ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2025-06-09

    ᠲᠥᠷᠥ ᠵᠢᠨ ᠶᠠᠪᠤᠳᠠᠯ᠎ᠤᠨ ᠬᠤᠷᠢᠶ᠎ᠠ ᠣᠷᠴᠢᠮᠬᠠᠨ 《ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠦᠷᠢᠳᠬᠡᠯ᠎ᠤᠨ ᠬᠠᠤᠯᠢ》 ᠪᠠ 《ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》᠎ᠤᠨ ᠲᠣᠭᠲᠠᠭ᠋ᠠᠯ᠎ᠢ ᠦᠨᠳᠦᠰᠦᠯᠡᠨ᠂ ᠲᠦᠷᠦ ᠵᠢᠨ ᠶᠠᠪᠤᠳᠠᠯ᠎ᠤᠨ ᠬᠤᠷᠢᠶ᠎ᠠ 2026 ᠣᠨ᠎ᠳᠤ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ᠎ᠪᠠᠷ ᠲᠣᠭᠲᠠᠭ᠋ᠠᠪᠠ᠃
    《ᠮᠡᠳᠡᠭᠳᠡᠯ》᠎ᠳᠤ ᠵᠢᠭ᠋ᠠᠵᠤ ᠭᠠᠷᠭ᠋ᠠᠬᠤ᠎ᠳᠤ᠎ᠪᠠᠨ᠂ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠬᠥᠳᠡᠭᠡ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠪᠦᠷᠢᠳᠬᠡᠭᠦᠯᠬᠦ ᠡᠲᠡᠭᠡᠳ ᠪᠣᠯ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠳᠣᠲᠣᠷᠠᠬᠢ ᠬᠥᠳᠡᠭᠡ ᠲᠣᠰᠬᠤᠨ᠎ᠤ ᠰᠠᠭᠤᠭ᠋ᠠᠯᠢ ᠡᠷᠦᠬᠡ ᠪᠣᠯᠣᠨ᠎ᠠ᠂ ᠡᠭᠦᠨ᠎ᠳᠤ ᠬᠥᠳᠡᠭᠡ ᠲᠣᠰᠬᠤᠨ᠎ᠤ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠡᠷᠦᠬᠡ ᠪᠠ ᠪᠤᠰᠤᠳ ᠰᠠᠭᠤᠭ᠋ᠠᠯᠢ ᠡᠷᠦᠬᠡ᠂ ᠬᠤᠲᠠ ᠪᠠᠯᠭ᠋ᠠᠰᠤᠨ᠎ᠤ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠡᠷᠦᠬᠡ᠂ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ᠂ ᠭᠠᠴᠠᠭ᠋ᠠᠨ᠎ᠤ ᠠᠷᠠᠳ᠎ᠤᠨ ᠵᠥᠪᠯᠡᠯ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠪᠠᠭᠲᠠᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠭᠤᠣᠯ ᠠᠭᠤᠯᠭ᠎ᠠ᠎ᠳᠤ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠨᠥᠬᠦᠴᠡᠯ᠂ ᠠᠮᠤ ᠪᠤᠳᠠᠭ᠎ᠠ ᠪᠠ ᠬᠠᠮ ᠢᠳᠡᠭᠡᠨ᠎ᠤ ᠦᠢ᠍ᠯᠡᠳᠪᠦᠷᠢᠯᠡᠯ᠎ᠤᠨ ᠪᠠᠶ᠋ᠢᠳᠠᠯ᠂ ᠬᠥᠳᠡᠭᠡ ᠠᠵᠤ ᠠᠬᠤᠢ ᠵᠢᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠳᠠᠯ᠂ ᠬᠥᠳᠡᠭᠡ ᠲᠣᠰᠬᠤᠨ᠎ᠤ ᠬᠥᠭᠵᠢᠯᠲᠡ ᠵᠢᠨ ᠦᠨᠳᠦᠰᠦᠨ ᠪᠠᠶ᠋ᠢᠳᠠᠯ᠂ ᠬᠥᠳᠡᠭᠡ ᠲᠣᠰᠬᠤᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠪᠠᠶ᠋ᠢᠳᠠᠯ ᠵᠡᠷᠭᠡ ᠪᠠᠭᠲᠠᠨ᠎ᠠ᠃ ᠨᠡᠶ᠋ᠢᠳᠡᠮ ᠪᠠᠶ᠋ᠢᠴᠠᠭ᠋ᠠᠯᠲᠠ ᠬᠢᠵᠦ ᠡᠬᠢᠯᠡᠬᠦ ᠪᠠᠷᠢᠮᠵᠢᠶ᠎ᠠ ᠪᠣᠯᠬᠤ ᠴᠠᠭ 2026 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠤᠨ 24 ᠴᠠᠭ᠂ ᠬᠤᠭᠤᠴᠠᠭ᠋ᠠᠨ᠎ᠤ ᠮᠠᠲ᠋ᠧᠷᠢᠶᠠᠯ ᠪᠣᠯ 2026 ᠣᠨ᠎ᠤ ᠣᠨ᠎ᠤ ᠮᠠᠲ᠋ᠧᠷᠢᠶᠠᠯ ᠪᠣᠯᠣᠨ᠎ᠠ ᠭᠡᠵᠡᠢ᠃

    《ᠮᠡᠳᠡᠭᠳᠡᠯ》᠎ᠳᠤ ᠱᠠᠭ᠋ᠠᠷᠳᠠᠬᠤ᠎ᠳᠤ᠎ᠪᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠨᠢ ᠤᠯᠤᠰ ᠳᠠᠶᠠᠭ᠋ᠠᠷ᠎ᠤᠨ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ᠎ᠤᠳ ᠠᠵᠢᠯ ᠬᠤᠪᠢᠶᠠᠷᠢᠯᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠵᠢᠨ᠎ᠬᠢᠨ ᠬᠠᠮᠲᠤ᠎ᠪᠠᠷ ᠣᠷᠣᠯᠴᠠᠬᠤ ᠵᠠᠷᠴᠢᠮ ᠶᠣᠰᠣᠭ᠋ᠠᠷ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠭᠤᠣᠯᠳᠠᠯᠭ᠎ᠠ᠎ᠪᠠᠨ ᠲᠣᠪᠤᠶ᠋ᠢᠯᠭ᠋ᠠᠨ᠂ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ᠂ ᠠᠷᠭ᠎ᠠ ᠪᠠᠷᠢᠯ᠎ᠳᠤ ᠰᠢᠨ᠎ᠡ ᠵᠢ ᠡᠭᠦᠳᠴᠦ᠂ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠤᠨ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠳ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠦᠨᠡᠨ ᠮᠥᠨ ᠵᠶ᠋ᠠᠷ᠎ᠨᠢ ᠴᠤᠭᠯᠠᠭᠤᠯᠵᠤ᠂ ᠮᠡᠳᠡᠭᠦᠯᠦᠨ ᠬᠦᠷᠭᠡᠬᠦ ᠬᠡᠷᠡᠭᠲᠡᠢ᠂ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠃ ᠨᠡᠶ᠋ᠢᠳᠡᠮ ᠪᠠᠶ᠋ᠢᠴᠠᠭ᠋ᠠᠯᠲᠠ᠎ᠳᠤ ᠪᠦᠷᠢᠳᠬᠡᠭᠦᠯᠬᠦ ᠡᠲᠡᠭᠡᠳ᠎ᠤᠳ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠴᠠᠭ ᠲᠤᠬᠠᠢ᠎ᠳᠤ᠎ᠨᠢ᠂ ᠦᠨᠡᠨ ᠮᠥᠨ ᠵᠶ᠋ᠠᠷ᠎ᠨᠢ ᠲᠠᠭᠯᠠᠨ ᠮᠡᠳᠡᠭᠦᠯᠬᠦ ᠬᠡᠷᠡᠭᠲᠡᠢ᠂ ᠦᠨᠡᠨ ᠪᠤᠰᠤ᠂ ᠪᠦᠷᠢᠨ ᠪᠤᠰᠤ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ ᠬᠠᠩᠭ᠋ᠠᠬᠤ ᠪᠤᠶᠤ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠤᠳᠠᠭ᠋ᠠᠰᠢᠷᠠᠭᠤᠯᠤᠨ ᠮᠡᠳᠡᠭᠦᠯᠬᠦ ᠪᠠ ᠮᠡᠳᠡᠭᠦᠯᠬᠦ ᠵᠢ ᠲᠡᠪᠴᠢᠵᠦ ᠪᠣᠯᠬᠤ ᠦᠭᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠵᠶ᠋ᠠᠷ ᠣᠯᠣᠭᠰᠠᠨ ᠨᠡᠶ᠋ᠢᠳᠡᠮ ᠪᠠᠶ᠋ᠢᠴᠠᠭ᠋ᠠᠯᠲᠠ ᠵᠢᠨ ᠭᠠᠭᠴᠠ ᠪᠦᠷᠢᠳᠬᠡᠭᠦᠯᠬᠦ ᠡᠲᠡᠭᠡᠳ᠎ᠤᠨ ᠪᠡᠶ᠎ᠡ ᠭᠠᠷᠤᠯ᠎ᠢ ᠢᠯᠭ᠋ᠠᠨ ᠲᠠᠨᠢᠬᠤ ᠪᠤᠶᠤ ᠵᠦᠢ᠍ᠴᠢᠯᠡᠨ ᠮᠠᠭ᠋ᠠᠳᠯᠠᠵᠤ ᠳᠡᠶ᠋ᠢᠯᠬᠦ ᠮᠠᠲ᠋ᠧᠷᠢᠶᠠᠯ᠎ᠢ ᠭᠠᠳᠠᠭᠰᠢ ᠬᠠᠩᠭ᠋ᠠᠬᠤ ᠪᠠ ᠵᠠᠳᠠᠷᠠᠭᠤᠯᠵᠤ ᠪᠣᠯᠬᠤ ᠦᠭᠡᠢ᠂ ᠪᠦᠷᠢᠳᠬᠡᠯ᠎ᠠᠴᠠ ᠪᠤᠰᠤᠳ ᠵᠣᠷᠢᠯᠭ᠎ᠠ᠎ᠳᠤ ᠬᠡᠷᠡᠭᠯᠡᠵᠦ ᠪᠣᠯᠬᠤ ᠦᠭᠡᠢ ᠭᠡᠵᠡᠢ᠃
    《ᠮᠡᠳᠡᠭᠳᠡᠯ》᠎ᠳᠤ ᠴᠢᠬᠤᠯᠠᠴᠢᠯᠠᠬᠤ᠎ᠳᠤ᠎ᠪᠠᠨ᠂ ᠳ᠋ᠠᠶ᠋ᠢᠲ᠋ᠠ ᠵᠢᠨ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠠᠷᠴᠢᠮ᠎ᠢ ᠢᠮᠠᠭᠲᠠ ᠪᠠᠲᠤ ᠰᠠᠬᠢᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠥᠰᠥᠯ᠎ᠢ ᠴᠢᠩᠭ᠎ᠠ ᠬᠡᠷᠡᠭᠵᠢᠭᠦᠯᠦᠨ᠂ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠤᠳᠤᠯᠭ᠎ᠠ ᠪᠣᠯᠪᠠᠰᠤᠷᠠᠯ᠎ᠢ ᠴᠢᠩᠭ᠋ᠠᠳᠬᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠴᠤᠪᠤᠷᠠᠯ᠎ᠢ ᠵᠢᠷᠤᠮᠵᠢᠭᠤᠯᠤᠨ᠂ ᠳ᠋ᠠᠶ᠋ᠢᠲ᠋ᠠ ᠵᠢᠨ ᠶᠠᠰᠤ ᠴᠢᠨᠠᠷ᠎ᠲᠤ ᠪᠠᠶ᠋ᠢᠴᠠᠭ᠋ᠠᠬᠤ ᠪᠠ ᠬᠠᠷᠭᠤᠭᠤᠯᠬᠤ ᠵᠢ ᠴᠢᠩᠭ᠋ᠠᠳᠬᠠᠵᠤ᠂ ᠲᠤᠭ᠎ᠠ ᠪᠦᠷᠢᠳᠬᠡᠯ᠎ᠢ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠵᠶ᠋ᠠᠷ ᠵᠣᠬᠢᠶᠠᠨ ᠬᠠᠭᠤᠷᠮᠠᠭᠯᠠᠨ ᠦᠢ᠍ᠯᠡᠳᠬᠦ ᠵᠢ ᠦᠨᠡᠨ ᠬᠦ᠌ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠬᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠳ᠋ᠠᠶ᠋ᠢᠲ᠋ᠠ ᠵᠢᠨ ᠦᠨᠡᠨ ᠪᠣᠳᠠᠲᠠᠢ ᠪᠥᠭᠡᠳ ᠣᠨᠣᠪᠴᠢᠲᠠᠶ᠂ ᠪᠦᠷᠢᠨ ᠪᠦᠲᠦᠨ ᠮᠥᠷᠲᠡᠭᠡᠨ ᠢᠲᠡᠭᠡᠮᠵᠢᠲᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠳ᠋ᠠᠶ᠋ᠢᠲ᠋ᠠ ᠵᠢᠨ ᠶᠠᠰᠤ ᠴᠢᠨᠠᠷ᠎ᠢ ᠡᠵᠡᠮᠳᠡᠬᠦ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠳ᠋ᠠᠶ᠋ᠢᠲ᠋ᠠ ᠵᠢᠨ ᠶᠠᠰᠤ ᠴᠢᠨᠠᠷ᠎ᠢ ᠮᠥᠷᠳᠡᠨ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠳ᠋ᠠᠶ᠋ᠢᠲ᠋ᠠ᠎ᠳᠤ ᠵᠣᠷᠢᠭᠤᠳᠠ ᠭᠠᠷ ᠲᠦᠷᠦᠭᠦ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠵᠢ ᠡᠷᠡᠰ ᠬᠤᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ᠎ᠤᠨ ᠠᠷᠭ᠎ᠠ ᠪᠠᠷᠢᠯ ᠪᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠠᠪᠴᠤ᠂ ᠨᠡᠶ᠋ᠢᠳᠡᠮ ᠪᠠᠶ᠋ᠢᠴᠠᠭ᠋ᠠᠯᠲᠠ ᠵᠢᠨ ᠳ᠋ᠠᠶ᠋ᠢᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠪᠴᠢᠭᠦᠯᠦᠬᠦᠷ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
《ᠤᠯᠤᠰ᠎ᠤᠨ ᠨᠡᠮᠡᠭᠦᠷᠢ》 ᠦᠷᠭᠦᠯᠵᠢᠯᠡᠵᠦ ᠪᠣᠢ
ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠤᠬᠠᠢ ᠰᠢᠨ᠎ᠡ ᠴᠢᠮᠡᠭᠡ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉᠎ᠳᠠᠬᠢ ᠨᠢᠭᠡ ᠴᠣᠭᠴᠠᠵᠢᠭᠤᠯᠤᠨ ᠬᠥᠭᠵᠢᠭᠦᠯᠬᠦ ᠲᠥᠯᠥᠪᠵᠢᠭᠦᠯᠭᠡ》 ᠵᠢᠨ ᠲᠠᠢ᠌ᠯᠤᠮᠵᠢ
ᠠᠷᠠᠳ᠎ᠤᠨ ᠶᠠᠪᠤᠳᠠᠯ᠎ᠤᠨ ᠶᠠᠮᠤᠨ᠎ᠤ 《ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ》 ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠮᠡᠳᠡᠭᠳᠡᠯ
 
            