1. ᠬᠡᠦᠬᠡᠳ᠎ᠢ ᠰᠠᠢ᠌ᠨ ᠰᠠᠢ᠌ᠬᠠᠨ ᠡᠷᠡᠭᠦᠯ ᠬᠠᠮᠠᠭ᠋ᠠᠯᠠᠯ᠎ᠤᠨ ᠳᠠᠳᠬᠠᠯ᠎ᠲᠠᠢ ᠪᠣᠯᠭ᠋ᠠᠵᠤ᠂ ᠭᠠᠷᠤᠨ ᠠᠷᠢᠭᠤᠨ ᠴᠡᠪᠡᠷ᠎ᠢ ᠠᠩᠬᠠᠷᠬᠤ ᠬᠡᠷᠡᠭᠲᠡᠶ᠃ ᠵᠢᠱ᠌ᠢᠶᠡᠯᠡᠪᠡᠯ ᠬᠣᠭᠣᠯᠠᠨ᠎ᠠᠴᠠ ᠡᠮᠦᠨ᠎ᠡ᠂ ᠬᠣᠭ ᠨᠣᠪᠰᠢ᠎ᠲᠠᠢ ᠣᠢ᠌ᠷᠠᠲᠤᠭᠰᠠᠨᠤ ᠳᠠᠷᠠᠭ᠎ᠠ᠂ ᠭᠠᠳᠠᠭᠰᠢ ᠭᠠᠷᠴᠤ ᠬᠠᠷᠢᠵᠤ ᠢᠷᠡᠪᠡᠯ ᠴᠥᠮ ᠭᠠᠷ ᠵᠶ᠋ᠠᠨ ᠰᠠᠢ᠌ᠲᠤᠷ ᠤᠬᠢᠶᠠᠵᠤ᠂ ᠡᠩ᠎ᠤᠨ ᠴᠠᠭ᠎ᠲᠠᠭᠠᠨ ᠴᠥᠭᠡᠨ ᠴᠤᠭᠯᠠᠷᠠᠬᠤ ᠬᠡᠷᠡᠭᠲᠡᠶ᠃
2. ᠬᠢᠵᠢᠭ᠎ᠤᠨ ᠬᠤᠭᠤᠴᠠᠭ᠋ᠠᠨ᠎ᠳᠤ ᠠᠮᠠᠪᠴᠢ᠂ ᠭᠠᠷ ᠤᠬᠢᠶᠠᠬᠤ ᠰᠢᠩᠭᠡᠨ ᠵᠡᠷᠭᠡ᠎ᠪᠠᠨ ᠪᠠᠢ᠌ᠩᠭᠤ ᠪᠡᠯᠡᠳᠬᠡᠵᠦ᠂ ᠰᠤᠷᠭ᠋ᠠᠭᠤᠯᠢ᠎ᠳᠤ ᠣᠴᠢᠵᠤ ᠢᠷᠡᠬᠦ ᠵᠠᠮ ᠵᠠᠭᠤᠷ᠎ᠠ ᠬᠥᠮᠦᠨ ᠣᠯᠠᠨ ᠲᠠᠯᠠᠪᠤᠷ᠎ᠲᠤ ᠠᠮᠠᠪᠴᠢ ᠵᠡᠭᠦᠵᠦ᠂ ᠰᠡᠷᠭᠡᠢ᠌ᠯᠡᠨ ᠬᠠᠮᠠᠭ᠋ᠠᠯᠠᠬᠤ ᠵᠢ ᠠᠩᠬᠠᠷᠬᠤ ᠬᠡᠷᠡᠭᠲᠡᠶ᠃
3. ᠰᠤᠷᠤᠭᠴᠢ ᠪᠣᠯᠤᠨ ᠭᠡᠷ᠎ᠤᠨ ᠠᠬᠠᠮᠠᠳ ᠪᠡᠶ᠎ᠡ ᠵᠢᠨ ᠬᠠᠯᠠᠭᠤᠨ ᠵᠡᠷᠭᠡ ᠡᠷᠡᠭᠦᠯ ᠴᠢᠭᠢᠷᠠᠭ᠎ᠤᠨ ᠪᠠᠢ᠌ᠳᠠᠯ᠎ᠢ ᠪᠠᠢ᠌ᠴᠠᠭ᠋ᠠᠨ ᠰᠢᠯᠭ᠋ᠠᠬᠤ ᠳᠠᠳᠬᠠᠯ᠎ᠲᠠᠢ ᠪᠠᠢ᠌ᠵᠤ᠂ ᠪᠡᠶ᠎ᠡ ᠮᠠᠬᠠᠪᠣᠳ᠎ᠨᠢ ᠬᠡᠪ᠎ᠤᠨ ᠪᠤᠰᠤ ᠪᠠᠢ᠌ᠳᠠᠯ ᠭᠠᠷᠪᠠᠯ ᠴᠠᠭ ᠲᠤᠬᠠᠶ᠎ᠳᠤᠨᠢ ᠪᠠᠭᠰᠢ ᠪᠣᠯᠤᠨ ᠰᠤᠷᠭ᠋ᠠᠭᠤᠯᠢ᠎ᠳᠤ ᠮᠡᠳᠡᠭᠦᠯᠦᠨ ᠳᠠᠩᠰᠠᠯᠠᠭᠤᠯᠵᠤ᠂ ᠰᠤᠷᠭ᠋ᠠᠭᠤᠯᠢ ᠵᠢᠨ ᠲᠣᠬᠢᠷᠠᠭᠤᠯᠭ᠎ᠠ ᠵᠢ ᠰᠣᠨᠣᠰᠬᠤ ᠬᠡᠷᠡᠭᠲᠡᠶ᠃
4. ᠡᠳᠦᠷ ᠪᠦᠷᠢ ᠡᠷᠡᠭᠦᠯ ᠢᠳᠡᠭᠡᠨ ᠤᠮᠳᠠᠭ᠋ᠠᠨ ᠵᠶ᠋ᠠᠨ ᠪᠠᠲᠤᠯᠠᠵᠤ᠂ ᠰᠥᠨᠢᠵᠢᠨ ᠰᠠᠭᠤᠵᠤ ᠪᠣᠯᠬᠤ ᠦᠭᠡᠢ᠂ ᠵᠣᠬᠢᠰᠲᠠᠢ ᠬᠥᠳᠡᠯᠭᠡᠭᠡᠨ ᠬᠢᠵᠦ᠂ ᠡᠭᠡᠯᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃
5. ᠭᠡᠷ᠎ᠤᠨ ᠠᠬᠠᠮᠠᠳ ᠡᠳᠦᠷ ᠲᠤᠲᠤᠮ᠎ᠤᠨ ᠬᠠᠮᠠᠭ᠋ᠠᠯᠠᠯᠲᠠ᠎ᠪᠠᠨ ᠠᠩᠬᠠᠷᠬᠤ ᠬᠡᠷᠡᠭᠲᠡᠢ᠂ ᠤᠴᠢᠷ᠎ᠨᠢ ᠬᠡᠦᠬᠡᠳ᠎ᠤᠨ ᠡᠷᠡᠭᠦᠯ ᠮᠡᠨᠳᠦ᠎ᠨᠢ ᠭᠡᠷ᠎ᠤᠨ ᠠᠬᠠᠮᠠᠳ᠎ᠲᠠᠢ ᠨᠢᠭᠲᠠ ᠬᠣᠯᠪᠣᠭ᠎ᠠ᠎ᠲᠠᠢ ᠪᠠᠢ᠌ᠳᠠᠭ᠃