ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠠᠵᠢᠯᠲᠠᠨ ᠠᠵᠢᠯᠴᠢᠨ ᠬᠤᠪᠢ ᠬᠥᠮᠥᠨ᠎ᠤ ᠣᠷᠣᠨ ᠰᠠᠭᠤᠴᠠ ᠵᠢᠨ ᠨᠡᠢᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠳᠠᠭᠠᠭᠠᠯᠲᠠᠲᠦ ᠵᠢᠭᠡᠯᠡᠯᠭᠡ ᠵᠢᠨ ᠲᠤᠬᠠᠢᠯᠠᠭᠰᠠᠨ ᠠᠵᠢᠯ᠎ᠤᠨ ᠵᠦᠭᠯᠡᠭᠦᠷ
ᠨᠡᠶ᠋ᠢᠲᠡᠯᠡᠭᠰᠡᠨ ᠴᠠᠭ᠄ 2024-04-15

     ᠨᠢᠭᠡ᠂ ᠵᠢᠭᠡᠯᠡᠯᠭᠡ ᠵᠢᠭᠡᠯᠡᠬᠦ ᠨᠥᠬᠥᠴᠡᠯ
     1. ᠵᠣᠭᠣᠰ ᠵᠢᠭᠡᠯᠡᠬᠦ ᠭᠤᠶᠤᠴᠢᠯᠠᠭᠴᠢ ᠮᠠᠨ᠎ᠤ ᠲᠥᠪ᠎ᠲᠤ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢ ᠭᠦᠢ᠍ᠴᠡᠳ ᠲᠣᠭ᠎ᠠ᠎ᠪᠠᠷ ᠵᠠᠯᠭ᠋ᠠᠪᠡᠷ ᠲᠤᠰᠢᠶᠠᠵᠤ ᠬᠠᠳᠠᠭ᠋ᠠᠯᠠᠭᠤᠯᠤᠭ᠋ᠠᠳ ᠪᠦᠬᠥᠯᠢ ᠨᠢᠭᠡ ᠵᠢᠯ ᠪᠣᠯᠣᠭᠰᠠᠨ;
     2. ᠵᠣᠭᠣᠰ ᠵᠢᠭᠡᠯᠡᠬᠦ ᠭᠤᠶᠤᠴᠢᠯᠠᠭᠴᠢ ᠬᠢᠭᠡᠳ ᠬᠠᠨᠢ ᠨᠥᠬᠥᠷ᠎ᠨᠢ ᠲᠤᠰ ᠬᠣᠲᠠ᠎ᠳᠤ ᠡᠩ᠎ᠤᠨ ᠥᠪᠡᠷ ᠵᠶ᠋ᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ;
     3. ᠵᠣᠭᠣᠰ ᠵᠢᠭᠡᠯᠡᠬᠦ ᠭᠤᠶᠤᠴᠢᠯᠠᠭᠴᠢ ᠵᠢᠨ ᠭᠡᠷ ᠬᠤᠳᠠᠯᠳᠤᠨ ᠠᠪᠬᠤ ᠦᠢ᠍ᠯᠡ ᠠᠵᠢᠯᠯᠠᠭ᠎ᠠ᠎ᠨᠢ ᠨᠢᠭᠡ ᠵᠢᠯ  (ᠣᠯᠠᠨ ᠳᠠᠪᠬᠤᠷᠭ᠋ᠠᠲᠤ ᠣᠷᠣᠨ ᠰᠠᠭᠤᠴᠠ) ᠪᠤᠶᠤ ᠬᠣᠶᠠᠷ ᠵᠢᠯ (ᠥᠨᠳᠥᠷ ᠳᠠᠪᠬᠤᠷᠠᠲᠤ ᠣᠷᠣᠨ ᠰᠠᠭᠤᠴᠠ)᠎ᠤᠨ ᠳᠣᠲᠣᠷ᠎ᠠ ᠡᠭᠥᠰᠥᠭᠰᠡᠨ (《ᠲᠠᠸᠠᠷ᠎ᠤᠨ ᠭᠡᠷ ᠪᠠᠢ᠌ᠰᠢᠩ ᠬᠤᠳᠠᠯᠳᠤᠭ᠋ᠠᠯᠠᠬᠤ ᠭᠡᠷ᠎ᠡ》 ᠲᠣᠭᠲᠠᠭᠰᠠᠨ ᠡᠳᠦᠷ᠎ᠠᠴᠠ ᠡᠬᠢᠯᠡᠨ᠎ᠡ);
     4. ᠵᠣᠭᠣᠰ ᠵᠢᠭᠡᠯᠡᠬᠦ ᠭᠤᠶᠤᠴᠢᠯᠠᠭᠴᠢ ᠬᠤᠳᠠᠯᠳᠤᠨ ᠠᠪᠬᠤ ᠭᠡᠵᠦ ᠪᠠᠢ᠌ᠭ᠎ᠠ ᠭᠡᠷ ᠪᠠᠢ᠌ᠰᠢᠩ᠎ᠤᠨ ᠶᠡᠷᠦᠩᠬᠡᠢ ᠦᠨ᠎ᠡ ᠵᠢᠨ 20 % (ᠲᠠᠯᠠᠪᠠᠢ᠎ᠨᠢ 90㎡᠎ᠠᠴᠠ ᠪᠠᠭ᠎ᠠ ᠪᠤᠶᠤ ᠲᠡᠩᠴᠡᠭᠦᠦ) ᠪᠤᠶᠤ 30% (ᠲᠠᠯᠠᠪᠠᠢ᠎ᠨᠢ 90㎡᠎ᠠᠴᠠ ᠶᠡᠬᠡ) ᠵᠢᠨ ᠠᠩᠬ᠎ᠠ ᠲᠤᠰᠢᠶᠠᠬᠤ ᠭᠡᠷ ᠪᠠᠢ᠌ᠰᠢᠩ᠎ᠤᠨ ᠵᠣᠭᠤᠰ᠎ᠢ ᠨᠢᠭᠡᠨᠲᠡ ᠲᠤᠰᠢᠶᠠᠭᠰᠠᠨ;
     5. ᠵᠣᠭᠣᠰ ᠵᠢᠭᠡᠯᠡᠬᠦ ᠭᠤᠶᠤᠴᠢᠯᠠᠭᠴᠢ ᠬᠢᠭᠡᠳ ᠬᠠᠨᠢ ᠨᠥᠬᠥᠷ᠎ᠨᠢ ᠡᠷᠡᠭᠦᠯ ᠪᠤᠰᠤ ᠵᠢᠭᠡᠯᠡᠭᠡ ᠵᠢᠨ ᠢᠲᠡᠭᠡᠮᠵᠢ ᠵᠢᠨ ᠲᠡᠮᠳᠡᠭᠯᠡᠯ ᠪᠠᠢ᠌ᠬᠤ ᠦᠭᠡᠢ᠂ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠵᠢᠭᠡᠯᠡᠯᠭᠡ ᠵᠢ ᠪᠤᠴᠠᠭ᠋ᠠᠵᠤ ᠳᠠᠭᠤᠰᠬᠠᠭ᠋ᠠᠳᠥᠢ ᠪᠠᠢ᠌ᠳᠠᠯ ᠪᠠᠢ᠌ᠬᠤ ᠦᠭᠡᠢ ᠮᠦᠷᠲᠡᠭᠡᠨ ᠭᠤᠶᠤᠴᠢᠯᠠᠭᠴᠢ ᠪᠤᠰᠤᠳ᠎ᠲᠤ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠳᠠᠭ᠋ᠠᠭ᠋ᠠᠯᠲᠠ ᠬᠢᠭᠰᠡᠨ ᠶᠠᠪᠤᠳᠠᠯ ᠦᠭᠡᠢ᠃

      ᠬᠤᠶᠠᠷ᠂ ᠵᠢᠭᠡᠯᠡᠭᠡ ᠵᠢᠨ ᠲᠣᠭ᠎ᠠ ᠬᠡᠮᠵᠢᠶ᠎ᠡ
      ᠵᠢᠭᠡᠯᠡᠭᠡ ᠵᠢᠨ ᠲᠣᠭ᠎ᠠ ᠬᠡᠮᠵᠢᠶ᠎ᠡ ᠵᠢ ᠣᠷᠣᠯᠭ᠎ᠠ ᠵᠢᠨ ᠲᠣᠭ᠎ᠠ ᠬᠡᠮᠵᠢᠶ᠎ᠡ᠂ ᠭᠡᠷ ᠪᠠᠢ᠌ᠰᠢᠩ᠎ᠤᠨ ᠦᠨ᠎ᠡ ᠵᠢᠨ ᠲᠣᠭ᠎ᠠ ᠬᠡᠮᠵᠢᠶ᠎ᠡ᠂ ᠲᠥᠷᠥ ᠵᠢᠨ ᠪᠣᠳᠣᠯᠭ᠎ᠠ ᠵᠢᠨ ᠲᠣᠭ᠎ᠠ ᠬᠡᠮᠵᠢᠶ᠎ᠡ ᠭᠡᠬᠦ ᠭᠤᠷᠪᠠ ᠵᠢᠨ ᠬᠠᠮᠤᠭ᠎ᠤᠨ ᠪᠠᠭ᠎ᠠ ᠬᠡᠮᠵᠢᠭᠳᠡᠯ ᠵᠶ᠋ᠠᠷ ᠲᠣᠭᠲᠠᠭ᠋ᠠᠨ᠎ᠠ᠃
     1. ᠣᠷᠣᠯᠭ᠎ᠠ ᠵᠢᠨ ᠲᠣᠭ᠎ᠠ ᠬᠡᠮᠵᠢᠶ᠎ᠡ᠎ᠪᠠᠷ ᠪᠣᠳᠣᠬᠤ ᠠᠷᠭ᠎ᠠ᠄ ᠡᠷ᠎ᠡ ᠡᠮ᠎ᠡ ᠬᠣᠶᠠᠷ ᠲᠠᠯ᠎ᠠ ᠵᠢᠨ ᠣᠨ᠎ᠤ ᠪᠤᠲᠠᠲᠠᠢ ᠣᠯᠵᠦ ᠪᠠᠢ᠌ᠭ᠎ᠠ ᠴᠠᠯᠢᠩ᠎ᠢ 50%᠎ᠪᠠᠷ ᠦᠷᠡᠵᠢᠭᠦᠯᠵᠦ ᠭᠤᠶᠤᠴᠢᠯᠠᠭᠰᠠᠨ ᠵᠢᠭᠡᠯᠡᠭᠡ ᠵᠢᠨ ᠵᠢᠯ ᠬᠤᠭᠤᠴᠠᠭ᠎ᠠ᠎ᠪᠠᠷ ᠦᠷᠡᠵᠢᠭᠦᠯᠦᠨ᠎ᠡ;
     2. ᠭᠡᠷ ᠪᠠᠢ᠌ᠰᠢᠩ᠎ᠤᠨ ᠦᠨ᠎ᠡ ᠵᠢᠨ ᠲᠣᠭ᠎ᠠ ᠬᠡᠮᠵᠢᠶ᠎ᠡ᠎ᠪᠠᠷ ᠪᠣᠳᠣᠬᠤ ᠠᠷᠭ᠎ᠠ᠄ ᠭᠡᠷ ᠪᠠᠢ᠌ᠰᠢᠩ᠎ᠤᠨ ᠶᠡᠷᠦᠩᠬᠡᠢ ᠦᠨ᠎ᠡ ᠵᠢ 80%᠎ᠪᠠᠷ ᠦᠷᠡᠵᠢᠭᠦᠯᠬᠦ (ᠲᠠᠯᠠᠪᠠᠢ᠎ᠨᠢ 90㎡᠎ᠠᠴᠠ ᠪᠠᠭ᠎ᠠ ᠪᠤᠶᠤ ᠲᠡᠩᠴᠡᠭᠦᠦ) ᠪᠤᠶᠤ ᠭᠡᠷ ᠪᠠᠢ᠌ᠰᠢᠩ᠎ᠤᠨ ᠶᠡᠷᠦᠩᠬᠡᠢ ᠦᠨ᠎ᠡ ᠵᠢ 70%᠎ᠪᠠᠷ ᠦᠷᠡᠵᠢᠭᠦᠯᠦᠨ᠎ᠡ (ᠲᠠᠯᠠᠪᠠᠢ᠎ᠨᠢ 90㎡᠎ᠠᠴᠠ ᠶᠡᠬᠡ)᠃
     3. ᠲᠥᠷᠥ ᠵᠢᠨ ᠪᠣᠳᠣᠯᠭ᠎ᠠ ᠵᠢᠨ ᠲᠣᠭ᠎ᠠ ᠬᠡᠮᠵᠢᠶ᠎ᠡ᠎ᠨᠢ ᠣᠳᠣᠬᠠᠨ᠎ᠳᠤ ᠬᠠᠮᠤᠭ᠎ᠤᠨ ᠥᠨᠳᠥᠷ᠎ᠲᠡᠭᠡᠨ 50 ᠲᠦᠮᠡᠨ ᠲᠥᠭᠥᠷᠢᠭ᠃

      ᠭᠤᠷᠪᠠ᠂ ᠵᠢᠭᠡᠯᠡᠯᠭᠡ ᠵᠢᠨ ᠬᠤᠭᠤᠴᠠᠭ᠎ᠠ ᠬᠢᠵᠠᠭ᠋ᠠᠷ
      ᠵᠣᠭᠣᠰ ᠵᠢᠭᠡᠯᠡᠬᠦ ᠭᠤᠶᠤᠴᠢᠯᠠᠭᠴᠢ ᠲᠤᠰ ᠬᠥᠮᠥᠨ᠎ᠤ ᠬᠠᠮᠤᠭ᠎ᠤᠨ ᠤᠷᠲᠤ ᠵᠢᠭᠡᠯᠡᠵᠦ ᠪᠣᠯᠬᠤ ᠬᠤᠭᠤᠴᠠᠭ᠎ᠠ ᠬᠢᠵᠠᠭ᠋ᠠᠷ᠎ᠠᠴᠠ ᠳᠠᠪᠠᠭᠤᠯᠬᠤ ᠦᠭᠡᠢ ᠴᠠᠭ᠎ᠤᠨ ᠬᠢᠵᠠᠭ᠋ᠠᠷ᠎ᠤᠨ ᠲᠣᠲᠣᠷ᠎ᠠ ᠵᠢᠭᠡᠯᠡᠯᠭᠡ ᠵᠢᠭᠡᠯᠡᠬᠦ ᠬᠣᠭᠣᠴᠠᠭ᠎ᠠ ᠬᠢᠵᠠᠭ᠋ᠠᠷ ᠵᠶ᠋ᠠᠨ ᠰᠣᠩᠭᠣᠵᠤ ᠪᠣᠯᠣᠨ᠎ᠠ᠃ ᠵᠣᠭᠣᠰ ᠵᠢᠭᠡᠯᠡᠬᠦ ᠭᠤᠶᠤᠴᠢᠯᠠᠯ᠎ᠤᠨ ᠬᠤᠭᠤᠴᠠᠭ᠎ᠠ ᠬᠢᠵᠠᠭ᠋ᠠᠷ᠎ᠤᠨ ᠲᠥᠷᠥ ᠵᠢᠨ ᠪᠣᠳᠣᠯᠭ᠎ᠠ᠎ᠳᠤ ᠲᠣᠭᠲᠠᠭ᠋ᠠᠭᠰᠠᠨ᠎ᠨᠢ ᠬᠠᠮᠤᠭ᠎ᠤᠨ ᠤᠷᠲᠤ᠎ᠳᠠᠭᠠᠨ20 ᠵᠢᠯ ᠪᠣᠯᠤᠨ᠎ᠠ᠂ ᠬᠡᠷᠪᠡ ᠵᠣᠭᠣᠰ ᠵᠢᠭᠡᠯᠡᠬᠦ ᠭᠤᠶᠤᠴᠢᠯᠠᠭᠴᠢ ᠵᠢᠨ ᠦᠯᠡᠳᠡᠵᠦ ᠪᠦᠬᠥᠢ ᠬᠠᠤᠯᠢ᠎ᠪᠠᠷ ᠲᠣᠭᠲᠠᠭ᠋ᠠᠭᠰᠠᠨ ᠠᠵᠢᠯᠯᠠᠬᠤ ᠵᠢᠯ ᠬᠤᠭᠤᠴᠠᠭ᠎ᠠ᠎ᠨᠢ 20 ᠵᠢᠯ ᠬᠦᠷᠬᠦ ᠦᠭᠡᠢ ᠪᠣᠯ ᠬᠠᠮᠤᠭ᠎ᠤᠨ ᠤᠷᠲᠤ ᠭᠤᠶᠤᠴᠢᠯᠠᠯ᠎ᠤᠨ ᠬᠤᠭᠤᠴᠠᠭ᠎ᠠ ᠬᠢᠵᠠᠭ᠋ᠠᠷ᠎ᠨᠢ ᠵᠣᠭᠣᠰ ᠵᠢᠭᠡᠯᠡᠬᠦ ᠭᠤᠶᠤᠴᠢᠯᠠᠭᠴᠢ ᠵᠢᠨ ᠦᠯᠡᠳᠡᠭᠰᠡᠨ ᠠᠵᠢᠯᠯᠠᠬᠤ ᠵᠢᠯ ᠬᠤᠭᠤᠴᠠᠭ᠎ᠠ ᠪᠣᠯᠣᠨ᠎ᠠ (ᠦᠯᠡᠳᠡᠭᠰᠡᠨ ᠬᠠᠤᠯᠢ᠎ᠪᠠᠷ ᠲᠣᠭᠲᠠᠭ᠋ᠠᠭᠰᠠᠨ ᠠᠵᠢᠯᠯᠠᠬᠤ ᠬᠤᠭᠤᠴᠠᠭ᠎ᠠ ᠬᠢᠵᠠᠭ᠋ᠠᠷ᠎ᠢ ᠪᠣᠳᠣᠬᠤ᠎ᠳᠠᠭᠠᠨ ᠡᠷᠡᠭᠲᠡᠢ ᠪᠦᠬᠥᠯᠢ 60 ᠨᠠᠰᠤ᠂ ᠡᠮᠡᠭᠲᠡᠢ ᠪᠦᠬᠥᠯᠢ 55 ᠨᠠᠰᠤ ᠬᠦᠷᠲᠡᠯ᠎ᠡ)        ᠳᠥᠷᠪᠡ᠂ ᠵᠢᠭᠡᠯᠡᠯᠭᠡ ᠵᠢᠨ ᠬᠦᠦ ᠵᠢᠨ ᠨᠤᠷᠮ᠎ᠠ
