ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠢᠯᠡ ᠵᠠᠰᠠᠭ   -   ᠠᠯᠪᠠᠨ ᠨᠠᠶ᠋ᠢᠳᠠᠯᠡᠯ
2025 ᠣᠨ᠎ᠤ ᠨᠢᠭᠡᠳᠦᠭᠡᠷ ᠪᠦᠯᠦᠭ᠎ᠤᠨ ᠡᠭᠦᠯᠳᠡᠷ᠎ᠤᠨ ᠬᠢᠨᠠᠨ ᠲᠣᠭᠲᠠᠭ᠋ᠠᠯᠲᠠ ᠪᠠ ᠡᠭᠦᠯᠳᠡᠷ ᠣᠷᠣᠭᠤᠯᠤᠨ ᠳᠠᠩᠰᠠᠯᠠᠭᠤᠯᠬᠤ ᠵᠢ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠵᠠᠷ
ᠨᠡᠶ᠋ᠢᠲᠡᠯᠡᠭᠰᠡᠨ ᠴᠠᠭ᠄ 2025-04-27

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠡ ᠵᠢᠨ ᠬᠠᠤᠯᠢ》 《ᠭᠤᠣᠯ ᠪᠣᠯᠬᠤ ᠲᠠᠷᠢᠮᠠᠯ᠎ᠤᠨ ᠦᠷ᠎ᠡ ᠵᠢ ᠬᠢᠨᠠᠨ ᠲᠣᠭᠲᠠᠭ᠋ᠠᠬᠤ ᠠᠷᠭ᠎ᠠ》 ᠪᠣᠯᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠮᠠᠯ᠎ᠤᠨ ᠦᠷ᠎ᠡ ᠵᠢᠨ ᠳᠦᠷᠢᠮ》᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠨᠠᠢ᠍ᠮᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠵᠥᠪᠯᠡᠯ᠎ᠤᠨ ᠳᠥᠷᠪᠡᠳᠦᠭᠡᠷ ᠤᠳᠠᠭ᠎ᠠ ᠵᠢᠨ ᠲᠤᠰᠬᠠᠢ ᠮᠡᠷᠭᠡᠵᠢᠯ᠎ᠤᠨ ᠭᠡᠰᠢᠭᠦᠳ᠎ᠤᠨ ᠬᠤᠷᠠᠯ ᠵᠶ᠋ᠠᠷ ᠬᠢᠨᠠᠨ ᠵᠥᠪᠯᠡᠬᠦ᠎ᠪᠠᠷ ᠳᠠᠮᠵᠢᠨ᠂ ᠰᠢᠩ ᠳ᠋ᠠᠨ 3 ᠳ᠋ᠤᠭ᠋ᠠᠷ ᠨᠣᠮᠧᠷ ᠵᠡᠷᠭᠡ 178 ᠡᠭᠦᠯᠳᠡᠷ᠎ᠤᠨ ᠬᠢᠨᠠᠨ ᠲᠣᠭᠲᠠᠭ᠋ᠠᠯᠲᠠ ᠵᠢ ᠬᠦᠴᠦᠨ ᠦᠭᠡᠢ ᠪᠣᠯᠭ᠋ᠠᠵᠤ᠂᠎ᠲᠠᠢ ᠢᠦᠢ 1 ᠳ᠋ᠤᠭᠡᠷ ᠲᠣᠭ᠋ᠠᠲᠤ ᠵᠡᠷᠭᠡ 197 ᠡᠭᠦᠯᠳᠡᠷ᠎ᠤᠨ ᠡᠭᠦᠯᠳᠡᠷ ᠣᠷᠣᠭᠤᠯᠬᠤ ᠳᠠᠩᠰᠠᠯᠠᠯᠲᠠ ᠵᠢ ᠬᠦᠴᠦᠨ ᠦᠭᠡᠢ ᠪᠣᠯᠭ᠋ᠠᠬᠤ᠎ᠪᠠᠷ ᠪᠤᠢ᠂ ᠡᠳᠦᠭᠡ ᠵᠠᠷᠯᠠᠨ ᠨᠡᠶ᠋ᠢᠲᠡᠯᠡᠵᠤ ᠪᠠᠶ᠋ᠢᠨ᠎ᠠ᠃

    ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 30 ᠡᠳᠦᠷ (2025 ᠣᠨ᠎ᠤ 4 ᠰᠠᠷ᠎ᠠ ᠵᠢᠨ 18᠎ᠤ ᠡᠳᠦᠷ᠎ᠠᠴᠠ 2025 ᠣᠨ᠎ᠤ 5 ᠰᠠᠷ᠎ᠠ ᠵᠢᠨ 17᠎ᠤ ᠡᠳᠦᠷ ᠪᠣᠯᠲᠠᠯ᠎ᠠ) ᠪᠣᠯᠣᠨ᠎ᠠ᠃ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠬᠡᠷᠪᠡ ᠣᠨᠳᠣᠣ ᠰᠠᠨᠠᠯ᠎ᠲᠠᠢ ᠪᠠᠶ᠋ᠢᠪᠠᠯ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠮᠠᠯ᠎ᠤᠨ ᠡᠭᠦᠯᠳᠡᠷ᠎ᠢ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠲᠤ ᠣᠨᠳᠣᠣ ᠰᠠᠨᠠᠯ᠎ᠤᠨ ᠮᠠᠲ᠋ᠧᠷᠢᠶᠠᠯ ᠵᠶ᠋ᠠᠨ ᠲᠤᠰᠢᠶᠠᠵᠤ ᠪᠣᠯᠣᠨ᠎ᠠ᠃

    ᠬᠠᠷᠢᠯᠴᠠᠬᠤ ᠤᠲᠠᠰᠤ᠄ 0471-6285043

    ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠥᠯᠥᠨ ᠬᠤᠶ᠋ᠢᠲᠤ ᠵᠠᠮ᠎ᠤᠨ 13 ᠳ᠋ᠤᠭ᠋ᠠᠷ ᠨᠣᠮᠧᠷ


     ᠳᠠᠭ᠋ᠠᠯᠳᠤᠭᠤᠯᠤᠯ 1 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠨᠢᠭᠡᠳᠦᠭᠡᠷ ᠪᠦᠯᠦᠭ᠎ᠤᠨ ᠬᠦᠴᠦᠨ ᠦᠭᠡᠢ ᠪᠣᠯᠭ᠋ᠠᠬᠤ᠎ᠪᠠᠷ ᠪᠠᠶ᠋ᠢᠭ᠎ᠠ ᠬᠢᠨᠠᠨ ᠲᠤᠭᠳᠠᠭ᠋ᠠᠭᠰᠠᠨ ᠡᠭᠦᠯᠳᠡᠷ᠎ᠤᠨ ᠨᠡᠷᠡᠰ

    ᠳᠠᠭ᠋ᠠᠯᠳᠤᠭᠤᠯᠤᠯ 2 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠨᠢᠭᠡᠳᠦᠭᠡᠷ ᠪᠦᠯᠦᠭ᠎ᠤᠨ ᠬᠦᠴᠦᠨ ᠦᠭᠡᠢ ᠪᠣᠯᠭ᠋ᠠᠬᠤ᠎ᠪᠠᠷ ᠪᠠᠶ᠋ᠢᠭ᠎ᠠ ᠡᠭᠦᠯᠳᠡᠷ ᠣᠷᠣᠭᠤᠯᠬᠤ᠎ᠪᠠᠷ ᠳᠠᠩᠰᠠᠯᠠᠭᠤᠯᠤᠭᠰᠠᠨ ᠡᠭᠦᠯᠳᠡᠷ᠎ᠤᠨ ᠨᠡᠷᠡᠰ


      ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ

                                           2025 ᠣᠨ᠎ᠤ 4 ᠰᠠᠷ᠎ᠠ ᠵᠢᠨ 18᠎ᠤ ᠡᠳᠦᠷ
    

ᠢᠷᠡᠯᠲᠡ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
            