ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠪᠥᠬᠥ ᠣᠷᠣᠨ᠎ᠤ ᠬᠡᠪᠴᠢᠶᠡᠨ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠭᠡᠮ᠎ᠤᠨ ᠬᠢᠨᠠᠯᠲᠠ ᠲᠠᠯᠪᠢᠭᠴᠢ (ᠳᠣᠷᠣᠭᠰᠢ ᠨᠡᠶ᠋ᠢᠭᠡᠮ᠎ᠤᠨ ᠬᠢᠨᠠᠯᠲᠠ ᠲᠠᠯᠪᠢᠭᠴᠢ ᠭᠡᠵᠦ ᠲᠣᠪᠴᠢᠯᠠᠨ᠎ᠠ) ᠵᠢ 20 ᠨᠡᠷᠡᠰ ᠰᠣᠩᠭᠣᠨ ᠤᠷᠢᠬᠤ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠠᠯᠪᠠᠨ ᠵᠠᠷ ᠵᠶ᠋ᠠᠷ ᠨᠡᠶ᠋ᠢᠲᠡᠯᠡᠶ᠎ᠡ᠄
ᠨᠢᠭᠡ᠂ ᠰᠣᠩᠭᠣᠨ ᠤᠷᠢᠬᠤ ᠬᠡᠪᠴᠢᠶ᠎ᠡ
ᠪᠥᠬᠥ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠬᠠᠤᠯᠢ ᠴᠠᠭ᠋ᠠᠵᠠ ᠵᠢᠨ ᠠᠵᠢᠯᠲᠠᠨ᠂ ᠰᠣᠨᠢᠨ ᠮᠡᠳᠡᠭᠡᠨ᠎ᠤ ᠠᠵᠢᠯᠲᠠᠨ᠂ ᠨᠡᠶ᠋ᠢᠭᠡᠮ᠎ᠤᠨ ᠪᠦᠯᠬᠦᠮ᠎ᠤᠨ ᠬᠥᠮᠦᠰ᠂ ᠠᠵᠢᠯ ᠲᠥᠷᠥᠯ᠎ᠤᠨ ᠨᠡᠶ᠋ᠢᠭᠡᠮᠯᠢᠭ᠂ ᠶᠡᠬᠡ ᠳᠡᠭᠡᠳᠦ ᠰᠤᠷᠭ᠋ᠠᠭᠤᠯᠢ᠂ ᠰᠤᠳᠤᠯᠭ᠋ᠠᠨ᠎ᠤ ᠪᠠᠶ᠋ᠢᠭᠤᠯᠤᠮᠵᠢ᠂ ᠭᠤᠤᠯᠳᠠᠯᠭ᠎ᠠ᠎ᠲᠠᠢ ᠠᠵᠤ ᠠᠬᠤᠶ᠋ᠢᠯᠠᠯ ᠪᠠ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠮᠢᠶ᠎ᠠ ᠪᠥᠬᠥᠶ ᠬᠥᠮᠦᠰ᠎ᠤᠨ ᠳᠣᠲᠣᠷ᠎ᠠ᠎ᠠᠴᠠ ᠲᠠᠨᠢᠯᠴᠠᠭᠤᠯᠬᠤ ᠪᠤᠶᠤ ᠤᠷᠢᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠤᠷᠢᠨ ᠲᠣᠮᠢᠯᠠᠨ᠎ᠠ᠃
ᠬᠣᠶᠠᠷ᠂ ᠰᠣᠩᠭᠣᠨ ᠤᠷᠢᠬᠤ ᠨᠥᠬᠥᠴᠡᠯ
(ᠨᠢᠭᠡ) ᠨᠡᠶ᠋ᠢᠭᠡᠮ᠎ᠤᠨ ᠬᠢᠨᠠᠭᠴᠢ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠲᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