      ᠣᠳᠣᠬᠠᠨ᠎ᠤ ᠬᠡᠷᠡᠭᠵᠢᠭᠦᠯᠵᠦ ᠪᠠᠢ᠌ᠭ᠎ᠠ ᠵᠢᠯ᠎ᠤᠨ ᠬᠦᠦ ᠵᠢᠨ ᠨᠤᠷᠮ᠎ᠠ᠎ᠨᠢ 1 — 5 ᠵᠢᠯ᠎ᠤᠨ ᠬᠤᠭᠤᠴᠠᠭ᠋ᠠᠨ᠎ᠤ ᠬᠢᠨᠢ 4.45% ; 6 —20 ᠵᠢᠯ᠎ᠤᠨ ᠬᠤᠭᠤᠴᠠᠭ᠋ᠠᠨ᠎ᠤ ᠬᠢᠨᠢ 4.90% ᠪᠣᠯᠤᠨ᠎ᠠ᠃ ᠵᠣᠭᠣᠰ ᠵᠢᠭᠡᠯᠡᠭᠴᠢ ᠵᠣᠭᠣᠰ ᠪᠤᠴᠠᠭ᠋ᠠᠬᠤ ᠶᠠᠪᠤᠴᠠ᠎ᠳᠤ ᠬᠡᠷᠪᠡ ᠬᠦᠦ ᠵᠢᠨ ᠨᠤᠷᠮ᠎ᠠ ᠵᠢᠨ ᠲᠣᠬᠢᠷᠠᠭᠤᠯᠤᠯᠲᠠ ᠲᠣᠬᠢᠶᠠᠯᠳᠤᠪᠠᠯ᠂ ᠳᠠᠷᠠᠭ᠎ᠠ ᠵᠢᠯ᠎ᠤᠨ ᠬᠢᠨᠢ 1 ᠳ᠋ᠤᠭᠡᠷ ᠰᠠᠷ᠎ᠠ ᠵᠢᠨ1᠎ᠤ ᠡᠳᠦᠷ᠎ᠠᠴᠠ ᠡᠬᠢᠯᠡᠨ ᠰᠢᠨ᠎ᠡ ᠬᠦᠦ ᠵᠢᠨ ᠨᠤᠷᠮ᠎ᠠ ᠵᠢ ᠬᠡᠷᠡᠭᠵᠢᠭᠦᠯᠦᠨ᠎ᠡ᠃

      ᠲᠠᠪᠤ᠂ ᠵᠢᠭᠡᠯᠡᠯᠭᠡ ᠵᠢᠨ ᠰᠠᠷ᠎ᠠ ᠵᠢᠨ ᠡᠬᠡ ᠬᠦᠦ ᠵᠢ ᠪᠤᠴᠠᠭ᠋ᠠᠬᠤ ᠲᠣᠭ᠎ᠠ ᠬᠡᠮᠵᠢᠶ᠎ᠡ ᠵᠢ ᠪᠣᠳᠣᠬᠤ ᠲᠣᠮᠢᠶ᠎ᠠ
     #FormatImgID_0#

      ᠵᠢᠷᠭᠤᠭ᠎ᠠ᠂ ᠵᠢᠭᠡᠯᠡᠯᠭᠡ ᠵᠢᠨ ᠳᠠᠭ᠋ᠠᠭ᠋ᠠᠯᠲᠠ ᠬᠢᠬᠦ ᠠᠷᠭ᠎ᠠ ᠮᠠᠶᠢᠭ
     1. ᠳᠠᠭ᠋ᠠᠭ᠋ᠠᠯᠲᠠ ᠬᠢᠬᠦ ᠠᠷᠭ᠎ᠠ ᠮᠠᠶᠢᠭ᠎ᠲᠤ ᠭᠡᠷ ᠠᠬᠤᠢ ᠵᠢᠨ ᠳᠠᠭ᠋ᠠᠭ᠋ᠠᠯᠲᠠ ᠪᠠ ᠪᠠᠢ᠌ᠭ᠋ᠠᠯᠢ ᠬᠥᠮᠥᠨ᠎ᠤ ᠳᠠᠭ᠋ᠠᠭ᠋ᠠᠯᠲᠠ ᠭᠡᠵᠦ ᠪᠣᠢ᠃ ᠵᠣᠭᠣᠰ ᠵᠢᠭᠡᠯᠡᠭᠴᠢ᠎ᠨᠢ ᠦᠪᠡᠷ᠎ᠲᠡᠭᠡᠨ ᠣᠷᠣᠯᠭ᠎ᠠ ᠣᠯᠵᠦ ᠥᠪᠡᠷ᠎ᠲᠡᠭᠡᠨ ᠵᠠᠷᠤᠴᠠᠭᠤᠯᠬᠤ ᠠᠵᠢᠯ ᠦᠢ᠍ᠯᠡᠰ᠎ᠤᠨ ᠨᠢᠭᠡᠴᠡ ᠪᠤᠶᠤ ᠠᠵᠤ ᠠᠬᠤᠢ᠌ᠯᠠᠯ᠎ᠤᠨ ᠨᠢᠭᠡᠴᠡ ᠵᠢᠨ ᠠᠵᠢᠯᠲᠠᠨ ᠠᠵᠢᠯᠴᠢᠨ ᠪᠠᠢ᠌ᠪᠠᠯ ᠭᠡᠷ ᠠᠬᠤᠢ ᠵᠢᠨ ᠳᠠᠭ᠋ᠠᠭ᠋ᠠᠯᠲᠠ ᠵᠢ ᠭᠦᠢ᠍ᠴᠡᠳᠬᠡᠬᠦ ᠬᠡᠷᠡᠭᠲᠡᠢ᠂ ᠵᠠᠰᠠᠭ ᠵᠠᠬᠢᠷᠭ᠋ᠠᠨ᠂ ᠪᠦᠬᠦ ᠲᠣᠭ᠋ᠠᠨ᠎ᠤ ᠪᠠ ᠵᠥᠷᠢᠶᠡᠲᠦ ᠲᠣᠭ᠋ᠠᠨ᠎ᠤ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ ᠠᠵᠢᠯᠴᠢᠨ ᠪᠠᠢ᠌ᠪᠠᠯ ᠳᠤᠷ᠎ᠠ ᠵᠢᠨ ᠨᠢᠭᠡ ᠵᠦᠢ᠍ᠯ᠎ᠢ ᠰᠣᠩᠭᠣᠵᠤ ᠪᠣᠯᠣᠨ᠎ᠠ᠃
     2. ᠵᠠᠰᠠᠭ ᠵᠠᠬᠢᠷᠭ᠋ᠠᠨ᠂ ᠪᠦᠬᠦ ᠲᠤᠭ᠋ᠠᠨ᠎ᠤ ᠪᠠ ᠵᠥᠷᠢᠶᠡᠲᠦ ᠲᠣᠭ᠋ᠠᠨ᠎ᠤ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ ᠠᠵᠢᠯᠴᠢᠨ 35 ᠲᠦᠮᠡᠨ ᠲᠥᠭᠥᠷᠢᠭ᠎ᠠᠴᠠ ᠳᠡᠭᠡᠭᠰᠢ ᠵᠢᠭᠡᠯᠡᠯᠭᠡ ᠭᠤᠶᠤᠴᠢᠯᠠᠭᠰᠠᠨ ᠮᠥᠷᠲᠡᠭᠡᠨ ᠪᠠᠢ᠌ᠭ᠋ᠠᠯᠢ ᠬᠥᠮᠥᠨ᠎ᠤ ᠳᠠᠭ᠋ᠠᠭ᠋ᠠᠯᠲᠠ ᠬᠢᠬᠦ ᠠᠷᠭ᠎ᠠ ᠮᠠᠶᠢᠭ᠎ᠢ ᠰᠣᠩᠭᠣᠭᠰᠠᠨ ᠦᠶ᠎ᠡ᠎ᠳᠤ᠂ ᠡᠷᠬᠡᠪᠰᠢ ᠬᠣᠶᠠᠷ᠎ᠠᠴᠠ ᠳᠡᠭᠡᠭᠰᠢ ᠪᠠᠢ᠌ᠭ᠋ᠠᠯᠢ ᠬᠥᠮᠥᠨ ᠬᠠᠩᠭ᠋ᠠᠵᠦ (ᠵᠠᠰᠠᠭ ᠵᠠᠬᠢᠷᠭ᠋ᠠᠨ᠂ ᠪᠦᠬᠦ ᠲᠣᠭ᠋ᠠᠨ᠎ᠤ ᠪᠠ ᠵᠥᠷᠢᠶᠡᠲᠦ ᠲᠣᠭ᠋ᠠᠨ᠎ᠤ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ ᠠᠵᠢᠯᠴᠢᠨ ᠪᠦᠭᠡᠳ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠵᠢᠭᠡᠯᠡᠯᠭᠡ ᠪᠠ ᠳᠠᠭ᠋ᠠᠭ᠋ᠠᠯᠲᠠ ᠦᠭᠡᠢ ᠮᠥᠷᠲᠡᠭᠡᠨ ᠨᠢᠭᠡ ᠬᠥᠮᠥᠨ᠎ᠨᠢ ᠮᠠᠨ᠎ᠤ ᠲᠥᠪ᠎ᠲᠤ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠲᠤᠰᠢᠶᠠᠨ ᠬᠠᠳᠠᠭ᠋ᠠᠯᠠᠭᠤᠯᠵᠦ ᠪᠠᠢ᠌ᠭ᠎ᠠ) ᠳᠠᠭ᠋ᠠᠭ᠋ᠠᠯᠲᠠ ᠬᠢᠯᠭᠡᠬᠦ ᠬᠡᠷᠡᠭᠲᠡᠢ᠃
      ᠳᠣᠯᠣᠭ᠎ᠠ᠂ ᠵᠢᠭᠡᠯᠡᠯᠭᠡ ᠵᠢᠭᠡᠯᠡᠬᠦ ᠴᠤᠪᠤᠷᠠᠯ
      ᠠᠰᠠᠭᠤᠨ ᠯᠠᠪᠯᠠᠵᠦ ᠬᠦᠰᠦᠨᠦᠭᠲᠦ ᠠᠪᠤᠨ᠎ᠠ — ᠵᠢᠭᠡᠯᠡᠯᠭᠡ ᠵᠢᠭᠡᠯᠡᠬᠦ ᠶᠠᠪᠤᠳᠠᠯ᠎ᠢ ᠬᠦᠯᠢᠶᠡᠨ ᠠᠪᠤᠨ᠎ᠠ — ᠵᠢᠭᠡᠯᠡᠯᠭᠡ ᠵᠢᠭᠡᠯᠡᠬᠦ᠎ᠠᠴᠠ ᠡᠮᠦᠨ᠎ᠡ ᠪᠠᠢ᠌ᠴᠠᠭ᠋ᠠᠨ᠎ᠠ — ᠵᠢᠭᠡᠯᠡᠯᠭᠡ ᠵᠢᠭᠡᠯᠡᠬᠦ ᠶᠠᠪᠤᠳᠠᠯ᠎ᠢ ᠬᠢᠨᠠᠨ᠎ᠠ — ᠵᠢᠭᠡᠯᠡᠯᠭᠡ ᠵᠢᠭᠡᠯᠡᠬᠦ ᠵᠢ ᠬᠢᠨᠠᠨ ᠵᠥᠪᠰᠢᠶᠡᠷᠡᠨ᠎ᠡ — ᠭᠡᠷ᠎ᠡ ᠲᠣᠭᠲᠠᠨ᠎ᠠ — ᠵᠢᠭᠡᠯᠡᠯᠭᠡ ᠲᠠᠯᠪᠢᠨ᠎ᠠ — ᠰᠠᠷ᠎ᠠ ᠰᠠᠷ᠎ᠠ᠎ᠪᠠᠷ ᠵᠣᠭᠣᠰ ᠪᠤᠴᠠᠭ᠋ᠠᠨ᠎ᠠ
      ᠭᠦᠢ᠍ᠴᠡᠳᠬᠡᠬᠦ ᠴᠠᠭ᠎ᠤᠨ ᠬᠢᠵᠠᠭ᠋ᠠᠷ᠄ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠭᠰᠡᠨ 3 ᠠᠵᠢᠯᠯᠠᠬᠤ ᠡᠳᠦᠷ᠎ᠤᠨ ᠳᠣᠲᠤᠷ᠎ᠠ ᠵᠢᠭᠡᠯᠡᠯᠭᠡ ᠵᠢᠭᠡᠯᠡᠬᠦ ᠵᠢ ᠵᠥᠪᠰᠢᠶᠡᠷᠡᠬᠦ ᠪᠣᠶᠤ ᠵᠢᠭᠡᠯᠡᠯᠭᠡ ᠵᠢᠭᠡᠯᠡᠬᠦ ᠵᠢ ᠵᠥᠪᠰᠢᠶᠡᠷᠡᠬᠦ ᠦᠭᠡᠢ ᠭᠡᠰᠡᠨ ᠰᠢᠢ᠍ᠳᠪᠦᠷᠢ ᠭᠠᠷᠭ᠋ᠠᠨ᠎ᠠ᠃ ᠮᠠᠲ᠋ᠧᠷᠢᠶᠠᠯ᠎ᠨᠢ ᠪᠦᠷᠢᠨ ᠭᠦᠢ᠍ᠴᠡᠳ ᠪᠣᠯᠣᠭᠰᠠᠨ᠎ᠤ ᠳᠠᠷᠠᠭ᠎ᠠ᠂ ᠵᠢᠭᠡᠯᠡᠯᠭᠡ ᠵᠢᠭᠡᠯᠡᠬᠦ ᠵᠢ ᠬᠦᠯᠢᠶᠡᠨ ᠠᠪᠤᠭᠰᠠᠨ᠎ᠠᠴᠠ ᠡᠬᠢᠯᠡᠨ ᠵᠢᠭᠡᠯᠡᠯᠭᠡ ᠲᠠᠯᠪᠢᠬᠤ ᠬᠦᠷᠲᠡᠯ᠎ᠡ15 ᠠᠵᠢᠯᠯᠠᠬᠤ ᠡᠳᠦᠷ᠎ᠲᠤ ᠭᠦᠢ᠍ᠴᠡᠳᠭᠡᠵᠦ ᠳᠠᠭᠤᠰᠬᠠᠨ᠎ᠠ᠃
      ᠨᠠᠢ᠍ᠮᠠ᠂ ᠬᠦᠰᠥᠨᠥᠭᠲᠦ ᠠᠪᠬᠤ᠎ᠳᠠᠬᠢ ᠮᠡᠳᠡᠭᠥᠰᠢᠲᠠᠢ ᠵᠦᠢ᠍ᠯ
     1. ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠳᠠᠩᠰᠠᠨ ᠡᠷᠦᠬᠡ ᠵᠢᠨ ᠪᠠᠢ᠌ᠳᠠᠯ᠎ᠢ ᠪᠠᠢ᠌ᠴᠠᠭ᠋ᠠᠨ ᠠᠰᠠᠭᠤᠨ᠎ᠠ
ᠨᠢᠭᠡᠳᠦᠭᠡᠷ ᠳᠠᠪᠬᠤᠷᠭ᠎ᠠ ᠵᠢᠨ ᠡᠵᠡᠩᠨᠡᠬᠦ ᠲᠢᠩᠬᠢᠮ᠎ᠳᠤ ᠵᠣᠭᠣᠰ ᠵᠢᠭᠡᠯᠡᠬᠦ ᠭᠤᠶᠤᠴᠢᠯᠠᠭᠴᠢ ᠬᠢᠭᠡᠳ ᠬᠠᠨᠢ ᠨᠥᠬᠥᠷ᠂ ᠳᠠᠭ᠋ᠠᠭ᠋ᠠᠯᠲᠠ ᠬᠢᠭᠴᠢ ᠵᠢᠨ ᠮᠠᠨ᠎ᠤ ᠲᠥᠪ᠎ᠲᠠᠬᠢ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠳᠠᠩᠰᠠᠨ ᠡᠷᠦᠬᠡ ᠵᠢᠨ ᠣᠪᠣᠭ ᠨᠡᠷ᠎ᠡ᠂ ᠴᠢᠨᠠᠷ᠎ᠤᠨ ᠢᠯᠭ᠋ᠠᠯ᠂ ᠪᠡᠶ᠎ᠡ ᠵᠢᠨ ᠦᠨᠡᠮᠯᠡᠯ᠎ᠤᠨ ᠳ᠋ᠤᠭ᠋ᠠᠷ᠎ᠨᠢ ᠪᠤᠳᠠᠲᠠᠢ ᠦᠨᠡᠮᠯᠡᠯ᠎ᠲᠠᠢ᠎ᠪᠠᠨ ᠨᠡᠢ᠌ᠴᠡᠵᠦ ᠪᠠᠢ᠌ᠬᠤ ᠡᠰᠡᠬᠦ ᠵᠢ ᠬᠢᠨᠠᠨ ᠬᠠᠷᠭᠤᠭᠤᠯᠵᠤ᠂ ᠨᠡᠢ᠌ᠴᠡᠬᠦ ᠦᠭᠡᠢ ᠪᠠᠢ᠌ᠪᠠᠯ ᠵᠠᠯᠠᠷᠠᠭᠤᠯᠭ᠎ᠠ ᠬᠢᠯᠭᠡᠨ᠎ᠡ; ᠳᠠᠩᠰᠠᠨ ᠡᠷᠦᠬᠡ᠎ᠳᠠᠬᠢ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠲᠤᠰᠢᠶᠠᠵᠦ ᠪᠠᠢ᠌ᠬᠤ᠎ᠨᠢ ᠬᠡᠪ᠎ᠤᠨ ᠪᠠᠢ᠌ᠬᠤ ᠡᠰᠡᠬᠦ᠂ ᠲᠤᠰᠢᠶᠠᠬᠤ᠎ᠪᠠᠨ ᠵᠣᠭᠰᠣᠭ᠋ᠠᠬᠰᠠᠨ᠂ ᠳᠤᠲᠠᠭᠤ ᠲᠤᠰᠢᠶᠠᠭᠰᠠᠨ ᠪᠤᠶᠤ ᠳᠠᠩᠰᠠᠨ ᠡᠷᠦᠬᠡ ᠵᠢ ᠨᠡᠢ᠌ᠯᠡᠭᠦᠯᠬᠦ ᠴᠢᠬᠤᠯᠠ᠎ᠲᠠᠢ ᠪᠠᠢ᠌ᠭ᠎ᠠ ᠪᠠᠢ᠌ᠳᠠᠯ ᠪᠠᠢ᠌ᠬᠤ ᠡᠰᠡᠬᠦ ᠵᠢ ᠪᠠᠢ᠌ᠴᠠᠭ᠋ᠠᠨ ᠠᠰᠠᠭᠤᠨ᠎ᠠ᠃
     2. ᠮᠠᠲ᠋ᠧᠷᠢᠶᠠᠯ ᠬᠠᠩᠭ᠋ᠠᠨ᠎ᠠ
