᠎ᠪᠠᠷ᠂ ᠪᠠᠷᠢᠮᠵᠢᠶ᠎ᠠ ᠲᠡᠰ᠎ᠤᠨ ᠨᠡᠪᠴᠢᠭᠦᠯᠦᠭᠦᠷ᠎ᠨᠢ ᠦᠢ᠍ᠯᠡᠴᠢᠯᠡᠭᠡᠨ᠎ᠤ ᠴᠢᠳᠠᠪᠤᠷᠢ ᠪᠠ ᠨᠡᠪᠴᠢᠭᠦᠯᠦᠭᠦᠷ᠎ᠤᠨ ᠦᠷ᠎ᠡ ᠪᠦᠲᠦᠮᠵᠢ ᠵᠢ ᠨᠡᠩ ᠴᠢᠬᠤᠯᠠᠴᠢᠯᠠᠵᠤ᠂ ᠭᠠᠷᠮᠠᠭ᠋ᠠᠢ ᠲᠡᠰ᠎ᠤᠨ ᠨᠡᠪᠴᠢᠭᠦᠯᠦᠭᠦᠷ᠎ᠨᠢ ᠠᠵᠤ ᠦᠢ᠍ᠯᠡᠰ᠎ᠤᠨ ᠰᠢᠨᠵᠢ ᠴᠢᠨᠠᠷ᠂ ᠦᠢ᠍ᠯᠡᠴᠢᠯᠡᠭᠡᠨ᠎ᠤ ᠴᠢᠳᠠᠮᠵᠢ᠂ ᠳᠡᠭᠡᠳᠦ ᠲᠡᠰ᠎ᠤᠨ ᠴᠢᠳᠠᠪᠤᠷᠢᠲᠠᠨ᠂ ᠪᠡᠯᠡ ᠣᠷᠣᠭᠤᠯᠤᠯᠲᠠ᠎ᠪᠠᠷ ᠳᠠᠶ᠋ᠢᠴᠢᠯᠠᠬᠤ᠂ ᠤᠯᠠᠷᠢᠭᠤᠯᠬᠤ ᠵᠢ ᠲᠦᠷᠭᠡᠳᠬᠡᠬᠦ ᠵᠡᠷᠭᠡ ᠲᠠᠯ᠎ᠠ ᠵᠢᠨ ᠴᠢᠳᠠᠪᠤᠷᠢ ᠵᠢ᠎ᠨᠢ ᠴᠢᠩᠭ᠋ᠠᠳᠬᠠᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠡᠶ᠋ᠢᠳᠬᠡᠨ ᠲᠥᠪᠯᠡᠷᠡᠭᠦᠯᠵᠦ᠂ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠬᠥᠭᠵᠢᠯᠲᠡ ᠵᠢᠨ ᠠᠮᠢ ᠠᠬᠤᠢ ᠵᠢ ᠴᠣᠭᠴᠠᠯᠠᠨ ᠪᠠᠶ᠋ᠢᠭᠤᠯᠤᠨ᠎ᠠ᠃
     ᠳᠥᠷᠪᠡ᠎ᠳᠤ ᠠᠵᠢᠯ᠎ᠤᠨ ᠲᠣᠭᠲᠠᠴᠠ ᠵᠢᠨ ᠲᠠᠯ᠎ᠠ᠎ᠪᠠᠷ᠂ ᠮᠤᠵᠢ ᠶᠠᠮᠤᠨ᠎ᠤ ᠬᠠᠮᠵᠢᠯᠴᠠᠭ᠎ᠠ ᠵᠢ ᠲᠤᠪᠤᠶ᠋ᠢᠯᠭ᠋ᠠᠵᠦ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠪᠦᠬᠦ ᠤᠯᠤᠰ᠎ᠤᠨ ᠨᠡᠪᠴᠢᠬᠦᠯᠦᠬᠦᠷ᠎ᠤᠨ ᠲᠥᠯᠦᠪᠵᠢᠭᠦᠯᠭᠡ᠂ ᠲᠦᠷᠦ ᠵᠢᠨ ᠪᠣᠳᠣᠯᠭ᠎ᠠ᠂ ᠪᠠᠷᠢᠮᠵᠢᠶ᠎ᠠ᠎ᠪᠠᠷ ᠬᠥᠲᠥᠯᠥᠨ ᠵᠢᠯᠤᠭᠤᠳᠬᠤ ᠪᠠ ᠬᠢᠨᠠᠨ ᠬᠠᠮᠢᠶᠠᠷᠬᠤ ᠵᠢ ᠴᠢᠩᠭ᠋ᠠᠳᠬᠠᠬᠤ ᠵᠢᠨ ᠬᠠᠮᠲᠤ᠂ ᠣᠷᠣᠨ ᠨᠤᠲᠤᠭ᠎ᠤᠨ ᠡᠯ᠎ᠡ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠵᠢᠯᠣᠭᠤᠳᠤᠯᠭ᠎ᠠ ᠪᠠ ᠦᠢ᠍ᠯᠡᠴᠢᠯᠡᠭᠡ ᠵᠢ ᠴᠢᠩᠭ᠋ᠠᠳᠬᠠᠵᠤ᠂ ᠨᠡᠪᠴᠢᠬᠦᠯᠦᠬᠦᠷ᠎ᠤᠨ ᠪᠡᠯᠡ ᠮᠥᠩᠭᠦ᠂ ᠴᠢᠳᠠᠪᠤᠷᠢᠲᠠᠨ ᠵᠡᠷᠭᠡ᠎ᠳᠤ ᠲᠦᠷᠦ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠵᠢ ᠴᠢᠩᠭ᠋ᠠᠳᠬᠠᠨ᠎ᠠ᠃
    3. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠪᠣᠷᠣ ᠲᠥᠯᠥᠪ ᠬᠢᠭᠡᠳ ᠴᠢᠬᠤᠯᠠ ᠲᠣᠬᠢᠷᠠᠭᠤᠯᠤᠯᠲᠠ᠎ᠨᠢ ᠶᠠᠭᠤ ᠪᠤᠶ?
     ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠳᠤ ᠨᠡᠶ᠋ᠢᠲᠡ 7 ᠪᠦᠯᠦᠭ 29 ᠵᠦᠢ᠍ᠯ ᠪᠣᠢ᠂ ᠡᠭᠦᠨ᠎ᠳᠤ᠄ ᠨᠢᠭᠡᠳᠦᠭᠡᠷ ᠪᠦᠯᠦᠭ᠎ᠨᠢ ᠶᠡᠷᠦᠩᠬᠡᠢ ᠳᠦᠷᠢᠮ ᠪᠣᠯᠣᠨ᠎ᠠ᠃ ᠲᠣᠭᠲᠠᠭ᠋ᠠᠭᠰᠠᠨ ᠦᠨᠳᠦᠰᠦᠯᠡᠯ ᠪᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠴᠢ ᠨᠡᠪᠴᠢᠭᠦᠯᠦᠭᠦᠷ᠎ᠤᠨ ᠪᠠᠶ᠋ᠢᠷᠢ ᠲᠣᠭᠲᠠᠭ᠋ᠠᠯᠲᠠ᠂ ᠴᠢᠳᠠᠮᠵᠢ ᠪᠠ ᠬᠠᠷᠠᠯᠲᠠ ᠵᠢ ᠲᠣᠳᠣᠷᠬᠠᠶ᠋ᠢᠯᠠᠪᠠ᠃ ᠬᠤᠶᠠᠳᠤᠭ᠋ᠠᠷ ᠪᠦᠯᠦᠭ᠎ᠨᠢ ᠮᠠᠭ᠋ᠠᠳᠯᠠᠨ ᠲᠣᠭᠲᠠᠭ᠋ᠠᠬᠤ ᠨᠥᠬᠦᠴᠡᠯ ᠪᠣᠯᠣᠨ᠎ᠠ᠃ ᠶᠠᠮᠤᠨ᠎ᠤ ᠲᠠᠰ᠎ᠤᠨ ᠨᠡᠪᠴᠢᠭᠦᠯᠦᠭᠦᠷ᠎ᠢ ᠪᠠᠷᠢᠮᠵᠢᠶ᠎ᠠ᠎ᠳᠤ ᠬᠦᠷᠦᠭᠦᠯᠦᠭᠰᠡᠨ ᠮᠠᠭ᠋ᠠᠳᠯᠠᠨ ᠲᠣᠭᠲᠠᠭ᠋ᠠᠯᠲᠠ ᠬᠢᠬᠦ ᠵᠢ ᠬᠡᠷᠡᠭᠵᠢᠭᠦᠯᠵᠦ᠂ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠲᠤ ᠰᠢᠯᠢᠳᠡᠭ᠎ᠢ᠎ᠨᠢ ᠰᠣᠩᠭᠤᠭᠰᠠᠨ ᠮᠠᠭ᠋ᠠᠳᠯᠠᠨ ᠲᠣᠭᠲᠠᠭ᠋ᠠᠯᠲᠠ ᠬᠢᠬᠦ ᠵᠢ ᠬᠡᠷᠡᠭᠵᠢᠭᠦᠯᠬᠦ ᠵᠢ ᠲᠣᠳᠣᠷᠬᠠᠶ᠋ᠢᠯᠠᠭᠰᠠᠨ᠎ᠤ ᠬᠠᠮᠲᠤ ᠮᠠᠭ᠋ᠠᠳᠯᠠᠨ ᠲᠣᠭᠲᠠᠭ᠋ᠠᠬᠤ ᠨᠥᠬᠦᠴᠡᠯ ᠪᠠ ᠱᠠᠭ᠋ᠠᠷᠳᠠᠯᠭ᠎ᠠ ᠵᠢ ᠳᠤᠷᠠᠳᠪᠠ᠃ ᠭᠤᠷᠪᠠᠳᠤᠭ᠋ᠠᠷ ᠪᠦᠯᠦᠭ᠎ᠨᠢ ᠮᠠᠭ᠋ᠠᠳᠯᠠᠨ ᠲᠣᠭᠲᠠᠭ᠋ᠠᠬᠤ ᠵᠢᠷᠤᠮ ᠪᠣᠯᠣᠨ᠎ᠠ᠃ ᠨᠡᠪᠴᠢᠭᠦᠯᠦᠭᠦᠷ ᠭᠤᠶᠤᠴᠢᠯᠠᠬᠤ᠂ ᠬᠢᠨᠠᠨ ᠬᠠᠷᠭᠤᠭᠤᠯᠵᠤ ᠲᠠᠨᠢᠯᠴᠠᠭᠤᠯᠬᠤ᠂ ᠬᠢᠨᠠᠨ ᠰᠢᠯᠭ᠋ᠠᠷᠠᠭᠤᠯᠵᠤ ᠮᠠᠭ᠋ᠠᠳᠯᠠᠨ ᠲᠣᠭᠲᠠᠭ᠋ᠠᠬᠤ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠡᠷᠭᠡ ᠲᠠᠰ ᠳᠠᠷᠠᠭ᠋ᠠᠯᠠᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠳᠥᠷᠪᠡᠳᠦᠭᠡᠷ ᠪᠦᠯᠦᠭ᠎ᠨᠢ ᠦᠨᠡᠯᠡᠯᠲᠡ ᠪᠠ ᠬᠢᠨᠠᠯᠲᠠ ᠲᠠᠯᠪᠢᠯᠲᠠ ᠪᠣᠯᠣᠨ᠎ᠠ᠃ ᠨᠡᠪᠴᠢᠭᠦᠯᠦᠭᠦᠷ᠎ᠤᠨ ᠠᠮᠵᠢᠯᠲᠠ ᠪᠦᠲᠦᠮᠵᠢ ᠵᠢ ᠦᠨᠡᠯᠡᠯᠲᠡ ᠬᠢᠬᠦ᠂ ᠡᠳᠦᠷ ᠲᠤᠲᠤᠮ᠎ᠤᠨ ᠬᠢᠨᠠᠯᠲᠠ ᠲᠠᠯᠪᠢᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠲᠠᠪᠤᠳᠤᠭ᠋ᠠᠷ ᠪᠦᠯᠦᠭ᠎ᠨᠢ ᠬᠤᠪᠢᠷᠠᠭᠤᠯᠵᠤ ᠲᠣᠬᠢᠷᠠᠭᠤᠯᠬᠤ ᠪᠠ ᠬᠦᠴᠦᠨ ᠦᠭᠡᠢ ᠪᠣᠯᠭ᠋ᠠᠬᠤ ᠱᠠᠭ᠋ᠠᠷᠳᠠᠯᠭ᠎ᠠ ᠪᠣᠯᠣᠨ᠎ᠠ᠃ ᠮᠠᠭ᠋ᠠᠳᠯᠠᠨ ᠲᠣᠭᠲᠠᠭ᠋ᠠᠭᠰᠠᠨ ᠨᠡᠪᠴᠢᠭᠦᠯᠦᠭᠦᠷ᠎ᠢ ᠬᠤᠪᠢᠷᠠᠭᠤᠯᠵᠤ ᠲᠣᠬᠢᠷᠠᠭᠤᠯᠬᠤ ᠪᠠ ᠬᠦᠴᠦᠨ ᠦᠭᠡᠢ ᠪᠣᠯᠭ᠋ᠠᠬᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠵᠢᠷᠭᠤᠳᠤᠭ᠋ᠠᠷ ᠪᠦᠯᠦᠭ᠎ᠨᠢ ᠠᠬᠢᠭᠤᠯᠬᠤ ᠬᠢᠭᠡᠳ ᠬᠥᠭᠵᠢᠭᠦᠯᠬᠦ ᠠᠷᠭ᠎ᠠ ᠬᠡᠮᠵᠢᠶ᠎ᠡ ᠪᠣᠯᠣᠨ᠎ᠠ᠃ ᠨᠡᠪᠴᠢᠭᠦᠯᠦᠭᠦᠷ᠎ᠤᠨ ᠬᠥᠭᠵᠢᠯᠲᠡ ᠵᠢ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠴᠢᠳᠠᠪᠤᠷᠢ ᠵᠢᠨ ᠪᠠᠶ᠋ᠢᠭᠤᠯᠤᠯᠲᠠ᠂ ᠰᠢᠨ᠎ᠡ ᠵᠢ ᠡᠭᠦᠳᠬᠦ ᠵᠢ ᠲᠦᠷᠭᠡᠳᠬᠡᠬᠦ᠂ ᠪᠦᠷᠢᠳᠬᠡᠨ ᠪᠠᠶ᠋ᠢᠴᠠᠭ᠋ᠠᠬᠤ᠂ ᠲᠤᠰᠬᠠᠶ᠋ᠢᠵᠢᠭᠤᠯᠤᠨ ᠬᠥᠭᠵᠢᠭᠦᠯᠬᠦ ᠵᠡᠷᠭᠡ ᠲᠠᠯ᠎ᠠ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ ᠳᠣᠯᠣᠳᠤᠭ᠋ᠠᠷ ᠪᠦᠯᠦᠭ᠎ᠨᠢ ᠳᠠᠭ᠋ᠠᠯᠳᠤᠭᠤᠯᠤᠯ ᠳᠦᠷᠢᠮ ᠪᠣᠯᠣᠨ᠎ᠠ᠃ ᠯᠠᠪᠯᠠᠯᠲᠠ ᠪᠣᠯᠭ᠋ᠠᠨ ᠬᠠᠮᠢᠶᠠᠷᠬᠤ᠂ ᠠᠮᠵᠢᠯᠲᠠ ᠪᠦᠲᠦᠮᠵᠢ ᠵᠢ ᠦᠨᠡᠯᠡᠬᠦ᠂ ᠲᠠᠶ᠋ᠢᠯᠪᠤᠷᠢᠯᠠᠬᠤ ᠪᠠ ᠴᠤᠴᠠᠯᠬᠤ ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃
    《ᠬᠠᠮᠢᠶᠠᠷᠤᠯᠲᠠ ᠵᠢᠨ ᠠᠷᠭ᠎ᠠ》᠎ᠳᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠨᠡᠪᠴᠢᠭᠦᠯᠦᠭᠦᠷ (ᠳᠣᠷᠣᠭᠰᠢ 《ᠶᠠᠮᠤᠨ ᠲᠠᠰ᠎ᠤᠨ ᠨᠡᠪᠴᠢᠭᠦᠯᠦᠭᠦᠷ》 ᠭᠡᠵᠦ ᠲᠣᠪᠴᠢᠯᠠᠪᠠ)᠎ᠢ ᠮᠠᠭ᠋ᠠᠳᠯᠠᠨ ᠲᠣᠭᠲᠠᠭ᠋ᠠᠬᠤ᠎ᠳᠤ ᠪᠠᠷᠢᠮᠵᠢᠶ᠎ᠠ ᠲᠠᠰ᠎ᠤᠨ ᠪᠠ ᠭᠠᠷᠮᠠᠭ᠋ᠠᠢ ᠲᠠᠰ᠎ᠤᠨ ᠭᠡᠵᠦ ᠬᠤᠶᠠᠷ ᠲᠥᠷᠥᠯ ᠲᠣᠬᠢᠷᠠᠭᠤᠯᠵᠠᠢ᠂ ᠡᠨᠡ ᠪᠣᠯ ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ ᠬᠠᠮᠤᠭ᠎ᠤᠨ ᠶᠡᠭᠡ ᠲᠣᠬᠢᠷᠠᠭᠤᠯᠤᠯᠲᠠ ᠬᠢᠭᠰᠡᠨ ᠵᠦᠢ᠍ᠯ ᠪᠣᠯᠣᠨ᠎ᠠ᠃ ᠡᠭᠦᠨ᠎ᠳᠤ᠂ ᠪᠠᠷᠢᠮᠵᠢᠶ᠎ᠠ ᠲᠠᠰ᠎ᠤᠨ ᠨᠡᠪᠴᠢᠭᠦᠯᠦᠭᠦᠷ᠎ᠨᠢ ᠤᠤᠯ᠎ᠤᠨ ᠤᠯᠤᠰ᠎ᠤᠨ ᠲᠠᠰ᠎ᠤᠨ ᠨᠡᠪᠴᠢᠭᠦᠯᠦᠭᠦᠷ᠎ᠲᠠᠢ ᠬᠠᠷᠢᠴᠠᠭᠤᠯᠵᠤ᠂ ᠪᠠᠷᠢᠮᠵᠢᠶ᠎ᠠ᠎ᠳᠤ ᠬᠦᠷᠦᠭᠦᠯᠦᠭᠰᠡᠨ ᠮᠠᠭ᠋ᠠᠳᠯᠠᠨ ᠲᠣᠭᠲᠠᠭ᠋ᠠᠯᠲᠠ ᠬᠢᠬᠦ ᠵᠢ ᠬᠡᠷᠡᠭᠵᠢᠭᠦᠯᠦᠨ᠎ᠡ᠂ ᠲᠤᠬᠠᠶ᠋ᠢᠯᠠᠪᠠᠯ ᠲᠣᠭᠲᠠᠭ᠋ᠠᠭᠰᠠᠨ ᠨᠥᠬᠦᠴᠡᠯ᠎ᠳᠤ ᠭᠦᠷᠪᠡᠯ ᠳᠠᠷᠤᠢ ᠪᠠᠷᠢᠮᠵᠢᠶ᠎ᠠ ᠲᠠᠰ ᠵᠶ᠋ᠠᠷ ᠮᠠᠭ᠋ᠠᠳᠯᠠᠨ ᠲᠣᠭᠲᠠᠭ᠋ᠠᠵᠤ ᠪᠣᠯᠣᠨ᠎ᠠ᠃ ᠤᠤᠯ᠎ᠤᠨ ᠤᠯᠤᠰ᠎ᠤᠨ ᠲᠠᠰ᠎ᠤᠨ ᠨᠡᠪᠴᠢᠭᠦᠯᠦᠭᠦᠷ᠎ᠲᠤ ᠠᠪᠴᠤ ᠬᠡᠯᠡᠪᠡᠯ᠂ ᠰᠢᠨ᠎ᠡ᠎ᠪᠠᠷ ᠪᠠᠶ᠋ᠢᠭᠤᠯᠤᠭᠰᠠᠨ ᠪᠠᠷᠢᠮᠵᠢᠶ᠎ᠠ ᠲᠠᠰ᠎ᠤᠨ ᠨᠥᠬᠦᠴᠡᠯ᠎ᠢ ᠤᠤᠯ᠎ᠤᠨ ᠲᠥᠷᠥ ᠵᠢᠨ ᠪᠣᠳᠣᠯᠭ᠎ᠠ ᠵᠢᠨ ᠪᠣᠷᠣ ᠲᠥᠯᠥᠪ᠎ᠯᠦᠭᠡ ᠭᠦᠢ᠍ᠴᠡᠳ ᠵᠣᠯᠭ᠋ᠠᠭᠤᠯᠵᠤ᠂ ᠲᠥᠷᠥ ᠵᠢᠨ ᠪᠣᠳᠣᠯᠭ᠎ᠠ ᠵᠢᠨ ᠦᠷᠭᠦᠯᠵᠢᠯᠡᠬᠦᠶ᠋ᠢᠴᠡ ᠴᠢᠨᠠᠷ ᠪᠠ ᠲᠣᠭᠲᠠᠪᠤᠷᠢᠲᠤ ᠴᠢᠨᠠᠷ᠎ᠢ ᠪᠠᠲᠤᠯᠠᠬᠤ ᠵᠢᠨ ᠬᠠᠮᠲᠤ᠂ ᠬᠠᠮᠢᠶ᠎ᠠ ᠪᠦᠬᠦᠢ ᠭᠦᠢ᠍ᠴᠡᠳᠬᠡᠯ ᠲᠤᠭ᠎ᠠ ᠵᠢᠨ ᠱᠠᠭ᠋ᠠᠷᠳᠠᠯᠭ᠎ᠠ ᠵᠢ ᠰᠢᠯᠢᠳᠡᠭᠵᠢᠭᠦᠯᠬᠦ ᠪᠠ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠤᠤᠯ᠎ᠤᠨ ᠤᠯᠤᠰ᠎ᠤᠨ ᠲᠠᠰ᠎ᠤᠨ ᠨᠡᠪᠴᠢᠭᠦᠯᠦᠭᠦᠷ᠎ᠢ ᠶᠠᠮᠤᠨ ᠲᠠᠰ (ᠪᠠᠷᠢᠮᠵᠢᠶ᠎ᠠ ᠲᠠᠰ)᠎ᠤᠨ ᠨᠡᠪᠴᠢᠭᠦᠯᠦᠭᠦᠷ᠎ᠲᠤ ᠲᠣᠭᠲᠠᠭᠤᠨ ᠵᠶ᠋ᠠᠷ ᠰᠢᠯᠵᠢᠬᠦ ᠵᠢ ᠠᠬᠢᠭᠤᠯᠪᠠ᠃ ᠶᠠᠮᠤᠨ ᠲᠠᠰ (ᠰᠢᠯᠭ᠋ᠠᠷᠠᠭᠰᠠᠨ ᠲᠠᠰ)᠎ᠤᠨ ᠨᠡᠪᠴᠢᠭᠦᠯᠦᠭᠦᠷ ᠪᠣᠯ ᠳᠡᠯᠡᠬᠡᠢ ᠵᠢᠨ ᠲᠡᠷᠢᠭᠦᠨ᠎ᠳᠤ ᠣᠷᠣᠬᠤ᠎ᠯᠤᠭ᠎ᠠ ᠬᠠᠷᠢᠴᠠᠭᠤᠯᠵᠤ ᠪᠠᠶ᠋ᠢᠭ᠋ᠠᠳ ᠰᠢᠯᠢᠳᠡᠭ ᠵᠶ᠋ᠠᠷ ᠰᠣᠩᠭᠤᠵᠤ ᠮᠠᠭ᠋ᠠᠳᠯᠠᠨ ᠲᠣᠭᠲᠠᠭ᠋ᠠᠵᠤ᠂ ᠰᠢᠨ᠎ᠡ᠎ᠪᠠᠷ ᠮᠠᠨᠳᠤᠵᠤ ᠪᠠᠶ᠋ᠢᠭ᠎ᠠ ᠠᠵᠤ ᠦᠢ᠍ᠯᠡᠰ ᠪᠠ ᠢᠷᠡᠭᠡᠳᠦᠢ ᠵᠢᠨ ᠠᠵᠤ ᠦᠢ᠍ᠯᠡᠰ᠎ᠤᠨ ᠬᠦᠷᠢᠶᠡᠨ᠎ᠳᠤ ᠬᠠᠨᠳᠤᠭᠤᠯᠤᠭᠰᠠᠨ᠂ ᠥᠨᠳᠥᠷ ᠪᠠᠷᠢᠮᠵᠢᠶᠠᠲᠤ ᠲᠤᠰᠬᠠᠶ᠋ᠢᠵᠢᠭᠰᠠᠨ ᠦᠢ᠍ᠯᠡᠴᠢᠯᠡᠭᠡ ᠬᠠᠩᠭ᠋ᠠᠬᠤ ᠰᠢᠨ᠎ᠡ ᠵᠢ ᠡᠭᠦᠳᠬᠦ ᠬᠡᠯᠪᠡᠷᠢ ᠵᠢᠨ ᠨᠡᠪᠴᠢᠭᠦᠯᠦᠭᠦᠷ ᠪᠣᠯᠣᠨ᠎ᠠ᠃ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠨᠢ ᠥᠨᠳᠥᠷ ᠪᠠᠷᠢᠮᠵᠢᠶ᠎ᠠ᠂ ᠴᠢᠩᠭ᠎ᠠ ᠱᠠᠭ᠋ᠠᠷᠳᠠᠯᠭ᠎ᠠ ᠵᠢ ᠪᠠᠷᠢᠮᠲᠠᠯᠠᠨ᠂ ᠰᠢᠯᠢᠳᠡᠭ᠎ᠠᠴᠠ ᠰᠢᠯᠢᠳᠡᠭ᠎ᠢ ᠰᠣᠩᠭᠤᠬᠤ᠂ ᠶᠡᠷᠦᠩᠬᠡᠢ ᠬᠡᠮᠵᠢᠶ᠎ᠡ᠎ᠪᠠᠷ ᠬᠢᠵᠠᠭ᠋ᠠᠷᠯᠠᠬᠤ ᠵᠢ ᠪᠠᠷᠢᠮᠲᠠᠯᠠᠵᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠤᠭᠤᠯᠬᠤ ᠪᠠ ᠨᠢᠭᠡᠳᠦᠯᠲᠡᠢ ᠲᠥᠯᠥᠪᠯᠡᠨ ᠪᠠᠶ᠋ᠢᠷᠢᠯᠠᠭᠤᠯᠬᠤ᠎ᠪᠠᠷ ᠳᠠᠮᠵᠢᠭᠤᠯᠤᠨ᠂ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠤᠨ ᠬᠡᠪ ᠳᠠᠭᠤᠷᠢᠶᠠᠯ ᠪᠣᠯᠬᠤ ᠪᠠ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠬᠦᠴᠦᠯᠡᠨ ᠪᠠᠳᠠᠷᠠᠭᠤᠯᠵᠤ᠂ ᠬᠤᠰᠢᠭᠤᠷᠠᠯ ᠮᠡᠷᠭᠡᠵᠢᠯ᠎ᠤᠨ ᠦᠷ᠎ᠡ ᠪᠦᠲᠦᠭᠡᠯ᠎ᠤᠨ ᠠᠵᠤ ᠦᠶ᠋ᠢᠯᠡᠰᠵᠢᠭᠦᠯᠬᠦ ᠵᠢ ᠠᠬᠢᠭᠤᠯᠤᠨ᠎ᠠ᠃
     ᠮᠠᠭ᠋ᠠᠳᠯᠠᠨ ᠲᠣᠭᠲᠠᠭ᠋ᠠᠬᠤ ᠨᠥᠬᠦᠴᠡᠯ᠎ᠤᠨ ᠲᠠᠯ᠎ᠠ᠎ᠠᠴᠠ ᠦᠵᠡᠪᠡᠯ᠂ ᠪᠠᠷᠢᠮᠵᠢᠶ᠎ᠠ ᠳᠡᠰ᠎ᠤᠨ ᠨᠡᠪᠴᠢᠭᠦᠯᠦᠭᠦᠷ᠎ᠢ ᠰᠢᠨ᠎ᠡ ᠴᠠᠭ ᠦᠶ᠎ᠡ ᠵᠢᠨ ᠰᠢᠨ᠎ᠡ ᠱᠠᠭ᠋ᠠᠷᠳᠠᠯᠭ᠎ᠠ᠎ᠯᠤᠭ᠎ᠠ ᠤᠶᠠᠯᠳᠤᠭᠤᠯᠤᠨ᠂ ᠬᠡᠰᠡᠭ ᠭᠦᠢ᠍ᠴᠡᠳᠬᠡᠯ ᠲᠤᠭ᠎ᠠ ᠵᠢ ᠰᠢᠨ᠎ᠡ᠎ᠪᠠᠷ ᠨᠡᠮᠡᠭᠳᠡᠭᠦᠯᠦᠭᠰᠡᠨ ᠪᠠ ᠰᠢᠯᠢᠳᠡᠭᠵᠢᠭᠦᠯᠵᠦ᠂ ᠨᠡᠪᠴᠢᠭᠦᠯᠬᠦ ᠦᠢ᠍ᠯᠡᠴᠢᠯᠡᠭᠡᠨ᠎ᠤ ᠴᠢᠳᠠᠪᠤᠷᠢ ᠪᠠ ᠨᠡᠪᠴᠢᠭᠦᠯᠬᠦ ᠵᠢᠨ ᠦᠷ᠎ᠡ ᠪᠦᠲᠦᠮᠵᠢ ᠵᠢ ᠮᠥᠨ ᠴᠢᠨᠠᠷ ᠳᠡᠭᠡᠷ᠎ᠡ᠎ᠪᠠᠨ ᠨᠠᠩ ᠢᠯᠡᠭᠦᠦ ᠴᠢᠬᠤᠯᠠᠴᠢᠯᠠᠪᠠ᠂ ᠡᠭᠦᠨ᠎ᠳᠤ᠄ ᠨᠡᠪᠴᠢᠭᠦᠯᠬᠦ ᠠᠵᠤ ᠠᠬᠤᠶ᠋ᠢᠯᠠᠯ᠎ᠤᠨ ᠰᠢᠨ᠎ᠡ᠎ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠲᠤᠭ᠎ᠠ ᠵᠢᠨ ᠡᠵᠡᠯᠡᠬᠦ ᠬᠠᠷᠢᠴᠠᠯ᠂ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ᠎ᠤᠨ ᠡᠵᠡᠯᠡᠬᠦ ᠬᠠᠷᠢᠴᠠᠯ᠂ ᠨᠡᠪᠴᠢᠭᠦᠯᠬᠦ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠪᠠ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠨᠡᠮᠡᠭᠳᠡᠯ᠎ᠤᠨ ᠨᠣᠷᠮ᠎ᠠ᠂ ᠨᠡᠪᠴᠢᠭᠦᠯᠬᠦ ᠦᠢ᠍ᠯᠡᠴᠢᠯᠡᠭᠡᠨ᠎ᠤ ᠣᠷᠣᠯᠭ᠎ᠠ ᠵᠢᠨ ᠡᠵᠡᠯᠡᠬᠦ ᠬᠠᠷᠢᠴᠠᠯ ᠵᠡᠷᠭᠡ ᠠᠵᠤ ᠠᠬᠤᠶ᠋ᠢᠯᠠᠯ᠎ᠤᠨ ᠶᠠᠰᠤ ᠴᠢᠨᠠᠷ ᠪᠠ ᠨᠡᠪᠴᠢᠭᠦᠯᠦᠭᠦᠷ᠎ᠤᠨ ᠡᠵᠡᠩᠨᠡᠯᠲᠡ ᠵᠢᠨ ᠴᠢᠳᠠᠪᠤᠷᠢ ᠵᠢ ᠢᠯᠡᠷᠡᠭᠦᠯᠬᠦ ᠲᠠᠯ᠎ᠠ᠎ᠳᠠᠬᠢ ᠮᠠᠭ᠋ᠠᠳᠯᠠᠨ ᠲᠣᠭᠲᠠᠭ᠋ᠠᠬᠤ ᠨᠥᠬᠦᠴᠡᠯ᠎ᠢ ᠨᠡᠮᠡᠭᠳᠡᠭᠦᠯᠪᠡ; ᠨᠡᠪᠴᠢᠭᠦᠯᠬᠦ ᠪᠡᠯᠡ ᠮᠥᠩᠭᠦᠨ᠎ᠤ ᠬᠡᠪᠴᠢᠶ᠎ᠡ᠂ ᠠᠵᠤ ᠠᠬᠤᠶ᠋ᠢᠯᠠᠯ᠎ᠤᠨ ᠪᠡᠶᠡᠯᠡᠭᠦᠯᠵᠦ ᠳᠠᠭᠤᠰᠬᠠᠬᠤ ᠲᠤᠭ᠎ᠠ ᠬᠡᠮᠵᠢᠶ᠎ᠡ ᠵᠡᠷᠭᠡ ᠭᠦᠢ᠍ᠴᠡᠳᠬᠡᠯ ᠲᠤᠭ᠎ᠠ ᠵᠢᠨ ᠨᠥᠬᠦᠴᠡᠯ᠎ᠢ ᠲᠣᠬᠢᠷᠠᠭᠤᠯᠤᠨ ᠰᠢᠯᠢᠳᠡᠭᠵᠢᠭᠦᠯᠪᠡ; ᠲᠠᠯᠠᠪᠤᠷ ᠭᠠᠵᠠᠷ᠎ᠤᠨ ᠲᠠᠯᠠᠪᠠᠢ ᠵᠢ ᠵᠣᠬᠢᠰᠲᠠᠢ᠎ᠪᠠᠷ ᠪᠠᠭᠤᠷᠠᠭᠤᠯᠵᠤ᠂ ᠨᠡᠪᠴᠢᠭᠦᠯᠬᠦ ᠠᠵᠤ ᠠᠬᠤᠶ᠋ᠢᠯᠠᠯ᠎ᠤᠨ ᠲᠤᠭ᠎ᠠ ᠬᠡᠮᠵᠢᠶ᠎ᠡ ᠵᠡᠷᠭᠡ ᠬᠡᠪᠴᠢᠶᠡᠵᠢᠯ᠎ᠤᠨ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠨᠢ ᠠᠵᠤ ᠦᠢ᠍ᠯᠡᠰ᠎ᠤᠨ ᠰᠢᠨᠵᠢ ᠴᠢᠨᠠᠷ᠎ᠢ ᠴᠢᠩᠭ᠋ᠠᠳᠬᠠᠬᠤ᠂ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠳᠬᠠᠬᠤ᠂ ᠴᠢᠳᠠᠪᠤᠷᠢᠲᠠᠨ ᠵᠶ᠋ᠠᠷ ᠬᠥᠲᠥᠯᠬᠦ ᠵᠢ ᠴᠢᠩᠭ᠋ᠠᠳᠬᠠᠬᠤ᠂ ᠪᠡᠯᠡ ᠣᠷᠣᠭᠤᠯᠤᠯᠲᠠ ᠵᠢᠨ ᠴᠢᠳᠠᠪᠤᠷᠢ ᠣᠯᠭᠤᠬᠤ ᠵᠢ ᠴᠢᠩᠭ᠋ᠠᠳᠬᠠᠬᠤ᠂ ᠬᠤᠷᠳᠤᠴᠠ ᠵᠢ ᠲᠦᠷᠭᠡᠳᠬᠡᠬᠦ ᠦᠢ᠍ᠯᠡᠳᠦᠯ᠎ᠢ ᠴᠢᠩᠭ᠋ᠠᠳᠬᠠᠬᠤ ᠵᠡᠷᠭᠡ ᠲᠠᠪᠤᠨ ᠲᠠᠯ᠎ᠠ ᠵᠢ ᠭᠦᠢ᠍ᠴᠡᠳ ᠢᠯᠡᠷᠡᠭᠦᠯᠵᠦ᠂ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠤᠯᠲᠠ᠎ᠪᠠᠷ ᠳᠠᠮᠵᠢᠭᠤᠯᠵᠤ ᠰᠢᠯᠢᠳᠡᠭ᠎ᠢ᠎ᠨᠢ ᠰᠣᠩᠭᠤᠨ᠎ᠠ᠃
    4. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ᠎ᠳᠤ ᠶᠠᠮᠠᠷ ᠶᠠᠮᠠᠷ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠᠶ᠋ᠢᠬᠤ ᠪᠤᠶ?
     ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ (ᠲᠦᠷᠭᠡᠳᠬᠡᠭᠦᠷ᠂ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠢ ᠪᠠᠭᠲᠠᠨ᠎ᠠ)᠎ᠲᠤ ᠬᠥᠳᠡᠯᠦᠩᠭᠦᠢ ᠬᠠᠮᠢᠶᠠᠷᠤᠯᠲᠠ ᠬᠡᠷᠡᠭᠵᠢᠭᠦᠯᠦᠨ᠎ᠡ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠨᠢ ᠶᠠᠮᠤᠨ ᠲᠠᠰ᠎ᠤᠨ ᠨᠡᠪᠴᠢᠭᠦᠯᠦᠭᠦᠷ᠎ᠢ ᠮᠠᠭ᠋ᠠᠳᠯᠠᠨ ᠲᠣᠭᠲᠠᠭ᠋ᠠᠬᠤ ᠵᠢ᠎ᠨᠢ ᠬᠠᠷᠢᠭᠤᠴᠠᠨ᠎ᠠ᠂ ᠡᠭᠦᠨ᠎ᠳᠤ ᠪᠠᠷᠢᠮᠵᠢᠶ᠎ᠠ ᠲᠠᠰ ᠪᠠ ᠭᠠᠷᠮᠠᠭ᠋ᠠᠢ ᠲᠠᠰ ᠪᠠᠭᠲᠠᠨ᠎ᠠ᠃ ᠵᠠᠷᠴᠢᠮ ᠳᠡᠭᠡᠷ᠎ᠡ᠎ᠪᠠᠨ ᠨᠡᠪᠴᠢᠭᠦᠯᠦᠭᠦᠷ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶ᠋ᠢᠭᠤᠯᠤᠨ᠎ᠠ᠃ ᠡᠭᠦᠨ᠎ᠤ ᠬᠠᠮᠲᠤ ᠪᠥᠬᠦ ᠤᠯᠤᠰ᠎ᠤᠨ ᠨᠡᠪᠴᠢᠭᠦᠯᠦᠭᠦᠷ᠎ᠤᠨ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠪᠠ ᠪᠠᠷᠢᠮᠵᠢᠶ᠎ᠠ ᠵᠢ ᠬᠠᠷᠢᠭᠤᠴᠠᠨ ᠲᠣᠭᠲᠠᠭ᠋ᠠᠵᠤ᠂ ᠨᠡᠪᠴᠢᠭᠦᠯᠦᠭᠦᠷ᠎ᠤᠨ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠪᠠ ᠬᠢᠨᠠᠨ ᠰᠢᠨᠵᠢᠵᠦ ᠵᠠᠳᠠᠯᠤᠯᠲᠠ ᠬᠢᠬᠦ ᠵᠡᠷᠭᠡ ᠠᠵᠢᠯ ᠥᠷᠨᠢᠭᠦᠯᠦᠨ᠎ᠡ᠃ ᠦᠨᠡᠯᠡᠯᠲᠡ ᠬᠢᠬᠦ ᠬᠢᠨᠠᠯᠲᠠ ᠲᠠᠯᠪᠢᠬᠤ ᠲᠤᠬᠠᠢ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠨᠡᠪᠴᠢᠭᠦᠯᠦᠭᠦᠷ᠎ᠤᠨ ᠠᠮᠵᠢᠯᠲᠠ ᠪᠦᠲᠦᠮᠵᠢ᠎ᠳᠤ ᠦᠨᠡᠯᠡᠯᠲᠡ ᠬᠢᠬᠦ ᠪᠠᠷᠢᠮᠵᠢᠶ᠎ᠠ ᠵᠢ ᠠᠰ᠎ᠲᠤ᠎ᠨᠢ ᠲᠣᠭᠲᠠᠭ᠋ᠠᠵᠤ᠂ ᠪᠠᠷᠢᠮᠵᠢᠶ᠎ᠠ ᠲᠠᠰ᠎ᠤᠨ ᠨᠡᠪᠴᠢᠭᠦᠯᠦᠭᠦᠷ᠎ᠲᠤ ᠵᠢᠯ ᠪᠦᠷᠢ ᠠᠮᠵᠢᠯᠲᠠ ᠪᠦᠲᠦᠮᠵᠢ ᠵᠢ᠎ᠨᠢ ᠦᠨᠡᠯᠡᠵᠦ᠂ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠲᠤ 3 ᠵᠢᠯ ᠪᠣᠯᠬᠤ ᠪᠦᠷᠢ ᠳᠠᠬᠢᠨ ᠬᠠᠷᠭᠤᠭᠤᠯᠤᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠤᠰᠬᠠᠢ ᠲᠥᠯᠥᠪᠯᠡᠭᠡᠲᠦ ᠬᠤᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠨᠡᠪᠴᠢᠭᠦᠯᠦᠭᠦᠷ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ᠎ᠤ᠎ᠪᠠᠨ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠣᠷᠣᠨ ᠪᠦᠰᠡ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ ᠨᠡᠪᠴᠢᠭᠦᠯᠦᠭᠦᠷ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠪᠠᠶ᠋ᠢᠷᠢᠰᠢᠭᠤᠯᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠨᠡᠪᠴᠢᠭᠦᠯᠦᠭᠦᠷ ᠵᠶ᠋ᠠᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠵᠢ ᠬᠥᠲᠥᠯᠥᠨ ᠵᠢᠯᠣᠭᠤᠳᠤᠨ᠎ᠠ᠃
    5. ᠠᠰᠠᠭᠤᠯᠲᠠ᠄ ᠰᠢᠨ᠎ᠡ᠎ᠪᠠᠷ ᠮᠠᠭ᠋ᠠᠳᠯᠠᠨ ᠲᠣᠭᠲᠠᠭ᠋ᠠᠭᠰᠠᠨ ᠶᠠᠮᠤᠨ ᠳᠡᠰ᠎ᠤᠨ ᠨᠡᠪᠴᠢᠭᠦᠯᠦᠭᠦᠷ᠎ᠢ ᠤᠤᠯ᠎ᠤᠨ ᠤᠯᠤᠰ᠎ᠤᠨ ᠳᠡᠰ᠎ᠤᠨ ᠨᠡᠪᠴᠢᠭᠦᠯᠦᠭᠦᠷ᠎ᠯᠦᠭᠡ ᠬᠡᠷᠬᠢᠨ ᠵᠣᠯᠭ᠋ᠠᠭᠤᠯᠬᠤ ᠪᠤᠢ?
     ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ 2027 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯᠠᠬᠢ ᠬᠤᠭᠤᠴᠠᠭ᠎ᠠ ᠵᠢ ᠲᠥᠷᠥ ᠵᠢᠨ ᠪᠣᠳᠣᠯᠭ᠎ᠠ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠎ᠠ ᠪᠣᠯᠭ᠋ᠠᠵᠤ᠂ ᠰᠢᠯᠵᠢᠯᠲᠡ ᠵᠢᠨ ᠬᠤᠭᠤᠴᠠᠭ᠋ᠠᠨ᠎ᠳᠤ ᠬᠠᠮᠢᠶ᠎ᠠ ᠪᠦᠬᠦᠢ ᠪᠠᠶ᠋ᠢᠭᠤᠯᠤᠮᠵᠢ ᠵᠢᠨ ᠤᠤᠯ᠎ᠤᠨ 《ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ》᠎ᠤᠨ ᠬᠢᠷᠢ ᠬᠡᠮ᠎ᠢ ᠦᠷᠭᠦᠯᠵᠢᠯᠡᠨ ᠦᠯᠡᠳᠡᠭᠡᠬᠦ ᠵᠢᠨ ᠬᠠᠮᠲᠤ 《ᠬᠠᠮᠢᠶᠠᠷᠤᠯᠲᠠ ᠵᠢᠨ ᠠᠷᠭ᠎ᠠ》 ᠶᠣᠰᠣᠭ᠋ᠠᠷ 《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ》 ᠵᠶ᠋ᠠᠷ ᠭᠤᠶᠤᠴᠢᠯᠠᠨ ᠮᠡᠳᠡᠭᠦᠯᠵᠦ ᠪᠣᠯᠣᠨ᠎ᠠ᠃ ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ 《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠭᠦᠷ》᠎ᠤᠨ ᠬᠢᠷᠢ ᠬᠡᠮ᠎ᠢ ᠣᠯᠣᠭᠰᠠᠨ ᠦᠭᠡᠢ ᠤᠤᠯ᠎ᠤᠨ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ᠎ᠤᠨ ᠵᠣᠬᠢᠬᠤ ᠬᠢᠷᠢ ᠬᠡᠮ᠎ᠢ᠎ᠨᠢ ᠳᠠᠭᠢᠵᠤ ᠦᠯᠡᠳᠡᠭᠡᠬᠦ ᠦᠭᠡᠢ᠃ ᠭᠠᠶ᠋ᠢᠯᠢ ᠲᠠᠲᠠᠪᠤᠷᠢ ᠵᠢᠨ ᠬᠠᠮᠢᠶ᠎ᠠ ᠪᠦᠬᠦᠢ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠶᠠᠪᠤᠳᠠᠯ᠎ᠢ ᠠᠰ᠎ᠲᠤ᠎ᠨᠢ ᠮᠡᠳᠡᠭᠳᠡᠨ᠎ᠡ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠤᠯᠤᠰ᠎ᠤᠨ ᠨᠡᠮᠡᠭᠦᠷᠢ》 ᠦᠷᠭᠦᠯᠵᠢᠯᠡᠵᠦ ᠪᠣᠢ
ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠤᠬᠠᠢ ᠰᠢᠨ᠎ᠡ ᠴᠢᠮᠡᠭᠡ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ》 ᠵᠢᠨ ᠲᠠᠢ᠌ᠯᠤᠮᠵᠢ
ᠠᠷᠠᠳ᠎ᠤᠨ ᠶᠠᠪᠤᠳᠠᠯ᠎ᠤᠨ ᠶᠠᠮᠤᠨ᠎ᠤ 《ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ》 ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            