1 . ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠠᠷᠢᠮᠲᠠᠯᠠᠵᠤ᠂ ᠤᠯᠤᠰ ᠲᠦᠷᠦ ᠵᠢᠨ ᠵᠣᠭᠰᠣᠯᠲᠠ ᠪᠠᠲᠤ ᠪᠠᠶ᠋ᠢᠵᠤ᠂ ᠨᠠᠮ᠎ᠤᠨ ᠤᠨᠤᠯ᠂ ᠱᠤᠭᠤᠮ᠂ ᠴᠢᠭᠯᠡᠯᠲᠡ᠂ ᠲᠦᠷᠦ ᠵᠢᠨ ᠪᠤᠳᠤᠯᠭ᠎ᠠ ᠵᠢ ᠬᠦᠷᠢᠶᠡᠯᠡᠬᠦ ᠬᠡᠷᠡᠭᠲᠡᠢ;
2 . ᠨᠡᠯᠢᠶᠡᠳ ᠥᠨᠳᠥᠷ ᠲᠦᠷᠦ ᠵᠢᠨ ᠪᠤᠳᠤᠯᠭ᠎ᠠ ᠵᠢᠨ ᠬᠢᠷᠢ ᠲᠦᠪᠰᠢᠨ ᠪᠠ ᠨᠡᠯᠢᠶᠡᠳ ᠴᠢᠩᠭ᠎ᠠ ᠬᠠᠤᠯᠢ᠎ᠪᠠᠷ ᠵᠠᠰᠠᠬᠤ ᠤᠬᠠᠮᠰᠠᠷ᠂ ᠬᠢᠨᠠᠯᠲᠠ ᠲᠠᠯᠪᠢᠬᠤ ᠤᠬᠠᠮᠰᠠᠷ᠎ᠲᠠᠢ ᠪᠠᠶ᠋ᠢᠵᠤ᠂ ᠠᠰᠠᠭᠤᠳᠠᠯ᠎ᠢ ᠢᠯᠡᠷᠡᠭᠦᠯᠬᠦ᠂ ᠵᠠᠳᠠᠯᠬᠤ ᠪᠠ ᠰᠢᠢ᠍ᠳᠪᠦᠷᠢᠯᠡᠬᠦ ᠴᠢᠳᠠᠪᠤᠷᠢ᠎ᠲᠠᠢ ᠪᠠᠶ᠋ᠢᠬᠤ;
3 . ᠵᠠᠷᠴᠢᠮ᠎ᠢ ᠪᠠᠷᠢᠮᠲᠠᠯᠠᠨ᠂ ᠦᠨᠡᠨ᠎ᠠᠴᠠ ᠵᠥᠪ᠎ᠢ ᠡᠷᠢᠵᠦ᠂ ᠬᠥᠮᠦᠨ᠎ᠨᠢ ᠲᠥᠪ ᠭᠣᠣᠯᠴᠢ᠂ ᠠᠷᠢᠭᠤᠨ ᠴᠢᠬᠡᠴᠢ᠂ ᠨᠡᠯᠢᠶᠡᠳ ᠴᠢᠩᠭ᠎ᠠ ᠣᠶ᠋ᠢᠯᠠᠰᠴᠢ ᠰᠡᠳᠬᠢᠯᠭᠡ ᠪᠣᠯᠤᠨ ᠬᠠᠷᠢᠭᠤᠴᠠᠯᠭ᠋ᠠᠲᠤ ᠰᠡᠳᠬᠢᠯᠭᠡ᠎ᠲᠠᠢ ᠪᠠᠶ᠋ᠢᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠬᠠᠯᠠᠭᠤᠨ ᠰᠡᠳᠬᠢᠯ᠎ᠲᠠᠢ ᠪᠠᠶ᠋ᠢᠵᠤ᠂ ᠨᠡᠶ᠋ᠢᠭᠡᠮ ᠳᠡᠭᠡᠷ᠎ᠡ ᠵᠣᠬᠢᠬᠤ ᠨᠥᠯᠥᠭᠡᠯᠡᠬᠦ ᠬᠦᠴᠦᠨ᠎ᠲᠠᠢ ᠪᠠᠶ᠋ᠢᠬᠤ ᠬᠡᠷᠡᠭᠲᠡᠶ;
4 . ᠪᠦᠬᠦᠯᠢ ᠠᠷᠪᠠᠨ ᠨᠠᠢ᠍ᠮᠠᠨ ᠨᠠᠰᠤ ᠬᠦᠷᠦᠭᠰᠡᠨ᠂ ᠪᠦᠬᠦᠯᠢ ᠵᠢᠷᠠᠨ ᠲᠠᠪᠤᠨ ᠨᠠᠰᠤ ᠬᠦᠷᠦᠭᠡᠳᠦᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠵᠠᠩ ᠰᠤᠷᠲᠠᠯ ᠰᠠᠶ᠋ᠢᠲᠠᠢ᠂ ᠨᠡᠶ᠋ᠢᠭᠡᠮ᠎ᠤᠨ ᠬᠢᠨᠠᠯᠲᠠ ᠲᠠᠯᠪᠢᠬᠤ ᠠᠵᠢᠯ᠎ᠢ ᠬᠢᠬᠦ ᠠᠵᠢᠯ᠎ᠤᠨ ᠴᠠᠭ᠎ᠢ ᠪᠠᠲᠤᠯᠠᠵᠤ ᠴᠢᠳᠠᠬᠤ;
5 . ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
(ᠬᠣᠶᠠᠷ) ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠲᠤᠰᠢᠶᠠᠯ᠎ᠢ ᠡᠭᠦᠷᠭᠡᠯᠡᠵᠦ ᠪᠣᠯᠬᠤ ᠦᠭᠡᠢ᠄
1 . ᠶᠠᠯ᠎ᠠ ᠬᠢᠭᠰᠡᠨ᠎ᠠᠴᠠ ᠪᠤᠯᠵᠤ ᠡᠷᠡᠭᠦᠦ ᠵᠢᠨ ᠰᠢᠳᠬᠡᠯ ᠣᠯᠵᠤ ᠥᠩᠭᠡᠷᠡᠭᠰᠡᠨ ᠪᠤᠶᠤ ᠶᠠᠭ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠵᠦ ᠪᠠᠶ᠋ᠢᠬᠤ;
2 . ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ᠎ᠠᠴᠠ ᠪᠣᠯᠵᠤ ᠠᠵᠢᠯ᠎ᠠᠴᠠ᠎ᠨᠢ ᠵᠣᠭᠰᠣᠭ᠋ᠠᠭᠰᠠᠨ ᠪᠤᠶᠤ ᠠᠯᠪᠠᠨ ᠲᠤᠰᠢᠶᠠᠯ᠎ᠠᠴᠠ᠎ᠪᠠᠨ ᠬᠥᠭᠡᠭᠡᠭᠳᠡᠭᠰᠡᠨ;
3 . ᠠᠷᠠᠳ᠎ᠤᠨ ᠰᠢᠭᠦᠬᠦ ᠬᠣᠷᠢᠶᠠᠨ᠎ᠤ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠵᠢᠨ ᠲᠡᠮᠳᠡᠭᠯᠡᠯ ᠪᠤᠶᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠡᠭᠡᠯᠢ ᠲᠦᠯᠬᠢᠵᠦ ᠬᠠᠬᠤᠤᠯᠢ ᠢᠳᠡᠭᠰᠡᠨ ᠰᠢᠳᠬᠡᠯ᠎ᠤᠨ ᠲᠠᠨᠭ᠌ᠰᠠ ᠡᠪᠬᠡᠮᠡᠯ᠎ᠤᠨ ᠲᠡᠮᠳᠡᠭᠯᠡᠯ᠎ᠲᠠᠢ ᠪᠠᠶ᠋ᠢᠬᠤ;
4 . ᠠᠶᠤᠯ ᠥᠬᠡᠶ ᠦᠢ᠍ᠯᠡᠳᠪᠦᠷᠢᠯᠡᠯ᠎ᠤᠨ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠪᠤᠶᠤ 《ᠬᠠᠷ᠎ᠠ ᠲᠠᠩᠰᠠ》 ᠵᠢᠨ ᠬᠠᠮᠢᠶᠠᠷᠤᠯᠲᠠ ᠵᠢᠨ ᠲᠡᠮᠳᠡᠭᠯᠡᠯ᠎ᠲᠠᠢ ᠪᠠᠶ᠋ᠢᠬᠤ;
5 . ᠰᠠᠬᠢᠯᠭ᠎ᠠ ᠪᠠᠲᠤ ᠵᠢ ᠵᠥᠷᠢᠴᠡᠵᠦ ᠬᠠᠤᠯᠢ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠵᠤ᠂ ᠮᠠᠭᠤ ᠨᠥᠯᠥᠭᠡ ᠭᠠᠷᠭ᠋ᠠᠭᠰᠠᠨ᠃
ᠭᠤᠷᠪᠠ᠂ ᠠᠵᠢᠯ᠎ᠤᠨ ᠡᠭᠦᠷᠭᠡ ᠬᠠᠷᠢᠭᠤᠴᠠᠯᠭ᠎ᠠ
(ᠨᠢᠭᠡ) ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠲᠤᠬᠠᠶ ᠨᠡᠶ᠋ᠢᠭᠡᠮ᠎ᠤᠨ ᠣᠯᠠᠨ ᠨᠡᠶ᠋ᠢᠲᠡ ᠵᠢᠨ ᠰᠢᠭᠦᠮᠵᠢᠯᠡᠯ᠂ ᠰᠠᠨᠠᠯ᠂ ᠰᠠᠨᠠᠭᠤᠯᠭ᠎ᠠ ᠵᠢ ᠲᠤᠰᠬᠠᠬᠤ ᠬᠡᠷᠡᠭᠲᠡᠶ;
(ᠬᠣᠶᠠᠷ) ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠠ ᠡᠨᠳᠡᠯ᠎ᠤᠨ ᠲᠠᠯᠳᠠ ᠭᠡᠮ᠎ᠳᠤ ᠬᠣᠯᠪᠣᠭᠳᠠᠬᠤ ᠠᠰᠠᠭᠤᠳᠠᠯ᠎ᠤᠨ ᠰᠦᠪᠡᠭᠴᠢ ᠵᠢ ᠬᠠᠩᠭ᠋ᠠᠬᠤ;
(ᠭᠤᠷᠪᠠ) ᠰᠢᠶᠠᠨ᠎ᠤ ᠱᠠᠲᠤᠨ᠎ᠠᠴᠠ ᠳᠡᠭᠡᠭᠰᠢᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠤᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠵᠤ ᠦᠨᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯᠯᠠᠭ᠎ᠠ᠎ᠳᠤ ᠣᠷᠣᠯᠴᠠᠵᠤ ᠪᠣᠯᠤᠨ᠎ᠠ;
(ᠲᠦᠷᠪᠡ) ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠬᠣᠯᠪᠣᠭᠳᠠᠯ ᠪᠦᠬᠦᠢ ᠪᠤᠰᠤᠳ ᠵᠦᠢ᠍ᠯᠡᠰ᠃
ᠳᠥᠷᠪᠡ᠂ ᠰᠣᠩᠭᠣᠨ ᠤᠷᠢᠬᠤ ᠵᠢᠷᠤᠮ
(ᠨᠢᠭᠡ) ᠨᠡᠷ᠎ᠡ ᠮᠡᠳᠡᠭᠦᠯᠬᠦ ᠴᠠᠭ᠄
2025 ᠣᠨ᠎ᠤ 4 ᠳ᠋ᠦ᠍ᠭᠡᠷ ᠰᠠᠷ᠎ᠠ ᠵᠢᠨ 14᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 14᠎ᠤ ᠡᠳᠦᠷ ᠪᠣᠯᠲᠠᠯ᠎ᠠ
(ᠬᠣᠶᠠᠷ) ᠨᠡᠷ᠎ᠡ ᠮᠡᠳᠡᠭᠦᠯᠬᠦ ᠠᠷᠭ᠎ᠠ ᠮᠠᠶᠢᠭ
ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠪᠠᠲᠤᠯᠠᠨ ᠲᠠᠨᠢᠯᠴᠠᠭᠤᠯᠬᠤ ᠪᠤᠶᠤ ᠤᠷᠢᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠤᠷᠢᠨ ᠲᠣᠮᠢᠯᠠᠨ᠎ᠠ᠃ ᠨᠥᠬᠥᠴᠡᠯ᠎ᠳᠤ ᠨᠡᠶ᠋ᠢᠴᠡᠬᠦ ᠬᠥᠮᠦᠰ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠲᠠᠨᠢᠯᠴᠠᠭᠤᠯᠬᠤ ᠬᠦᠰᠦᠨᠦᠭᠲᠦ》 ᠵᠢ ᠲᠠᠭᠯᠠᠬᠤ ᠵᠢᠨ ᠬᠠᠮᠲᠤ᠂ ᠬᠠᠮᠢᠶ᠎ᠠ ᠪᠥᠬᠥᠶ ᠮᠠᠲ᠋ᠧᠷᠢᠶᠠᠯ (ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ ᠰᠤᠷᠤᠯᠭ᠎ᠠ ᠵᠢᠨ ᠨᠠᠮᠲᠠᠷ᠎ᠤᠨ ᠦᠨᠡᠮᠯᠡᠯ᠂ ᠮᠡᠷᠭᠡᠵᠢᠯ᠎ᠤᠨ ᠴᠣᠯᠠ ᠵᠢᠨ ᠭᠡᠷᠡᠴᠢ᠂ ᠱᠠᠩᠨᠠᠯ ᠣᠯᠤᠭᠰᠠᠨ ᠦᠨᠡᠮᠯᠡᠯ᠂ ᠬᠠᠮᠢᠶ᠎ᠠ ᠪᠥᠬᠥᠶ ᠥᠩᠭᠡᠷᠡᠯᠲᠡ ᠵᠢᠨ ᠭᠡᠷᠡᠴᠢ ᠵᠡᠷᠭᠡ)᠎ᠢ 2025 ᠣᠨ᠎ᠤ 5 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ ᠡᠮᠦᠨ᠎ᠡ ᠨᠢᠭᠤᠷᠲᠠᠨ ᠲᠤᠰᠢᠶᠠᠬᠤ ᠪᠤᠶᠤ ᠰᠢᠤᠳᠠᠨ ᠵᠶ᠋ᠠᠷ ᠢᠯᠡᠭᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠲᠤ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ᠎ᠢ ᠰᠢᠤᠳᠠᠨ᠎ᠤ ᠬᠠᠶ᠋ᠢᠷᠴᠠᠭ᠎ᠲᠤ ᠶᠠᠪᠤᠭᠤᠯᠤᠨ᠎ᠠ᠃
(ᠭᠤᠷᠪᠠ) ᠬᠢᠨᠠᠨ ᠬᠠᠷᠭᠤᠭᠤᠯᠬᠤ
ᠡᠷᠬᠡ ᠲᠡᠭᠰᠢ᠂ ᠲᠥᠪ ᠭᠤᠤᠯᠴᠢ ᠪᠠᠶ᠋ᠢᠬᠤ ᠵᠠᠷᠴᠢᠮ᠎ᠤᠨ ᠶᠣᠰᠣᠭ᠋ᠠᠷ᠂ ᠪᠠᠲᠤᠯᠠᠨ ᠲᠠᠨᠢᠯᠴᠠᠭᠤᠯᠤᠭᠰᠠᠨ ᠬᠥᠮᠦᠰ᠎ᠲᠤ ᠬᠢᠷᠢ ᠬᠡᠮ᠎ᠤᠨ ᠬᠢᠨᠠᠨ ᠪᠠᠶ᠋ᠢᠴᠠᠭ᠋ᠠᠯᠲᠠ ᠬᠢᠵᠦ᠂ ᠪᠠᠲᠤᠯᠠᠨ ᠲᠠᠨᠢᠯᠴᠠᠭᠤᠯᠤᠭᠰᠠᠨ ᠬᠥᠮᠦᠰ᠎ᠤᠨ ᠲᠤᠷᠰᠢᠯᠭ᠎ᠠ᠂ ᠴᠢᠳᠠᠪᠤᠷᠢ᠂ ᠲᠤᠬᠠᠶ᠋ᠢᠯᠠᠭᠰᠠᠨ ᠠᠵᠢᠯ᠎ᠤᠨ ᠲᠤᠰᠬᠠᠶ ᠮᠡᠷᠭᠡᠵᠢᠯ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠰᠢᠯᠢᠳᠡᠭ᠎ᠢ᠎ᠨᠢ ᠰᠣᠩᠭᠣᠨ ᠤᠷᠢᠬᠤ᠎ᠪᠠᠷ ᠵᠢᠱ᠌ᠢᠨ᠎ᠡ᠃
(ᠳᠥᠷᠪᠡ) ᠢᠯᠡ ᠨᠡᠶ᠋ᠢᠲᠡᠯᠡᠬᠦ
