ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠲᠥᠷᠥ ᠵᠢᠨ ᠪᠣᠳᠣᠯᠭ᠎ᠠ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ᠂ ᠰᠣᠨᠢᠨ ᠮᠡᠳᠡᠭᠡᠨ᠎ᠤ ᠥᠭᠦᠯᠡᠭᠴᠢ ᠯᠢ ᠴᠤᠤ 6 ᠳ᠋ᠤᠭ᠋ᠠᠷ ᠰᠠᠷ᠎ᠠ ᠵᠢᠨ 26᠎ᠤ ᠡᠳᠦᠷ ᠢᠯᠡᠷᠬᠡᠶ᠋ᠢᠯᠡᠬᠦ᠎ᠳᠤ᠎ᠪᠠᠨ᠂ ᠨᠢᠭᠡᠨᠲᠡ ᠲᠣᠭᠲᠠᠭ᠋ᠠᠭᠰᠠᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ 7 ᠳ᠋ᠤᠭ᠋ᠠᠷ ᠰᠠᠷ᠎ᠠ᠎ᠳᠤ ᠡᠨᠡ ᠵᠢᠯ᠎ᠤᠨ ᠭᠤᠷᠪᠠᠳᠤᠭ᠋ᠠᠷ ᠪᠦᠯᠦᠭ᠎ᠤᠨ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠪᠡᠯᠡ ᠮᠥᠩᠭᠦ ᠵᠢ ᠪᠠᠭᠤᠯᠭ᠋ᠠᠨ᠎ᠠ᠃ ᠡᠭᠦᠨ᠎ᠤ ᠬᠠᠮᠲᠤ᠂ ᠬᠤᠯᠪᠣᠭᠳᠠᠯ ᠪᠦᠬᠦᠢ ᠲᠠᠯ᠎ᠠ ᠵᠢ ᠵᠣᠬᠢᠴᠠᠭᠤᠯᠵᠤ ᠪᠠᠶ᠋ᠢᠭ᠋ᠠᠳ᠂ 《ᠴᠠᠭ᠎ᠤᠨ ᠳᠠᠷᠠᠭ᠋ᠠᠯᠠᠯᠲᠤ ᠴᠢᠨᠠᠷ》 ᠪᠠ 《ᠲᠡᠩᠴᠡᠭᠦᠷᠢᠲᠦ ᠴᠢᠨᠠᠷ》᠎ᠢ ᠨᠠᠩ ᠴᠢᠬᠤᠯᠠᠴᠢᠯᠠᠬᠤ ᠵᠠᠷᠴᠢᠮ᠎ᠢ ᠪᠠᠷᠢᠮᠲᠠᠯᠠᠨ᠂ ᠰᠠᠷ᠎ᠠ ᠪᠦᠷᠢ᠂ ᠭᠠᠷᠠᠭ ᠪᠦᠷᠢ ᠵᠢᠨ 《ᠤᠯᠤᠰ᠎ᠤᠨ ᠨᠡᠮᠡᠭᠦᠷᠢ》 ᠵᠢᠨ ᠪᠡᠯᠡ ᠮᠥᠩᠭᠦ ᠵᠢ ᠬᠡᠷᠡᠭᠯᠡᠬᠦ ᠲᠥᠯᠥᠪᠯᠡᠭᠡ ᠵᠢ ᠬᠦᠷᠢᠶ᠎ᠡ ᠬᠤᠪᠢᠶᠠᠨ ᠲᠣᠭᠲᠠᠭ᠋ᠠᠨ ᠨᠠᠶ᠋ᠢᠳᠠᠪᠤᠷᠢᠵᠢᠭᠤᠯᠵᠤ᠂ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠪᠥᠬᠦ ᠵᠢᠯ᠎ᠳᠤ ᠡᠮᠬᠢ ᠵᠢᠷᠤᠮ᠎ᠲᠠᠢ ᠬᠡᠷᠡᠭᠵᠢᠭᠦᠯᠬᠦ ᠵᠢ ᠪᠠᠲᠤᠯᠠᠨ᠎ᠠ ᠭᠡᠵᠡᠢ᠃
ᠯᠢ ᠴᠤᠤ ᠢᠯᠡᠷᠬᠡᠶ᠋ᠢᠯᠡᠬᠦ᠎ᠳᠤ᠎ᠪᠠᠨ᠂ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠠᠯ᠎ᠠ᠎ᠪᠠᠷ᠂ ᠬᠡᠳᠦ ᠣᠷᠳᠣ ᠬᠤᠭᠤᠴᠠᠭ᠋ᠠᠲᠤ ᠤᠯᠤᠰ᠎ᠤᠨ ᠣᠨᠴᠠᠭ᠋ᠠᠢ ᠵᠢᠭᠡᠯᠡᠯᠭᠡ ᠵᠢᠨ ᠪᠡᠯᠡ ᠮᠥᠩᠭᠦ ᠵᠢᠨ ᠳᠡᠮᠵᠢᠯᠭᠡ ᠵᠢᠨ ᠡᠷᠴᠢᠮ᠎ᠨᠢ 3000 ᠳ᠋ᠦᠩᠰᠢᠭᠤᠷ ᠲᠥᠭᠦᠷᠢᠭ ᠪᠠᠶ᠋ᠢᠵᠤ᠂ ᠲᠦᠷᠦᠭᠦᠤ 2 ᠪᠦᠯᠦᠭ᠎ᠤᠨ ᠨᠡᠶ᠋ᠢᠲᠡ 1620 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠵᠢ ᠲᠥᠯᠥᠪᠯᠡᠭᠡ ᠶᠣᠰᠣᠭ᠋ᠠᠷ ᠲᠣᠰ ᠲᠣᠰ 1 ᠳ᠋ᠦ᠍ᠭᠡᠷ ᠰᠠᠷ᠎ᠠ᠂ 4 ᠳ᠋ᠦ᠍ᠭᠡᠷ ᠰᠠᠷ᠎ᠠ᠎ᠳᠤ ᠪᠠᠭᠤᠯᠭ᠋ᠠᠭᠰᠠᠨ ᠪᠥᠭᠡᠳ ᠪᠠᠰᠠ ᠣᠷᠣᠨ ᠨᠤᠲᠤᠭ᠎ᠤᠨ ᠪᠡᠯᠡ ᠮᠥᠩᠭᠦᠨ᠎ᠤ ᠬᠡᠷᠡᠭᠯᠡᠯᠲᠡ ᠵᠢᠨ ᠪᠠᠶ᠋ᠢᠳᠠᠯ᠎ᠢ ᠴᠢᠬᠤᠯᠠ ᠬᠦᠴᠦᠨ ᠵᠦᠢ᠍ᠯ ᠪᠣᠯᠭ᠋ᠠᠵᠤ᠂ ᠨᠢᠳᠤᠨᠤᠨ ᠣᠷᠣᠨ ᠨᠤᠲᠤᠭ᠎ᠤᠨ ᠪᠡᠯᠡ ᠮᠥᠩᠭᠦ ᠵᠢ ᠢᠯᠡᠭᠦᠦ ᠵᠠᠷᠤᠭᠰᠠᠨ ᠭᠠᠵᠠᠷ ᠣᠷᠣᠨ᠎ᠳᠤ ᠢᠯᠡᠭᠦᠦ ᠳᠡᠮᠵᠢᠯᠭᠡ ᠦᠵᠡᠭᠦᠯᠦᠭᠰᠡᠨ ᠪᠠᠶ᠋ᠢᠨ᠎ᠠ᠃ ᠲᠥᠬᠦᠭᠡᠷᠦᠮᠵᠢ ᠵᠢ ᠰᠢᠨᠡᠳᠬᠡᠬᠦ ᠲᠠᠯ᠎ᠠ᠎ᠪᠠᠷ᠂ ᠬᠡᠳᠦ ᠣᠷᠳᠣ ᠬᠤᠭᠤᠴᠠᠭ᠋ᠠᠲᠤ ᠤᠯᠤᠰ᠎ᠤᠨ ᠣᠨᠴᠠᠭ᠋ᠠᠢ ᠵᠢᠭᠡᠯᠡᠯᠭᠡ ᠵᠢᠨ ᠪᠡᠯᠡ ᠮᠥᠩᠭᠦᠨ᠎ᠤ ᠳᠡᠮᠵᠢᠯᠭᠡ ᠵᠢᠨ ᠡᠷᠴᠢᠮ᠎ᠨᠢ 2000 ᠳ᠋ᠦᠩᠰᠢᠭᠤᠷ ᠲᠥᠭᠦᠷᠢᠭ ᠪᠠᠶ᠋ᠢᠵᠤ᠂ ᠨᠢᠭᠡᠳᠦᠭᠡᠷ ᠪᠦᠯᠦᠭ᠎ᠤᠨ ᠪᠠᠷᠤᠭ 1730 