ᠲᠠᠸᠠᠷ᠎ᠤᠨ ᠭᠡᠷ ᠬᠤᠳᠠᠯᠳᠤᠨ ᠠᠪᠬᠤ ᠵᠢᠭᠡᠯᠡᠯᠭᠡ ᠵᠢᠨ ᠭᠤᠶᠤᠴᠢᠯᠠᠯ᠎ᠤᠨ ᠬᠦᠰᠥᠨᠥᠭᠲᠦ ᠠᠪᠬᠤ᠎ᠳᠤ ᠬᠠᠩᠭ᠋ᠠᠬᠤ ᠴᠢᠬᠤᠯᠠᠲᠠᠢ ᠵᠦᠢ᠍ᠯ᠎ᠤᠳ᠄ ᠲᠠᠸᠠᠷ᠎ᠤᠨ ᠭᠡᠷ ᠪᠠᠢ᠌ᠰᠢᠩ᠎ᠤᠨ ᠭᠡᠷ᠎ᠡ᠂ ᠠᠩᠬ᠎ᠠ ᠲᠤᠰᠢᠶᠠᠬᠰᠠᠨ ᠵᠣᠭᠣᠰ᠎ᠤᠨ ᠪᠠᠷᠢᠮᠲᠠ᠂ ᠲᠠᠸᠠᠷ᠎ᠤᠨ ᠭᠡᠷ ᠪᠠᠢ᠌ᠰᠢᠩ᠎ᠢ ᠤᠷᠢᠳᠴᠢᠯᠠᠨ ᠬᠤᠳᠠᠯᠳᠤᠬᠤ ᠵᠥᠪᠰᠢᠶᠡᠷᠡᠯ᠎ᠤᠨ ᠦᠨᠡᠮᠯᠡᠯ᠎ᠤᠨ ᠬᠠᠭᠤᠯᠪᠤᠷᠢ (ᠨᠡᠭᠡᠭᠡᠯᠲᠡ ᠬᠢᠵᠦ ᠪᠦᠬᠥᠢ ᠬᠤᠳᠠᠯᠳᠤᠭ᠋ᠠᠴᠢᠨ᠎ᠤ ᠠᠯᠪᠠᠨ ᠲᠠᠮᠠᠭ᠎ᠠ ᠵᠢ ᠳᠠᠷᠤᠭᠰᠠᠨ ᠮᠥᠷᠲᠡᠭᠡᠨ ᠤᠷᠢᠳᠴᠢᠯᠠᠨ ᠬᠤᠳᠠᠯᠳᠤᠬᠤ ᠵᠥᠪᠰᠢᠶᠡᠷᠡᠯ᠎ᠤᠨ ᠦᠨᠡᠮᠯᠡᠯ᠎ᠤᠨ ᠨᠣᠮᠧᠷ᠎ᠨᠢ ᠲᠣᠳᠤᠷᠬᠠᠢ ᠪᠠᠢ᠌ᠬᠤ ᠬᠡᠷᠡᠭᠲᠡᠢ);
      ᠳᠡᠮ ᠭᠡᠷ ᠬᠤᠳᠠᠯᠳᠤᠨ ᠠᠪᠬᠤ ᠵᠢᠭᠡᠯᠡᠯᠭᠡ ᠵᠢᠨ ᠬᠦᠰᠥᠨᠥᠭᠲᠦ ᠠᠪᠬᠤ᠎ᠳᠤ ᠬᠠᠩᠭ᠋ᠠᠬᠤ ᠴᠢᠬᠤᠯᠠᠲᠠᠢ ᠵᠦᠢ᠍ᠯ᠎ᠤᠳ᠄ ᠨᠡᠷ᠎ᠡ ᠬᠠᠯᠠᠭᠰᠠᠨ ᠪᠦᠷᠢᠨ ᠭᠠᠷᠳᠠᠮ (ᠭᠡᠷ ᠪᠠᠢ᠌ᠰᠢᠩ ᠬᠤᠳᠠᠯᠳᠤᠭ᠋ᠠᠯᠠᠭᠰᠠᠨ ᠭᠡᠷ᠎ᠡ᠂ ᠭᠡᠷ ᠪᠠᠢ᠌ᠰᠢᠩ᠎ᠤᠨ ᠦᠨᠡᠮᠯᠡᠯ᠂ ᠪᠣᠢ ᠪᠦᠬᠥᠢ ᠭᠠᠢ᠌ᠯᠢ ᠵᠢᠨ ᠲᠡᠮᠳᠡᠭ ᠵᠡᠷᠭᠡ)᠃
      ᠶᠢᠰᠦ᠂ ᠬᠦᠰᠥᠨᠥᠭᠲᠦ ᠲᠤᠰᠢᠶᠠᠬᠤ᠎ᠳᠠᠬᠢ ᠮᠡᠳᠡᠭᠥᠰᠢᠲᠠᠢ ᠵᠦᠢ᠍ᠯ
      ᠮᠠᠲ᠋ᠧᠷᠢᠶᠠᠯ᠎ᠢ ᠳᠣᠣᠷᠠᠬᠢ ᠳᠡᠰ ᠳᠠᠷᠠᠭ᠋ᠠᠯᠠᠯ ᠵᠶ᠋ᠠᠷ ᠡᠮᠬᠢᠯᠡᠬᠦ ᠵᠢᠨ ᠬᠠᠮᠲᠤ ᠬᠣᠶᠠᠷ ᠬᠤᠪᠢ ᠭᠤᠶᠤᠴᠢᠯᠠᠯ᠎ᠤᠨ ᠬᠦᠰᠥᠨᠥᠭᠲᠦ ᠲᠣᠲᠣᠷ᠎ᠠ ᠲᠤᠰ ᠲᠤᠰ ᠬᠠᠪᠴᠢᠭᠤᠯᠤᠨ᠎ᠠ
      ᠲᠠᠸᠠᠷ᠎ᠤᠨ ᠭᠡᠷ ᠪᠠᠢ᠌ᠰᠢᠩ ᠪᠤᠶᠤ ᠬᠢᠮᠳᠠ ᠲᠣᠬᠢᠷᠠᠬᠤ ᠭᠡᠷ ᠪᠠᠢ᠌ᠰᠢᠩ :
     1. ᠵᠣᠭᠣᠰ ᠵᠢᠭᠡᠯᠡᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ;
     2. ᠬᠠᠨᠢ ᠨᠥᠬᠥᠷ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ;
     3. ᠵᠣᠭᠣᠰ ᠵᠢᠭᠡᠯᠡᠭᠴᠢ ᠵᠢᠨ ᠡᠷᠦᠬᠡ ᠠᠮᠠ ᠵᠢᠨ ᠲᠡᠪᠲᠡᠷ᠎ᠤᠨ ᠲᠡᠷᠢᠭᠦᠨ ᠨᠢᠭᠤᠷ ᠬᠢᠭᠡᠳ ᠠᠭᠤᠯᠭ᠎ᠠ ᠵᠢᠨ ᠬᠢᠨᠢ ᠨᠢᠭᠤᠷ᠎ᠤᠨ ᠬᠠᠭᠤᠯᠪᠤᠷᠢ;
     4. ᠬᠠᠨᠢ ᠨᠥᠬᠥᠷ ᠵᠢᠨ ᠡᠷᠦᠬᠡ ᠠᠮᠠ ᠵᠢᠨ ᠳᠡᠪᠲᠡᠷ᠎ᠤᠨ ᠲᠡᠷᠢᠭᠦᠨ ᠨᠢᠭᠤᠷ ᠬᠢᠭᠡᠳ ᠠᠭᠤᠯᠭ᠎ᠠ ᠵᠢᠨ ᠬᠢᠨᠢ ᠨᠢᠭᠤᠷ᠎ᠤᠨ ᠬᠠᠭᠤᠯᠪᠤᠷᠢ;
     5. ᠤᠷᠤᠭ᠎ᠤᠨ ᠦᠨᠡᠮᠯᠡᠯ᠎ᠤᠨ ᠬᠠᠭᠤᠯᠪᠤᠷᠢ (ᠤᠷᠤᠭᠯᠠᠭ᠋ᠠᠳᠤᠢ᠄ ᠨᠢᠭᠡᠴᠡ ᠵᠢᠨ ᠬᠢᠵᠦ ᠥᠭᠭᠦᠭᠰᠡᠨ ᠭᠠᠭᠴᠠ ᠪᠡᠶ᠎ᠡ ᠵᠢᠨ ᠭᠡᠷᠡᠴᠢ; ᠤᠷᠤᠭ ᠰᠠᠯᠤᠭᠰᠠᠨ᠄ ᠤᠷᠤᠭ ᠰᠠᠯᠤᠭᠰᠠᠨ ᠦᠨᠡᠮᠯᠡᠯ᠂ ᠤᠷᠤᠭ ᠰᠠᠯᠬᠤ ᠵᠦᠪᠯᠡᠯᠴᠡᠭᠡᠷ᠎ᠤᠨ ᠪᠢᠴᠢᠭ ᠪᠤᠶᠤ ᠰᠢᠭᠦᠬᠦ ᠬᠣᠷᠢᠶ᠎ᠠ ᠵᠢᠨ ᠲᠠᠰᠤᠯᠤᠯᠲᠠ ᠵᠢᠨ ᠪᠢᠴᠢᠭ ᠬᠢᠭᠡᠳ ᠨᠢᠭᠡᠴᠡ ᠵᠢᠨ ᠬᠢᠵᠦ ᠥᠭᠭᠦᠭᠰᠡᠨ ᠤᠷᠤᠭ ᠰᠠᠯᠤᠭ᠋ᠠᠳ ᠳᠠᠬᠢᠵᠤ ᠤᠷᠤᠭᠯᠠᠭ᠋ᠠᠳᠤᠢ ᠵᠢᠨ ᠭᠡᠷᠡᠴᠢ;ᠬᠠᠨᠢ ᠨᠥᠬᠥᠷ᠎ᠪᠠᠨ ᠠᠯᠳᠠᠭᠰᠠᠨ᠄ ᠡᠮᠨᠡᠯᠭᠡ ᠵᠢᠨ ᠬᠣᠷᠢᠶ᠎ᠠ ᠪᠤᠶᠤ ᠲᠣᠲᠤᠭ᠋ᠠᠳᠦ ᠵᠢ ᠬᠠᠮᠠᠭ᠋ᠠᠯᠠᠬᠤ ᠲᠣᠮᠢᠯᠠᠭᠰᠠᠨ ᠰᠠᠯᠪᠥᠷᠢ ᠵᠢᠨ ᠬᠢᠵᠦ ᠥᠭᠭᠦᠭᠰᠡᠨ ᠬᠠᠨᠢ ᠨᠥᠬᠥᠷ ᠵᠢᠨ ᠬᠢᠨᠢ ᠦᠬᠥᠭᠰᠡᠨ᠎ᠤ ᠭᠡᠷᠡᠴᠢ ᠬᠢᠭᠡᠳ ᠨᠢᠭᠡᠴᠡ ᠵᠢᠨ ᠬᠢᠵᠦ ᠥᠭᠭᠦᠭᠰᠡᠨ ᠲᠠᠬᠢᠵᠤ ᠤᠷᠤᠭᠯᠠᠭ᠋ᠠᠳᠤᠢ ᠵᠢᠨ ᠬᠡᠷᠴᠢ);
