ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠮ᠎ᠤᠨ ᠵᠦᠢ᠍ᠯ ᠡᠵᠡᠨᠭᠨᠡᠬᠦ (ᠪᠦᠭᠡᠮ ᠵᠶ᠋ᠠᠷ ᠬᠤᠳᠠᠯᠳᠤᠬᠤ) ᠵᠦᠪᠰᠢᠶᠡᠷᠡᠯ ᠤᠯᠬᠤ ᠭᠤᠶᠤᠴᠢᠯᠠᠯ᠎ᠤᠨ ᠮᠠᠲᠸᠷᠢᠶᠠᠯ
ᠨᠡᠶ᠋ᠢᠲᠡᠯᠡᠭᠰᠡᠨ ᠴᠠᠭ᠄ 2023-11-11

 

      ᠡᠮ᠎ᠤᠨ ᠵᠦᠢ᠍ᠯ ᠡᠵᠡᠨᠭᠨᠡᠬᠦ (ᠪᠦᠭᠡᠮ ᠵᠶ᠋ᠠᠷ ᠬᠤᠳᠠᠯᠳᠤᠬᠤ) ᠵᠦᠪᠰᠢᠶᠡᠷᠡᠯ ᠤᠯᠬᠤ ᠭᠤᠶᠤᠴᠢᠯᠠᠯ᠎ᠤᠨ ᠮᠠᠲᠸᠷᠢᠶᠠᠯ
     (ᠨᠢᠭᠡ) ᠡᠮ᠎ᠤᠨ ᠵᠦᠢ᠍ᠯ᠎ᠢ ᠪᠦᠭᠡᠮ ᠵᠶ᠋ᠠᠷ ᠬᠤᠳᠠᠯᠳᠤᠬᠤ ᠠᠵᠤ ᠠᠬᠤᠢ᠌ᠯᠠᠯ ᠪᠡᠯᠡᠳᠭᠡᠨ ᠪᠠᠢ᠌ᠭᠤᠯᠬᠤ᠎ᠪᠠᠷ ᠭᠤᠶᠤᠴᠢᠯᠠᠬᠤ᠎ᠳᠤ᠂ ᠳᠤᠤᠷᠠᠬᠢ ᠮᠠᠲᠸᠷᠢᠶᠠᠯ᠎ᠢ ᠲᠤᠰᠢᠶᠠᠬᠤ ᠬᠡᠷᠡᠭᠲᠠᠢ᠄
     1. ᠡᠮ᠎ᠤᠨ ᠵᠦᠢ᠍ᠯ᠎ᠢ ᠪᠦᠭᠡᠮ ᠵᠶ᠋ᠠᠷ ᠬᠤᠳᠠᠯᠳᠤᠬᠤ ᠠᠵᠤ ᠠᠬᠤᠢ᠌ᠯᠠᠯ ᠪᠡᠯᠡᠳᠭᠡᠨ ᠪᠠᠢ᠌ᠭᠤᠯᠬᠤ ᠭᠤᠶᠤᠴᠢᠯᠠᠯ᠎ᠤᠨ ᠮᠡᠳᠡᠭᠦᠯᠦᠯᠲᠡ;
     2. ᠡᠮ᠎ᠤᠨ ᠵᠦᠢ᠍ᠯ᠎ᠢ ᠪᠦᠭᠡᠮ ᠵᠶ᠋ᠠᠷ ᠬᠤᠳᠠᠯᠳᠤᠬᠤ ᠠᠵᠤ ᠠᠬᠤᠢ᠌ᠯᠠᠯ ᠪᠡᠯᠡᠳᠭᠡᠨ ᠪᠠᠢ᠌ᠭᠤᠯᠬᠤ ᠭᠤᠶᠤᠴᠢᠯᠠᠯ᠎ᠢ ᠬᠢᠨᠠᠨ   ᠵᠦᠪᠰᠢᠶᠡᠷᠡᠬᠦ ᠬᠦᠰᠦᠨᠦᠭᠲᠦ (ᠳᠠᠭ᠋ᠠᠯᠳᠤᠭᠤᠯᠤᠯ 1);
     3. ᠠᠵᠤ ᠠᠬᠤᠢ᠌ᠯᠠᠯ ᠡᠷᠬᠢᠯᠡᠬᠦ᠎ᠪᠠᠷ ᠪᠠᠢ᠌ᠭ᠎ᠠ ᠬᠠᠤᠯᠢ ᠵᠢᠨ ᠡᠷᠭᠡᠲᠡᠨ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠂ ᠶᠠᠰᠤ ᠴᠢᠨᠠᠷ᠎ᠤᠨ ᠬᠠᠷᠢᠭᠤᠴᠠᠯᠭ᠋ᠠᠲᠠᠨ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠤ ᠪᠡᠶ᠎ᠡ ᠵᠢᠨ ᠦᠨᠡᠮᠯᠡᠯ᠂ ᠰᠤᠷᠤᠯᠭ᠎ᠠ ᠵᠢᠨ ᠨᠠᠮᠲᠠᠷ᠎ᠤᠨ ᠬᠡᠷᠡᠴᠢ᠂ ᠠᠵᠢᠯ ᠡᠷᠬᠢᠯᠡᠬᠦ ᠬᠢᠷᠢ ᠬᠡᠮ᠎ᠤᠨ ᠬᠡᠷᠡᠴᠢ᠂ ᠪᠤᠯᠪᠠᠰᠤᠷᠠᠭᠤᠯᠤᠯ ᠪᠤᠶᠤ ᠠᠵᠢᠯ᠎ᠤᠨ ᠪᠠᠢ᠌ᠷᠢ ᠵᠢᠨ ᠬᠢᠷᠢ ᠲᠡᠨᠭᠴᠡᠭᠰᠡᠨ ᠬᠡᠷᠡᠴᠢ᠂ ᠠᠵᠢᠯ᠎ᠠᠴᠠ᠎ᠪᠠᠨ ᠰᠠᠯᠤᠭᠰᠠᠨ ᠬᠡᠷᠡᠴᠢ ᠵᠢᠨ ᠤᠭ ᠵᠦᠢ᠍ᠯ᠂ ᠬᠠᠭᠤᠯᠪᠤᠷᠢ ᠬᠢᠭᠡᠳ ᠬᠤᠪᠢ ᠬᠦᠮᠦᠨ᠎ᠤ ᠲᠤᠪᠴᠢ ᠨᠠᠮᠲᠠᠷ;
     4. ᠡᠵᠡᠨᠭᠨᠡᠬᠦ᠎ᠪᠠᠷ ᠪᠠᠢ᠌ᠭ᠎ᠠ ᠡᠮ᠎ᠤᠨ ᠵᠦᠢ᠍ᠯ᠎ᠤᠨ ᠬᠡᠪᠴᠢᠶ᠎ᠡ;
     5. ᠠᠵᠤ ᠠᠬᠤᠢ᠌ᠯᠠᠯ ᠡᠷᠬᠢᠯᠡᠬᠦ᠎ᠪᠠᠷ ᠪᠠᠢ᠌ᠭ᠎ᠠ ᠠᠢ᠌ᠮᠠᠭ ᠬᠤᠲᠠ ᠵᠢᠨ ᠢᠳᠡᠭᠡᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ᠎ᠠᠴᠠ ᠬᠢᠵᠤ ᠦᠭᠭᠦᠭᠰᠡᠨ ᠠᠵᠤ ᠠᠬᠤᠢ᠌ᠯᠠᠯ᠂ ᠠᠵᠤ ᠠᠬᠤᠢ᠌ᠯᠠᠯ᠎ᠤᠨ ᠬᠠᠤᠯᠢ᠎ᠪᠠᠷ ᠲᠤᠭᠲᠠᠭ᠋ᠠᠭᠰᠠᠨ ᠲᠦᠯᠦᠭᠡᠯᠡᠭᠴᠢ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠂ ᠶᠠᠰᠤ ᠴᠢᠨᠠᠷ᠎ᠤᠨ ᠬᠠᠷᠢᠭᠤᠴᠠᠯᠭ᠋ᠠᠲᠠᠨ᠎ᠳᠤ 《ᠡᠮ᠎ᠤᠨ ᠵᠦᠢ᠍ᠯ᠎ᠤᠨ ᠬᠠᠮᠢᠶᠠᠷᠤᠯᠲᠠ ᠵᠢᠨ ᠬᠠᠤᠯᠢ》 ᠵᠢᠨ 76 ᠳ᠋ᠤᠭ᠋ᠠᠷ ᠵᠦᠢ᠍ᠯ᠂ 83 ᠳ᠋ᠤᠭ᠋ᠠᠷ ᠵᠦᠢ᠍ᠯ᠎ᠳᠤ ᠲᠤᠭᠲᠠᠭ᠋ᠠᠭᠰᠠᠨ ᠪᠠᠢ᠌ᠳᠠᠯ ᠦᠯᠦ ᠪᠠᠢ᠌ᠬᠤ ᠬᠡᠷᠡᠴᠢ;
