ᠨᠢᠭᠡ᠂ ᠭᠠᠷᠭ᠋ᠠᠨ ᠠᠪᠬᠤ ᠨᠦᠬᠦᠴᠡᠯ
1᠂ ᠠᠵᠢᠯᠳᠠᠨ ᠠᠵᠢᠯᠴᠢᠨ ᠦᠮᠴᠢᠯᠡᠯ᠎ᠤᠨ ᠡᠷᠬᠡ᠎ᠲᠠᠢ ᠦᠪᠡᠷ ᠵᠶ᠋ᠡᠨ ᠰᠠᠭᠤᠬᠤ ᠤᠷᠤᠨ ᠰᠠᠭᠤᠴᠠ ᠬᠤᠳᠠᠯᠳᠤᠨ ᠠᠪᠬᠤ᠂ ᠪᠠᠷᠢᠬᠤ᠂ ᠦᠬᠡᠷᠡᠴᠢᠯᠡᠨ ᠵᠠᠰᠠᠬᠤ᠂ ᠶᠡᠬᠡ᠎ᠪᠠᠷ ᠵᠠᠰᠠᠬᠤ᠂ ᠨᠤᠷᠠᠭ᠋ᠠᠬᠤ ᠨᠡᠭᠦᠯᠭᠡᠬᠦ ᠨᠢᠭᠡ ᠵᠢᠯ᠎ᠤᠨ ᠳᠤᠳᠤᠷ᠎ᠠ᠂ ᠲᠤᠰ ᠬᠦᠮᠤᠨ᠎ᠨᠢ ᠪᠤᠶᠤ ᠲᠡᠭᠦᠨ᠎ᠤ ᠬᠠᠨᠢ ᠨᠦᠬᠦᠷ᠎ᠨᠢ ᠲᠤᠰ ᠤᠷᠤᠨ ᠰᠠᠭᠤᠴᠠ ᠵᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠵᠢᠭᠡᠯᠡᠯᠭᠡ ᠵᠢ ᠭᠤᠶᠤᠴᠢᠯᠠᠭᠰᠠᠨ ᠦᠬᠡᠢ ᠪᠦᠭᠡᠳ ᠲᠠᠬᠢᠨ ᠭᠤᠶᠤᠴᠢᠯᠠᠬᠤ ᠦᠬᠡᠢ ᠪᠤᠯ ᠬᠦᠴᠤᠨ ᠪᠦᠬᠦᠢ ᠬᠡᠷᠡᠴᠢ ᠮᠠᠲᠸᠷᠢᠶᠠᠯ ᠵᠶ᠋ᠡᠷ ᠵᠶ᠋ᠡᠨ ᠲᠤᠰ ᠬᠦᠮᠤᠨ ᠪᠤᠶᠤ ᠲᠡᠭᠦᠨ᠎ᠤ ᠬᠠᠨᠢ ᠨᠦᠬᠦᠷ᠎ᠤᠨ ᠳᠠᠩᠰᠠᠨ᠎ᠳᠤ ᠪᠠᠢ᠌ᠭ᠎ᠠ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠵᠢ ᠭᠠᠷᠭ᠋ᠠᠨ ᠠᠪᠴᠤ ᠪᠤᠯᠤᠨ᠎ᠠ᠃ ᠤᠷᠤᠨ ᠰᠠᠭᠤᠴᠠ᠎ᠪᠠᠨ ᠵᠠᠰᠠᠵᠦ ᠴᠢᠮᠡᠭᠯᠡᠬᠦ᠎ᠳᠤ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠴᠤ ᠪᠤᠯᠬᠤ ᠦᠬᠡᠢ᠃
2᠂ ᠠᠵᠢᠯᠳᠠᠨ ᠠᠵᠢᠯᠴᠢᠨ ᠬᠠᠤᠯᠢ᠎ᠳᠤ ᠲᠤᠭᠳᠠᠭ᠋ᠠᠭᠰᠠᠨ ᠠᠵᠢᠯ᠎ᠠᠴᠠ᠎ᠪᠠᠨ ᠠᠮᠠᠷᠠᠬᠤ ᠠᠵᠢᠯ᠎ᠠᠴᠠ᠎ᠪᠠᠨ ᠪᠠᠭᠤᠬᠤ ᠨᠠᠰᠤᠨ᠎ᠳᠤ ᠬᠦᠷᠦᠭᠡᠳ ᠠᠵᠢᠯ᠎ᠠᠴᠠ᠎ᠪᠠᠨ ᠠᠮᠠᠷᠠᠬᠤ ᠠᠵᠢᠯ᠎ᠠᠴᠠ᠎ᠪᠠᠨ ᠪᠠᠭᠤᠬᠤ ᠭᠠᠷᠳᠠᠮ᠎ᠢ ᠭᠦᠢ᠍ᠴᠡᠳᠭᠡᠭᠰᠡᠨ᠂ ᠬᠠᠤᠯᠢ᠎ᠳᠤ ᠲᠤᠭᠳᠠᠭ᠋ᠠᠭᠰᠠᠨ ᠠᠵᠢᠯᠳᠠᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠶ᠋ᠡᠷ ᠵᠦᠪᠰᠢᠶᠡᠷᠡᠭᠦᠯᠦᠭᠡᠳ ᠠᠵᠢᠯ᠎ᠠᠴᠠ᠎ᠪᠠᠨ ᠤᠷᠢᠳᠴᠢᠯᠠᠨ ᠪᠠᠭᠤᠭᠰᠠᠨ ᠪᠤᠯ ᠲᠤᠰ ᠬᠦᠮᠤᠨ᠎ᠤ ᠳᠠᠩᠰᠠᠨ᠎ᠳᠠᠬᠢ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠪᠠᠨ ᠭᠠᠷᠭ᠋ᠠᠨ ᠠᠪᠴᠤ ᠪᠤᠯᠤᠨ᠎ᠠ᠃
3᠂ ᠠᠵᠢᠯᠳᠠᠨ ᠠᠵᠢᠯᠴᠢᠨ ᠬᠤᠳᠠ ᠪᠠᠯᠭ᠋ᠠᠰᠤ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢ ᠬᠦᠷᠳᠡᠵᠦ ᠪᠠᠢ᠌ᠪᠠᠯ᠂ ᠲᠤᠰ ᠬᠦᠮᠤᠨ᠎ᠤ ᠳᠠᠩᠰᠠᠨ᠎ᠳᠠᠬᠢ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ᠎ᠪᠠᠨ ᠭᠠᠷᠭ᠋ᠠᠨ ᠠᠪᠴᠤ ᠪᠤᠯᠤᠨ᠎ᠠ᠃
4᠂ ᠠᠵᠢᠯᠳᠠᠨ ᠠᠵᠢᠯᠴᠢᠨ ᠪᠠᠢ᠌ᠭᠤᠯᠭ᠎ᠠ ᠨᠢᠭᠡᠴᠡ᠎ᠯᠦᠭᠡ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ ᠬᠤᠶᠠᠷ ᠵᠢᠯ᠎ᠤᠨ ᠳᠤᠳᠤᠷ᠎ᠠ ᠲᠠᠬᠢᠨ ᠠᠵᠢᠯ ᠤᠯᠤᠭᠰᠠᠨ ᠦᠬᠡᠢ ᠪᠠ ᠬᠦᠳᠡᠯᠮᠤᠷᠢ ᠵᠢᠨ ᠴᠢᠳᠠᠪᠤᠷᠢ᠎ᠪᠠᠨ ᠬᠡᠰᠡᠭ ᠪᠤᠶᠤ ᠪᠦᠷᠢᠮᠤᠰᠤᠨ ᠠᠯᠳᠠᠭᠰᠠᠨ ᠵᠢᠴᠢ ᠶᠠᠮᠠᠷ ᠨᠢᠭᠡᠨ ᠭᠡᠨᠡᠳᠳᠠ ᠵᠢᠨ ᠶᠠᠪᠤᠳᠠᠯ ᠲᠤᠬᠢᠶᠠᠯᠳᠤᠵᠦ᠂ ᠬᠡᠷ ᠪᠦᠯᠢ ᠵᠢᠨ ᠠᠮᠢᠳᠤᠷᠠᠯᠳᠤᠨᠢ ᠬᠦᠨᠳᠤ ᠨᠤᠴᠢᠲᠠᠢ ᠬᠦᠴᠢᠷᠳᠡᠯ ᠲᠤᠯᠭ᠋ᠠᠷᠠᠭᠰᠠᠨ ᠪᠤᠯ ᠬᠦᠴᠤᠨ ᠪᠦᠬᠦᠢ ᠬᠡᠷᠡᠴᠢ ᠮᠠᠲᠸᠷᠢᠶᠠᠯ ᠵᠶ᠋ᠡᠷ ᠵᠶ᠋ᠡᠨ ᠲᠤᠰ ᠬᠦᠮᠤᠨ᠎ᠤ ᠳᠠᠩᠰᠠᠨ᠎ᠳᠠᠬᠢ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ᠎ᠪᠠᠨ ᠭᠠᠷᠭ᠋ᠠᠨ ᠠᠪᠴᠤ ᠪᠤᠯᠤᠨ᠎ᠠ᠃
5᠂ ᠠᠵᠢᠯᠳᠠᠨ ᠠᠵᠢᠯᠴᠢᠨ ᠬᠢᠯᠢ᠎ᠠᠴᠠ ᠭᠠᠳᠠᠨ᠎ᠠ ᠨᠤᠳᠤᠭᠰᠢᠪᠠᠯ᠂ ᠲᠤᠰ ᠬᠦᠮᠤᠨ᠎ᠤ ᠳᠠᠩᠰᠠᠨ᠎ᠳᠠᠬᠢ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠪᠠᠨ ᠭᠠᠷᠭ᠋ᠠᠨ ᠠᠪᠴᠤ ᠪᠤᠯᠤᠨ᠎ᠠ᠃
6᠂ ᠠᠵᠢᠯᠳᠠᠨ ᠠᠵᠢᠯᠴᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠡᠬᠡ ᠬᠦᠤ ᠵᠢ ᠨᠢᠭᠡᠯᠡ ᠳᠡᠭᠡᠷ᠎ᠡ ᠲᠦᠯᠦᠴᠢᠬᠡᠭᠰᠡᠨ ᠪᠤᠯ ᠲᠤᠰ ᠬᠦᠮᠤᠨ ᠵᠢᠴᠢ ᠬᠠᠨᠢ ᠨᠦᠬᠦᠷ᠎ᠤᠨ ᠵᠶ᠋ᠡᠨ ᠳᠠᠩᠰᠠᠨ᠎ᠳᠠᠬᠢ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠪᠠᠨ ᠭᠠᠷᠭ᠋ᠠᠨ ᠠᠪᠴᠤ ᠪᠤᠯᠤᠨ᠎ᠠ᠃
7᠂ ᠬᠤᠭᠤᠴᠠᠭ᠋ᠠᠳᠤ ᠭᠡᠷ ᠪᠠᠢ᠌ᠰᠢᠩ᠎ᠤᠨ ᠲᠦᠷᠢᠶᠡᠰᠤ ᠵᠢᠨ ᠵᠠᠷᠤᠯᠭ᠎ᠠ᠎ᠨᠢ ᠭᠡᠷ ᠪᠦᠯᠢ ᠵᠢᠨ ᠴᠠᠯᠢᠩ᠎ᠤᠨ ᠤᠷᠤᠯᠭ᠎ᠠ ᠵᠢᠨ 20%᠎ᠠᠴᠠ ᠬᠡᠲᠦᠷᠡᠭᠰᠡᠨ ᠪᠤᠯ ᠲᠤᠰ ᠬᠦᠮᠤᠨ᠎ᠤ ᠳᠠᠩᠰᠠᠨ᠎ᠳᠠᠬᠢ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠪᠠᠨ ᠭᠠᠷᠭ᠋ᠠᠨ ᠠᠪᠴᠤ ᠪᠤᠯᠤᠨ᠎ᠠ᠃
8᠂ ᠠᠵᠢᠯᠳᠠᠨ ᠠᠵᠢᠯᠴᠢᠨ ᠨᠠᠰᠤ ᠪᠠᠷᠠᠭᠰᠠᠨ ᠪᠤᠶᠤ ᠦᠬᠦᠭᠰᠡᠨ ᠵᠶ᠋ᠡᠷ ᠨᠡᠢ᠌ᠳᠡᠯᠡᠭᠳᠡᠭᠰᠡᠨ ᠪᠤᠯ ᠲᠡᠭᠦᠨ᠎ᠤ ᠦᠪ ᠵᠠᠯᠭ᠋ᠠᠮᠵᠢᠯᠠᠭᠴᠢ᠂ ᠭᠡᠷᠢᠶᠡᠰᠤ ᠪᠡᠯᠡᠭ᠎ᠢ ᠬᠦᠯᠢᠶᠡᠭᠴᠢ᠎ᠨᠢ ᠬᠠᠮᠢᠶ᠎ᠠ ᠬᠠᠤᠯᠢ ᠵᠢᠨ ᠲᠤᠭᠳᠠᠭ᠋ᠠᠯ ᠵᠶ᠋ᠡᠷ ᠠᠵᠢᠯᠳᠠᠨ ᠠᠵᠢᠯᠴᠢᠨ᠎ᠤ ᠳᠠᠩᠰᠠᠨ᠎ᠳᠠᠬᠢ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠵᠢ ᠭᠠᠷᠭ᠋ᠠᠨ ᠠᠪᠴᠤ ᠪᠤᠯᠤᠨ᠎ᠠ᠃
ᠬᠤᠶᠠᠷ᠂ ᠭᠠᠷᠭ᠋ᠠᠵᠦ ᠠᠪᠬᠤ ᠲᠡᠰ ᠳᠠᠷᠠᠭ᠋ᠠᠯᠠᠯ
1᠂ ᠠᠵᠢᠯᠳᠠᠨ ᠠᠵᠢᠯᠴᠢᠨ ᠪᠠᠢ᠌ᠭᠤᠯᠭ᠎ᠠ ᠨᠢᠭᠡᠴᠡ᠎ᠳᠡᠭᠡᠨ ᠭᠠᠷᠭ᠋ᠠᠵᠦ ᠠᠪᠬᠤ ᠪᠠᠷ ᠭᠤᠶᠤᠴᠢᠯᠠᠨ᠎ᠠ᠃
ᠭᠠᠷᠭ᠋ᠠᠵᠦ ᠠᠪᠬᠤ ᠨᠦᠬᠦᠴᠡᠯ᠎ᠳᠤ ᠨᠡᠢ᠌ᠴᠡᠬᠦ ᠠᠵᠢᠯᠳᠠᠨ ᠠᠵᠢᠯᠴᠢᠨ 《ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ᠎ᠪᠠᠨ ᠵᠠᠷᠤᠴᠠᠭᠤᠯᠬᠤ ᠭᠤᠶᠤᠴᠢᠯᠠᠯ᠎ᠤᠨ ᠪᠢᠴᠢᠭ》 (ᠨᠢᠭᠡ ᠬᠡᠪ᠎ᠤᠨ ᠭᠤᠷᠪᠠᠨ ᠬᠤᠪᠢ)᠎ᠢ ᠲᠠᠭᠯᠠᠵᠦ᠂ ᠪᠠᠢ᠌ᠭᠤᠯᠭ᠎ᠠ ᠨᠢᠭᠡᠴᠡ᠎ᠳᠡᠭᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ᠎ᠪᠠᠨ ᠭᠠᠷᠭ᠋ᠠᠨ ᠠᠪᠬᠤ ᠭᠤᠶᠤᠴᠢᠯᠠᠯ ᠵᠶ᠋ᠡᠨ ᠲᠡᠪᠰᠢᠬᠦᠯᠦᠨ᠎ᠡ᠃
2᠂ ᠪᠠᠢ᠌ᠭᠤᠯᠭ᠎ᠠ ᠨᠢᠭᠡᠴᠡ᠎ᠨᠢ ᠬᠢᠨᠠᠨ ᠬᠠᠷᠭᠤᠭᠤᠯᠬᠤ
ᠠᠵᠢᠯᠳᠠᠨ ᠠᠵᠢᠯᠴᠢᠨ᠎ᠤ ᠪᠠᠢ᠌ᠭᠤᠯᠭ᠎ᠠ ᠨᠢᠭᠡᠴᠡ᠎ᠨᠢ ᠠᠵᠢᠯᠳᠠᠨ ᠠᠵᠢᠯᠴᠢᠨ᠎ᠤ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ᠎ᠪᠠᠨ ᠭᠠᠷᠭ᠋ᠠᠨ ᠠᠪᠬᠤ ᠭᠤᠶᠤᠴᠢᠯᠠᠯ᠎ᠢ ᠲᠤᠰ᠎ᠤᠨ ᠠᠪᠤᠭᠰᠠᠨ᠎ᠤ᠎ᠪᠠᠨ ᠲᠠᠷᠠᠭ᠎ᠠ᠂ ᠠᠵᠢᠯᠳᠠᠨ ᠠᠵᠢᠯᠴᠢᠨ᠎ᠤ ᠪᠡᠶ᠎ᠡ ᠵᠢᠨ ᠭᠠᠷᠤᠯ᠎ᠨᠢ ᠦᠨᠡᠨ ᠡᠰᠡᠬᠦ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦᠨ᠎ᠤ ᠬᠠᠳᠠᠭ᠋ᠠᠯᠠᠮᠵᠢ ᠵᠢᠨ ᠦᠯᠡᠳᠡᠪᠤᠷᠢ᠎ᠨᠢ ᠤᠨᠤᠪᠴᠢᠲᠠᠢ ᠡᠰᠡᠬᠦ᠂ ᠭᠠᠷᠭ᠋ᠠᠨ ᠠᠪᠬᠤ ᠨᠦᠭᠦᠴᠡᠯ᠎ᠢ ᠪᠦᠷᠢᠳᠤᠭᠦᠯᠦᠭᠰᠡᠨ ᠡᠰᠡᠬᠦ᠂ ᠳᠠᠭ᠋ᠠᠯᠳᠤᠭᠤᠯᠤᠭᠰᠠᠨ ᠬᠡᠷᠡᠴᠢ ᠮᠠᠲᠸᠷᠢᠶᠠᠯ᠎ᠨᠢ ᠪᠦᠷᠢᠨ ᠭᠦᠢ᠍ᠴᠡᠳ ᠡᠰᠡᠬᠦ ᠵᠡᠷᠬᠡ ᠵᠢ ᠬᠢᠨᠠᠨ ᠬᠠᠷᠭᠤᠭᠤᠯᠤᠭ᠋ᠠᠳ᠂ ᠠᠯᠳᠠᠭ᠎ᠠ ᠪᠤᠷᠤᠭᠤ ᠦᠬᠡᠢ ᠪᠤᠯ 《ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ᠎ᠪᠠᠨ ᠵᠠᠷᠤᠴᠠᠯᠠᠭᠤᠯᠬᠤ ᠭᠤᠶᠤᠴᠢᠯᠠᠯ᠎ᠤᠨ ᠪᠢᠴᠢᠭ》 ᠳᠡᠭᠡᠷ᠎ᠡ ᠰᠠᠨᠠᠯ ᠵᠶ᠋ᠡᠨ ᠪᠢᠴᠢᠵᠦ᠂ ᠠᠯᠪᠠᠨ ᠳᠠᠮᠠᠭ᠎ᠠ ᠲᠠᠷᠤᠵᠦ᠂ ᠭᠠᠷᠭ᠋ᠠᠨ ᠠᠪᠬᠤ ᠠᠵᠢᠯᠳᠠᠨ ᠠᠵᠢᠯᠴᠢᠨ᠎ᠳᠤ 《ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢ ᠵᠠᠷᠤᠴᠠᠭᠤᠯᠬᠤ ᠪᠢᠴᠢᠭ》 (ᠨᠢᠬᠡ ᠬᠡᠪ᠎ᠤᠨ ᠲᠦᠷᠪᠡᠨ ᠬᠤᠯᠪᠤᠭ᠋ᠠᠰᠤ)᠎ᠢ ᠲᠠᠭᠯᠠᠨ ᠦᠭᠴᠤ᠂ ᠪᠠᠢ᠌ᠭᠤᠯᠭ᠎ᠠ ᠨᠢᠭᠡᠴᠡ᠎ᠳᠡᠭᠡᠨ ᠦᠯᠡᠳᠡᠭᠡᠬᠦ ᠲᠠᠮᠠᠭ᠎ᠠ᠎ᠪᠠᠨ ᠲᠠᠷᠤᠨ᠎ᠠ᠃
3᠂ ᠠᠵᠢᠯᠳᠠᠨ ᠠᠵᠢᠯᠴᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠬᠠᠮᠢᠶᠠᠷᠤᠯᠳᠠ ᠵᠢᠨ ᠲᠦᠪ᠎ᠲᠤ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ᠎ᠪᠠᠨ ᠭᠠᠷᠭ᠋ᠠᠨ ᠠᠪᠬᠤ ᠭᠤᠶᠤᠴᠢᠯᠠᠯ ᠭᠠᠷᠭ᠋ᠠᠨ᠎ᠠ᠃
ᠠᠵᠢᠯᠳᠠᠨ ᠠᠵᠢᠯᠴᠢᠨ 《ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠪᠠᠨ ᠵᠠᠷᠤᠴᠠᠭᠤᠯᠬᠤ ᠭᠤᠶᠤᠴᠢᠯᠠᠯ᠎ᠤᠨ ᠪᠢᠴᠢᠭ》 ᠪᠤᠯᠤᠨ 《ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢ ᠵᠠᠷᠤᠴᠠᠭᠤᠯᠬᠤ ᠪᠢᠴᠢᠭ》 ᠵᠶ᠋ᠡᠷ ᠵᠶ᠋ᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠬᠠᠮᠢᠶᠠᠷᠤᠯᠳᠠ ᠵᠢᠨ ᠲᠦᠪ᠎ᠲᠤ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠪᠠᠨ ᠭᠠᠷᠭ᠋ᠠᠨ ᠠᠪᠬᠤ᠎ᠪᠠᠷ ᠭᠤᠶᠤᠴᠢᠯᠠᠬᠤ ᠵᠢᠨ ᠬᠠᠮᠳᠤ ᠬᠠᠮᠢᠶ᠎ᠠ ᠪᠦᠬᠦᠢ ᠮᠠᠲᠸᠷᠢᠶᠠᠯ᠎ᠢ ᠲᠤᠰᠢᠶᠠᠨ᠎ᠠ᠃