     6. ᠬᠠᠨᠢ ᠨᠥᠬᠥᠷ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠭᠡᠷᠡᠴᠢ (ᠮᠠᠨ᠎ᠤ ᠲᠥᠪ᠎ᠲᠤ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠲᠤᠰᠢᠶᠠᠵᠤ ᠦᠭᠡᠢ ᠪᠤᠶᠤ ᠨᠢᠭᠡᠴᠡ᠎ᠠᠴᠠ᠎ᠨᠢ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠲᠤᠰᠢᠶᠠᠵᠤ ᠦᠭᠡᠢ ᠪᠣᠯ ᠬᠠᠩᠭ᠋ᠠᠨ᠎ᠠ);
     7. ᠡᠷ᠎ᠡ ᠡᠮ᠎ᠡ ᠬᠣᠶᠠᠷ ᠲᠠᠯ᠎ᠠ ᠵᠢᠨ ᠬᠤᠪᠢ ᠬᠥᠮᠥᠨ᠎ᠤ ᠢᠲᠡᠭᠡᠮᠵᠢ ᠵᠢᠨ ᠮᠡᠳᠡᠭᠦᠯᠦᠯᠲᠡ (ᠵᠢᠭᠡᠯᠡᠯᠭᠡ ᠵᠢᠨ ᠲᠣᠭ᠎ᠠ ᠬᠡᠮᠵᠢᠶ᠎ᠡ᠎ᠨᠢ 35 ᠲᠦᠮᠡᠨ ᠲᠦᠭᠥᠷᠢᠭ᠎ᠠᠴᠠ ᠳᠡᠭᠡᠭᠰᠢ ᠪᠠᠢ᠌ᠪᠠᠯ ᠬᠠᠩᠭ᠋ᠠᠨ᠎ᠠ;)
     8. ᠲᠠᠸᠠᠷ᠎ᠤᠨ ᠭᠡᠷ ᠪᠠᠢ᠌ᠰᠢᠩ ᠬᠤᠳᠠᠯᠳᠤᠭ᠋ᠠᠯᠠᠬᠤ ᠭᠡᠷ᠎ᠡ ᠪᠤᠶᠤ ᠬᠢᠮᠳᠠ ᠲᠣᠬᠢᠷᠠᠬᠤ ᠭᠡᠷ ᠪᠠᠢ᠌ᠰᠢᠩ ᠬᠤᠳᠠᠯᠳᠤᠭ᠋ᠠᠯᠠᠬᠤ ᠭᠡᠷ᠎ᠡ;
     9. ᠠᠩᠬ᠎ᠠ ᠲᠤᠰᠢᠶᠠᠬᠰᠠᠨ ᠵᠣᠭᠣᠰ᠎ᠤᠨ ᠪᠠᠷᠢᠮᠲᠠ ᠵᠢᠨ ᠬᠠᠭᠤᠯᠪᠤᠷᠢ;
     10. 《ᠲᠠᠸᠠᠷ᠎ᠤᠨ ᠭᠡᠷ ᠪᠠᠢ᠌ᠰᠢᠩ᠎ᠢ ᠤᠷᠢᠳᠴᠢᠯᠠᠨ ᠬᠤᠳᠠᠯᠳᠤᠬᠤ ᠵᠥᠪᠰᠢᠶᠡᠷᠡᠯ᠎ᠤᠨ ᠦᠨᠡᠮᠯᠡᠯ》᠎ᠤᠨ ᠬᠠᠭᠤᠯᠪᠤᠷᠢ (ᠬᠢᠮᠳᠠ ᠲᠣᠬᠢᠷᠠᠬᠤ ᠭᠡᠷ ᠪᠠᠢ᠌ᠰᠢᠩ ᠪᠣᠯ 《ᠬᠢᠮᠳᠠ ᠲᠣᠬᠢᠷᠠᠬᠤ ᠭᠡᠷ ᠪᠠᠢ᠌ᠰᠢᠩ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ》᠎ᠢ ᠬᠠᠩᠭ᠋ᠠᠨ᠎ᠠ);
     11. 《ᠵᠣᠭᠣᠰ ᠵᠢᠭᠡᠯᠡᠬᠦ ᠪᠠᠲᠤᠯᠠᠭᠴᠢ ᠵᠢᠨ ᠪᠠᠲᠤᠯᠠᠭ᠎ᠠ ᠵᠢᠨ ᠪᠢᠴᠢᠭ》 (ᠪᠠᠲᠤᠯᠠᠭ᠎ᠠ ᠵᠢᠨ ᠮᠥᠩᠭᠥ ᠲᠤᠰᠢᠶᠠᠬᠤ ᠵᠢ ᠰᠣᠩᠭᠣᠪᠠᠯ ᠬᠠᠩᠭ᠋ᠠᠨ᠎ᠠ);
     12. ᠳᠠᠭ᠋ᠠᠭ᠋ᠠᠯᠲᠠ ᠬᠢᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ (ᠪᠠᠲᠤᠯᠠᠭ᠎ᠠ ᠵᠢᠨ ᠮᠥᠩᠭᠥ ᠲᠤᠰᠢᠶᠠᠬᠤ ᠵᠢ ᠰᠣᠩᠭᠣᠪᠠᠯ ᠬᠠᠩᠭ᠋ᠠᠨ᠎ᠠ);
     13. ᠳᠠᠭ᠋ᠠᠭ᠋ᠠᠯᠲᠠ ᠬᠢᠭᠴᠢ ᠵᠢᠨ ᠡᠷᠦᠬᠡ ᠠᠮᠠ ᠵᠢᠨ ᠳᠡᠪᠲᠡᠷ᠎ᠤᠨ ᠲᠡᠷᠢᠭᠦᠨ ᠨᠢᠭᠤᠷ ᠬᠢᠭᠡᠳ ᠠᠭᠤᠯᠭ᠎ᠠ ᠵᠢᠨ ᠬᠢᠨᠢ ᠨᠢᠭᠤᠷ᠎ᠤᠨ ᠬᠠᠭᠤᠯᠪᠤᠷᠢ (ᠪᠠᠲᠤᠯᠠᠭ᠎ᠠ ᠵᠢᠨ ᠮᠥᠩᠭᠥ ᠲᠤᠰᠢᠶᠠᠬᠤ ᠵᠢ ᠰᠣᠩᠭᠣᠪᠠᠯ ᠬᠠᠩᠭ᠋ᠠᠨ᠎ᠠ);
     14. ᠳᠠᠭ᠋ᠠᠭ᠋ᠠᠯᠲᠠ ᠬᠢᠭᠴᠢ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠭᠡᠷᠡᠴᠢ (ᠮᠠᠨ᠎ᠤ ᠲᠦᠪ᠎ᠲᠤ ᠣᠷᠣᠨ ᠰᠠᠭᠤᠴᠠ ᠵᠢᠨ ᠨᠡᠢ᠌ᠲᠡ ᠵᠢᠨ ᠬᠣᠷᠠᠮᠳᠤᠯᠭ᠎ᠠ ᠵᠢᠨ ᠮᠥᠩᠭᠥ ᠲᠤᠰᠢᠶᠠᠵᠦ ᠦᠭᠡᠢ ᠪᠣᠯ ᠬᠠᠩᠭ᠋ᠠᠨ᠎ᠠ);
      ᠳᠡᠮ ᠭᠡᠷ ᠪᠠᠢ᠌ᠰᠢᠩ᠄
     1. ᠵᠣᠭᠣᠰ ᠵᠢᠭᠡᠯᠡᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ;
     2. ᠬᠠᠨᠢ ᠨᠥᠬᠥᠷ ᠵᠢᠨ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ;
