ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
《ᠤᠯᠤᠰ᠎ᠤᠨ ᠨᠡᠮᠡᠭᠦᠷᠢ》 ᠦᠷᠭᠦᠯᠵᠢᠯᠡᠵᠦ ᠪᠣᠢ
ᠨᠡᠶ᠋ᠢᠲᠡᠯᠡᠭᠰᠡᠨ ᠴᠠᠭ᠄ 2025-06-23

    ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠣᠶ᠋ᠢᠯᠠᠭ᠋ᠠᠭᠰᠠᠨ ᠵᠶ᠋ᠠᠷ᠂ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠦᠴᠦᠨ᠎ᠢ᠎ᠨᠢ ᠨᠡᠮᠡᠭᠳᠡᠭᠦᠯᠦᠨ ᠬᠡᠪᠴᠢᠶ᠎ᠡ ᠵᠢ ᠥᠷᠭᠡᠳᠬᠡᠬᠦ ᠲᠥᠷᠥ ᠵᠢᠨ ᠪᠣᠳᠣᠯᠭ᠎ᠠ᠎ᠳᠤ ᠬᠤᠪᠢᠷᠠᠯᠲᠠ ᠭᠠᠷᠤᠭᠰᠠᠨ ᠦᠭᠡᠢ᠂ ᠨᠡᠮᠡᠭᠦᠷᠢ ᠵᠢᠨ ᠪᠡᠯᠡ ᠮᠥᠩᠭᠦᠨ᠎ᠤ ᠬᠡᠷᠡᠭᠯᠡᠯᠲᠡ ᠵᠢᠨ ᠠᠬᠢᠴᠠ ᠵᠢᠱ᠌ᠢᠯᠲᠡ᠎ᠲᠠᠢ ᠨᠡᠶ᠋ᠢᠴᠡᠵᠦ᠂ ᠭᠤᠷᠪᠠᠳᠤᠭ᠋ᠠᠷ᠂ ᠳᠥᠷᠪᠡᠳᠦᠭᠡᠷ ᠤᠯᠠᠷᠢᠯ᠎ᠳᠤ ᠲᠥᠪ᠎ᠤᠨ ᠪᠡᠯᠡ ᠮᠥᠩᠭᠦ ᠵᠢ ᠵᠠᠯᠭ᠋ᠠᠭ᠎ᠠ ᠵᠠᠯᠭ᠋ᠠᠭ᠎ᠠ᠎ᠪᠠᠷ ᠣᠷᠣᠨ ᠨᠤᠲᠤᠭ ᠲᠡᠶ᠋ᠢᠰᠢ ᠪᠠᠭᠤᠯᠭ᠋ᠠᠬᠤ ᠪᠣᠯᠣᠨ᠎ᠠ᠃
     ᠣᠶ᠋ᠢᠯᠠᠭ᠋ᠠᠭᠰᠠᠨ ᠵᠶ᠋ᠠᠷ᠂ ᠡᠨᠡ ᠵᠢᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ 《ᠬᠤᠶᠠᠷ ᠰᠢᠨ᠎ᠡ》 ᠵᠢᠨ ᠲᠥᠷᠥ ᠵᠢᠨ ᠪᠣᠳᠣᠯᠭ᠎ᠠ ᠬᠡᠷᠡᠭᠵᠢᠭᠦᠯᠬᠦ᠎ᠪᠠᠨ ᠬᠦᠴᠦᠯᠡᠨ ᠥᠷᠭᠡᠳᠬᠡᠵᠦ᠂ 2024 ᠣᠨ᠎ᠤ ᠰᠠᠶ᠋ᠢᠨ ᠲᠤᠷᠰᠢᠯᠭ᠎ᠠ ᠠᠷᠭ᠎ᠠ ᠬᠢᠳᠡᠯ᠎ᠢ ᠬᠠᠮᠲᠤ᠎ᠪᠠᠷ ᠨᠠᠶ᠋ᠢᠳᠠᠪᠤᠷᠢᠵᠢᠭᠤᠯᠤᠨ᠂ ᠣᠷᠣᠨ ᠨᠤᠲᠤᠭ᠎ᠲᠤ ᠰᠢᠭᠤᠳ 3000 ᠳ᠋ᠦᠩᠰᠢᠭᠤᠷ ᠲᠥᠭᠦᠷᠢᠭ᠎ᠤᠨ ᠤᠯᠤᠰ᠎ᠤᠨ ᠵᠢᠭᠡᠯᠡᠯᠭᠡ ᠵᠢᠨ ᠪᠡᠯᠡ ᠮᠥᠩᠭᠦ ᠲᠣᠬᠢᠷᠠᠭᠤᠯᠵᠤ᠂ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠥᠷᠭᠡᠳᠬᠡᠵᠦ᠂ ᠡᠨᠡ ᠵᠢᠯ ᠵᠶ᠋ᠠᠷ ᠵᠶ᠋ᠠᠨ ᠨᠡᠮᠡᠭᠦᠷᠢ ᠥᠭᠬᠦ ᠵᠢ ᠬᠡᠷᠡᠭᠵᠢᠭᠦᠯᠦᠨ᠎ᠡ᠃ ᠡᠨᠡ ᠵᠢᠯ᠎ᠤᠨ 1 ᠳ᠋ᠦ᠍ᠭᠡᠷ ᠰᠠᠷ᠎ᠠ ᠪᠠ 4 ᠳ᠋ᠦ᠍ᠭᠡᠷ ᠰᠠᠷ᠎ᠠ᠎ᠳᠤ ᠲᠣᠰ ᠲᠣᠰ ᠬᠤᠶᠠᠷ ᠪᠦᠯᠦᠭ ᠵᠶ᠋ᠠᠷ ᠨᠡᠶ᠋ᠢᠲᠡ 1620 ᠳ᠋ᠦᠩᠰᠢᠭᠤᠷ ᠲᠥᠭᠦᠷᠢᠭ᠎ᠤᠨ ᠲᠥᠪ᠎ᠤᠨ ᠪᠡᠯᠡ ᠮᠥᠩᠭᠦ ᠵᠢ ᠪᠠᠭᠤᠯᠭ᠋ᠠᠵᠤ᠂ ᠣᠷᠣᠨ ᠨᠤᠲᠤᠭ᠎ᠤᠨ ᠨᠢᠭᠡᠳᠦᠭᠡᠷ᠂ ᠬᠤᠶᠠᠳᠤᠭ᠋ᠠᠷ ᠤᠯᠠᠷᠢᠯ᠎ᠤᠨ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠰᠠᠶ᠋ᠢᠲᠤᠷ ᠬᠢᠬᠦ ᠵᠢ ᠳᠡᠮᠵᠢᠪᠡ᠃ ᠵᠠᠯᠭ᠋ᠠᠭ᠋ᠠᠳ ᠪᠠᠰᠠ 1380 ᠳ᠋ᠦᠩᠰᠢᠭᠤᠷ ᠲᠥᠭᠦᠷᠢᠭ᠎ᠤᠨ ᠲᠥᠪ᠎ᠤᠨ ᠪᠡᠯᠡ ᠮᠥᠩᠭᠦ ᠵᠢ ᠭᠤᠷᠪᠠᠳᠤᠭ᠋ᠠᠷ᠂ ᠳᠥᠷᠪᠡᠳᠦᠭᠡᠷ ᠤᠯᠠᠷᠢᠯ᠎ᠳᠤ ᠪᠦᠯᠦᠭ ᠬᠤᠪᠢᠶᠠᠨ ᠡᠮᠬᠢ ᠳᠠᠷᠠᠭ᠎ᠠ᠎ᠲᠠᠢ᠎ᠪᠠᠷ ᠪᠠᠭᠤᠯᠭ᠋ᠠᠬᠤ ᠪᠣᠯᠣᠨ᠎ᠠ᠃
    《ᠣᠳᠣᠬᠠᠨ᠎ᠳᠤ ᠪᠦᠬᠦ ᠤᠯᠤᠰ᠎ᠤᠨ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠡᠮᠡᠭᠦᠷᠢ ᠪᠡᠯᠡ ᠮᠥᠩᠭᠦᠨ᠎ᠤ ᠬᠡᠷᠡᠭᠯᠡᠯᠲᠡ ᠪᠦᠬᠦ ᠵᠢᠯ᠎ᠤᠨ ᠬᠡᠪᠴᠢᠶᠡᠨ᠎ᠤ 50% ᠣᠷᠴᠢᠮ᠎ᠢ ᠡᠵᠡᠯᠡᠵᠦ᠂ ᠪᠦᠬᠦ᠋ᠢ᠍ᠯᠡ ᠠᠬᠢᠴᠠ᠎ᠨᠢ ᠵᠢᠱ᠌ᠢᠯᠲᠡ᠎ᠲᠠᠢ ᠨᠡᠶ᠋ᠢᠴᠡᠵᠦ ᠪᠠᠶ᠋ᠢᠨ᠎ᠠ》᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ 《ᠤᠯᠤᠰ᠎ᠤᠨ ᠨᠡᠮᠡᠭᠦᠷᠢ》 ᠵᠢᠨ ᠪᠡᠯᠡ ᠮᠥᠩᠭᠦ᠎ᠨᠢ ᠭᠤᠷᠪᠠᠨ ᠬᠡᠰᠡᠭ ᠵᠶ᠋ᠠᠷ ᠪᠦᠷᠢᠯᠳᠦᠪᠡ᠄ ᠨᠢᠭᠡ᠎ᠳᠤ ᠲᠥᠪ᠎ᠠᠴᠠ ᠪᠠᠭᠤᠯᠭ᠋ᠠᠭᠰᠠᠨ ᠣᠷᠳᠣ ᠬᠤᠭᠤᠴᠠᠭ᠋ᠠᠨ᠎ᠤ ᠤᠯᠤᠰ᠎ᠤᠨ ᠣᠨᠴᠠᠭ᠋ᠠᠢ ᠵᠢᠭᠡᠯᠡᠯᠭᠡ ᠵᠢᠨ ᠪᠡᠯᠡ ᠮᠥᠩᠭᠦᠨ᠎ᠤ ᠬᠡᠪᠴᠢᠶ᠎ᠡ᠎ᠨᠢ ᠨᠢᠳᠤᠨᠤᠨ᠎ᠤ᠎ᠬᠢ᠎ᠠᠴᠠ ᠬᠤᠶᠠᠷ ᠳᠠᠬᠢᠨ ᠵᠶ᠋ᠠᠷ ᠨᠡᠮᠡᠭᠳᠡᠪᠡ; ᠬᠤᠶᠠᠷ᠎ᠲᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠣᠷᠣᠨ ᠨᠤᠲᠤᠭ᠎ᠤᠨ᠎ᠬᠢᠨ ᠲᠥᠪ᠎ᠠᠴᠠ ᠪᠠᠭᠤᠯᠭ᠋ᠠᠭᠰᠠᠨ ᠪᠡᠯᠡ ᠮᠥᠩᠭᠦᠨ᠎ᠤ ᠰᠠᠭᠤᠷᠢᠨ ᠳᠡᠭᠡᠷ᠎ᠡ ᠬᠠᠷᠢᠴᠠᠯ ᠶᠣᠰᠣᠭ᠋ᠠᠷ ᠢᠵᠢ ᠪᠦᠷᠢᠳᠦᠭᠦᠯᠵᠦ᠂ ᠶᠡᠷᠦᠩᠬᠡᠢ ᠴᠣᠭᠴᠠ ᠳᠡᠭᠡᠷ᠎ᠡ᠎ᠪᠠᠨ 9᠄ 1 ᠵᠢᠨ ᠵᠠᠷᠴᠢᠮ ᠶᠣᠰᠣᠭ᠋ᠠᠷ ᠲᠥᠪ ᠪᠠ ᠣᠷᠣᠨ ᠨᠤᠲᠤᠭ ᠬᠠᠮᠲᠤ᠎ᠪᠠᠷ ᠡᠭᠦᠷᠭᠡᠯᠡᠬᠦ ᠵᠢ ᠬᠡᠷᠡᠭᠵᠢᠭᠦᠯᠦᠨ᠎ᠡ; ᠭᠤᠷᠪᠠ᠎ᠳᠤ ᠵᠠᠷᠢᠮ ᠭᠠᠵᠠᠷ ᠣᠷᠣᠨ᠎ᠤ᠎ᠬᠢᠨ ᠪᠠᠰᠠ ᠲᠤᠬᠠᠢ ᠵᠢᠨ ᠭᠠᠵᠠᠷ᠎ᠤᠨ ᠵᠶ᠋ᠠᠨ ᠠᠵᠢᠯ᠎ᠤᠨ ᠠᠬᠢᠴᠠ ᠪᠠ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠥᠪ᠎ᠠᠴᠠ ᠪᠠᠭᠤᠯᠭ᠋ᠠᠭᠰᠠᠨ ᠪᠠ ᠬᠠᠷᠢᠴᠠᠯ᠎ᠲᠠᠢ᠎ᠪᠠᠷ ᠢᠵᠢ ᠪᠦᠷᠢᠳᠦᠭᠦᠯᠦᠭᠰᠡᠨ ᠪᠡᠯᠡ ᠮᠥᠩᠭᠦ᠎ᠠᠴᠠ ᠭᠠᠳᠠᠨ᠎ᠠ᠂ ᠣᠷᠣᠨ ᠨᠤᠲᠤᠭ᠎ᠤᠨ᠎ᠬᠢᠨ ᠳᠠᠬᠢᠵᠤ ᠪᠡᠯᠡ ᠮᠥᠩᠭᠦ ᠲᠣᠬᠢᠷᠠᠭᠤᠯᠬᠤ ᠪᠣᠯᠣᠨ᠎ᠠ᠃