4᠂ ᠬᠢᠨᠠᠨ ᠬᠠᠷᠭᠤᠭᠤᠯᠵᠦ ᠭᠦᠢ᠍ᠴᠡᠳᠭᠡᠬᠦ᠄ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠬᠠᠮᠢᠶᠠᠷᠤᠯᠳᠠ ᠵᠢᠨ ᠲᠦᠪ᠎ᠨᠢ ᠠᠵᠢᠯᠳᠠᠨ ᠠᠵᠢᠯᠴᠢᠨ᠎ᠤ ᠭᠠᠷᠭ᠋ᠠᠨ ᠠᠪᠬᠤ ᠭᠤᠶᠤᠴᠢᠯᠠᠯ᠎ᠢ ᠬᠦᠯᠢᠶᠡᠨ ᠠᠪᠤᠭᠰᠠᠨ᠎ᠤ᠎ᠪᠠᠨ ᠲᠠᠷᠠᠭ᠎ᠠ᠂ ᠬᠤᠯᠪᠤᠭᠳᠠᠯ ᠪᠦᠬᠦᠢ ᠬᠡᠷᠡᠴᠢ ᠮᠠᠲᠸᠷᠢᠶᠠᠯ᠎ᠢ ᠬᠢᠨᠠᠨ ᠬᠠᠷᠭᠤᠭᠤᠯᠤᠨ᠎ᠠ᠃ ᠭᠠᠷᠭ᠋ᠠᠨ ᠠᠪᠬᠤ ᠨᠦᠬᠦᠴᠡᠯ ᠵᠢᠴᠢ ᠳᠠᠭ᠋ᠠᠯᠳᠤᠭᠤᠯᠤᠭᠰᠠᠨ ᠮᠠᠲᠸᠷᠢᠶᠠᠯ᠎ᠳᠤ ᠰᠡᠵᠢᠭ ᠲᠠᠭ᠋ᠠᠪᠤᠷᠢ᠎ᠲᠠᠢ ᠪᠤᠯ ᠳᠠᠬᠢᠨ ᠬᠠᠷᠭᠤᠭᠤᠯᠵᠦ ᠪᠤᠯᠤᠨ᠎ᠠ᠃ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠬᠠᠮᠢᠶᠠᠷᠤᠯᠳᠠ ᠵᠢᠨ ᠲᠦᠪ᠎ᠨᠢ ᠠᠵᠢᠯᠳᠠᠨ ᠠᠵᠢᠯᠴᠢᠨ᠎ᠤ ᠭᠤᠶᠤᠴᠢᠯᠠᠯ᠎ᠢ ᠬᠦᠯᠢᠶᠡᠨ ᠠᠪᠤᠭᠰᠠᠨ ᠡᠳᠤᠷ᠎ᠠᠴᠠ᠎ᠪᠠᠨ ᠡᠬᠢᠯᠡᠨ 3 ᠠᠵᠢᠯᠯᠠᠬᠤ ᠡᠳᠤᠷ᠎ᠤᠨ ᠳᠤᠳᠤᠷ᠎ᠠ ᠭᠠᠷᠭ᠋ᠠᠵᠦ ᠠᠪᠬᠤ ᠵᠢ ᠵᠦᠪᠰᠢᠶᠡᠷᠡᠬᠦ ᠪᠤᠶᠤ ᠭᠠᠷᠭ᠋ᠠᠵᠦ ᠠᠪᠬᠤ ᠵᠢ ᠦᠯᠦ ᠵᠦᠪᠰᠢᠶᠡᠷᠡᠬᠦ ᠲᠤᠭᠳᠠᠭ᠋ᠠᠯ ᠭᠠᠷᠭ᠋ᠠᠬᠤ ᠵᠢᠨ ᠬᠠᠮᠳᠤ ᠭᠤᠶᠤᠴᠢᠯᠠᠭᠴᠢ᠎ᠳᠤ ᠮᠡᠳᠡᠭᠳᠡᠨ᠎ᠠ᠃ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠬᠤ ᠵᠢ᠎ᠨᠢ ᠵᠦᠪᠰᠢᠶᠡᠷᠡᠭᠰᠡᠨ ᠪᠤᠯ ᠠᠵᠢᠯᠳᠠᠨ ᠠᠵᠢᠯᠴᠢᠨ᠎ᠳᠤ ᠲᠤᠭᠳᠠᠭ᠋ᠠᠯ ᠶᠤᠰᠤᠭ᠋ᠠᠷ ᠭᠠᠷᠭ᠋ᠠᠵᠦ ᠦᠭᠬᠦ ᠭᠠᠷᠳᠠᠮ᠎ᠢ ᠭᠦᠢ᠍ᠴᠡᠳᠭᠡᠵᠦ ᠦᠭᠬᠦᠨ᠎ᠠ᠃
ᠭᠤᠷᠪᠠ᠂ ᠭᠠᠷᠭ᠋ᠠᠵᠦ ᠠᠪᠬᠤ ᠮᠦᠩᠬᠦᠨ᠎ᠤ ᠲᠤᠭ᠎ᠠ
1᠂ ᠠᠵᠢᠯᠳᠠᠨ ᠠᠵᠢᠯᠴᠢᠨ ᠦᠪᠡᠷ ᠵᠶ᠋ᠡᠨ ᠰᠠᠭᠤᠬᠤ ᠤᠷᠤᠨ ᠰᠠᠭᠤᠴᠠ ᠬᠤᠳᠠᠯᠳᠤᠨ ᠠᠪᠬᠤ᠂ ᠪᠠᠷᠢᠬᠤ᠂ ᠦᠭᠡᠷᠡᠴᠢᠯᠡᠨ ᠵᠠᠰᠠᠬᠤ᠂ ᠶᠡᠬᠡ᠎ᠪᠠᠷ ᠵᠠᠰᠠᠬᠤ᠂ ᠨᠤᠷᠠᠭ᠋ᠠᠬᠤ ᠨᠡᠭᠦᠯᠭᠡᠬᠦ᠎ᠳᠤ ᠲᠤᠰ ᠬᠦᠮᠤᠨ ᠪᠤᠶᠤ ᠬᠠᠨᠢ ᠦᠬᠦᠷᠤᠨ ᠵᠶ᠋ᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦᠨ᠎ᠤ ᠳᠠᠩᠰᠠᠨ᠎ᠳᠠᠬᠢ ᠳᠡᠭᠡᠷ᠎ᠡ ᠵᠢᠯ᠎ᠤᠨ ᠳ᠋ᠦ᠍ᠩᠨᠡᠨ ᠰᠢᠯᠵᠢᠭᠦᠯᠦᠭᠰᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠴᠤ ᠪᠤᠯᠤᠨ᠎ᠠ ᠂ ᠡᠷ᠎ᠡ ᠡᠮ᠎ᠡ ᠬᠤᠶᠠᠭᠤᠯᠠ ᠵᠢᠨ ᠨᠡᠢ᠌ᠯᠡᠬᠦᠯᠦᠨ ᠭᠠᠷᠭ᠋ᠠᠨ ᠠᠪᠬᠤ ᠶᠡᠷᠦᠩᠬᠡᠢ ᠲᠤᠭ᠎ᠠ᠎ᠨᠢ ᠪᠤᠳᠠᠲᠠᠢ ᠪᠠᠢ᠌ᠬᠤ ᠤᠷᠤᠨ ᠰᠠᠭᠤᠴᠠ ᠵᠢᠨ ᠵᠠᠷᠤᠴᠠᠭᠤᠯᠭ᠎ᠠ᠎ᠠᠴᠠ ᠬᠡᠳᠤᠷᠡᠵᠦ ᠪᠤᠯᠬᠤ ᠦᠬᠡᠢ᠂ ᠭᠠᠷᠠᠭ᠋ᠠᠨ ᠠᠪᠬᠤ᠎ᠳᠤ ᠵᠠᠭᠤ᠎ᠳᠤ ᠵᠢᠨ ᠤᠷᠤᠨ ᠲᠤᠭ᠎ᠠ ᠦᠯᠡᠳᠡᠭᠡᠬᠦ᠎ᠪᠠᠷ ᠬᠢᠵᠠᠭ᠋ᠠᠷᠯᠠᠵᠦ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠ ᠵᠢ᠎ᠨᠢ ᠦᠬᠡᠢ᠌ᠰᠬᠡᠬᠦ ᠦᠬᠡᠢ᠃
2᠂ ᠠᠵᠢᠯᠳᠠᠨ ᠠᠵᠢᠯᠴᠢᠨ ᠠᠵᠢᠯ᠎ᠠᠴᠠ᠎ᠪᠠᠨ ᠠᠮᠠᠷᠠᠵᠦ᠂ ᠠᠵᠢᠯ᠎ᠠᠴᠠ᠎ᠪᠠᠨ ᠪᠠᠭᠤᠭᠰᠠᠨ ᠪᠤᠯ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠᠨ᠎ᠳᠠᠬᠢ ᠡᠬᠡ ᠬᠦᠤ ᠮᠦᠩᠬᠦ᠎ᠪᠠᠨ ᠪᠦᠬᠦᠨ᠎ᠢ᠎ᠨᠢ ᠭᠠᠷᠭ᠋ᠠᠨ ᠠᠪᠴᠤ ᠪᠤᠯᠤᠨ᠎ᠠ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠ ᠵᠢ᠎ᠨᠢ ᠦᠭᠡᠢ᠌ᠰᠭᠡᠨᠡ᠃
3᠂ ᠠᠵᠢᠯᠳᠠᠨ ᠠᠵᠢᠯᠴᠢᠨ ᠬᠤᠳᠠ ᠪᠠᠯᠭ᠋ᠠᠰᠤ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢ ᠬᠦᠷᠳᠡᠵᠦ ᠪᠠᠢ᠌ᠭ᠎ᠠ ᠪᠤᠯ ᠤᠳᠠᠭ᠎ᠠ ᠪᠦᠷᠢ ᠵᠢᠨ ᠭᠠᠷᠭ᠋ᠠᠨ ᠠᠪᠬᠤ ᠮᠦᠩᠬᠦᠨ᠎ᠤ ᠲᠤᠭ᠎ᠠ ᠵᠢ ᠲᠤᠬᠠᠢ ᠵᠢᠨ ᠵᠢᠯ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠵᠠᠷᠤᠳᠠᠯ᠎ᠠᠴᠠ ᠬᠡᠳᠤᠷᠡᠬᠦᠯᠵᠦ ᠪᠤᠯᠬᠤ ᠦᠬᠡᠢ᠃
4᠂ ᠠᠵᠢᠯᠳᠠᠨ ᠠᠵᠢᠯᠴᠢᠨ ᠪᠠᠢ᠌ᠭᠤᠯᠭ᠎ᠠ ᠨᠢᠭᠡᠴᠡ᠎ᠯᠦᠭᠡ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ ᠬᠤᠶᠠᠷ ᠵᠢᠯ᠎ᠤᠨ ᠳᠤᠳᠤᠷ᠎ᠠ ᠲᠠᠬᠢᠨ ᠠᠵᠢᠯ ᠤᠯᠤᠭᠰᠠᠨ ᠦᠬᠡᠢ ᠪᠠ ᠬᠦᠳᠡᠯᠮᠤᠷᠢ ᠵᠢᠨ ᠴᠢᠳᠠᠪᠤᠷᠢ᠎ᠪᠠᠨ ᠬᠡᠰᠡᠭ ᠪᠤᠶᠤ ᠪᠦᠷᠢᠮᠤᠰᠤᠨ ᠠᠯᠳᠠᠭᠰᠠᠨ᠎ᠠᠴᠠ ᠬᠡᠷ ᠪᠦᠯᠢ ᠵᠢᠨ ᠠᠮᠢᠳᠤᠷᠠᠯᠳᠤᠨᠢ ᠬᠦᠨᠳᠤ ᠨᠤᠴᠢᠲᠠᠢ ᠬᠦᠴᠢᠷᠳᠡᠯ ᠲᠤᠯᠭ᠋ᠠᠷᠠᠭᠰᠠᠨ ᠪᠤᠯ ᠦᠪᠡᠷ᠎ᠤᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠲ᠋ᠠᠩᠰᠠᠨᠳᠠᠬᠢ ᠬᠠᠳᠠᠭ᠋ᠠᠯᠠᠮᠵᠢ ᠵᠢᠨ ᠦᠯᠡᠳᠡᠪᠤᠷᠢ ᠮᠦᠩᠬᠦ ᠪᠠᠨ ᠨᠢᠭᠡᠯᠡ ᠳᠡᠭᠡᠷ᠎ᠡ ᠪᠤᠶᠤ ᠬᠡᠳᠤ ᠬᠤᠪᠢᠶᠠᠨ ᠭᠠᠷᠭ᠋ᠠᠨ ᠠᠪᠴᠤ ᠪᠤᠯᠤᠨ᠎ᠠ᠃
5᠂ ᠠᠵᠢᠯᠳᠠᠨ ᠠᠵᠢᠯᠴᠢᠨ ᠪᠠᠢ᠌ᠭᠤᠯᠭ᠎ᠠ ᠨᠢᠭᠡᠴᠡ᠎ᠯᠦᠭᠡ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ᠎ᠠᠴᠠ ᠬᠤᠢ᠌ᠰᠢ ᠂ ᠶᠠᠮᠠᠷ ᠨᠢᠭᠡᠨ ᠭᠡᠨᠡᠳᠳᠠ ᠵᠢᠨ ᠶᠠᠪᠤᠳᠠᠯ ᠲᠤᠬᠢᠶᠠᠯᠳᠤᠵᠦ᠂ ᠬᠡᠷ ᠪᠦᠯᠢ ᠵᠢᠨ ᠠᠮᠢᠳᠤᠷᠠᠯᠳᠤᠨᠢ ᠬᠦᠨᠳᠤ ᠨᠤᠴᠢᠲᠠᠢ ᠬᠦᠴᠢᠷᠳᠡᠯ ᠲᠤᠯᠭ᠋ᠠᠷᠠᠭᠰᠠᠨ ᠪᠤᠯ ᠦᠪᠡᠷ᠎ᠤᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠᠨ᠎ᠳᠠᠬᠢ ᠬᠠᠳᠠᠭ᠋ᠠᠯᠠᠮᠵᠢ ᠵᠢᠨ ᠦᠯᠡᠳᠡᠪᠤᠷᠢ ᠮᠦᠩᠬᠦ ᠭᠠᠷᠭ᠋ᠠᠨ ᠠᠪᠴᠤ ᠪᠤᠯᠤᠨ᠎ᠠ᠂ ᠭᠠᠷᠭ᠋ᠠᠨ ᠠᠪᠬᠤ ᠮᠦᠩᠬᠦᠨ᠎ᠤ ᠲᠤᠭ᠎ᠠ ᠵᠢ ᠪᠤᠳᠠᠲᠠᠢ ᠵᠠᠷᠤᠴᠠᠭᠤᠯᠭ᠎ᠠ᠎ᠠᠴᠠ ᠬᠡᠳᠤᠷᠡᠭᠦᠯᠵᠦ ᠪᠤᠯᠬᠤ ᠦᠬᠡᠢ᠃