     3. ᠵᠣᠭᠣᠰ ᠵᠢᠭᠡᠯᠡᠭᠴᠢ ᠵᠢᠨ ᠡᠷᠦᠬᠡ ᠠᠮᠠ ᠵᠢᠨ ᠳᠡᠪᠲᠡᠷ᠎ᠤᠨ ᠲᠡᠷᠢᠭᠦᠨ ᠨᠢᠭᠤᠷ ᠬᠢᠭᠡᠳ ᠠᠭᠤᠯᠭ᠎ᠠ ᠵᠢᠨ ᠬᠢᠨᠢ ᠨᠢᠭᠤᠷ᠎ᠤᠨ ᠬᠠᠭᠤᠯᠪᠤᠷᠢ;
     4. ᠬᠠᠨᠢ ᠨᠥᠬᠥᠷ ᠵᠢᠨ ᠡᠷᠦᠬᠡ ᠠᠮᠠ ᠵᠢᠨ ᠳᠡᠪᠲᠡᠷ᠎ᠤᠨ ᠲᠡᠷᠢᠭᠦᠨ ᠨᠢᠭᠤᠷ ᠬᠢᠭᠡᠳ ᠠᠭᠤᠯᠭ᠎ᠠ ᠵᠢᠨ ᠬᠢᠨᠢ ᠨᠢᠭᠤᠷ᠎ᠤᠨ ᠬᠠᠭᠤᠯᠪᠤᠷᠢ;
     5. ᠤᠷᠤᠭ᠎ᠤᠨ ᠦᠨᠡᠮᠯᠡᠯ᠎ᠤᠨ ᠬᠠᠭᠤᠯᠪᠤᠷᠢ (ᠤᠷᠤᠭᠯᠠᠭ᠋ᠠᠳᠤᠢ᠄ ᠨᠢᠭᠡᠴᠡ ᠵᠢᠨ ᠬᠢᠵᠦ ᠥᠭᠭᠦᠭᠰᠡᠨ ᠭᠠᠭᠴᠠ ᠪᠡᠶ᠎ᠡ ᠵᠢᠨ ᠭᠡᠷᠡᠴᠢ; ᠤᠷᠤᠭ ᠰᠠᠯᠤᠭᠰᠠᠨ᠄ ᠤᠷᠤᠭ ᠰᠠᠯᠤᠭᠰᠠᠨ ᠦᠨᠡᠮᠯᠡᠯ᠂ ᠤᠷᠤᠭ ᠰᠠᠯᠬᠤ ᠵᠦᠪᠯᠡᠯᠴᠡᠭᠡᠷ᠎ᠤᠨ ᠪᠢᠴᠢᠭ ᠪᠤᠶᠤ ᠰᠢᠭᠦᠬᠦ ᠬᠣᠷᠢᠶ᠎ᠠ ᠵᠢᠨ ᠲᠠᠰᠤᠯᠤᠯᠲᠠ ᠵᠢᠨ ᠪᠢᠴᠢᠭ ᠬᠢᠭᠡᠳ ᠨᠢᠭᠡᠴᠡ ᠵᠢᠨ ᠬᠢᠵᠦ ᠥᠭᠭᠦᠭᠰᠡᠨ ᠤᠷᠤᠭ ᠰᠠᠯᠤᠭ᠋ᠠᠳ ᠳᠠᠬᠢᠵᠤ ᠤᠷᠤᠭᠯᠠᠭ᠋ᠠᠳᠤᠢ ᠵᠢᠨ ᠭᠡᠷᠡᠴᠢ;ᠬᠠᠨᠢ ᠨᠥᠬᠥᠷ᠎ᠪᠠᠨ ᠠᠯᠳᠠᠭᠰᠠᠨ᠄ ᠡᠮᠨᠡᠯᠭᠡ ᠵᠢᠨ ᠬᠣᠷᠢᠶ᠎ᠠ ᠪᠤᠶᠤ ᠲᠤᠲᠤᠭ᠋ᠠᠳᠦ ᠵᠢ ᠬᠠᠮᠠᠭ᠋ᠠᠯᠠᠬᠤ ᠲᠣᠮᠢᠯᠠᠭᠰᠠᠨ ᠰᠠᠯᠪᠥᠷᠢ ᠵᠢᠨ ᠬᠢᠵᠦ ᠥᠭᠭᠦᠭᠰᠡᠨ ᠬᠠᠨᠢ ᠨᠥᠬᠥᠷ᠎ᠨᠢ ᠦᠬᠥᠭᠰᠡᠨ᠎ᠤ ᠭᠡᠷᠡᠴᠢ ᠬᠢᠭᠡᠳ ᠨᠢᠭᠡᠴᠡ ᠵᠢᠨ ᠬᠢᠵᠦ ᠥᠭᠭᠦᠭᠰᠡᠨ ᠲᠠᠬᠢᠵᠤ ᠤᠷᠤᠭᠯᠠᠭ᠋ᠠᠳᠤᠢ ᠵᠢᠨ ᠬᠡᠷᠴᠢ);
     6. ᠬᠠᠨᠢ ᠨᠥᠬᠥᠷ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠭᠡᠷᠡᠴᠢ (ᠮᠠᠨ᠎ᠤ ᠲᠥᠪ᠎ᠲᠤ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠲᠤᠰᠢᠶᠠᠵᠤ ᠦᠭᠡᠢ ᠪᠤᠶᠤ ᠨᠢᠭᠡᠴᠡ᠎ᠨᠢ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠲᠤᠰᠢᠶᠠᠵᠤ ᠦᠭᠡᠢ ᠪᠣᠯ ᠬᠠᠩᠭ᠋ᠠᠨ᠎ᠠ);
     7. ᠡᠷ᠎ᠡ ᠡᠮ᠎ᠡ ᠬᠣᠶᠠᠷ ᠲᠠᠯ᠎ᠠ ᠵᠢᠨ ᠬᠤᠪᠢ ᠬᠥᠮᠥᠨ᠎ᠤ ᠢᠲᠡᠭᠡᠮᠵᠢ ᠵᠢᠨ ᠮᠡᠳᠡᠭᠦᠯᠦᠯᠲᠡ (ᠵᠢᠭᠡᠯᠡᠯᠭᠡ ᠵᠢᠨ ᠲᠣᠭ᠎ᠠ ᠬᠡᠮᠵᠢᠶ᠎ᠡ᠎ᠨᠢ 35 ᠲᠦᠮᠡᠨ ᠲᠦᠭᠥᠷᠢᠭ᠎ᠠᠴᠠ ᠳᠡᠭᠡᠭᠰᠢ ᠪᠠᠢ᠌ᠪᠠᠯ ᠬᠠᠩᠭ᠋ᠠᠨ᠎ᠠ;)
     8. 《ᠭᠡᠷ ᠭᠠᠵᠠᠷ ᠬᠥᠷᠥᠩᠭᠡ ᠬᠤᠳᠠᠯᠳᠤᠭ᠋ᠠᠯᠠᠬᠤ ᠭᠡᠷ᠎ᠡ》;
     9. ᠭᠡᠷ ᠪᠠᠢ᠌ᠰᠢᠩ᠎ᠤᠨ ᠦᠨᠡᠮᠯᠡᠯ᠎ᠤᠨ ᠬᠠᠭᠤᠯᠪᠤᠷᠢ;
     10. ᠨᠡᠷ᠎ᠡ ᠬᠠᠯᠠᠬᠰᠠᠨ ᠪᠦᠬᠦ ᠫᠢᠶᠤᠤ ᠪᠠᠷᠢᠮᠲᠠ ᠵᠢᠨ ᠬᠠᠭᠤᠯᠪᠤᠷᠢ;
     11. 《ᠵᠣᠭᠣᠰ ᠵᠢᠭᠡᠯᠡᠬᠦ ᠪᠠᠲᠤᠯᠠᠭᠴᠢ ᠵᠢᠨ ᠪᠠᠲᠤᠯᠠᠭ᠎ᠠ ᠵᠢᠨ ᠪᠢᠴᠢᠭ》 (ᠪᠠᠲᠤᠯᠠᠭ᠎ᠠ ᠵᠢᠨ ᠮᠥᠩᠭᠥ ᠲᠤᠰᠢᠶᠠᠬᠤ ᠵᠢ ᠰᠤᠩᠭᠤᠪᠠᠯ ᠬᠠᠩᠭ᠋ᠠᠨ᠎ᠠ);
    12. ᠳᠠᠭ᠋ᠠᠭ᠋ᠠᠯᠲᠠ ᠬᠢᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ (ᠪᠠᠲᠤᠯᠠᠭ᠎ᠠ ᠵᠢᠨ ᠮᠥᠩᠭᠥ ᠲᠤᠰᠢᠶᠠᠬᠤ ᠵᠢ ᠰᠣᠩᠭᠣᠪᠠᠯ ᠬᠠᠩᠭ᠋ᠠᠨ᠎ᠠ);
     13. ᠳᠠᠭ᠋ᠠᠭ᠋ᠠᠯᠲᠠ ᠬᠢᠭᠴᠢ ᠵᠢᠨ ᠡᠷᠦᠬᠡ ᠠᠮᠠ ᠵᠢᠨ ᠲᠡᠪᠲᠡᠷ᠎ᠤᠨ ᠲᠡᠷᠢᠭᠦᠨ ᠨᠢᠭᠤᠷ ᠬᠢᠭᠡᠳ ᠠᠭᠤᠯᠭ᠎ᠠ ᠵᠢᠨ ᠬᠢᠨᠢ ᠨᠢᠭᠤᠷ᠎ᠤᠨ ᠬᠠᠭᠤᠯᠪᠤᠷᠢ (ᠪᠠᠲᠤᠯᠠᠭ᠎ᠠ ᠵᠢᠨ ᠮᠥᠩᠭᠥ ᠲᠤᠰᠢᠶᠠᠬᠤ ᠵᠢ ᠰᠣᠩᠭᠣᠪᠠᠯ ᠬᠠᠩᠭ᠋ᠠᠨ᠎ᠠ);
