ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠮ ᠡᠮᠨᠡᠯᠭᠡ ᠵᠢᠨ ᠳᠠᠭ᠋ᠠᠳᠬᠠᠯ ᠵᠶ᠋ᠠᠨ ᠲᠤᠰᠢᠶᠠᠬᠤ᠎ᠪᠠᠨ ᠵᠤᠭᠰᠤᠭ᠋ᠠᠬᠤ ᠪᠣᠯ ᠶᠡᠭᠡ ᠶᠠᠪᠤᠳᠠᠯ ᠮᠥᠨ! ᠡᠳᠡᠭᠡᠷ ᠡᠮᠨᠡᠯᠭᠡ ᠵᠢᠨ ᠳᠠᠭ᠋ᠠᠳᠬᠠᠯ᠎ᠤᠨ ᠶᠡᠷᠦ ᠵᠢᠨ ᠮᠡᠳᠡᠯᠭᠡ ᠵᠢ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ
ᠨᠡᠶ᠋ᠢᠲᠡᠯᠡᠭᠰᠡᠨ ᠴᠠᠭ᠄ 2024-12-25

    ᠡᠮ ᠡᠮᠨᠡᠯᠬᠡ ᠵᠢᠨ ᠳᠠᠭ᠋ᠠᠳᠬᠠᠯ᠎ᠢ ᠠᠮᠠᠷᠬᠠᠨ ᠲᠠᠰᠣᠯᠵᠤ ᠪᠣᠯᠬᠤ ᠦᠭᠡᠢ! ᠡᠮ ᠡᠮᠨᠡᠯᠭᠡ ᠵᠢᠨ ᠳᠠᠭ᠋ᠠᠳᠬᠠᠯ ᠵᠶ᠋ᠠᠷ ᠲᠠᠩᠰᠠ ᠲᠠᠶ᠋ᠢᠯᠬᠤ ᠭᠡᠪᠡᠯ ᠥᠪᠡᠷ᠎ᠤᠨ ᠳᠠᠭ᠋ᠠᠳᠬᠠᠯ᠎ᠳᠤ ᠣᠷᠣᠯᠴᠠᠬᠤ ᠪᠠᠶ᠋ᠢᠳᠠᠯ ᠵᠶ᠋ᠠᠨ ᠪᠠᠲᠤᠯᠠᠬᠤ ᠬᠡᠷᠡᠭᠲᠡᠶ᠂ ᠡᠨᠡ ᠪᠣᠯ ᠬᠠᠮᠤᠭ᠎ᠤᠨ ᠰᠠᠭᠤᠷᠢ ᠪᠥᠭᠡᠳ ᠬᠠᠮᠤᠭ᠎ᠤᠨ ᠴᠢᠬᠤᠯᠠ ᠶᠠᠪᠤᠳᠠᠯ ᠪᠣᠯᠤᠨ᠎ᠠ᠃ ᠬᠡᠷᠪᠡ ᠳᠠᠭ᠋ᠠᠳᠬᠠᠯ ᠵᠶ᠋ᠠᠨ ᠵᠤᠭᠰᠤᠭ᠋ᠠᠪᠠᠯ ᠡᠮ ᠡᠮᠨᠡᠯᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠠᠭ᠋ᠠᠯᠵᠠᠯ᠎ᠢ ᠭᠥᠷᠳᠡᠬᠦ ᠵᠢᠨ ᠠᠷᠭ᠎ᠠ ᠥᠬᠡᠶ ᠪᠠᠶ᠋ᠢᠵᠤ᠂ ᠡᠪᠡᠳᠴᠢᠯᠡᠪᠡᠯ ᠡᠮᠨᠡᠯᠭᠡ ᠵᠢᠨ ᠬᠤᠷᠢᠶᠠᠨ᠎ᠳᠤ ᠣᠴᠢᠪᠠᠯ ᠥᠪᠡᠷ ᠵᠶ᠋ᠠᠨ ᠵᠣᠭᠤᠰ ᠲᠤᠰᠢᠶᠠᠬᠤ ᠪᠣᠯᠤᠨ᠎ᠠ᠃ ᠡᠶ᠋ᠢᠮᠦ᠎ᠠᠴᠠ ᠣᠯᠠᠨ ᠵᠶ᠋ᠠᠷ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠦᠷᠭᠦᠯᠵᠢᠯᠡᠨ ᠳᠠᠭ᠋ᠠᠳᠬᠠᠯ᠎ᠳᠤ ᠣᠷᠣᠯᠴᠠᠵᠤ᠂ ᠲᠣᠰ ᠪᠡᠶ᠎ᠡ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠡ ᠠᠰᠢᠭ ᠵᠶ᠋ᠠᠨ ᠨᠠᠩ ᠰᠠᠶ᠋ᠢᠲᠤᠷ ᠪᠠᠲᠤᠯᠠᠬᠤ ᠵᠢ ᠰᠠᠨᠠᠭᠤᠯᠤᠶ᠎ᠠ᠃