6᠂ ᠠᠵᠢᠯᠳᠠᠨ ᠠᠵᠢᠯᠴᠢᠨ ᠬᠢᠯᠢ᠎ᠠᠴᠠ ᠭᠠᠳᠠᠨ᠎ᠠ ᠨᠤᠳᠤᠭᠰᠢᠪᠠᠯ᠂ ᠦᠪᠡᠷ᠎ᠤᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠᠨ᠎ᠳᠠᠬᠢ ᠡᠬᠡ ᠬᠦᠤ ᠮᠦᠩᠬᠦ᠎ᠪᠠᠨ ᠪᠦᠬᠦᠨ᠎ᠢ ᠭᠠᠷᠭ᠋ᠠᠨ ᠠᠪᠴᠤ ᠪᠤᠯᠤᠨ᠎ᠠ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠ ᠵᠢ᠎ᠨᠢ ᠦᠬᠡᠢ᠌ᠭᠡᠨᠡ᠃
7᠂ ᠠᠵᠢᠯᠳᠠᠨ ᠠᠵᠢᠯᠴᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠡᠬᠡ ᠬᠦᠤ ᠵᠢ ᠨᠢᠭᠡᠯᠡ ᠳᠡᠭᠡᠷ᠎ᠡ ᠲᠦᠯᠦᠴᠢᠬᠡᠭᠰᠡᠨ ᠪᠤᠯ ᠦᠪᠡᠷ᠎ᠤᠨ ᠪᠠ ᠵᠢᠴᠢ ᠬᠠᠨᠢ ᠨᠦᠬᠦᠷ᠎ᠤᠨ ᠵᠶ᠋ᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠᠨ᠎ᠳᠠᠬᠢ ᠳᠡᠭᠡᠷ᠎ᠡ ᠵᠢᠯ᠎ᠤᠨ ᠳ᠋ᠦᠩᠨᠡᠨ ᠰᠢᠯᠵᠢᠭᠦᠯᠦᠭᠰᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠵᠢ ᠭᠠᠷᠭ᠋ᠠᠨ ᠠᠪᠴᠤ ᠪᠤᠯᠤᠨ᠎ᠠ᠂ ᠭᠠᠷᠭ᠋ᠠᠨ ᠠᠪᠬᠤ ᠮᠦᠩᠬᠦᠨ᠎ᠤ ᠲᠤᠭ᠎ᠠ ᠵᠢ ᠵᠢᠭᠡᠯᠡᠯᠬᠡ ᠵᠢᠨ ᠡᠬᠡ ᠬᠦᠤ ᠵᠢᠨ ᠦᠯᠡᠳᠡᠪᠤᠷᠢ᠎ᠠᠴᠠ ᠬᠡᠳᠤᠷᠡᠭᠦᠯᠵᠦ ᠪᠤᠯᠬᠤ ᠦᠬᠡᠢ᠂ ᠭᠠᠷᠭ᠋ᠠᠨ ᠠᠪᠬᠤ᠎ᠳᠤ ᠵᠠᠭᠤ᠎ᠳᠤ ᠵᠢᠨ ᠤᠷᠤᠨ ᠲᠤᠭ᠎ᠠ ᠦᠯᠡᠳᠡᠭᠡᠬᠦ᠎ᠪᠠᠷ ᠬᠢᠵᠠᠭ᠋ᠠᠷᠯᠠᠵᠦ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠ ᠵᠢ᠎ᠨᠢ ᠦᠭᠡᠢ᠌ᠰᠭᠡᠬᠦ ᠦᠬᠡᠢ᠃
8᠂ ᠬᠤᠭᠤᠴᠠᠭ᠋ᠠᠳᠤ ᠭᠡᠷ ᠪᠠᠢ᠌ᠰᠢᠩ᠎ᠤᠨ ᠲᠦᠷᠢᠶᠡᠰᠤ ᠵᠢᠨ ᠵᠠᠷᠤᠯᠭ᠎ᠠ᠎ᠨᠢ ᠭᠡᠷ ᠪᠦᠯᠢ ᠵᠢᠨ ᠴᠠᠯᠢᠩ᠎ᠤᠨ ᠤᠷᠤᠯᠭ᠎ᠠ ᠵᠢᠨ 20%᠎ᠠᠴᠠ ᠬᠡᠲᠦᠷᠡᠭᠰᠡᠨ ᠪᠤᠯ ᠦᠪᠡᠷ᠎ᠤᠨ ᠪᠠ ᠵᠢᠴᠢ ᠬᠠᠨᠢ ᠨᠦᠬᠦᠷ᠎ᠤᠨ ᠵᠶ᠋ᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠᠨ᠎ᠳᠠᠬᠢ ᠳᠡᠭᠡᠷ᠎ᠡ ᠵᠢᠯ᠎ᠤᠨ ᠳ᠋ᠦ᠍ᠩᠨᠡᠨ ᠰᠢᠯᠵᠢᠭᠦᠯᠦᠭᠰᠡᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠦᠯᠡᠳᠡᠪᠤᠷᠢ ᠮᠦᠩᠬᠦ ᠵᠢ ᠭᠠᠷᠭ᠋ᠠᠨ ᠠᠪᠴᠤ ᠪᠤᠯᠤᠨ᠎ᠠ᠃ ᠭᠠᠷᠭ᠋ᠠᠨ ᠠᠪᠬᠤ ᠮᠦᠩᠬᠦᠨ᠎ᠤ ᠲᠤᠭ᠎ᠠ ᠵᠢ ᠬᠤᠭᠤᠴᠠᠭ᠋ᠠᠳᠤ ᠭᠡᠷ ᠪᠠᠢ᠌ᠰᠢᠩ᠎ᠤᠨ ᠲᠦᠷᠢᠶᠡᠰᠤ ᠵᠢᠨ ᠪᠤᠳᠠᠳᠤ ᠵᠠᠷᠤᠯᠭ᠎ᠠ ᠬᠢᠭᠡᠳ ᠭᠡᠷ ᠪᠦᠯᠢ ᠵᠢᠨ ᠴᠠᠯᠢᠩ᠎ᠤᠨ ᠤᠷᠤᠯᠭ᠎ᠠ ᠵᠢᠨ20% ᠵᠢᠨ ᠵᠦᠷᠢᠶ ᠠᠴᠠ ᠬᠡᠳᠤᠷᠡᠬᠦᠯᠵᠦ ᠪᠤᠯᠬᠤ ᠦᠬᠡᠢ᠂ ᠳᠡᠭᠡᠷ᠎ᠡ ᠵᠢᠯ᠎ᠤᠨ ᠡᠴᠤᠰ᠎ᠲᠤ ᠦᠯᠦ ᠭᠠᠷᠭ᠋ᠠᠨ ᠠᠪᠤᠭᠰᠠᠨ ᠵᠶ᠋ᠡᠨ ᠨᠡᠢ᠌ᠯᠡᠬᠦᠯᠦᠨ ᠭᠠᠷᠭ᠋ᠠᠨ ᠠᠪᠴᠤ ᠪᠤᠯᠬᠤ ᠦᠬᠡᠢ ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠ ᠵᠢ᠎ᠨᠢ ᠦᠭᠡᠢ᠌ᠰᠭᠡᠬᠦ ᠦᠬᠡᠢ᠃
9᠂ ᠠᠵᠢᠯᠳᠠᠨ ᠠᠵᠢᠯᠴᠢᠨ ᠨᠠᠰᠤ ᠪᠠᠷᠠᠭᠰᠠᠨ ᠪᠤᠶᠤ ᠦᠬᠦᠭᠰᠡᠨ ᠵᠶ᠋ᠡᠷ ᠨᠡᠢ᠌ᠳᠡᠯᠡᠭᠳᠡᠭᠰᠡᠨ ᠪᠤᠯ ᠲᠡᠭᠦᠨ᠎ᠤ ᠦᠪ ᠵᠠᠯᠭ᠋ᠠᠮᠵᠢᠯᠠᠭᠴᠢ᠂ ᠭᠡᠷᠢᠶᠡᠰᠤ ᠪᠡᠯᠡᠭ᠎ᠢ ᠬᠦᠯᠢᠶᠡᠭᠴᠢ᠎ᠨᠢ ᠠᠵᠢᠯᠳᠠᠨ ᠠᠵᠢᠯᠴᠢᠨ᠎ᠤ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠᠨ᠎ᠳᠠᠬᠢ ᠡᠬᠡ ᠬᠦᠤ ᠮᠦᠩᠬᠦ ᠵᠢ ᠪᠦᠬᠦᠨ᠎ᠢ ᠭᠠᠷᠭ᠋ᠠᠨ ᠠᠪᠴᠤ ᠪᠤᠯᠤᠨ᠎ᠠ ᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠳᠠᠩᠰᠠ ᠵᠢ᠎ᠨᠢ ᠦᠬᠡᠢ᠌ᠰᠭᠡᠨᠡ᠃
ᠲᠦᠷᠪᠡ᠂ ᠭᠠᠷᠭ᠋ᠠᠵᠦ ᠦᠭᠬᠦ ᠬᠡᠯᠪᠡᠷᠢ
1᠂ ᠤᠷᠤᠨ ᠰᠠᠭᠤᠴᠠ ᠬᠤᠳᠠᠯᠳᠤᠨ ᠠᠪᠬᠤ ᠮᠦᠩᠬᠦ᠎ᠪᠠᠨ ᠲᠦᠯᠦᠵᠦ ᠪᠠᠷᠠᠭ᠋ᠠᠳᠤᠢ ᠪᠤᠯ ᠤᠷᠤᠨ ᠰᠠᠭᠤᠴᠠ ᠬᠤᠳᠤᠯᠳᠤᠨ ᠦᠭᠬᠦᠭᠰᠡᠨ ᠭᠡᠷ ᠭᠠᠵᠠᠷ ᠬᠦᠷᠦᠩᠬᠡ ᠵᠢᠨ ᠺᠤᠮᠫᠠᠨᠢ ᠵᠢᠨ ᠳᠠᠩᠰᠠᠨ᠎ᠳᠤ ᠰᠢᠭᠤᠳ ᠰᠢᠯᠵᠢᠭᠦᠯᠦᠨ ᠦᠭᠬᠦᠨ᠎ᠡ᠃
2᠂ ᠤᠷᠤᠨ ᠰᠠᠭᠤᠴᠠ ᠬᠤᠳᠠᠯᠳᠤᠨ ᠠᠪᠬᠤ ᠮᠦᠩᠬᠦ᠎ᠪᠠᠨ ᠲᠦᠯᠦᠴᠢᠬᠡᠭᠰᠡᠨ ᠪᠤᠯ ᠭᠠᠷᠭ᠋ᠠᠨ ᠠᠪᠤᠭᠴᠢ ᠵᠢᠨ ᠨᠢᠭᠡᠴᠡ ᠵᠢᠨ ᠬᠢᠨᠢ ᠳᠠᠩᠰᠠᠨ᠎ᠳᠤᠨᠢ ᠰᠠᠯᠭ᠋ᠠᠨ ᠤᠷᠤᠭᠤᠯᠤᠨ᠎ᠠ᠃
3᠂ ᠬᠤᠳᠠᠯᠳᠤᠭ᠋ᠠᠨ᠎ᠤ ᠪᠠᠩᠬᠢ ᠵᠢᠨ ᠬᠤᠪᠢ ᠬᠦᠮᠤᠨ᠎ᠤ ᠤᠷᠤᠨ ᠰᠠᠭᠤᠴᠠ ᠵᠢᠨ ᠵᠢᠬᠡᠯᠡᠯᠭᠡ ᠵᠢ ᠲᠦᠯᠦᠬᠦ᠎ᠳᠤ ᠬᠡᠷᠡᠭᠯᠡᠪᠠᠯ᠂ ᠵᠢᠭᠡᠯᠡᠯᠭᠡ ᠦᠭᠬᠦᠭᠰᠡᠨ ᠪᠠᠩᠬᠢ ᠵᠢᠨ ᠳᠠᠩᠰᠠᠨ᠎ᠳᠤᠨᠢ ᠰᠠᠯᠭ᠋ᠠᠨ ᠤᠷᠤᠭᠤᠯᠤᠨ᠎ᠠ᠃
4᠂ ᠠᠵᠢᠯ᠎ᠠᠴᠠ᠎ᠪᠠᠨ ᠠᠮᠠᠷᠠᠭᠰᠠᠨ᠂ ᠠᠵᠢᠯ᠎ᠠᠴᠠ᠎ᠪᠠᠨ ᠪᠠᠭᠤᠭᠰᠠᠨ ᠪᠤᠶᠤ ᠨᠠᠰᠤ ᠪᠠᠷᠠᠭᠰᠠᠨ ᠬᠦᠮᠤᠨ᠎ᠤ᠎ᠬᠢ ᠵᠢ ᠭᠠᠷᠭ᠋ᠠᠨ ᠠᠪᠬᠤ᠎ᠳᠤ᠂ ᠭᠠᠷᠠᠭ᠋ᠠᠨ ᠠᠪᠤᠭᠴᠢ ᠵᠢᠨ ᠨᠢᠭᠡᠴᠡ ᠵᠢᠨ ᠬᠢᠨᠢ ᠳᠠᠩᠰᠠᠨ᠎ᠳᠤ ᠰᠢᠭᠤᠳ ᠰᠠᠯᠭ᠋ᠠᠨ ᠤᠷᠤᠭᠤᠯᠵᠦ ᠪᠤᠯᠤᠨ᠎ᠠ᠃
5᠂ ᠪᠠᠢ᠌ᠭᠤᠯᠭ᠎ᠠ ᠨᠢᠭᠡᠴᠡ᠎ᠯᠦᠭᠡ᠎ᠪᠠᠨ ᠬᠦᠳᠡᠯᠮᠤᠷᠢ ᠵᠢᠨ ᠬᠠᠷᠢᠴᠠᠭ᠎ᠠ᠎ᠪᠠᠨ ᠲᠠᠰᠤᠯᠠᠭ᠋ᠠᠳ ᠭᠡᠷ ᠪᠦᠯᠢ ᠵᠢᠨ ᠠᠮᠢᠳᠤᠷᠠᠯ᠎ᠨᠢ ᠬᠦᠴᠢᠷ᠎ᠲᠠᠢ ᠪᠤᠯᠤᠭᠰᠠᠨ ᠪᠤᠯ᠂ ᠭᠠᠷᠭ᠋ᠠᠨ ᠠᠪᠤᠭᠴᠢ ᠵᠢᠨ ᠪᠠᠢ᠌ᠳᠠᠯ᠎ᠢ᠎ᠨᠢ
ᠦᠵᠡᠵᠦ ᠪᠠᠢ᠌ᠭ᠋ᠠᠳ ᠪᠡᠯᠡᠨ ᠮᠦᠩᠬᠦ ᠦᠭᠴᠤ ᠪᠤᠯᠤᠨ᠎ᠠ᠃
ᠳᠠᠪᠤ᠂ ᠲᠤᠰᠢᠶᠠᠬᠤ ᠮᠠᠲᠸᠷᠢᠶᠠᠯ
1᠂ ᠠᠵᠢᠯᠳᠠᠨ ᠠᠵᠢᠯᠴᠢᠨ ᠦᠪᠡᠷ ᠵᠶ᠋ᠡᠨ ᠰᠠᠭᠤᠬᠤ ᠤᠷᠤᠨ ᠰᠠᠭᠤᠴᠠ ᠬᠤᠳᠠᠯᠳᠤᠨ ᠠᠪᠬᠤ᠂ ᠪᠠᠷᠢᠬᠤ᠂ ᠦᠭᠡᠷᠡᠴᠢᠯᠡᠨ ᠵᠠᠰᠠᠬᠤ᠂ ᠶᠡᠬᠡ᠎ᠪᠠᠷ ᠵᠠᠰᠠᠬᠤ᠂ ᠨᠤᠷᠠᠭ᠋ᠠᠬᠤ ᠨᠡᠭᠦᠯᠭᠡᠬᠦ ᠳᠤ᠄
⑴ ᠦᠪᠡᠷ ᠵᠶ᠋ᠡᠨ ᠰᠠᠭᠤᠬᠤ ᠲᠠᠸᠠᠷ᠎ᠤᠨ ᠤᠷᠤᠨ ᠰᠠᠭᠤᠴᠠ ᠬᠤᠳᠠᠯᠳᠤᠨ ᠠᠪᠬᠤ᠄
① ᠦᠪᠡᠷ᠎ᠤᠨ ᠪᠡᠶ᠎ᠡ ᠵᠢᠨ ᠦᠨᠡᠮᠯᠡᠯ;
② ᠲᠦᠷᠢᠮᠵᠢᠭᠰᠡᠨ 《ᠳᠠᠸᠠᠷ᠎ᠤᠨ ᠤᠷᠤᠨ ᠰᠠᠭᠤᠴᠠ ᠬᠤᠳᠠᠯᠳᠤᠭ᠋ᠠᠯᠠᠬᠤ ᠬᠡᠷ᠎ᠡ》;
③ ᠬᠤᠳᠠᠯᠳᠤᠨ ᠠᠪᠬᠤ ᠤᠷᠤᠨ ᠰᠠᠭᠤᠴᠠ ᠵᠢᠨ ᠦᠯᠦ ᠬᠦᠳᠡᠯᠭᠡᠬᠦ ᠬᠦᠷᠦᠩᠬᠡ ᠵᠢᠨ ᠪᠠᠷᠢᠮᠳᠠ;
④ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
⑵ ᠬᠠᠮᠳᠤ ᠵᠢᠨ ᠦᠮᠴᠢᠯᠡᠯ᠎ᠤᠨ ᠤᠷᠤᠨ ᠰᠠᠭᠤᠴᠠ ᠬᠤᠳᠠᠯᠳᠤᠨ ᠠᠪᠬᠤ᠄
① ᠦᠪᠡᠷ᠎ᠤᠨ ᠪᠡᠶ᠎ᠡ ᠵᠢᠨ ᠦᠨᠡᠮᠯᠡᠯ;
② ᠬᠠᠮᠳᠤ ᠵᠢᠨ ᠦᠮᠴᠢᠯᠡᠯ᠎ᠤᠨ ᠤᠷᠤᠨ ᠰᠠᠭᠤᠴᠠ ᠵᠢ ᠬᠤᠳᠠᠯᠳᠤᠬᠤ ᠦᠨᠡᠯᠡᠯᠳᠡ ᠵᠢᠨ ᠬᠦᠰᠦᠨᠦᠭᠳᠤ᠂ ᠬᠢᠨᠠᠨ ᠵᠦᠪᠰᠢᠶᠡᠷᠡᠯ᠎ᠤᠨ ᠬᠦᠰᠦᠨᠦᠭᠳᠤ ᠪᠤᠶᠤ 《ᠬᠠᠮᠳᠤ ᠵᠢᠨ ᠦᠮᠴᠢᠯᠡᠯ᠎ᠤᠨ ᠤᠷᠤᠨ ᠰᠠᠭᠤᠴᠠ ᠵᠢ ᠬᠤᠳᠠᠯᠳᠤᠬᠤ ᠬᠡᠷ᠎ᠡ》;
③ ᠤᠷᠤᠨ ᠰᠠᠭᠤᠴᠠ ᠬᠤᠳᠠᠯᠳᠤᠨ ᠠᠪᠤᠭᠰᠠᠨ ᠪᠠᠷᠢᠮᠳᠠ;
④ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
⑶ ᠦᠪᠡᠷ ᠵᠶ᠋ᠡᠨ ᠰᠠᠭᠤᠬᠤ ᠳᠠᠮᠤᠨ ᠤᠷᠤᠨ ᠰᠠᠭᠤᠴᠠ ᠬᠤᠳᠠᠯᠳᠤᠨ ᠠᠪᠬᠤ᠄
① ᠦᠪᠡᠷ᠎ᠤᠨ ᠪᠡᠶ᠎ᠡ ᠵᠢᠨ ᠦᠨᠡᠮᠯᠡᠯ;
② ᠨᠡᠷ᠎ᠡ ᠬᠠᠯᠠᠭᠰᠠᠨ᠎ᠤ ᠲᠠᠷᠠᠭ᠋ᠠᠬᠢ 《ᠤᠷᠤᠨ ᠰᠠᠭᠤᠴᠠ ᠵᠢᠨ ᠦᠮᠴᠢᠯᠡᠯ᠎ᠤᠨ ᠡᠷᠬᠡ ᠵᠢᠨ ᠦᠨᠡᠮᠯᠡᠯ》;
③ ᠦᠮᠴᠢᠯᠡᠯ᠎ᠤᠨ ᠡᠷᠬᠡ ᠵᠢ ᠰᠢᠯᠵᠢᠭᠦᠯᠬᠦ ᠵᠢ ᠬᠦᠯᠢᠶᠡᠨ ᠭᠦᠢ᠍ᠴᠡᠳᠭᠡᠭᠰᠡᠨ ᠬᠠᠭᠤᠳᠠᠰᠤ;
④ ᠦᠮᠴᠢᠯᠡᠯ᠎ᠤᠨ ᠡᠷᠬᠡ ᠵᠢ ᠰᠢᠯᠵᠢᠬᠦᠯᠬᠦ ᠬᠡᠷ᠎ᠡ ᠵᠢᠨ ᠭᠠᠢ᠌ᠯᠢ ᠵᠢ ᠲᠤᠰᠢᠶᠠᠭᠰᠠᠨ ᠬᠡᠷᠡᠴᠢᠯᠡᠯ;
⑤ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
⑷ ᠦᠪᠡᠷ ᠵᠶ᠋ᠡᠨ ᠰᠠᠭᠤᠬᠤ ᠦᠨ᠎ᠡ ᠬᠠᠶᠠᠨ ᠬᠤᠳᠠᠯᠳᠤᠭᠰᠠᠨ ᠤᠷᠤᠨ ᠰᠠᠭᠤᠴᠠ ᠵᠢ ᠬᠤᠳᠠᠯᠳᠤᠨ ᠠᠪᠬᠤ᠄
① ᠦᠪᠡᠷ᠎ᠤᠨ ᠪᠡᠶ᠎ᠡ ᠵᠢᠨ ᠦᠨᠡᠮᠯᠡᠯ;
② ᠦᠨ᠎ᠡ ᠬᠠᠶᠠᠨ ᠬᠤᠳᠠᠯᠳᠤᠬᠤ ᠠᠷᠠᠯᠵᠢᠶ᠎ᠠ ᠪᠦᠳᠦᠭᠰᠡᠨ ᠮᠡᠳᠡᠷᠡᠯᠳᠡ ᠵᠢᠨ ᠪᠢᠴᠢᠭ;
③ ᠤᠷᠤᠨ ᠰᠠᠭᠤᠴᠠ ᠬᠤᠳᠠᠯᠳᠤᠨ ᠠᠪᠤᠭᠰᠠᠨ ᠪᠠᠷᠢᠮᠳᠠ;
④ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
⑸ ᠪᠡᠯᠡ ᠬᠤᠷᠠᠮᠳᠤᠭᠤᠯᠤᠨ ᠤᠷᠤᠨ ᠰᠠᠭᠤᠴᠠ ᠪᠠᠷᠢᠬᠤ᠎ᠳᠤ ᠤᠷᠤᠯᠴᠠᠬᠤ᠄
① ᠦᠪᠡᠷ᠎ᠤᠨ ᠪᠡᠶ᠎ᠡ ᠵᠢᠨ ᠦᠨᠡᠮᠯᠡᠯ;
② ᠨᠢᠭᠡᠴᠡ᠎ᠨᠢ ᠪᠦᠳᠤᠭᠡᠨ ᠪᠠᠢ᠌ᠭᠤᠯᠬᠤ ᠨᠡᠬᠡᠬᠡᠯᠳᠡ ᠵᠢᠨ ᠰᠠᠯᠠᠭ᠎ᠠ ᠮᠦᠴᠢᠷ᠎ᠯᠦᠭᠡ ᠲᠤᠭᠳᠠᠭᠰᠠᠨ ᠪᠡᠯᠡ ᠬᠤᠷᠠᠮᠳᠤᠭᠤᠯᠤᠨ ᠤᠷᠤᠨ ᠰᠠᠭᠤᠴᠠ ᠪᠠᠷᠢᠬᠤ ᠵᠦᠪᠯᠡᠯᠴᠡᠭᠡᠷ᠎ᠤᠨ ᠪᠢᠴᠢᠭ ᠪᠤᠯᠤᠨ ᠬᠡᠷ᠎ᠡ;
③ ᠨᠢᠭᠡᠴᠡ᠎ᠠᠴᠠ᠎ᠨᠢ ᠬᠢᠵᠦ ᠦᠭᠬᠦᠭᠰᠡᠨ ᠪᠡᠯᠡ ᠬᠤᠷᠠᠮᠳᠤᠭᠤᠯᠤᠨ ᠤᠷᠤᠨ ᠰᠠᠭᠤᠴᠠ ᠪᠠᠷᠢᠬᠤ ᠭᠡᠷᠡᠴᠢ (ᠪᠡᠯᠡ ᠬᠤᠷᠠᠮᠳᠤᠭᠤᠯᠤᠭᠴᠢ ᠵᠢᠨ ᠨᠡᠷ᠎ᠡ᠂ ᠤᠷᠤᠨ ᠰᠠᠭᠤᠴᠠ ᠵᠢᠨ ᠪᠠᠢ᠌ᠷᠢᠰᠢᠯᠠᠯ᠂ ᠠᠰᠠᠷ᠎ᠤᠨ ᠳᠠᠪᠬᠤᠷᠭ᠎ᠠ᠂ ᠲᠠᠯᠠᠪᠠᠢ᠂ ᠨᠢᠭᠡᠴᠢ ᠵᠢᠨ ᠦᠨ᠎ᠡ᠂ ᠶᠡᠷᠦᠩᠬᠡᠢ ᠦᠨ᠎ᠡ ᠵᠡᠷᠭᠡ ᠨᠠᠷᠢᠨ ᠪᠠᠢ᠌ᠳᠠᠯ᠎ᠢ ᠲᠤᠳᠤᠷᠬᠠᠢ᠌ᠯᠠᠨ᠎ᠠ);
④ ᠪᠡᠯᠡ ᠬᠤᠷᠠᠮᠳᠤᠭᠤᠯᠭ᠎ᠠ ᠵᠢᠨ ᠮᠦᠩᠬᠦ ᠲᠤᠰᠢᠶᠠᠭᠰᠠᠨ ᠪᠠᠷᠢᠮᠳᠠ;
⑤ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
⑹ ᠦᠪᠡᠷ ᠵᠶ᠋ᠡᠨ ᠰᠠᠭᠤᠬᠤ ᠤᠷᠤᠨ ᠰᠠᠭᠤᠴᠠ ᠪᠠᠷᠢᠬᠤ᠂ ᠵᠠᠰᠠᠨ ᠪᠠᠷᠢᠬᠤ᠄