ᠤᠷᠢᠬᠤ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠫᠤᠷᠲ᠋ᠧᠯ ᠰᠦᠯᠵᠢᠶ᠎ᠡ᠂ ᠸᠢᠴᠠᠲ᠎ᠤᠨ ᠣᠯᠠᠨ ᠨᠡᠶ᠋ᠢᠲᠡ ᠵᠢᠨ ᠨᠣᠮᠧᠷ ᠵᠶ᠋ᠠᠷ ᠨᠡᠶ᠋ᠢᠭᠡᠮ᠎ᠳᠤ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ ᠬᠤᠭᠤᠴᠠᠭ᠎ᠠ ᠵᠢ 10 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ᠃
(ᠲᠠᠪᠤ) ᠤᠷᠢᠨ ᠲᠣᠮᠢᠯᠠᠬᠤ
ᠨᠡᠶ᠋ᠢᠲᠡᠯᠡᠬᠦ ᠬᠤᠭᠤᠴᠠᠭ᠎ᠠ᠎ᠨᠢ ᠳᠠᠭᠤᠰᠲᠠᠯ᠎ᠠ ᠤᠨᠳᠤᠤ ᠰᠠᠨᠠᠯ ᠥᠬᠡᠶ ᠪᠤᠶᠤ ᠬᠢᠨᠠᠨ ᠬᠠᠷᠭᠤᠭᠤᠯᠤᠭᠰᠠᠨ ᠤᠨᠳᠤᠤ ᠰᠠᠨᠠᠯ᠎ᠨᠢ ᠲᠣᠭᠲᠠᠵᠤ ᠳᠡᠶ᠋ᠢᠯᠬᠦ ᠥᠬᠡᠶ ᠪᠣᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠠᠴᠠ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠤᠷᠢᠨ ᠲᠣᠮᠢᠯᠠᠬᠤ ᠲᠣᠭᠲᠠᠭ᠋ᠠᠯ ᠭᠠᠷᠭ᠋ᠠᠵᠤ᠂ ᠦᠨᠡᠮᠯᠡᠯ ᠣᠯᠭᠣᠵᠤ᠂ ᠠᠵᠢᠯ᠎ᠤᠨ ᠦᠨᠡᠮᠯᠡᠯ ᠣᠯᠭᠣᠨ᠎ᠠ᠃ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠬᠤᠭᠤᠴᠠᠭ᠎ᠠ ᠪᠦᠷᠢ ᠵᠢᠨ ᠤᠷᠢᠨ ᠲᠣᠮᠢᠯᠠᠬᠤ ᠬᠤᠭᠤᠴᠠᠭ᠎ᠠ᠎ᠨᠢ ᠭᠤᠷᠪᠠᠨ ᠵᠢᠯ ᠪᠠᠶ᠋ᠢᠵᠤ᠂ ᠦᠷᠭᠦᠯᠵᠢᠯᠡᠨ ᠤᠷᠢᠨ ᠲᠣᠮᠢᠯᠠᠵᠤ ᠪᠣᠯᠤᠨ᠎ᠠ; ᠤᠷᠢᠬᠤ ᠬᠤᠭᠤᠴᠠᠭ᠎ᠠ᠎ᠨᠢ ᠳᠠᠭᠤᠰᠤᠭ᠋ᠠᠳ ᠦᠷᠭᠦᠯᠵᠢᠯᠡᠨ ᠤᠷᠢᠭᠰᠠᠨ ᠦᠭᠡᠶ ᠪᠣᠯ ᠤᠷᠢᠬᠤ᠎ᠪᠠᠨ ᠠᠶᠠᠨᠳᠠᠭ᠋ᠠᠨ ᠵᠣᠭᠰᠣᠭ᠋ᠠᠨ᠎ᠠ᠃
(ᠵᠢᠷᠭᠤᠭ᠎ᠠ) ᠨᠡᠶ᠋ᠢᠲᠡᠯᠡᠬᠦ
ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠤᠷᠢᠨ ᠲᠣᠮᠢᠯᠠᠬᠤ ᠨᠡᠷᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠫᠤᠷᠲ᠋ᠧᠯ ᠰᠦᠯᠵᠢᠶ᠎ᠡ᠂ ᠸᠢᠴᠠᠲ᠎ᠤᠨ ᠣᠯᠠᠨ ᠨᠡᠶ᠋ᠢᠲᠡ ᠵᠢᠨ ᠨᠣᠮᠧᠷᠲᠤ ᠨᠡᠶ᠋ᠢᠲᠡᠯᠡᠨ᠎ᠡ᠃