     6. ᠪᠠᠢ᠌ᠭᠤᠯᠬᠤ᠎ᠪᠠᠷ ᠪᠠᠢ᠌ᠭ᠎ᠠ ᠡᠵᠡᠨᠭᠨᠡᠯᠲᠡ ᠵᠢᠨ ᠲᠠᠯᠠᠪᠤᠷ᠂ ᠲᠤᠰᠠᠯᠠᠬᠤ   ᠪᠡᠯᠡᠳᠭᠡᠮᠵᠢ᠂ ᠠᠵᠢᠯᠯᠠᠬᠤ᠎ᠳᠤ ᠬᠡᠷᠡᠭᠯᠡᠬᠦ ᠬᠡᠷ᠂ ᠬᠦᠮᠦᠷᠭᠡ ᠵᠢᠨ ᠬᠠᠶᠢᠭ ᠬᠢᠭᠡᠳ ᠡᠷᠬᠢᠨ ᠲᠤᠭᠤᠷᠢᠨ᠎ᠤ ᠠᠷᠢᠭᠤᠨ ᠴᠡᠪᠡᠷ᠎ᠤᠨ ᠤᠷᠴᠢᠨ ᠲᠤᠭᠤᠷᠢᠨ ᠵᠡᠷᠭᠡ ᠵᠢᠨ ᠪᠠᠢ᠌ᠳᠠᠯ᠂ ᠭᠠᠵᠠᠷ ᠵᠦᠢ ᠵᠢᠨ ᠪᠠᠢ᠌ᠷᠢᠯᠠᠯ᠎ᠤᠨ ᠵᠢᠷᠤᠭ᠂ ᠬᠠᠪᠲᠠᠭ᠋ᠠᠢ ᠪᠠᠢ᠌ᠷᠢᠰᠢᠭᠤᠯᠤᠯ᠎ᠤᠨ ᠵᠢᠷᠤᠭ᠂ ᠦᠷ᠎ᠡ ᠳ᠋ᠦᠨᠭ᠎ᠤᠨ ᠪᠡᠶᠡᠲᠦ ᠵᠢᠷᠤᠭ (ᠲᠠᠯᠠᠪᠠᠢ ᠪᠤᠶᠤ ᠡᠵᠡᠯᠡᠬᠦᠨ᠂ ᠤᠷᠲᠤ᠂ ᠦᠷᠭᠡᠨ᠂ ᠦᠨᠳᠦᠷ)᠎ᠢ

ᠳᠠᠭ᠋ᠠᠯᠳᠠᠭᠤᠯᠤᠨ᠎ᠠ;
     7. ᠪᠠᠢ᠌ᠭᠤᠯᠬᠤ᠎ᠪᠠᠷ ᠪᠠᠢ᠌ᠭ᠎ᠠ ᠤᠳᠤ ᠦᠶ᠎ᠡ ᠵᠢᠨ ᠪᠠᠷᠠᠭ᠎ᠠ ᠵᠢᠨ ᠬᠦᠢ᠍ᠯᠭᠡᠭᠡᠨ᠎ᠤ ᠬᠦᠮᠦᠷᠭᠡᠯᠡᠨ ᠬᠠᠳᠠᠭ᠋ᠠᠯᠠᠬᠤ ᠰᠢᠰᠲᠸᠮ᠎ᠤᠨ ᠲᠦᠯᠦᠪᠵᠢᠭᠦᠯᠭᠡ ᠵᠢᠨ ᠪᠢᠴᠢᠭ᠂ ᠠᠮᠢᠳᠤ ᠪᠤᠳᠠᠰ᠎ᠤᠨ ᠦᠢ᠍ᠯᠡᠳᠭᠦᠨ᠂ ᠬᠢᠲᠠᠳ ᠡᠮ᠎ᠤᠨ ᠮᠠᠲᠸᠷᠢᠶᠠᠯ᠂ ᠬᠢᠲᠠᠳ ᠡᠮ᠎ᠤᠨ ᠴᠢᠨᠠᠬᠤ ᠡᠮ᠎ᠢ ᠲᠤᠰᠬᠠᠢ ᠡᠵᠡᠨᠭᠨᠡᠬᠦ ᠠᠵᠤ ᠠᠬᠤᠢ᠌ᠯᠠᠯ ᠡᠭᠦᠨ᠎ᠳᠤ ᠪᠠᠭᠲᠠᠬᠤ ᠦᠭᠡᠢ;
