ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠤ ᠬᠢᠨᠠᠨ ᠵᠥᠪᠰᠢᠶᠡᠷᠡᠯ᠎ᠢ 21 ᠵᠦᠢ᠍ᠯ ᠪᠣᠯᠭ᠋ᠠᠨ ᠬᠠᠰᠤᠪᠠ
ᠨᠡᠶ᠋ᠢᠲᠡᠯᠡᠭᠰᠡᠨ ᠴᠠᠭ᠄ 2023-11-05


      ᠪᠦᠬᠦ ᠣᠷᠣᠨ᠎ᠤ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠤ ᠠᠵᠢᠯᠯᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠥᠪᠥᠷ ᠮᠣᠩᠭᠣᠯ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠳᠦᠷᠢᠮ᠎ᠤᠨ ᠥᠭᠡᠷᠡᠴᠢᠯᠡᠯᠲᠡ ᠵᠢ ᠢᠳᠡᠪᠬᠢᠲᠡᠢ ᠲᠦᠯᠬᠢᠨ ᠠᠬᠢᠭᠤᠯᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠥᠷᠥᠯ ᠵᠦᠢ᠍ᠯ᠎ᠢ ᠤᠤᠯ᠎ᠤᠨ 30 ᠵᠦᠢ᠍ᠯ᠎ᠠᠴᠠ᠎ᠨᠢ 21 ᠵᠦᠢ᠍ᠯ ᠪᠣᠯᠭ᠋ᠠᠨ ᠬᠠᠰᠤᠵᠠᠢ᠃   ᠤᠢ᠌ᠯᠠᠭ᠋ᠠᠭᠰᠠᠨ ᠵᠶ᠋ᠡᠷ ᠂ ᠨᠢᠯᠬ᠎ᠠ ᠨᠢᠷᠠᠢ ᠬᠡᠦᠬᠡᠳ᠎ᠤᠨ ᠨᠠᠢ᠌ᠷᠠᠯᠭ᠎ᠠ ᠵᠢᠨ ᠰᠦᠨ ᠲᠠᠯᠬ᠎ᠠ ᠵᠢ ᠭᠠᠷᠭ᠋ᠠᠪᠠᠯ᠂ ᠪᠦᠬᠦ ᠣᠷᠣᠨ᠎ᠤ ᠪᠦᠬᠦ 28 ᠵᠦᠢ᠍ᠯ᠎ᠤᠨ ᠢᠳᠡᠭᠡᠨ᠎ᠤ ᠦᠢ᠍ᠯᠡᠳᠪᠦᠷᠢᠯᠡᠯ᠎ᠢ ᠵᠥᠪᠰᠢᠶᠡᠷᠡᠬᠦ ᠬᠢᠨᠠᠨ ᠵᠥᠪᠰᠢᠶᠡᠷᠡᠯ᠎ᠤᠨ ᠡᠷᠬᠡ ᠵᠢ ᠳᠤᠷᠤᠭᠰᠢ ᠠᠢ᠌ᠮᠠᠭ ᠬᠣᠲᠠ᠎ᠳᠤ ᠪᠠᠭᠤᠯᠭ᠋ᠠᠭᠰᠠᠨ᠎ᠤ ᠬᠠᠮᠲᠤ ᠡᠷᠬᠡ᠎ᠪᠠᠨ ᠦᠷᠭᠡᠳᠬᠡᠬᠦ ᠬᠦᠴᠦᠷᠬᠡᠭ ᠰᠢᠶᠠᠨ᠎ᠤ ᠲᠤᠷᠰᠢᠯᠲᠠ ᠵᠢᠨ ᠠᠵᠢᠯ ᠦᠷᠨᠢᠬᠦᠯᠵᠦ ᠪᠠᠢ᠌ᠭ᠎ᠠ 12 ᠬᠣᠰᠢᠭᠤ ᠰᠢᠶᠠᠨ᠎ᠳᠤ ᠵᠠᠯᠭ᠎ᠠ᠎ᠪᠠᠷ ᠪᠠᠭᠤᠯᠭ᠋ᠠᠵᠦ ᠪᠠᠢ᠌ᠨ᠎ᠠ᠃ ᠬᠢᠨᠠᠨ ᠵᠦᠪᠰᠢᠶᠠᠷᠠᠬᠦ ᠡᠷᠬᠡ ᠵᠢ ᠳᠣᠷᠣᠭᠰᠢ ᠪᠠᠭᠤᠯᠭ᠋ᠠᠭᠰᠠᠨ᠎ᠤ ᠰᠡᠭᠦᠯᠡᠷ᠂ ᠬᠢᠨᠠᠨ ᠵᠦᠪᠰᠢᠶᠡᠷᠡᠬᠦ ᠴᠠᠭ ᠶᠡᠬᠡ᠎ᠪᠠᠷ ᠪᠣᠭᠣᠨᠢᠰᠴᠠᠢ᠃   ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠤᠯᠠᠮ ᠴᠢᠩᠭ᠋ᠠᠷᠠᠭᠤᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠳᠦᠷᠢᠮᠵᠢᠭᠦᠯᠵᠦ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠡᠮᠬᠢᠯᠡᠨ ᠲᠢᠭᠯᠡᠬᠦ ᠠᠵᠢᠯ᠎ᠢ ᠪᠡᠶᠡᠯᠡᠬᠦᠯᠦᠭᠡᠳ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠢ᠍ᠳᠬᠡᠯ ᠵᠡᠷᠭᠡ ᠳᠣᠯᠣᠭ᠋ᠠᠨ ᠶᠡᠬᠡ ᠲᠥᠷᠥᠯ᠎ᠤᠨ ᠨᠡᠢ᠌ᠳᠡ 298 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠲᠥᠷᠥᠯ ᠵᠦᠢ᠍ᠯ᠎ᠤᠨ ᠭᠠᠷᠴᠠᠭ᠎ᠢ   ᠡᠮᠬᠢᠯᠡᠨ ᠲᠢᠭᠯᠡᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠠᠵᠢᠯᠯᠠᠭ᠎ᠠ ᠵᠢᠨ ᠬᠡᠷᠡᠭ ᠶᠠᠪᠤᠳᠠᠯ ᠭᠦᠢ᠍ᠴᠡᠳᠬᠡᠬᠦ ᠵᠦᠭᠯᠡᠭᠦᠷ ᠪᠠ ᠴᠤᠪᠤᠷᠠᠯ᠎ᠤᠨ ᠵᠢᠷᠤᠭ᠎ᠢ ᠨᠠᠢ᠌ᠷᠠᠭᠤᠯᠤᠨ ᠵᠣᠬᠢᠶᠠᠵᠤ᠂ ᠡᠭᠦᠨ᠎ᠤ ᠬᠠᠮᠲᠤ ᠫᠣᠷᠲᠸᠯ ᠰᠠᠢ᠌ᠲ ᠵᠶ᠋ᠠᠷ ᠳᠠᠮᠵᠢᠭᠤᠯᠤᠨ ᠨᠡᠢ᠌ᠭᠡᠮ᠎ᠳᠤ ᠨᠡᠢ᠌ᠲᠡᠯᠡᠵᠦ᠂ ᠵᠠᠰᠠᠭ ᠵᠠᠬᠢᠷᠭ᠋ᠠᠨ᠎ᠤ ᠡᠷᠬᠡ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠤᠭᠡᠳᠤ ᠲᠠᠰᠤᠯᠤᠯᠲᠠ ᠵᠢᠨ ᠡᠷᠬᠡ ᠵᠢ ᠳᠤᠷ᠎ᠠ᠎ᠪᠠᠷ ᠵᠶ᠋ᠡᠨ ᠬᠡᠷᠡᠭᠯᠡᠬᠦ ᠵᠢ ᠡᠭᠦᠰᠤᠯ ᠰᠤᠷᠪᠤᠯᠵᠢ᠎ᠠᠴᠠ᠎ᠨᠢ ᠰᠡᠷᠭᠡᠢ᠌ᠯᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠳᠦᠷᠢᠮᠵᠢᠭᠦᠯᠪᠡ᠃   ᠠᠰᠳᠠᠭ᠋ᠠᠨ ᠪᠠᠰᠠ ᠤᠢ᠌ᠯᠭ᠋ᠠᠭᠰᠠᠨ ᠵᠶ᠋ᠡᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 102 ᠬᠣᠰᠢᠭᠤ ᠰᠢᠶᠠᠨ ᠵᠢᠴᠢ ᠰᠤᠮᠤ ᠰᠢᠶᠠᠩ ᠪᠠᠯᠭ᠋ᠠᠰᠤ᠎ᠳᠤ ᠢᠳᠡᠭᠡᠨ᠎ᠤ ᠠᠮᠤᠷ ᠲᠦᠪᠰᠢᠨ᠎ᠤ ᠬᠢᠨᠠᠯᠳᠠ ᠬᠠᠮᠢᠶᠠᠷᠤᠯᠳᠠ ᠵᠢᠨ ᠲᠦᠷᠭᠡᠨ ᠪᠠᠢ᠌ᠴᠠᠭ᠋ᠠᠬᠤ ᠲᠥᠬᠥᠭᠡᠷᠥᠮᠵᠢ ᠲᠤᠬᠢᠷᠠᠭᠤᠯᠬᠤ᠎ᠪᠠᠷ ᠲᠤᠰᠬᠠᠢ ᠪᠡᠯᠡ ᠮᠥᠩᠭᠥ ᠲᠦᠯᠦᠪᠯᠡᠨ ᠲᠤᠬᠢᠷᠠᠭᠤᠯᠵᠦ᠂ ᠨᠢᠭᠡᠳᠦᠭᠡᠷ ᠪᠦᠯᠦᠭ᠎ᠤᠨ 4 ᠠᠢ᠌ᠮᠠᠭ ᠬᠣᠲᠠ 38 ᠬᠣᠰᠢᠭᠤ ᠰᠢᠶᠠᠨ (ᠬᠣᠲᠠ᠂ ᠲᠣᠭᠣᠷᠢᠭ)᠎ᠤ ᠲᠥᠬᠥᠭᠡᠷᠥᠮᠵᠢ ᠵᠢᠨ ᠲᠥᠰᠥᠪ᠎ᠤᠨ ᠪᠡᠯᠡ ᠮᠥᠩᠭᠥ ᠨᠢᠭᠡᠨᠲᠡ ᠤᠷᠤᠨ ᠪᠠᠢ᠌ᠷᠢᠨ᠎ᠳᠠᠭᠠᠨ ᠬᠦᠷᠴᠠᠢ᠃ ᠮᠠᠨ᠎ᠤ ᠣᠷᠣᠨ᠎ᠤ ᠢᠳᠡᠭᠡᠨ ᠪᠠ ᠡᠮ᠎ᠤᠨ ᠵᠦᠢ᠍ᠯ᠎ᠤᠨ ᠬᠢᠨᠠᠨ ᠬᠠᠮᠢᠶᠠᠷᠤᠯᠲᠠ ᠵᠢᠨ ᠰᠢᠰᠲᠸᠮ᠎ᠤᠨ ᠮᠡᠳᠡᠭᠡ ᠵᠠᠩᠭᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠴᠤ᠌ ᠠᠩᠬ᠎ᠠ ᠠᠯᠬᠤᠮ ᠪᠦᠷᠢᠯᠳᠦᠵᠦ᠂ ᠢᠳᠡᠭᠡᠨ᠎ᠤ ᠵᠦᠢ᠍ᠯ᠂ ᠡᠮ᠎ᠤᠨ ᠵᠦᠢ᠍ᠯ ᠡᠮᠴᠢᠯᠡᠭᠡᠨ᠎ᠤ ᠪᠠᠭ᠋ᠠᠵᠢ ᠬᠡᠷᠡᠭᠯᠡᠭᠦᠷ᠎ᠤᠨ ᠠᠶᠤᠯ ᠦᠭᠡᠢ ᠵᠢᠨ ᠬᠢᠨᠠᠨ ᠬᠠᠮᠢᠶᠠᠷᠤᠯᠲᠠ ᠵᠢᠨ ᠲᠤᠰᠬᠠᠢ ᠮᠡᠷᠭᠡᠵᠢᠯᠲᠡᠨ᠎ᠢ 596   ᠨᠡᠷ᠎ᠡ ᠰᠢᠯᠢᠨ ᠰᠣᠩᠭᠣᠵᠤ᠂ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠦᠲᠦᠭᠡᠨ ᠪᠠᠢ᠌ᠭᠤᠯᠤᠨ ᠲᠡᠭᠦᠯᠳᠡᠷᠵᠢᠭᠦᠯᠵᠡᠢ᠃

   

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠤᠷᠤᠨ ᠰᠠᠭᠤᠴᠠ ᠵᠢᠨ ᠨᠠᠢ᠌ᠳᠠ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠬᠤ ᠲᠤᠬᠠᠢ᠌ᠯᠠᠭᠰᠠᠨ ᠠᠵᠢᠯ᠎ᠤᠨ ᠵᠦᠭᠯᠡᠭᠦᠷ
ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢ ᠰᠢᠯᠵᠢᠭᠦᠯᠬᠦ ᠲᠣᠬᠠᠢ᠌ᠯᠠᠭᠰᠠᠨ ᠠᠵᠢᠯ᠎ᠤᠨ ᠵᠥᠭᠯᠡᠭᠦᠷ
ᠬᠤᠪᠢ ᠬᠥᠮᠥᠨ᠎ᠤ ᠵᠢᠭᠡᠯᠡᠯᠭᠡ ᠵᠢᠨ ᠮᠡᠳᠡᠭᠡ ᠵᠠᠩᠭᠢ ᠵᠶ᠋ᠡᠨ ᠪᠠᠢ᠌ᠴᠠᠭ᠋ᠠᠵᠤ ᠯᠠᠪᠯᠠᠬᠤ ᠠᠵᠢᠯᠯᠠᠭ᠋ᠠᠨ᠎ᠤ ᠵᠥᠭᠯᠡᠭᠦᠷ
ᠬᠤᠪᠢ ᠬᠥᠮᠥᠨ᠎ᠤ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠮᠡᠳᠡᠭᠡ ᠵᠠᠩᠭᠢ ᠵᠢ ᠪᠠᠢ᠌ᠴᠠᠭ᠋ᠠᠵᠤ ᠯᠠᠪᠯᠠᠬᠤ ᠠᠵᠢᠯᠯᠠᠭ᠋ᠠᠨ᠎ᠤ ᠵᠥᠭᠯᠡᠭᠦᠷ
ᠠᠵᠢᠯᠲᠠᠨ ᠠᠵᠢᠯᠴᠢᠨ ᠬᠤᠪᠢ ᠬᠥᠮᠥᠨ᠎ᠤ ᠣᠷᠣᠨ ᠰᠠᠭᠤᠴᠠ ᠵᠢᠨ ᠨᠡᠢ᠌ᠲᠡ ᠵᠢᠨ ᠬᠤᠷᠠᠮᠳᠤᠯᠭ᠎ᠠ ᠵᠢᠨ ᠮᠥᠩᠭᠥ ᠵᠢᠨ ᠳᠠᠭ᠋ᠠᠭ᠋ᠠᠯᠲᠠᠲᠦ ᠵᠢᠭᠡᠯᠡᠯᠭᠡ ᠵᠢᠨ ᠲ᠋ᠤᠬᠠᠢ᠌ᠯᠠᠭᠰᠠᠨ ᠠᠵᠢᠯ᠎ᠤᠨ ᠵᠦᠭᠯᠡᠭᠦᠷ
 
            