ᠲᠠᠪᠤ᠂ ᠪᠤᠰᠤᠳ ᠵᠦᠢ᠍ᠯ
ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠠᠵᠢᠯ ᠪᠣᠯ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠬᠠᠷᠢᠶᠠᠯᠠᠭᠳᠠᠬᠤ ᠪᠣᠯᠬᠣᠷ ᠵᠠᠷᠴᠢᠮ ᠳᠡᠭᠡᠷ᠎ᠡ᠎ᠪᠠᠨ ᠬᠠᠷᠠᠮᠵᠢ ᠣᠯᠭᠣᠬᠤ ᠥᠬᠡᠶ᠃
ᠬᠠᠷᠢᠯᠴᠠᠬᠤ ᠬᠥᠮᠦᠨ᠄ ᠮᠠ ᠴᠦᠨ ᠢᠦᠶ᠂ 0471 - 482224
ᠢᠮᠧᠯ᠄ zcfg 1342 @ 163 . com
ᠰᠢᠤᠳᠠᠨ ᠵᠶ᠋ᠠᠷ ᠢᠯᠡᠭᠡᠬᠦ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠲᠧᠡᠭ ᠹᠸᠢ ᠡᠮᠦᠨ᠎ᠡ ᠵᠠᠮ᠎ᠤᠨ 40 ᠳ᠋ᠦ᠍ᠭᠡᠷ ᠨᠣᠮᠧᠷᠲᠠᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠃
ᠳᠠᠭ᠋ᠠᠯᠳᠤᠭᠤᠯᠤᠯ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠲᠠᠨᠢᠯᠴᠠᠭᠤᠯᠬᠤ ᠬᠦᠰᠦᠨᠦᠭᠲᠦ》
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ
2025 ᠣᠨ᠎ᠤ 4 ᠰᠠᠷ᠎ᠠ ᠵᠢᠨ 14᠎ᠤ ᠡᠳᠦᠷ
ᠳᠠᠭ᠋ᠠᠯᠳᠤᠭᠤᠯᠤᠯ 1᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠪᠠᠲᠤᠯᠠᠨ ᠲᠠᠨᠢᠯᠴᠠᠭᠤᠯᠤᠭᠰᠠᠨ ᠬᠦᠰᠦᠨᠦᠭᠲᠦ᠃
ᠳᠠᠭ᠋ᠠᠯᠳᠤᠭᠤᠯᠤᠯ 2᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠴᠢ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠬᠠᠤᠯᠢ ᠴᠠᠭ᠋ᠠᠵᠠ ᠵᠢᠨ ᠲᠢᠩᠬᠢᠮ᠎ᠤᠨ ᠮᠡᠳᠡᠭᠳᠡᠯ᠃
https://yjglt.nmg.gov.cn/yjt_index/tzgg/202504/t20250414_2702480.html