     8. ᠲᠤᠬᠢᠷᠠᠭᠤᠯᠬᠤ᠎ᠪᠠᠷ ᠪᠠᠢ᠌ᠭ᠎ᠠ ᠪᠡᠯᠡᠳᠭᠡᠮᠵᠢ᠂ ᠲᠦᠬᠦᠭᠡᠷᠦᠮᠵᠢ ᠵᠢᠨ ᠭᠠᠷᠴᠠᠭ;
     9. ᠠᠵᠤ ᠠᠬᠤᠢ᠌ᠯᠠᠯ᠎ᠤᠨ ᠳᠤᠲᠤᠷᠠᠬᠢ ᠡᠮ᠎ᠤᠨ ᠵᠦᠢ᠍ᠯ ᠬᠤᠳᠠᠯᠳᠤᠨ ᠠᠪᠴᠤ ᠤᠷᠤᠭᠤᠯᠬᠤ᠂ ᠬᠠᠳᠠᠭ᠋ᠠᠯᠠᠬᠤ᠂ ᠪᠤᠷᠤᠯᠠᠭᠤᠯᠬᠤ ᠵᠢᠴᠢ ᠡᠵᠡᠨᠭᠨᠡᠬᠦ ᠪᠠ ᠶᠠᠰᠤ ᠴᠢᠨᠠᠷ᠎ᠤᠨ ᠡᠵᠡᠮᠳᠡᠯ᠎ᠤᠨ ᠪᠦᠬᠦ ᠶᠠᠪᠤᠴᠠ ᠵᠢ ᠬᠠᠮᠤᠷᠴᠤ ᠳᠡᠢ᠌ᠯᠬᠦ᠂ ᠠᠵᠤ ᠠᠬᠤᠢ᠌ᠯᠠᠯ᠎ᠤᠨ ᠡᠵᠡᠨᠭᠨᠡᠯᠲᠡ ᠬᠠᠮᠢᠶᠠᠷᠤᠯᠲᠠ ᠵᠢ ᠪᠦᠬᠦ ᠲᠠᠯ᠎ᠠ᠎ᠪᠠᠷ ᠲᠡᠮᠳᠡᠭᠯᠡᠬᠦ ᠪᠠ 《ᠡᠮ᠎ᠤᠨ ᠵᠦᠢ᠍ᠯ ᠡᠵᠡᠨᠭᠨᠡᠬᠦ ᠶᠠᠰᠤ ᠴᠢᠨᠠᠷ᠎ᠤᠨ ᠬᠠᠮᠢᠶᠠᠷᠤᠯᠲᠠ ᠵᠢᠨ ᠵᠢᠷᠤᠮᠵᠢᠯ》᠎ᠤᠨ ᠲᠠᠯ᠎ᠠ ᠵᠢᠨ ᠮᠡᠳᠡᠭᠡ ᠵᠠᠨᠭ᠌ᠬᠢ ᠵᠢ ᠬᠡᠷᠡᠭᠵᠢᠬᠦᠯᠬᠦ᠂ 《ᠡᠮ᠎ᠤᠨ ᠵᠦᠢ᠍ᠯ ᠡᠵᠡᠨᠭᠨᠡᠬᠦ ᠶᠠᠰᠤ ᠴᠢᠨᠠᠷ᠎ᠤᠨ ᠬᠠᠮᠢᠶᠠᠷᠤᠯᠲᠠ ᠵᠢᠨ ᠵᠢᠷᠤᠮᠵᠢᠯ》᠎ᠠᠴᠠ ᠡᠮ᠎ᠤᠨ ᠵᠦᠢ᠍ᠯ ᠡᠵᠡᠨᠭᠨᠡᠬᠦ ᠪᠦᠬᠦ ᠶᠠᠪᠤᠴᠠ᠎ᠳᠤ ᠲᠠᠯᠪᠢᠵᠤ ᠪᠠᠢ᠌ᠭ᠎ᠠ ᠱᠠᠭ᠋ᠠᠷᠳᠠᠯᠭ᠎ᠠ᠎ᠳᠤ ᠨᠡᠢ᠌ᠴᠡᠬᠦ᠂ ᠲᠤᠰ ᠭᠠᠵᠠᠷ᠎ᠤᠨ ᠢᠳᠡᠭᠡᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠨᠦᠬᠦᠴᠡᠯ᠎ᠢ ᠬᠦᠯᠢᠶᠡᠨ ᠠᠪᠤᠭᠰᠠᠨ ᠺᠤᠮᠫᠢᠤᠲᠸᠷ᠎ᠤᠨ ᠬᠠᠮᠢᠶᠠᠷᠤᠯᠲᠠ ᠵᠢᠨ ᠮᠡᠳᠡᠭᠡ ᠵᠠᠨᠭ᠌ᠬᠢ ᠵᠢᠨ ᠰᠢᠰᠲᠸᠮ᠎ᠢ ᠬᠡᠷᠡᠭᠵᠢᠬᠦᠯᠵᠤ ᠪᠤᠯᠬᠤ ᠲᠦᠯᠦᠪᠵᠢᠭᠦᠯᠭᠡ ᠵᠢᠨ ᠪᠢᠴᠢᠭ᠃