     14. ᠳᠠᠭ᠋ᠠᠭ᠋ᠠᠯᠲᠠ ᠬᠢᠭᠴᠢ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠭᠡᠷᠡᠴᠢ ((ᠮᠠᠨ᠎ᠤ ᠲᠥᠪ᠎ᠲᠤ   ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠲᠤᠰᠢᠶᠠᠵᠤ ᠦᠭᠡᠢ ᠪᠣᠯ ᠬᠠᠩᠭ᠋ᠠᠨ᠎ᠠ);

      ᠠᠵᠢᠯᠲᠠᠨ ᠠᠵᠢᠯᠴᠢᠨ ᠬᠤᠪᠢ ᠬᠥᠮᠥᠨ᠎ᠤ ᠣᠷᠣᠨ ᠰᠠᠭᠤᠴᠠ ᠵᠢᠨ ᠨᠡᠢ᠌ᠲᠡ᠎ᠤ ᠬᠤᠷᠠᠮᠳᠤᠯᠭ᠎ᠠ ᠵᠢᠨ ᠮᠥᠩᠭᠥ ᠵᠢᠨ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠤᠨ ᠬᠠᠷᠢᠯᠴᠠᠬᠤ ᠠᠷᠭ᠎ᠠ ᠮᠠᠶᠢᠭ᠄
      ᠵᠢᠭᠡᠯᠡᠯᠭᠡ ᠭᠤᠶᠤᠴᠢᠯᠠᠬᠤ᠄405 ᠳ᠋ᠤᠭ᠋ᠠᠷ ᠭᠡᠷ᠎ᠤᠨ ᠯᠠᠪᠯᠠᠬᠤ ᠳ᠋ᠢᠶᠠᠩᠬᠤᠸᠠ᠄ 2207885  2207876  2334032

      ᠵᠢᠭᠡᠯᠡᠯᠭᠡ ᠪᠤᠴᠠᠭ᠋ᠠᠬᠤ᠄ ᠨᠢᠭᠡᠳᠦᠭᠡᠷ ᠳᠠᠪᠬᠤᠷᠭ᠎ᠠ ᠵᠢᠨ ᠡᠵᠡᠩᠨᠡᠬᠦ ᠲᠢᠩᠬᠢᠮ᠎ᠤᠨ ᠯᠠᠪᠯᠠᠬᠤ ᠳ᠋ᠢᠶᠠᠩᠬᠤᠸᠠ᠄ 2207911  2207912  2207397  2207961

      ᠳᠠᠭ᠋ᠠᠭ᠋ᠠᠯᠲᠠ ᠬᠢᠬᠦ ᠺᠣᠮᠫᠠᠨᠢ᠄ 402 ᠲᠠᠰᠤᠭ᠎ᠤᠨ ᠯᠠᠪᠯᠠᠬᠤ ᠳ᠋ᠢᠩᠬᠤᠸᠠ᠄ 2207808

   

 

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠪᠦᠷ ᠮᠤᠨᠭ᠌ᠭᠤᠯ᠎ᠤᠨ ᠤᠷᠤᠨ ᠰᠠᠭᠤᠴᠠ ᠵᠢᠨ ᠨᠡᠢ᠌ᠲᠡ ᠵᠢᠨ ᠬᠤᠷᠠᠮᠳᠤᠭᠤᠯᠭ᠎ᠠ ᠵᠢᠨ ᠮᠦᠨᠭᠬᠦ ᠵᠢᠨ ᠰᠦᠯᠵᠢᠶᠡᠨ ᠴᠢᠭ᠋᠎ᠤᠨ ᠰᠤᠨᠢᠨ ᠮᠡᠳᠡᠭᠡ ᠪᠠᠢ᠌ᠴᠠᠭ᠋ᠠᠨ ᠡᠷᠢᠬᠦᠴᠢᠳᠠᠮᠵᠢ ᠵᠢ ᠬᠡᠷᠡᠭᠯᠡᠬᠦ ᠵᠢᠭ᠋ᠠᠯᠲᠠ
ᠭᠠᠵᠠᠷ ᠰᠢᠷᠣᠢ ᠠᠰᠢᠭᠯᠠᠯᠲᠠ ᠵᠢᠨ ᠶᠡᠷᠦᠩᠬᠡᠢ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ᠂ ᠬᠡᠰᠡᠭ ᠲᠠᠯ᠎ᠠ ᠎ᠪᠠᠷ ᠲᠤᠬᠢᠷᠠᠭᠤᠯᠬᠤ ᠵᠢ ᠬᠢᠨᠠᠨ ᠪᠠᠢ᠌ᠴᠠᠭ᠋ᠠᠬᠤ
ᠨᠡᠭᠦᠷᠡᠰᠤᠨ ᠠᠭᠤᠷᠬᠠᠢ ᠵᠢᠨ ᠪᠤᠰᠤ ᠠᠵᠦ ᠠᠬᠤᠢ᠌ᠯᠠᠯ᠎ᠤᠨ ᠠᠶᠤᠯᠬᠦᠢ ᠦᠢ᠍ᠯᠡᠳᠪᠤᠷᠢᠯᠡᠯ᠎ᠤᠨ ᠵᠦᠪᠰᠢᠶᠡᠷᠡᠯ᠎ᠤᠨ ᠦᠨᠡᠮᠯᠡᠯ᠎ᠢ ᠰᠢᠨ᠎ᠡ᠎ᠪᠠᠷ ᠪᠠᠢ᠌ᠭᠤᠯᠬᠤ᠂ᠮᠡᠷᠭᠡᠵᠢᠯ᠎ᠤᠨ ᠦᠬᠡᠷᠡᠴᠢᠯᠡᠯᠳᠡ ᠬᠢᠬᠦ᠎ᠳᠤ ᠲᠤᠰᠢᠶᠠᠬᠤ ᠴᠢᠬᠤᠯᠠᠲᠠᠢ ᠪᠢᠴᠢᠭ ᠮᠠᠲᠸᠷᠢᠶᠠᠯ ᠪᠠ ᠮᠠᠲᠸᠷᠢᠶᠠᠯ᠎ᠤᠨ ᠨᠠᠷᠢᠨ ᠲᠠᠩᠰᠠ
ᠨᠡᠭᠦᠷᠡᠰᠤᠨ ᠠᠭᠤᠷᠬᠠᠢ ᠵᠢᠨ ᠪᠤᠰᠤ ᠠᠵᠦ ᠠᠬᠤᠢ᠌ᠯᠠᠯ᠎ᠤᠨ ᠠᠶᠤᠯ ᠦᠬᠡᠢ ᠦᠢ᠍ᠯᠡᠳᠪᠤᠷᠢᠯᠡᠯ᠎ᠤᠨ ᠵᠦᠪᠰᠢᠶᠡᠷᠡᠯ᠎ᠤᠨ ᠦᠨᠡᠮᠯᠡᠯ᠎ᠢ ᠬᠤᠪᠢᠷᠠᠭ᠋ᠠᠬᠤ᠎ᠳᠤ ᠲᠤᠰᠢᠶᠠᠬᠤ ᠶᠣᠰᠤᠲᠠᠢ ᠠᠯᠪᠠᠨ ᠪᠢᠴᠢᠭ᠂ ᠮᠠᠲᠸᠷᠢᠶᠠᠯ᠎ᠤᠨ ᠨᠠᠷᠢᠨ ᠳᠠᠩᠰᠠ
ᠠᠶᠤᠯᠲᠠᠢ ᠬᠢᠮᠢ ᠵᠢᠨ ᠪᠤᠳᠠᠰ᠎ᠤᠨ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠢ ᠭᠦᠢ᠍ᠴᠡᠳᠭᠡᠬᠦ ᠦᠢ᠍ᠯᠡᠴᠢᠯᠡᠭᠡᠨ᠎ᠤ ᠬᠦᠢ᠍ᠴᠡᠳᠭᠡᠬᠦ ᠳᠡᠰ ᠳᠠᠷᠠᠭ᠋ᠠᠯᠠᠯ
 
            