    ᠨᠢᠭᠡ᠂ ᠬᠤᠳᠠ ᠪᠠᠯᠭ᠋ᠠᠰᠣᠨ᠎ᠤ ᠠᠵᠢᠯᠳᠠᠨ

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠬᠠᠤᠯᠢ》 ᠵᠢᠨ ᠳᠠᠯᠠᠨ ᠬᠤᠶᠠᠳᠤᠭ᠋ᠠᠷ ᠵᠤᠷᠪᠤᠰ᠎ᠲᠤ᠄ ᠬᠦᠳᠡᠯᠮᠦᠷᠢᠴᠢᠨ ᠬᠡᠷᠡᠭᠯᠡᠬᠦ ᠨᠢᠭᠡᠴᠢ ᠪᠣᠯᠤᠨ ᠬᠥᠳᠡᠯᠮᠦᠷᠢᠴᠢᠨ ᠡᠷᠬᠡᠪᠰᠢ ᠬᠠᠤᠯᠢ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠬᠡᠷᠡᠭᠲᠡᠶ ᠭᠡᠵᠦ ᠲᠣᠭᠲᠠᠭ᠋ᠠᠵᠠᠶ᠃ ᠠᠵᠢᠯ᠎ᠳᠤ ᠣᠷᠣᠯᠴᠠᠭᠰᠠᠨ᠎ᠤ ᠳᠠᠷᠠᠭ᠎ᠠ᠂ ᠠᠵᠢᠯᠲᠠᠨ ᠠᠵᠢᠯᠴᠢᠨ ᠪᠣᠯᠤᠨ ᠬᠦᠳᠡᠯᠮᠦᠷᠢᠴᠢᠨ ᠬᠡᠷᠡᠭᠯᠡᠬᠦ ᠨᠢᠭᠡᠴᠢ ᠬᠥᠳᠡᠯᠮᠦᠷᠢ ᠵᠢᠨ ᠬᠠᠷᠢᠴᠠᠭ᠎ᠠ ᠣᠷᠣᠰᠢᠵᠤ ᠪᠠᠶ᠋ᠢᠬᠤ ᠬᠡᠷᠡᠭᠳᠡᠢ᠂ ᠬᠦᠳᠡᠯᠮᠦᠷᠢᠴᠢᠨ ᠬᠡᠷᠡᠭᠯᠡᠬᠦ ᠨᠢᠭᠡᠴᠢ᠎ᠨᠢ ᠲᠣᠭᠲᠠᠭ᠋ᠠᠯ ᠶᠣᠰᠣᠭ᠋ᠠᠷ ᠠᠵᠢᠯᠴᠢᠨ ᠬᠦᠳᠡᠯᠮᠦᠷᠢᠴᠢᠨ ᠬᠡᠷᠡᠭᠯᠡᠭᠰᠡᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠠᠵᠢᠯᠲᠠᠨ ᠠᠵᠢᠯᠴᠢᠨ᠎ᠳᠤ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠢ ᠲᠤᠰᠢᠶᠠᠬᠤ ᠬᠡᠷᠡᠭᠲᠡᠶ᠃ ᠬᠡᠷᠪᠡ ᠠᠵᠢᠯ ᠵᠶ᠋ᠠᠨ ᠰᠣᠯᠢᠬᠤ᠎ᠳᠤ ᠬᠦᠷᠪᠡᠯ᠂ ᠡᠷᠬᠡᠪᠰᠢ ᠥᠪᠡᠷ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠬᠦ ᠵᠢ ᠠᠩᠬᠠᠷᠴᠤ᠂ ᠲᠣᠭᠲᠠᠭᠰᠠᠨ ᠴᠠᠭ᠎ᠲᠠᠭᠠᠨ ᠰᠢᠨ᠎ᠡ ᠺᠣᠮᠫᠠᠨᠢ᠎ᠳᠤ᠎ᠪᠠᠨ ᠦᠷᠬᠦᠯᠵᠢᠯᠡᠨ ᠲᠤᠰᠢᠶᠠᠬᠤ ᠬᠡᠷᠡᠭᠲᠡᠢ᠃