     10. ᠮᠠᠲᠸᠷᠢᠶᠠᠯ ᠮᠡᠳᠡᠭᠦᠯᠬᠦ᠎ᠳᠡᠭᠡᠨ᠂ ᠭᠤᠶᠤᠴᠢᠯᠠᠭᠴᠢ᠎ᠨᠢ ᠬᠠᠤᠯᠢ᠎ᠪᠠᠷ ᠲᠤᠭᠲᠠᠭ᠋ᠠᠭᠰᠠᠨ ᠲᠦᠯᠦᠭᠡᠯᠡᠭᠴᠢ ᠪᠤᠶᠤ ᠠᠵᠤ   ᠠᠬᠤᠢ᠌ᠯᠠᠯ᠎ᠤᠨ ᠬᠠᠷᠢᠭᠤᠴᠠᠯᠭ᠋ᠠᠲᠠᠨ ᠲᠤᠰ ᠬᠦᠮᠦᠨ ᠪᠢᠰᠢ ᠪᠤᠯ᠂ ᠬᠠᠤᠯᠢ᠎ᠪᠠᠷ ᠲᠤᠭᠲᠠᠭ᠋ᠠᠭᠰᠠᠨ ᠲᠦᠯᠦᠭᠡᠯᠡᠭᠴᠢ ᠵᠢᠨ ᠭᠠᠷ᠎ᠤᠨ ᠦᠰᠦᠭ ᠵᠢᠷᠤᠭᠰᠠᠨ 《ᠡᠷᠬᠡ ᠤᠯᠭᠤᠬᠤ ᠨᠠᠢ᠌ᠳᠠᠯᠭ᠎ᠠ ᠵᠢᠨ ᠪᠢᠴᠢᠭ》᠎ᠢ ᠲᠤᠰᠢᠶᠠᠬᠤ ᠬᠡᠷᠡᠭᠲᠠᠢ;
     11. ᠮᠡᠳᠡᠭᠦᠯᠦᠭᠰᠡᠨ ᠮᠠᠲᠸᠷᠢᠶᠠᠯ᠎ᠤᠨ ᠦᠨᠡᠨ ᠪᠤᠳᠠᠲᠤ ᠴᠢᠨᠠᠷ᠎ᠢ ᠪᠠᠲᠤᠯᠠᠬᠤ ᠵᠢᠨ ᠬᠠᠮᠲᠤ ᠬᠠᠤᠯᠢ ᠴᠠᠭ᠋ᠠᠵᠠ ᠵᠢᠨ   ᠬᠠᠷᠢᠭᠤᠴᠠᠯᠭ᠎ᠠ ᠡᠭᠦᠷᠭᠡᠯᠡᠬᠦ 《ᠠᠮᠠᠯᠳᠠᠭ᠎ᠠ ᠵᠢᠨ ᠪᠢᠴᠢᠭ》᠃
      ᠲᠤᠲᠤᠷᠬᠠᠢ᠌ᠯᠠᠬᠤ᠎ᠨᠢ᠄ ᠭᠤᠶᠤᠴᠢᠯᠠᠯ᠎ᠤᠨ ᠮᠠᠲᠸᠷᠢᠶᠠᠯ᠎ᠳᠤ ᠬᠢᠷᠢ ᠴᠢᠳᠠᠮᠵᠢ ᠵᠢ ᠬᠡᠷᠡᠴᠢᠯᠡᠭᠰᠡᠨ ᠲᠦᠷᠦᠯ᠎ᠤᠨ ᠪᠢᠴᠢᠭ ᠮᠠᠲᠸᠷᠢᠶᠠᠯ᠎ᠤᠨ ᠬᠠᠭᠤᠯᠪᠤᠷᠢ᠎ᠲᠠᠢ ᠪᠠᠢ᠌ᠵᠤ᠂ ᠭᠤᠶᠤᠴᠢᠯᠠᠭᠴᠢ᠎ᠨᠢ ᠬᠠᠤᠯᠢ ᠵᠢᠨ ᠡᠷᠭᠡᠲᠡᠨ ᠪᠤᠶᠤ ᠪᠤᠰᠤᠳ ᠵᠤᠬᠢᠶᠠᠨ ᠪᠠᠢ᠌ᠭᠤᠯᠤᠯᠲᠠ ᠪᠠᠢ᠌ᠪᠠᠯ᠂ ᠬᠠᠭᠤᠯᠪᠤᠷᠢ ᠳᠡᠭᠡᠷ᠎ᠡ ᠬᠠᠤᠯᠢ ᠵᠢᠨ ᠡᠷᠭᠡᠲᠡᠨ ᠪᠤᠶᠤ ᠪᠤᠰᠤᠳ ᠵᠤᠬᠢᠶᠠᠨ ᠪᠠᠢ᠌ᠭᠤᠯᠤᠯᠲᠠ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠠᠢ; ᠭᠤᠶᠤᠴᠢᠯᠠᠭᠴᠢ᠎ᠨᠢ ᠪᠠᠢ᠌ᠭ᠋ᠠᠯᠢ ᠬᠦᠮᠦᠨ ᠪᠤᠯ ᠬᠠᠭᠤᠯᠪᠤᠷᠢ ᠳᠡᠭᠡᠷ᠎ᠡ ᠪᠠᠢ᠌ᠭ᠋ᠠᠯᠢ ᠬᠦᠮᠦᠨ ᠭᠠᠷ᠎ᠤᠨ ᠦᠰᠦᠭ ᠵᠢᠷᠤᠬᠤ ᠵᠢᠨ ᠬᠠᠮᠲᠤ ᠭᠠᠷ᠎ᠤᠨ ᠤᠷᠤ ᠳᠠᠷᠤᠭᠰᠠᠨ ᠪᠠᠢ᠌ᠬᠤ ᠬᠡᠷᠡᠭᠲᠠᠢ᠃

   

 


 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠮ᠎ᠤᠨ ᠵᠦᠢ᠍ᠯ᠎ᠤᠨ ᠵᠠᠷ ᠮᠡᠳᠡᠭᠡ ᠵᠢ ᠬᠢᠨᠠᠨ ᠵᠦᠪᠰᠢᠶᠡᠷᠡᠬᠦ
ᠥᠪᠥᠷ ᠮᠣᠩᠭᠣᠯ᠎ᠤᠨ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠤ ᠬᠢᠨᠠᠨ ᠵᠥᠪᠰᠢᠶᠡᠷᠡᠯ᠎ᠢ 21 ᠵᠦᠢ᠍ᠯ ᠪᠣᠯᠭ᠋ᠠᠨ ᠬᠠᠰᠤᠪᠠ
ᠤᠷᠤᠨ ᠰᠠᠭᠤᠴᠠ ᠵᠢᠨ ᠨᠠᠢ᠌ᠳᠠ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠬᠤ ᠲᠤᠬᠠᠢ᠌ᠯᠠᠭᠰᠠᠨ ᠠᠵᠢᠯ᠎ᠤᠨ ᠵᠦᠭᠯᠡᠭᠦᠷ
ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢ ᠰᠢᠯᠵᠢᠭᠦᠯᠬᠦ ᠲᠣᠬᠠᠢ᠌ᠯᠠᠭᠰᠠᠨ ᠠᠵᠢᠯ᠎ᠤᠨ ᠵᠥᠭᠯᠡᠭᠦᠷ
ᠬᠤᠪᠢ ᠬᠥᠮᠥᠨ᠎ᠤ ᠵᠢᠭᠡᠯᠡᠯᠭᠡ ᠵᠢᠨ ᠮᠡᠳᠡᠭᠡ ᠵᠠᠩᠭᠢ ᠵᠶ᠋ᠡᠨ ᠪᠠᠢ᠌ᠴᠠᠭ᠋ᠠᠵᠤ ᠯᠠᠪᠯᠠᠬᠤ ᠠᠵᠢᠯᠯᠠᠭ᠋ᠠᠨ᠎ᠤ ᠵᠥᠭᠯᠡᠭᠦᠷ
 
            