     ᠨᠢᠭᠡᠨᠲᠡ ᠲᠣᠭᠲᠠᠭ᠋ᠠᠭᠰᠠᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ 7 ᠳ᠋ᠤᠭ᠋ᠠᠷ ᠰᠠᠷ᠎ᠠ᠂ 10 ᠳ᠋ᠤᠭ᠋ᠠᠷ ᠰᠠᠷ᠎ᠠ᠎ᠳᠤ ᠲᠣᠰ ᠲᠣᠰ ᠭᠤᠷᠪᠠᠳᠤᠭ᠋ᠠᠷ ᠤᠯᠠᠷᠢᠯ ᠪᠠ ᠳᠥᠷᠪᠡᠳᠦᠭᠡᠷ ᠤᠯᠠᠷᠢᠯ᠎ᠳᠠᠬᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠳᠡᠮᠵᠢᠬᠦ᠎ᠪᠠᠷ ᠲᠥᠪ᠎ᠤᠨ ᠪᠡᠯᠡ ᠮᠥᠩᠭᠦ ᠵᠢ ᠪᠠᠭᠤᠯᠭ᠋ᠠᠵᠤ᠂ ᠡᠯ᠎ᠡ ᠭᠠᠵᠠᠷ᠎ᠤᠨ᠎ᠬᠢᠨ ᠴᠦ᠍ ᠢᠵᠢ ᠪᠦᠷᠢᠳᠦᠭᠦᠯᠦᠭᠰᠡᠨ ᠪᠡᠯᠡ ᠮᠥᠩᠭᠦᠨ᠎ᠤ ᠳᠡᠮᠵᠢᠯᠭᠡ ᠵᠢ ᠦᠷᠭᠦᠯᠵᠢᠯᠡᠨ ᠰᠠᠶ᠋ᠢᠲᠤᠷ ᠬᠢᠬᠦ ᠪᠣᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠷᠣᠨ ᠨᠤᠲᠤᠭ᠎ᠢ ᠵᠢᠯᠣᠭᠤᠳᠤᠨ ᠨᠡᠮᠡᠭᠦᠷᠢ ᠣᠯᠭᠤᠬᠤ ᠠᠷᠭ᠎ᠠ ᠮᠠᠶᠢᠭ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠨᠠᠩ ᠲᠣᠭᠲᠠᠭᠤᠨ ᠪᠥᠭᠡᠳ ᠡᠮᠬᠢ ᠵᠢᠷᠤᠮ᠎ᠲᠠᠢ ᠪᠣᠯᠭ᠋ᠠᠵᠤ᠂ ᠪᠡᠯᠡ ᠮᠥᠩᠭᠦ ᠵᠢ ᠵᠢᠯ᠎ᠤᠨ ᠡᠴᠦᠰ ᠪᠣᠯᠲᠠᠯ᠎ᠠ ᠲᠡᠩᠴᠡᠭᠦᠷᠢᠲᠡᠢ ᠬᠡᠷᠡᠭᠯᠡᠭᠦᠯᠬᠦ ᠵᠢ ᠦᠨᠡᠨ ᠬᠦ᠌ ᠪᠠᠲᠤᠯᠠᠨ᠎ᠠ᠃
     ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠣᠲᠣ ᠪᠣᠯᠲᠠᠯ᠎ᠠ᠂ ᠡᠨᠡ ᠵᠢᠯ᠎ᠤᠨ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠪᠠᠷ ᠪᠣᠷᠣᠯᠠᠭᠤᠯᠤᠯᠲᠠ ᠵᠢ ᠳᠠᠶ᠋ᠢᠴᠢᠯᠠᠭᠰᠠᠨ ᠨᠣᠷᠮ᠎ᠠ᠎ᠨᠢ ᠨᠢᠭᠡᠨᠲᠡ ᠨᠢᠳᠤᠨᠤᠨ᠎ᠤ ᠪᠥᠬᠦ ᠵᠢᠯ᠎ᠤᠨ᠎ᠬᠢ᠎ᠠᠴᠠ ᠳᠠᠪᠠᠪᠠ᠃ ᠶᠡᠷᠦᠩᠬᠡᠢ᠎ᠳᠤ᠎ᠨᠢ ᠠᠪᠴᠤ ᠦᠵᠡᠪᠡᠯ᠂ ᠡᠨᠡ ᠵᠢᠯ᠎ᠠᠴᠠ ᠨᠠᠭ᠋ᠠᠰᠢ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ᠂ ᠬᠡᠷᠡᠭᠯᠡᠭᠡ ᠵᠢᠨ ᠦᠷᠭᠦᠯᠵᠢᠯᠡᠨ ᠥᠷᠭᠡᠳᠬᠦ ᠵᠢ ᠬᠦᠴᠦᠲᠡᠢ ᠠᠬᠢᠭᠤᠯᠵᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠢᠯᠡᠳᠲᠡ ᠳᠠᠶ᠋ᠢᠴᠢᠯᠠᠭᠰᠠᠨ ᠪᠠᠶ᠋ᠢᠨ᠎ᠠ᠃ ᠵᠠᠯᠭ᠋ᠠᠭ᠋ᠠᠳ ᠡᠯ᠎ᠡ ᠭᠠᠵᠠᠷ᠎ᠤᠨ ᠬᠤᠳᠠᠯᠳᠤᠭ᠋ᠠᠨ᠎ᠤ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠢᠭᠡᠨᠲᠡ ᠲᠣᠬᠢᠷᠠᠭᠤᠯᠤᠭᠰᠠᠨ ᠳᠡᠮᠵᠢᠯᠭᠡ ᠵᠢᠨ ᠪᠡᠯᠡ ᠮᠥᠩᠭᠦ᠎ᠪᠠᠨ ᠰᠠᠶ᠋ᠢᠲᠤᠷ ᠬᠡᠷᠡᠭᠯᠡᠵᠦ᠂ ᠪᠡᠯᠡ ᠮᠥᠩᠭᠦ ᠬᠡᠷᠡᠭᠯᠡᠬᠦ ᠲᠥᠰᠥᠯ᠎ᠤᠨ ᠬᠦᠷᠢᠶ᠎ᠡ ᠪᠠ ᠴᠠᠭ ᠬᠤᠭᠤᠴᠠᠭ᠎ᠠ ᠵᠢ ᠬᠤᠪᠢᠶᠠᠨ ᠨᠠᠷᠢᠯᠢᠭᠵᠢᠭᠤᠯᠵᠤ᠂ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠲᠣᠭᠲᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠬᠤ ᠵᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠭ᠋ᠠᠳ ᠦᠢ᠍ᠯᠡᠳᠬᠦᠨ᠎ᠤ ᠶᠠᠰᠤ ᠴᠢᠨᠠᠷ ᠪᠠ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠳ᠎ᠢ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠶ᠋ᠢᠴᠡᠭᠰᠡᠨ ᠡᠵᠡᠩᠨᠡᠯᠲᠡ᠎ᠳᠤ ᠣᠷᠣᠯᠴᠠᠭᠤᠯᠬᠤ ᠵᠢ ᠰᠢᠮᠳᠠᠭᠤᠯᠤᠨ ᠱᠠᠭ᠋ᠠᠷᠳᠠᠵᠤ᠂ ᠨᠡᠮᠡᠭᠦᠷᠢ ᠵᠢ ᠮᠡᠬᠡᠯᠡᠵᠦ ᠠᠪᠬᠤ ᠵᠢ ᠴᠢᠩᠭ᠎ᠠ ᠰᠡᠷᠭᠡᠶ᠋ᠢᠯᠡᠨ᠂ ᠲᠥᠷᠥ ᠵᠢᠨ ᠪᠣᠳᠣᠯᠭ᠎ᠠ ᠵᠢᠨ ᠵᠢᠷᠤᠮᠵᠢᠯ᠎ᠲᠠᠢ ᠪᠥᠭᠡᠳ ᠡᠮᠬᠢ ᠵᠢᠷᠤᠮ᠎ᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠨ᠎ᠠ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠤᠬᠠᠢ ᠰᠢᠨ᠎ᠡ ᠴᠢᠮᠡᠭᠡ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ》 ᠵᠢᠨ ᠲᠠᠢ᠌ᠯᠤᠮᠵᠢ
ᠠᠷᠠᠳ᠎ᠤᠨ ᠶᠠᠪᠤᠳᠠᠯ᠎ᠤᠨ ᠶᠠᠮᠤᠨ᠎ᠤ 《ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ》 ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠮᠥᠩᠭᠥᠨ ᠭᠦᠢ᠍ᠯᠭᠡᠭᠡᠨ᠎ᠤ ᠬᠥᠭᠵᠢᠯᠲᠡ ᠬᠢᠭᠡᠳ ᠥᠭᠡᠷᠡᠴᠢᠯᠡᠯᠲᠡ ᠵᠢᠨ ᠲᠥᠯᠥᠪᠵᠢᠭᠦᠯᠭᠡ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰᠣᠲᠤ ᠡᠯᠡᠰᠦ ᠵᠡᠷᠭᠡ 10 ᠠᠭᠤᠷᠬᠠᠶ ᠵᠢᠨ ᠲᠥᠷᠥᠯ᠎ᠤᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ ᠠᠰᠢᠭ ᠣᠯᠵᠠᠪᠤᠷᠢ ᠵᠢᠨ ᠵᠠᠬ᠎ᠠ ᠳᠡᠯᠭᠡᠭᠦᠷ᠎ᠤᠨ ᠰᠠᠭᠤᠷᠢ ᠪᠠᠷᠢᠮᠵᠢᠶᠠᠲᠤ ᠦᠨ᠎ᠡ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》᠎ᠤᠨ ᠲᠠᠶ᠋ᠢᠯᠤᠮᠵᠢ
 
            