① ᠦᠪᠡᠷ᠎ᠤᠨ ᠪᠡᠶ᠎ᠡ ᠵᠢᠨ ᠦᠨᠡᠮᠯᠡᠯ;
② ᠪᠦᠳᠤᠭᠡᠨ ᠪᠠᠢ᠌ᠭᠤᠯᠤᠯᠳᠠ ᠵᠢᠨ ᠭᠠᠵᠠᠷ ᠬᠡᠷᠡᠭᠯᠡᠬᠦ ᠲᠦᠯᠦᠪᠵᠢᠭᠦᠯᠬᠡ ᠵᠢᠨ ᠵᠦᠪᠰᠢᠶᠡᠷᠡᠯ᠎ᠤᠨ ᠦᠨᠡᠮᠯᠡᠯ;
③ ᠪᠦᠳᠤᠭᠡᠨ ᠪᠠᠢ᠌ᠭᠤᠯᠬᠤ ᠪᠠᠷᠢᠯᠭ᠎ᠠ ᠵᠢᠨ ᠲᠦᠯᠦᠪᠵᠢᠬᠦᠯᠬᠡ ᠵᠢᠨ ᠵᠦᠪᠰᠢᠶᠡᠷᠡᠯ᠎ᠤᠨ ᠦᠨᠡᠮᠯᠡᠯ;
④ ᠪᠦᠳᠤᠭᠡᠨ ᠪᠠᠢ᠌ᠭᠤᠯᠬᠤ ᠪᠠᠷᠢᠯᠭ᠎ᠠ ᠵᠢᠨ ᠪᠠᠷᠢᠬᠤ ᠠᠵᠢᠯ᠎ᠤᠨ ᠵᠦᠪᠰᠢᠶᠡᠷᠡᠯ᠎ᠤᠨ ᠦᠨᠡᠮᠯᠡᠯ;
⑤ ᠤᠷᠤᠨ ᠰᠠᠭᠤᠴᠠ ᠪᠠᠷᠢᠬᠤ ᠬᠡᠷ᠎ᠡ ᠪᠤᠶᠤ ᠵᠦᠪᠯᠡᠯᠴᠡᠭᠡᠷ
⑥ ᠪᠠᠷᠢᠯᠭ᠎ᠠ ᠵᠢᠨ ᠨᠢᠭᠡᠴᠡ ᠵᠢᠨ ᠬᠢᠵᠦ ᠦᠭᠬᠦᠭᠰᠡᠨ ᠪᠠᠷᠢᠯᠭ᠎ᠠ ᠵᠢᠨ ᠮᠦᠩᠬᠦ ᠬᠤᠷᠢᠶᠠᠭᠰᠠᠨ ᠪᠠᠷᠢᠮᠳᠠ;
⑦ ᠦᠪᠡᠷ ᠵᠶ᠋ᠡᠨ ᠰᠠᠭᠤᠬᠤ ᠤᠷᠤᠨ ᠰᠠᠭᠤᠴᠠ᠎ᠪᠠᠨ ᠦᠬᠡᠷᠡᠴᠢᠯᠡᠨ ᠵᠠᠰᠠᠬᠤ᠎ᠳᠤ ᠪᠠᠰᠠ ᠤᠤᠯ᠎ᠤᠨ 《ᠤᠷᠤᠨ ᠰᠠᠭᠤᠴᠠ ᠵᠢᠨ ᠦᠮᠴᠢᠯᠡᠯ᠎ᠤᠨ ᠡᠷᠬᠡ ᠵᠢᠨ ᠦᠨᠡᠮᠯᠡᠯ》 ᠵᠶ᠋ᠡᠨ ᠲᠤᠰᠢᠶᠠᠨ᠎ᠠ ;
⑧ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
⑺ ᠦᠪᠡᠷ᠎ᠤᠨ ᠰᠠᠭᠤᠬᠤ ᠤᠷᠤᠨ ᠰᠠᠭᠤᠴᠠ᠎ᠪᠠᠨ ᠶᠡᠬᠡ᠎ᠪᠠᠷ ᠵᠠᠰᠠᠬᠤ᠄
① ᠦᠪᠡᠷ᠎ᠤᠨ ᠪᠡᠶ᠎ᠡ ᠵᠢᠨ ᠦᠨᠡᠮᠯᠡᠯ;
②《ᠤᠷᠤᠨ ᠰᠠᠭᠤᠴᠠ ᠵᠢᠨ ᠦᠮᠴᠢᠯᠡᠯ᠎ᠤᠨ ᠡᠷᠬᠡ ᠵᠢᠨ ᠦᠨᠡᠮᠯᠡᠯ》;
③ ᠬᠤᠰᠢᠭᠤ ᠰᠢᠶᠠᠨ᠎ᠤ ᠱᠠᠳᠤᠨ᠎ᠠᠴᠠ ᠳᠡᠭᠡᠭᠰᠢᠬᠢ ᠭᠠᠵᠠᠷ ᠰᠢᠷᠤᠢ ᠵᠢᠨ ᠰᠠᠯᠠᠭ᠎ᠠ ᠮᠦᠴᠢᠷ᠎ᠠᠴᠠ ᠤᠯᠭᠤᠭᠰᠠᠨ 《ᠪᠦᠳᠤᠭᠡᠨ ᠪᠠᠢ᠌ᠭᠤᠯᠬᠤ ᠪᠠᠷᠢᠯᠭ᠎ᠠ ᠵᠢᠨ ᠲᠦᠯᠦᠪᠵᠢᠬᠦᠯᠬᠡ ᠵᠢᠨ ᠵᠦᠪᠰᠢᠶᠡᠷᠡᠯ᠎ᠤᠨ ᠦᠨᠡᠮᠯᠡᠯ》;
④ ᠬᠤᠰᠢᠭᠤ ᠰᠢᠶᠠᠨ᠎ᠤ ᠱᠠᠳᠤᠨ᠎ᠠᠴᠠ ᠳᠡᠭᠡᠭᠰᠢᠬᠢ ᠤᠷᠤᠨ ᠰᠠᠭᠤᠴᠠ ᠵᠢᠨ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠤᠯᠭᠤᠭᠰᠠᠨ ᠶᠡᠬᠡ᠎ᠪᠠᠷ ᠵᠠᠰᠠᠬᠤ ᠵᠢ ᠬᠢᠨᠠᠨ ᠲᠤᠭᠳᠠᠭ᠋ᠠᠭᠰᠠᠨ ᠬᠡᠷᠡᠴᠢ;
⑤ ᠪᠠᠷᠢᠯᠭ᠎ᠠ ᠵᠢᠨ ᠨᠢᠭᠡᠴᠡ ᠵᠢᠨ ᠪᠠᠷᠢᠯᠭ᠎ᠠ ᠪᠠᠷᠢᠬᠤ ᠵᠦᠪᠰᠢᠶᠡᠷᠡᠯ᠎ᠤᠨ ᠦᠨᠡᠮᠯᠡᠯ;
⑥ ᠤᠷᠤᠨ ᠰᠠᠭᠤᠴᠠ ᠪᠠᠷᠢᠬᠤ ᠬᠡᠷ᠎ᠡ ᠪᠤᠶᠤ ᠪᠠᠷᠢᠯᠭ᠎ᠠ ᠵᠢᠨ ᠵᠦᠪᠯᠡᠯᠴᠡᠭᠡᠷ;
⑦ ᠪᠠᠷᠢᠯᠭ᠎ᠠ ᠵᠢᠨ ᠲᠦᠰᠤᠪ (ᠲᠦᠰᠤᠪ᠎ᠤᠨ ᠭᠦᠢ᠍ᠴᠡᠳᠭᠡᠯ)᠎ᠤᠨ ᠪᠢᠴᠢᠭ;
⑧ ᠪᠠᠷᠢᠯᠭ᠎ᠠ ᠵᠢᠨ ᠨᠢᠭᠡᠴᠡ ᠵᠢᠨ ᠬᠢᠵᠦ ᠦᠭᠬᠦᠭᠰᠡᠨ ᠪᠠᠷᠢᠯᠭ᠎ᠠ ᠵᠢᠨ ᠮᠦᠩᠬᠦ ᠬᠤᠷᠢᠶᠠᠭᠰᠠᠨ ᠪᠠᠷᠢᠮᠳᠠ;
⑨ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
⑻ ᠦᠪᠡᠷ ᠵᠶ᠋ᠡᠨ ᠰᠠᠭᠤᠬᠤ ᠤᠷᠤᠨ ᠰᠠᠭᠤᠴᠠ᠎ᠪᠠᠨ ᠪᠠᠭᠤᠯᠭ᠋ᠠᠵᠦ ᠨᠡᠭᠦᠯᠭᠡᠬᠦ᠄
① ᠦᠪᠡᠷ᠎ᠤᠨ ᠪᠡᠶ᠎ᠡ ᠵᠢᠨ ᠦᠨᠡᠮᠯᠡᠯ;
② 《ᠭᠡᠷ ᠪᠠᠢ᠌ᠰᠢᠩ᠎ᠢ ᠨᠤᠷᠠᠭ᠋ᠠᠵᠦ ᠨᠡᠭᠦᠯᠭᠡᠵᠦ ᠪᠤᠴᠠᠭ᠋ᠠᠨ ᠲᠦᠪᠬᠢᠨᠡᠬᠦᠯᠬᠦ ᠤᠷᠤᠨ ᠰᠠᠭᠤᠴᠠ ᠵᠢᠨ ᠬᠡᠷ᠎ᠡ》;
③《ᠤᠷᠤᠨ ᠰᠠᠭᠤᠴᠠ ᠵᠢᠨ ᠦᠮᠴᠢᠯᠡᠯ᠎ᠤᠨ ᠡᠷᠬᠡ ᠵᠢᠨ ᠦᠨᠡᠮᠯᠡᠯ》;
④ ᠭᠡᠷ ᠪᠠᠢ᠌ᠰᠢᠩ᠎ᠤᠨ ᠮᠦᠩᠬᠦ ᠵᠢ ᠦᠭᠬᠦᠭᠰᠡᠨ ᠪᠠᠷᠢᠮᠳᠠ;
⑤ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
2᠂ ᠠᠵᠢᠯ᠎ᠠᠴᠠ᠎ᠪᠠᠨ ᠠᠮᠠᠷᠠᠭᠰᠠᠨ ᠪᠤᠶᠤ ᠠᠵᠢᠯ᠎ᠠᠴᠠ᠎ᠪᠠᠨ ᠪᠠᠭᠤᠭᠰᠠᠨ ᠠᠵᠢᠯᠳᠠᠨ ᠠᠵᠢᠯᠳᠠᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠠᠵᠢᠯ᠎ᠠᠴᠠ᠎ᠪᠠᠨ ᠠᠮᠠᠷᠠᠭᠰᠠᠨ᠂ ᠠᠵᠢᠯ᠎ᠠᠴᠠ᠎ᠪᠠᠨ ᠪᠠᠭᠤᠭᠰᠠᠨ ᠬᠡᠷᠡᠴᠢ;
3᠂ ᠬᠤᠳᠠ ᠪᠠᠯᠭ᠋ᠠᠰᠤ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢ ᠬᠦᠷᠳᠡᠵᠦ ᠪᠠᠢ᠌ᠬᠤ ᠠᠵᠢᠯᠳᠠᠨ ᠠᠵᠢᠯᠴᠢᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠠᠵᠢᠯᠳᠠᠨ ᠠᠵᠢᠯᠴᠢᠨ᠎ᠤ ᠬᠤᠳᠠ ᠪᠠᠯᠭ᠋ᠠᠰᠤ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢ ᠬᠦᠷᠳᠡᠵᠦ ᠪᠠᠢ᠌ᠬᠤ ᠬᠡᠷᠡᠴᠢ;
4᠂ ᠠᠵᠢᠯᠳᠠᠨ ᠠᠵᠢᠯᠴᠢᠨ ᠪᠠᠢ᠌ᠭᠤᠯᠭ᠎ᠠ ᠨᠢᠭᠡᠴᠡ᠎ᠯᠦᠭᠡ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ ᠬᠤᠶᠠᠷ ᠵᠢᠯ᠎ᠤᠨ ᠳᠤᠳᠤᠷ᠎ᠠ ᠳᠠᠬᠢᠨ ᠠᠵᠢᠯ ᠤᠯᠤᠭᠰᠠᠨ ᠦᠬᠡᠢ ᠪᠠ ᠬᠡᠷ ᠪᠦᠯᠢ ᠵᠢᠨ ᠠᠮᠢᠳᠤᠷᠠᠯᠳᠤᠨᠢ ᠬᠦᠨᠳᠤ ᠨᠤᠴᠢᠲᠠᠢ ᠬᠦᠴᠢᠷᠳᠡᠯ ᠲᠤᠯᠭ᠋ᠠᠷᠠᠭᠰᠠᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠠᠵᠢᠯᠳᠠᠨ ᠠᠵᠢᠯᠴᠢᠨ᠎ᠤ ᠪᠠᠢ᠌ᠭᠤᠯᠭ᠎ᠠ ᠨᠢᠭᠡᠴᠡ᠎ᠯᠦᠭᠡ᠎ᠪᠠᠨ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ ᠬᠡᠷᠡᠴᠢ;