    ᠬᠤᠶᠠᠷ᠂ ᠬᠤᠳᠠ ᠬᠥᠳᠡᠭᠡ ᠵᠢᠨ ᠰᠠᠭᠤᠭ᠋ᠠᠯᠢ ᠠᠷᠠᠳ

    ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠪᠠᠰᠤ ᠵᠣᠬᠢᠬᠤ ᠬᠥᠮᠦᠰ᠎ᠠᠴᠠ ᠪᠤᠰᠤᠳ ᠪᠤᠶ ᠪᠦᠬᠦᠢ ᠰᠠᠭᠤᠭ᠋ᠠᠯᠢ ᠠᠷᠠᠳ ᠪᠣᠯ᠂ ᠥᠪᠡᠰᠦᠪᠡᠨ ᠡᠷᠦᠬᠡ᠎ᠳᠤ ᠲᠠᠩᠰᠠᠯᠠᠭᠰᠠᠨ ᠭᠠᠵᠠᠷ ᠪᠤᠶᠤ ᠣᠷᠣᠰᠢᠨ ᠰᠠᠭᠤᠬᠤ ᠦᠨᠡᠮᠯᠡᠯ᠎ᠤᠨ ᠪᠠᠶ᠋ᠢᠭ᠎ᠠ ᠭᠠᠵᠠᠷ᠎ᠤᠨ ᠡᠮ ᠡᠮᠨᠡᠯᠭᠡ ᠵᠢᠨ ᠳᠠᠭ᠋ᠠᠳᠬᠠᠯ᠎ᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ (ᠪᠤᠶᠤ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ)᠎ᠳᠤ ᠬᠦᠷᠴᠦ ᠳᠠᠭ᠋ᠠᠳᠬᠠᠯ᠎ᠳᠤ ᠣᠷᠣᠯᠴᠠᠬᠤ ᠵᠢ ᠭᠦᠢ᠍ᠴᠡᠳᠬᠡᠬᠦ ᠬᠡᠷᠡᠭᠲᠡᠶ᠃ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠡᠩ᠎ᠤᠨ ᠪᠠᠶ᠋ᠢᠳᠠᠯ᠎ᠳᠤ ᠨᠢᠭᠡ ᠵᠢᠯ᠎ᠳᠤ ᠨᠢᠭᠡ ᠤᠳᠠᠭ᠎ᠠ ᠲᠤᠰᠢᠶᠠᠵᠤ᠂ ᠨᠢᠭᠡ ᠤᠳᠠᠭ᠎ᠠ᠎ᠳᠤ ᠨᠢᠭᠡ ᠵᠢᠯ᠎ᠢ ᠪᠠᠲᠤᠯᠠᠨ᠎ᠠ᠂ ᠵᠢᠯ ᠪᠦᠷᠢ ᠵᠢᠨ ᠵᠢᠯ᠎ᠤᠨ ᠰᠡᠭᠦᠯᠴᠢ᠎ᠠᠴᠠ ᠡᠮᠦᠨ᠎ᠡ ᠳᠠᠭ᠋ᠠᠳᠬᠠᠯ᠎ᠤᠨ ᠵᠠᠷᠤᠳᠠᠯ ᠵᠶ᠋ᠠᠨ ᠲᠤᠰᠢᠶᠠᠬᠤ᠎ᠳᠤ᠂ ᠳᠠᠷᠠᠭ᠎ᠠ ᠵᠢᠯ᠎ᠨᠢ ᠰᠠᠶᠢ ᠡᠮ ᠡᠮᠨᠡᠯᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠠᠭ᠋ᠠᠯᠵᠠᠯ᠎ᠢ ᠬᠦᠷᠳᠡᠵᠦ ᠴᠢᠳᠠᠨ᠎ᠠ᠂ ᠳᠠᠭ᠋ᠠᠳᠬᠠᠯ᠎ᠳᠤ ᠢᠳᠡᠪᠬᠢᠳᠡᠢ ᠣᠷᠣᠯᠴᠠᠬᠤ᠎ᠪᠠᠨ ᠶᠠᠭ᠋ᠠᠬᠢᠭᠰᠠᠨ ᠴᠤ᠌ ᠮᠠᠷᠲᠠᠵᠤ ᠪᠣᠯᠬᠤ ᠦᠭᠡᠢ᠃

ᠢᠷᠡᠯᠲᠡ᠄ ᠲᠣᠭᠲᠠᠬᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠢᠷᠡᠬᠦ ᠵᠢᠯ᠎ᠠᠴᠠ ᠪᠦᠬᠦᠯᠢ 63 ᠨᠠᠰᠤ ᠪᠤᠯᠳᠠᠯ᠎ᠠ ᠤᠷᠲᠤᠳᠬᠠᠬᠤ᠎ᠪᠠᠷ ᠲᠥᠯᠥᠪᠯᠡᠵᠦ ᠪᠠᠶ᠋ᠢᠨ᠎ᠠ!
ᠬᠢᠴᠢᠶᠡ! ᠡᠶ᠋ᠢᠮᠦ ᠭᠡᠷᠡᠯ ᠵᠢᠷᠤᠭ᠎ᠢ ᠰᠦᠯᠵᠢᠶᠡᠨ ᠲᠡᠭᠡᠷ᠎ᠡ ᠳᠤᠷ᠎ᠠ᠎ᠪᠠᠷ ᠵᠶ᠋ᠠᠨ ᠪᠢᠳᠡᠭᠡᠢ ᠲᠠᠯᠪᠢ
ᠥᠪᠥᠷ ᠮᠣᠩᠭᠤᠯ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠮᠡᠳᠡᠭᠳᠡᠯ
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠶ᠋ᠢᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ①
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠶ᠋ᠢᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ②
 
            