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠵᠢ 《ᠣᠷᠣᠨ ᠨᠤᠲᠤᠭ ᠬᠢᠨᠠᠨ ᠬᠠᠷᠭᠤᠭᠤᠯᠬᠤ᠂ ᠤᠯᠤᠰ ᠳᠠᠬᠢᠨ ᠬᠢᠨᠠᠬᠤ》 ᠵᠠᠷᠴᠢᠮ ᠶᠣᠰᠣᠭ᠋ᠠᠷ᠂ 16 ᠬᠦᠷᠢᠶᠡᠨ᠎ᠤ 7500 ᠲᠥᠷᠥᠯ ᠵᠦᠢ᠍ᠯ᠎ᠳᠤ ᠲᠣᠬᠢᠷᠠᠭᠤᠯᠵᠤ᠂ ᠬᠤᠶᠠᠳᠤᠭ᠋ᠠᠷ ᠪᠦᠯᠦᠭ᠎ᠤᠨ ᠪᠡᠯᠡ ᠮᠥᠩᠭᠦ ᠵᠢ ᠶᠠᠭ ᠲᠥᠷᠥᠯ ᠵᠦᠢ᠍ᠯ᠎ᠢ ᠬᠢᠨᠠᠨ ᠬᠠᠷᠭᠤᠭᠤᠯᠵᠤ ᠰᠢᠯᠢᠨ ᠰᠣᠩᠭᠤᠬᠤ ᠠᠵᠢᠯ᠎ᠢ ᠵᠡᠷᠭᠡ᠎ᠪᠠᠷ ᠥᠷᠨᠢᠭᠦᠯᠵᠦ ᠪᠠᠶ᠋ᠢᠨ᠎ᠠ᠃
ᠯᠢ ᠴᠤᠤ ᠬᠡᠯᠡᠬᠦ᠎ᠳᠤ᠎ᠪᠠᠨ᠂ ᠶᠡᠷᠦᠩᠬᠡᠢ᠎ᠳᠤ᠎ᠨᠢ ᠠᠪᠴᠤ ᠦᠵᠡᠪᠡᠯ᠂ 《ᠬᠤᠶᠠᠷ ᠰᠢᠨ᠎ᠡ》 ᠵᠢᠨ ᠲᠥᠷᠥ ᠵᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ᠂ ᠪᠡᠯᠡ ᠣᠷᠣᠭᠤᠯᠤᠯᠲᠠ ᠵᠢ ᠲᠣᠭᠲᠠᠪᠤᠷᠢᠵᠢᠭᠤᠯᠬᠤ᠂ ᠬᠡᠷᠡᠭᠯᠡᠭᠡ ᠵᠢ ᠥᠷᠭᠡᠳᠬᠡᠬᠦ᠂ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠠᠩᠭᠢᠯᠠᠭ᠎ᠠ ᠵᠢᠨ ᠦᠢ᠍ᠯᠡᠳᠦᠯ ᠤᠯᠠᠮ ᠨᠢᠭᠡ ᠠᠯᠬᠤᠮ ᠲᠣᠪᠣᠶ᠋ᠢᠮ᠎ᠠ ᠪᠣᠯᠵᠤ᠂ ᠭᠡᠷ᠎ᠤᠨ ᠴᠠᠬᠢᠯᠭ᠋ᠠᠨ ᠬᠡᠷᠡᠭᠰᠡᠯ᠂ ᠭᠡᠷ᠎ᠤᠨ ᠬᠡᠷᠡᠭᠰᠡᠯ᠂ ᠴᠢᠮᠡᠭᠡ ᠬᠤᠯᠪᠣᠭ᠋ᠠᠨ᠎ᠤ ᠪᠠᠭ᠋ᠠᠵᠢ ᠵᠡᠷᠭᠡ ᠵᠢᠨ ᠪᠣᠷᠤᠯᠠᠭᠤᠯᠭ᠎ᠠ ᠲᠦᠷᠭᠡᠨ ᠵᠶ᠋ᠠᠷ ᠨᠡᠮᠡᠭᠳᠡᠵᠦ᠂ ᠡᠨᠡ ᠵᠢᠯ᠎ᠠᠴᠠ ᠨᠠᠭ᠋ᠠᠰᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠠᠮᠢᠶ᠎ᠠ ᠪᠦᠬᠦᠢ ᠲᠠᠸᠠᠷ᠎ᠢ ᠪᠣᠷᠣᠯᠠᠭᠤᠯᠤᠭᠰᠠᠨ ᠲᠤᠭ᠎ᠠ᠎ᠨᠢ 1.4 ᠲᠦᠮᠡᠨ ᠳ᠋ᠦᠩᠰᠢᠭᠤᠷ ᠲᠥᠭᠦᠷᠢᠭ᠎ᠢ ᠳᠠᠪᠠᠪᠠ ᠭᠡᠵᠡᠢ᠃
ᠲᠠᠨᠢᠯᠴᠠᠭᠤᠯᠤᠭᠰᠠᠨ ᠵᠶ᠋ᠠᠷ᠂ ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 《ᠬᠤᠶᠠᠷ ᠰᠢᠨ᠎ᠡ》 ᠵᠢᠨ ᠲᠥᠷᠥ ᠵᠢᠨ ᠪᠣᠳᠣᠯᠭ᠎ᠠ ᠵᠢᠨ ᠲᠤᠬᠠᠢ ᠶᠠᠮᠤᠨ᠎ᠤ ᠬᠤᠭᠤᠷᠣᠨᠳᠣᠬᠢ ᠬᠤᠯᠪᠣᠭ᠋ᠠᠯᠠᠭᠰᠠᠨ ᠬᠤᠷᠠᠯᠳᠤᠭ᠋ᠠᠨ᠎ᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠥᠬᠦᠭᠡᠷᠦᠮᠵᠢ ᠵᠢ ᠰᠢᠨᠡᠳᠬᠡᠬᠦ ᠲᠥᠷᠥᠯ ᠵᠦᠢ᠍ᠯ᠎ᠤᠨ ᠪᠢᠲᠡᠭᠦᠦ ᠴᠠᠭ᠋ᠠᠷᠢᠭᠲᠤ ᠬᠠᠮᠢᠶᠠᠷᠤᠯᠲᠠ ᠵᠢ ᠴᠢᠩᠭ᠋ᠠᠳᠬᠠᠨ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠪᠡᠯᠡ ᠮᠥᠩᠭᠦᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠨᠠᠩ ᠣᠯᠠᠨ ᠪᠣᠳᠠᠲᠠᠢ ᠪᠣᠳᠠᠰ᠎ᠤᠨ ᠪᠣᠷᠣᠯᠠᠭᠤᠯᠭ᠎ᠠ᠎ᠪᠠᠷ ᠠᠵᠢᠯ ᠵᠶ᠋ᠠᠨ ᠪᠡᠶᠡᠯᠡᠭᠦᠯᠬᠦ ᠵᠢ ᠠᠬᠢᠭᠤᠯᠤᠨ᠎ᠠ; ᠲᠥᠬᠦᠭᠡᠷᠦᠮᠵᠢ ᠵᠢ ᠰᠢᠨᠡᠳᠬᠡᠬᠦ ᠵᠢᠭᠡᠯᠡᠯᠭᠡ ᠵᠢᠨ ᠳᠠᠮ ᠬᠦᠦ ᠵᠢᠨ ᠲᠥᠷᠥ ᠵᠢᠨ ᠪᠣᠳᠣᠯᠭ᠎ᠠ ᠵᠢ ᠬᠦᠴᠦᠯᠡᠨ ᠬᠡᠷᠡᠭᠵᠢᠭᠦᠯᠵᠦ᠂ ᠡᠵᠡᠩᠨᠡᠯᠲᠡ ᠵᠢᠨ ᠭᠤᠣᠯ ᠴᠣᠭᠴᠠ ᠵᠢᠨ ᠲᠥᠬᠦᠭᠡᠷᠦᠮᠵᠢ ᠵᠢ ᠰᠢᠨᠡᠳᠬᠡᠬᠦ ᠪᠡᠯᠡ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠤᠯᠠᠮ ᠨᠢᠭᠡ ᠠᠯᠬᠤᠮ ᠪᠠᠭᠤᠷᠠᠭᠤᠯᠤᠨ᠎ᠠ ᠭᠡᠵᠡᠢ᠃