⑶ ᠠᠵᠢᠯᠳᠠᠨ ᠠᠵᠢᠯᠴᠢᠨ᠎ᠤ ᠰᠠᠭᠤᠵᠦ ᠪᠠᠢ᠌ᠭ᠎ᠠ ᠵᠠᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠢᠵᠦ ᠦᠭᠬᠦᠭᠰᠡᠨ ᠬᠤᠶᠠᠷ ᠵᠢᠯ᠎ᠤᠨ ᠳᠤᠳᠤᠷ᠎ᠠ ᠠᠵᠢᠯ ᠦᠯᠦ ᠤᠯᠤᠭᠰᠠᠨ ᠪᠠ ᠭᠡᠷ ᠪᠦᠯᠢ ᠵᠢᠨ ᠠᠮᠢᠳᠤᠷᠠᠯ᠎ᠨᠢ ᠬᠦᠴᠢᠷ᠎ᠲᠠᠢ ᠪᠠᠢ᠌ᠬᠤ ᠬᠡᠷᠡᠴᠢ ᠃
5᠂ ᠠᠵᠢᠯᠳᠠᠨ ᠠᠵᠢᠯᠴᠢᠨ ᠪᠠᠢ᠌ᠭᠤᠯᠭ᠎ᠠ ᠨᠢᠭᠡᠴᠡ᠎ᠯᠦᠭᠡ᠎ᠪᠠᠨ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ᠎ᠠᠴᠠ ᠬᠤᠢ᠌ᠰᠢ᠂ ᠬᠦᠳᠡᠯᠮᠤᠷᠢ ᠵᠢᠨ ᠴᠢᠳᠠᠪᠤᠷᠢ᠎ᠪᠠᠨ ᠬᠡᠰᠡᠭ ᠪᠤᠶᠤ ᠪᠦᠷᠢᠮᠤᠰᠤᠨ
ᠠᠯᠳᠠᠭᠰᠠᠨ᠎ᠠᠴᠠ ᠬᠡᠷ ᠪᠦᠯᠢ ᠵᠢᠨ ᠠᠮᠢᠳᠤᠷᠠᠯᠳᠤᠨᠢ ᠬ᠋ᠦᠨᠳᠤ ᠨᠤᠴᠢᠲᠠᠢ ᠬᠦᠴᠢᠷᠳᠡᠯ ᠲᠤᠯᠭ᠋ᠠᠷᠠᠭᠰᠠᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠠᠵᠢᠯᠳᠠᠨ ᠠᠵᠢᠯᠴᠢᠨ᠎ᠤ ᠪᠠᠢ᠌ᠭᠤᠯᠭ᠎ᠠ ᠨᠢᠭᠡᠴᠡ᠎ᠯᠦᠭᠡ᠎ᠪᠠᠨ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ ᠬᠡᠷᠡᠴᠢ;
⑶ ᠬᠤᠳᠠ ᠵᠢᠨ ᠱᠠᠳᠤᠨ᠎ᠤ ᠬᠦᠳᠡᠯᠮᠤᠷᠢ ᠵᠢᠨ ᠬᠢᠨᠠᠨ ᠲᠤᠭᠳᠠᠭ᠋ᠠᠯ᠎ᠤᠨ ᠰᠠᠯᠠᠭ᠎ᠠ ᠮᠦᠴᠢᠷ᠎ᠠᠴᠠ ᠤᠯᠭᠤᠭᠰᠠᠨ 《ᠰᠢᠷᠬ᠎ᠠ᠎ᠲᠠᠢ ᠪᠠ ᠡᠪᠡᠳᠴᠢᠨ᠎ᠲᠠᠢ ᠠᠵᠢᠯᠳᠠᠨ ᠠᠵᠢᠯᠴᠢᠨ᠎ᠤ ᠬᠦᠳᠡᠯᠮᠤᠷᠢ
ᠵᠢᠨ ᠴᠢᠳᠠᠪᠤᠷᠢ ᠵᠢ ᠬᠢᠨᠡᠨ ᠲᠤᠭᠳᠠᠭ᠋ᠠᠬᠤ ᠬᠦᠰᠤᠨᠦᠭᠳᠤ》 ;
⑷ ᠠᠵᠢᠯᠳᠠᠨ ᠠᠵᠢᠯᠴᠢᠨ᠎ᠤ ᠰᠠᠭᠤᠵᠦ ᠪᠠᠢ᠌ᠭ᠎ᠠ ᠵᠠᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠢᠵᠦ ᠦᠭᠬᠦᠭᠰᠡᠨ ᠭᠡᠷ ᠪᠦᠯᠢ ᠵᠢᠨ ᠠᠮᠢᠳᠤᠷᠠᠯ᠎ᠨᠢ ᠬᠦᠴᠢᠷ᠎ᠲᠠᠢ ᠪᠠᠢ᠌ᠬᠤ ᠬᠡᠷᠡᠴᠢ;
6᠂ ᠠᠵᠢᠯᠳᠠᠨ ᠠᠵᠢᠯᠴᠢᠨ ᠪᠠᠢ᠌ᠭᠤᠯᠭ᠎ᠠ ᠨᠢᠭᠡᠴᠡ᠎ᠯᠦᠭᠡ᠎ᠪᠠᠨ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ᠎ᠠᠴᠠ ᠬᠤᠢ᠌ᠰᠢ᠂ ᠶᠠᠮᠠᠷ ᠨᠢᠭᠡᠨ ᠭᠡᠨᠡᠳᠳᠠ ᠵᠢᠨ ᠶᠠᠪᠤᠳᠠᠯ ᠲᠤᠬᠢᠶᠠᠯᠳᠤᠵᠦ᠂ ᠬᠡᠷ ᠪᠦᠯᠢ ᠵᠢᠨ ᠠᠮᠢᠳᠤᠷᠠᠯᠳᠤᠨᠢ ᠬᠦᠨᠳᠤ ᠨᠤᠴᠢᠲᠠᠢ ᠬᠦᠴᠢᠷᠳᠡᠯ ᠲᠤᠯᠭ᠋ᠠᠷᠠᠭᠰᠠᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠠᠵᠢᠯᠳᠠᠨ ᠠᠵᠢᠯᠴᠢᠨ᠎ᠤ ᠪᠠᠢ᠌ᠭᠤᠯᠭ᠎ᠠ ᠨᠢᠭᠡᠴᠡ᠎ᠯᠦᠭᠡ᠎ᠪᠠᠨ ᠬᠦᠳᠡᠯᠮᠤᠷᠢ ᠵᠢᠨ ᠬᠠᠷᠢᠴᠠᠭ᠎ᠠ᠎ᠪᠠᠨ ᠳᠠᠰᠤᠯᠤᠭᠰᠠᠨ ᠬᠡᠷᠡᠴᠢ;
⑶ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠬᠢᠵᠦ ᠦᠭᠬᠦᠭᠰᠡᠨ ᠬᠡᠨᠡᠳᠳᠡ ᠵᠢᠨ ᠶᠠᠪᠤᠳᠠᠯ (ᠵᠢᠱ᠌ᠢᠶᠡᠯᠡᠪᠡᠯ ᠬᠦᠨᠳᠤ ᠡᠪᠡᠳᠴᠢᠨ᠂ ᠬᠠᠨᠢ ᠨᠦᠬᠦᠷ᠎ᠨᠢ ᠨᠠᠰᠤ ᠪᠠᠷᠠᠭᠰᠠᠨ᠂ ᠦᠷ᠎ᠡ
ᠬᠡᠤᠬᠡᠳ᠎ᠨᠢ ᠰᠤᠷᠭ᠋ᠠᠭᠤᠯᠢ᠎ᠳᠤ ᠤᠷᠤᠭᠰᠠᠨ᠂ ᠭᠠᠯ᠎ᠤᠨ ᠠᠶᠤᠯ᠂ ᠳᠡᠭᠡᠷᠡᠮᠳᠡᠭᠳᠡᠵᠦ ᠲᠤᠨᠤᠭᠳᠠᠭᠰᠠᠨ ᠵᠡᠷᠭᠡ)᠎ᠤᠨ ᠬᠡᠷᠡᠴᠢ;
⑷ ᠠᠵᠢᠯᠳᠠᠨ ᠠᠵᠢᠯᠴᠢᠨ᠎ᠤ ᠰᠠᠭᠤᠵᠦ ᠪᠠᠢ᠌ᠭ᠎ᠠ ᠵᠠᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠢᠵᠦ ᠦᠭᠬᠦᠭᠰᠡᠨ ᠬᠤᠶᠠᠷ ᠵᠢᠯ᠎ᠤᠨ ᠳᠤᠳᠤᠷ᠎ᠠ ᠠᠵᠢᠯ ᠦᠯᠦ ᠤᠯᠤᠭᠰᠠᠨ ᠪᠠ ᠭᠡᠷ ᠪᠦᠯᠢ
ᠵᠢᠨ ᠠᠮᠢᠳᠤᠷᠠᠯ᠎ᠨᠢ ᠬᠦᠴᠢᠷ᠎ᠲᠠᠢ ᠪᠠᠢ᠌ᠬᠤ ᠬᠡᠷᠡᠴᠢ ;
⑸ ᠵᠠᠷᠤᠳᠠᠯ᠎ᠤᠨ ᠪᠤᠳᠠᠲᠠᠢ ᠵᠠᠷᠤᠴᠠᠭᠤᠯᠤᠭᠰᠠᠨ ᠬᠡᠷᠡᠴᠢ ᠃
7᠂ ᠠᠵᠢᠯᠳᠠᠨ ᠠᠵᠢᠯᠴᠢᠨ ᠬᠢᠯᠢ ᠵᠢᠨ ᠭᠠᠳᠠᠨ᠎ᠠ ᠨᠤᠳᠤᠭᠰᠢᠭᠰᠠᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠢᠵᠦ ᠦᠭᠬᠦᠭᠰᠡᠨ ᠬᠢᠯᠢ᠎ᠠᠴᠠ ᠭᠠᠷᠴᠤ ᠨᠤᠳᠤᠭᠰᠢᠭᠰᠠᠨ ᠬᠡᠷᠡᠴᠢ ᠪᠤᠶᠤ ᠡᠷᠤᠬᠡ ᠠᠮᠠ ᠵᠢᠨ ᠳᠠᠩᠰᠠ ᠵᠢ᠎ᠨᠢ ᠬᠠᠰᠤᠭᠰᠠᠨ ᠬᠡᠷᠡᠴᠢ (〈ᠤᠯᠤᠰ
ᠠᠴᠠ ᠭᠠᠷᠴᠤ ᠨᠤᠳᠤᠭᠰᠢᠪᠠ〉 ᠬᠡᠵᠦ ᠲᠤᠳᠤᠷᠬᠠᠢ᠌ᠯᠠᠨ᠎ᠠ);
⑶ ᠲᠤᠰ ᠬᠦᠮᠤᠨ᠎ᠨᠢ ᠪᠡᠶ᠎ᠡ᠎ᠪᠠᠷ ᠵᠶ᠋ᠡᠨ ᠢᠷᠡᠵᠦ ᠭᠠᠷᠭ᠋ᠠᠨ ᠠᠪᠴᠤ ᠴᠢᠳᠠᠬᠤ ᠦᠬᠡᠢ ᠪᠤᠯ ᠦᠪᠡᠷ᠎ᠤᠨ ᠭᠠᠷᠤᠨ ᠦᠰᠦᠭ ᠵᠶ᠋ᠡᠨ ᠵᠢᠷᠤᠭᠰᠠᠨ ᠭᠠᠷᠭ᠋ᠠᠨ ᠠᠪᠬᠤ ᠨᠠᠢ᠌ᠳᠠᠯᠭ᠎ᠠ ᠵᠢᠨ ᠪᠢᠴᠢᠭ
ᠢ ᠲᠤᠰᠢᠶᠠᠨ᠎ᠠ;
⑷ ᠲᠤᠰ ᠬᠦᠮᠤᠨ᠎ᠤ ᠤᠤᠯ ᠪᠠᠢ᠌ᠭᠤᠯᠭ᠎ᠠ ᠨᠢᠭᠡᠴᠡ᠎ᠠᠴᠠ᠎ᠨᠢ ᠬᠢᠵᠦ ᠦᠭᠬᠦᠭᠰᠡᠨ ᠭᠠᠷᠭ᠋ᠠᠨ ᠠᠪᠬᠤ ᠵᠢ ᠨᠠᠢ᠌ᠳᠠᠭᠰᠠᠨ ᠬᠡᠷᠡᠴᠢ;
⑸ ᠨᠠᠢ᠌ᠳᠠᠯᠭ᠎ᠠ ᠬᠦᠯᠢᠶᠡᠭᠰᠡᠨ ᠬᠦᠮᠤᠨ᠎ᠤ ᠪᠠᠢ᠌ᠭᠤᠯᠭ᠎ᠠ ᠨᠢᠭᠡᠴᠡ᠎ᠠᠴᠠ᠎ᠨᠢ ᠬᠢᠵᠦ ᠦᠭᠬᠦᠭᠰᠡᠨ ᠪᠡᠶ᠎ᠡ ᠵᠢᠨ ᠭᠠᠷᠤᠯ᠎ᠤᠨ ᠬᠡᠷᠡᠴᠢ᠃
8᠂ ᠠᠵᠢᠯᠳᠠᠨ ᠠᠵᠢᠯᠴᠢᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠵᠢᠭᠡᠯᠡᠯᠭᠡ ᠵᠢᠨ ᠡᠬᠡ ᠬᠦᠤ ᠮᠦᠩᠬᠦ ᠵᠢ ᠤᠷᠢᠳᠴᠢᠯᠠᠨ ᠨᠢᠭᠡᠯᠡ ᠳᠡᠭᠡᠷ᠎ᠡ ᠲᠦᠯᠦᠭᠰᠡᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠠᠵᠢᠯᠳᠠᠨ ᠠᠵᠢᠯᠴᠢᠨ᠎ᠤ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠲᠦᠪᠯᠦᠭᠡ ᠲᠤᠭᠳᠠᠭᠰᠠᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠵᠢᠭᠡᠯᠡᠯᠭᠡ 《ᠵᠤᠭᠤᠰ ᠵᠢᠭᠡᠯᠡᠬᠦ ᠬᠡᠷ᠎ᠡ》;
⑶ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ᠃
9᠂ ᠬᠤᠭᠤᠴᠠᠭ᠋ᠠᠳᠤ ᠭᠡᠷ ᠪᠠᠢ᠌ᠰᠢᠩ᠎ᠤᠨ ᠲᠦᠷᠢᠶᠡᠰᠤ᠎ᠨᠢ ᠭᠡᠷ ᠪᠦᠯᠢ ᠵᠢᠨ ᠴᠠᠯᠢᠩ᠎ᠤᠨ ᠤᠷᠤᠯᠭ᠎ᠠ ᠵᠢᠨ 20%᠎ᠠᠴᠠ ᠬᠡᠳᠤᠷᠡᠭᠰᠡᠨ᠄
⑴ ᠦᠪᠡᠷ᠎ᠤᠨ ᠪᠡᠶ᠎ᠡ ᠵᠢᠨ ᠦᠨᠡᠮᠯᠡᠯ;
⑵ ᠭᠡᠷ ᠬᠦᠷᠦᠩᠬᠡ ᠵᠢᠨ ᠬᠠᠮᠢᠶᠠᠷᠤᠯᠳᠠ ᠵᠢᠨ ᠰᠠᠯᠠᠭ᠎ᠠ ᠮᠦᠴᠢᠷ᠎ᠲᠤ ᠪᠦᠷᠢᠳᠭᠡᠨ ᠳᠠᠩᠰᠠᠯᠠᠭᠤᠯᠤᠭᠰᠠᠨ 《ᠭᠡᠷ ᠪᠠᠢ᠌ᠰᠢᠩ ᠲᠦᠷᠢᠶᠡᠰᠤᠯᠡᠬᠦ ᠬᠡᠷ᠎ᠡ》;
⑶ ᠲᠤᠰ ᠬᠦᠮᠤᠨ ᠪᠠ ᠬᠠᠨᠢ ᠨᠦᠬᠦᠷ᠎ᠤᠨ ᠬᠢᠨᠢ ᠪᠠᠢ᠌ᠭᠤᠯᠭ᠎ᠠ ᠨᠢᠭᠡᠴᠡ ᠵᠢᠨ ᠬᠢᠵᠦ ᠦᠭᠬᠦᠭᠰᠡᠨ ᠴᠠᠯᠢᠩ᠎ᠤᠨ ᠤᠷᠤᠯᠭ᠎ᠠ ᠵᠢᠨ ᠬᠡᠷᠡᠴᠢ;
⑷ ᠭᠡᠷ ᠪᠠᠢ᠌ᠰᠢᠩ᠎ᠤᠨ ᠲᠦᠷᠢᠶᠡᠰᠤᠨ ᠵᠤᠭᠤᠰ ᠲᠤᠰᠢᠶᠠᠭᠰᠠᠨ ᠭᠡᠷᠡᠴᠢ ᠪᠠᠷᠢᠮᠳᠠ;
⑸ ᠬᠠᠨᠢ ᠨᠦᠬᠦᠷ᠎ᠨᠢ ᠴᠤᠭ᠎ᠳᠠᠭᠠᠨ ᠭᠠᠷᠭ᠋ᠠᠨ ᠠᠪᠬᠤ᠎ᠳᠤ ᠬᠦᠷᠪᠡᠯ᠂ ᠤᠷᠤᠭ᠎ᠤᠨ ᠪᠠᠳᠤᠯᠠᠪᠤᠷᠢ ᠪᠤᠯᠤᠨ ᠬᠠᠨᠢ ᠨᠦᠬᠦᠷ᠎ᠤᠨ ᠵᠶ᠋ᠡᠨ ᠪᠡᠶ᠎ᠡ ᠵᠢᠨ ᠦᠨᠡᠮᠯᠡᠯ᠎ᠢ ᠲᠤᠰᠢᠶᠠᠨ᠎ᠠ ᠃
10᠂ ᠠᠵᠢᠯᠳᠠᠨ ᠠᠵᠢᠯᠴᠢᠨ ᠨᠠᠰᠤ ᠪᠠᠷᠠᠭᠰᠠᠨ ᠪᠤᠶᠤ ᠦᠬᠦᠭᠰᠡᠨ ᠵᠶ᠋ᠡᠷ ᠨᠡᠢ᠌ᠳᠡᠯᠡᠭᠳᠡᠭᠰᠡᠨ᠄
⑴ ᠨᠠᠰᠤ ᠪᠠᠷᠠᠭᠰᠠᠨ ᠬᠡᠷᠡᠴᠢ ᠪᠤᠯᠤᠨ ᠡᠷᠤᠭᠡ ᠠᠮᠠ ᠵᠢᠨ ᠳᠠᠩᠰᠠ ᠵᠢ᠎ᠨᠢ ᠬᠠᠰᠤᠭᠰᠠᠨ ᠬᠡᠷᠡᠴᠢ;
⑵ ᠦᠪ ᠵᠠᠯᠭ᠋ᠠᠮᠵᠢᠯᠠᠭᠴᠢ ᠪᠤᠶᠤ ᠭᠡᠷᠢᠶᠡᠰᠤ ᠪᠡᠯᠡᠭ᠎ᠢ ᠬᠦᠯᠢᠶᠡᠭᠴᠢ ᠵᠢᠨ ᠪᠡᠶ᠎ᠡ ᠵᠢᠨ ᠬᠡᠷᠡᠴᠢ ᠪᠤᠯᠤᠨ ᠡᠷᠤᠭᠡ ᠠᠮᠠ ᠵᠢᠨ ᠲᠡᠪᠳᠡᠷ;
⑶ ᠭᠠᠷᠭ᠋ᠠᠨ ᠠᠪᠤᠭᠴᠢ ᠬᠢᠭᠡᠳ ᠨᠠᠰᠤ ᠪᠠᠷᠠᠭᠰᠠᠨ ᠠᠵᠢᠯᠳᠠᠨ ᠠᠵᠢᠯᠴᠢᠨᠯᠤᠭᠠ ᠵᠢᠨ ᠬᠠᠤᠯᠢ ᠶᠤᠰᠤᠨ᠎ᠤ ᠦᠪ ᠵᠠᠯᠭ᠋ᠠᠮᠵᠢᠯᠠᠬᠤ ᠬᠠᠷᠢᠴᠠᠭ᠋ᠠᠨ᠎ᠤ ᠭᠡᠷᠡᠴᠢ;
⑷ ᠦᠪ ᠵᠠᠯᠭ᠋ᠠᠮᠵᠢᠯᠠᠬᠤ ᠤᠯᠠᠨ ᠬᠦᠮᠤᠨ ᠨᠢᠭᠡᠯᠡ ᠬᠦᠮᠤᠨ ᠳᠤ ᠨᠠᠢ᠌ᠳᠠᠵᠦ ᠭᠠᠷᠭ᠋ᠠᠨ ᠠᠪᠬᠤ᠎ᠳᠤ ᠪᠠᠰᠠ ᠪᠤᠰᠤᠳ ᠦᠪ ᠵᠠᠯᠭ᠋ᠠᠮᠵᠢᠯᠠᠭᠴᠢᠳ ᠤᠨ ᠠᠯᠪᠠᠨ ᠬᠡᠷᠡᠴᠢᠯᠡᠭᠡ ᠬᠢᠯᠬᠡᠭᠰᠡᠨ ᠨᠠᠢ᠌ᠳᠠᠯᠭ᠎ᠠ ᠵᠢᠨ ᠬᠡᠷᠡᠴᠢ ᠵᠢ ᠲᠤᠰᠢᠶᠠᠨ᠎ᠠ;
⑸ ᠠᠯᠪᠠᠨ ᠬᠡᠷᠡᠴᠢᠯᠡᠭᠡ ᠵᠢᠨ ᠪᠠᠢ᠌ᠭᠤᠯᠭ᠎ᠠ᠎ᠪᠠᠷ ᠠᠯᠪᠠᠨ ᠬᠡᠷᠡᠴᠢᠯᠡᠭᠡ ᠬᠢᠯᠬᠡᠭᠰᠡᠨ ᠭᠡᠷᠢᠶᠡᠰᠤ ᠪᠡᠯᠡᠭ᠎ᠢ ᠬᠦᠯᠢᠶᠡᠬᠦ ᠪᠢᠴᠢᠭ ᠪᠤᠶᠤ ᠰᠢᠬᠦᠬᠦ ᠬᠤᠷᠢᠶᠠᠨ᠎ᠤ ᠳᠠᠰᠤᠯᠠᠯᠳᠠ ᠵᠢᠨ ᠪᠢᠴᠢᠭ᠂ ᠳᠠᠰᠤᠯᠠᠨ ᠲᠤᠭᠳᠠᠭ᠋ᠠᠭᠰᠠᠨ ᠪᠢᠴᠢᠭ ᠪᠠ ᠵᠤᠬᠢᠴᠠᠭᠤᠯᠤᠯᠳᠠ ᠵᠢᠨ ᠪᠢᠴᠢᠭ᠃
ᠲᠤᠳᠤᠷᠬᠠᠢ᠌ᠯᠠᠬᠤ ᠵᠦᠢ᠍ᠯ᠄
1᠂ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢ ᠭᠠᠷᠭ᠋ᠠᠨ ᠠᠪᠬᠤ ᠲᠬᠠᠢ᠌ᠯᠠᠭᠰᠠᠨ ᠠᠵᠢᠯ᠎ᠢ ᠶᠡᠷᠦᠩᠬᠡᠢ᠎ᠳᠡᠭᠡᠨ ᠭᠠᠷᠭ᠋ᠠᠨ ᠠᠪᠬᠤ ᠬᠦᠮᠤᠨ ᠪᠡᠶ᠎ᠡ᠎ᠪᠠᠷ ᠵᠶ᠋ᠡᠨ ᠭᠦᠢ᠍ᠴᠡᠳᠭᠡᠨᠠ᠂ ᠭᠠᠷᠭ᠋ᠠᠨ ᠠᠪᠬᠤ ᠭᠠᠷᠳᠠᠮ᠎ᠢ ᠪᠠᠢ᠌ᠭᠤᠯᠭ᠎ᠠ ᠨᠢᠭᠡᠴᠡ ᠵᠢᠨ ᠭᠠᠷᠳᠠᠨ ᠭᠦᠢ᠍ᠴᠡᠳᠭᠡᠭᠴᠢ᠎ᠳᠤ ᠨᠠᠢ᠌ᠳᠠᠨ ᠭᠦᠢ᠍ᠴᠡᠳᠭᠡᠯᠭᠡᠬᠦ ᠪᠤᠶᠤ ᠪᠤᠰᠤᠳ ᠬᠦᠮᠤᠨ ᠵᠶ᠋ᠡᠷ ᠤᠷᠤᠯᠠᠨ ᠭᠦᠢ᠍ᠴᠡᠳᠭᠡᠯᠭᠡᠬᠦ᠎ᠳᠤ ᠬᠦᠷᠪᠡᠯ ᠡᠷᠬᠡᠪᠰᠢ ᠭᠠᠷᠭ᠋ᠠᠨ ᠠᠪᠤᠭᠴᠢ ᠵᠢᠨ ᠨᠠᠢ᠌ᠳᠠᠯᠭ᠎ᠠ ᠵᠢᠨ ᠪᠢᠴᠢᠭ ᠪᠤᠯᠤᠨ ᠤᠷᠤᠯᠠᠨ ᠭᠦᠢ᠍ᠴᠡᠳᠭᠡᠭᠴᠢ ᠵᠢᠨ ᠪᠡᠶ᠎ᠡ ᠵᠢᠨ ᠦᠨᠡᠮᠯᠡᠯ ᠵᠢᠴᠢ ᠬᠠᠭᠤᠯᠪᠤᠷᠢ ᠵᠢ ᠲᠤᠰᠢᠶᠠᠬᠤ ᠬᠡᠷᠡᠭᠲᠠᠢ᠃
2᠂ ᠪᠠᠢ᠌ᠭᠤᠯᠭ᠎ᠠ ᠨᠢᠭᠡᠴᠡ᠎ᠨᠢ ᠭᠠᠷᠳᠠᠨ ᠭᠦᠢ᠍ᠴᠡᠳᠭᠡᠭᠴᠢ ᠵᠢ ᠰᠤᠯᠢᠬᠤ ᠴᠢᠬᠤᠯᠠᠲᠠᠢ ᠪᠤᠯ᠂ ᠳᠠᠷᠤᠢ᠌ᠬᠠᠨ ᠤᠷᠤᠨ ᠰᠠᠭᠤᠴᠠ ᠵᠢᠨ ᠨᠡᠢ᠌ᠳᠡ ᠵᠢᠨ ᠬᠤᠷᠠᠮᠳᠤᠭᠤᠯᠭ᠎ᠠ ᠵᠢᠨ ᠮᠦᠩᠬᠦᠨ᠎ᠤ ᠬᠠᠮᠢᠶᠠᠷᠤᠯᠳᠠ ᠵᠢᠨ ᠲᠦᠪ᠎ᠲᠤ ᠬᠦᠷᠴᠤ ᠭᠠᠷᠳᠠᠨ ᠭᠦᠢ᠍ᠴᠡᠳᠭᠡᠭᠴᠢ ᠵᠢ ᠰᠤᠯᠢᠬᠤ ᠪᠦᠷᠢᠳᠭᠡᠯ᠎ᠤᠨ ᠭᠠᠷᠳᠠᠮ᠎ᠢ ᠭᠦᠢ᠍ᠴᠡᠳᠭᠡᠬᠦ ᠬᠡᠷᠡᠭᠲᠠᠢ᠃