ᠨᠢᠭᠡ᠂ ᠵᠥᠪᠰᠢᠶᠡᠷᠡᠯ᠎ᠤᠨ ᠲᠦᠷᠦᠯ ᠵᠦᠢ᠍ᠯ᠄ ᠡᠮ᠎ᠤᠨ ᠵᠦᠢ᠍ᠯ᠎ᠤᠨ ᠵᠠᠷ ᠮᠡᠳᠡᠭᠡ ᠨᠡᠢ᠌ᠲᠡᠯᠡᠬᠦ ᠪᠠᠷ ᠪᠦᠷᠢᠳᠭᠡᠯᠭᠡᠨ ᠳᠠᠩᠰᠠᠯᠠᠭᠤᠯᠬᠤ᠃
ᠬᠣᠶᠠᠷ᠂ ᠦᠨᠳᠦᠰᠦᠯᠡᠯ᠄1. 《ᠪᠥᠭᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠷ ᠮᠡᠳᠡᠭᠡ ᠵᠢᠨ ᠬᠠᠣᠯᠢ》 (ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠵᠠᠷᠯᠢᠭ 34 ᠳ᠋ᠦ᠍ᠭᠡᠷ ᠲᠣᠭ᠋ᠠᠲᠤ); 2. 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠮ᠎ᠤᠨ ᠵᠦᠢ᠍ᠯ᠎ᠤᠨ ᠬᠠᠮᠢᠶᠠᠷᠤᠯᠲᠠ ᠵᠢᠨ ᠬᠠᠣᠯᠢ》 (ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠵᠠᠷᠯᠢᠭ 45 ᠳ᠋ᠤᠭ᠋ᠠᠷ ᠲᠣᠭ᠋ᠠᠳᠤ); 3. 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠮ ᠵᠢᠨ ᠵᠦᠢ᠍ᠯ᠎ᠤᠨ ᠬᠠᠮᠢᠶᠠᠷᠤᠯᠲᠠ ᠵᠢᠨ ᠬᠠᠣᠯᠢ ᠵᠢ ᠬᠡᠷᠡᠭᠵᠢᠭᠦᠯᠬᠦ ᠳᠦᠷᠢᠮ》 (ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 360 ᠳ᠋ᠤᠭ᠋ᠠᠷ ᠲᠣᠭ᠋ᠠᠲᠤ); 4. 《ᠡᠮ᠎ᠤᠨ ᠵᠦᠢ᠍ᠯ᠎ᠤᠨ ᠵᠠᠷ ᠮᠡᠳᠡᠭᠡ ᠵᠢ ᠬᠢᠨᠠᠨ ᠪᠠᠢ᠌ᠴᠠᠭ᠋ᠠᠬᠤ ᠠᠷᠭ᠎ᠠ》 (ᠤᠯᠤᠰ᠎ᠤᠨ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠵᠠᠷᠯᠢᠭ 27 ᠳ᠋ᠤᠭ᠋ᠠᠷ ᠲᠣᠭ᠋ᠠᠲᠤ); 5. 《ᠡᠮ᠎ᠤᠨ ᠵᠦᠢ᠍ᠯ᠎ᠤᠨ ᠵᠠᠷ ᠮᠡᠳᠡᠭᠡ ᠵᠢ ᠬᠢᠨᠠᠨ ᠪᠠᠢ᠌ᠴᠠᠭ᠋ᠠᠵᠤ ᠨᠡᠢ᠌ᠲᠡᠯᠡᠬᠦ ᠪᠠᠷᠢᠮᠵᠢᠶ᠎ᠠ》 (ᠤᠯᠤᠰ᠎ᠤᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠶᠡᠷᠦᠩᠭᠡᠢ ᠲᠣᠪᠴᠢᠶ᠎ᠠ ᠵᠢᠨ ᠵᠠᠷᠯᠢᠭ 27 ᠳ᠋ᠤᠭ᠋ᠠᠷ ᠲᠣᠭ᠋ᠠᠲᠤ)᠃
ᠭᠤᠷᠪᠠ᠂ ᠭᠤᠶᠤᠴᠢᠯᠠᠬᠤ ᠬᠡᠪᠴᠢᠶ᠎ᠡ᠄ ᠥᠪᠡᠷᠲᠡᠭᠡᠨ ᠵᠠᠰᠠᠬᠣ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠠᠴᠠ ᠭᠠᠳᠠᠨᠠᠬᠢ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠢ᠌ᠯᠠᠯ᠂ ᠡᠮ᠎ᠤᠨ ᠵᠦᠢ᠍ᠯ ᠡᠵᠡᠩᠨᠡᠬᠦ ᠠᠵᠤ ᠠᠬᠤᠢ᠌ᠯᠠᠯ᠂ ᠭᠠᠳᠠᠭ᠋ᠠᠳᠤ᠎ᠠᠴᠠ ᠣᠷᠣᠭᠤᠯᠤᠭᠰᠠᠨ ᠡᠮ᠎ᠤᠨ ᠵᠦᠢ᠍ᠯ᠎ᠢ ᠣᠷᠣᠯᠠᠨ ᠭᠦᠢ᠍ᠴᠡᠳᠬᠡᠬᠦ ᠪᠠᠢ᠌ᠭᠤᠯᠤᠮᠵᠢ ᠥᠪᠡᠷᠲᠡᠭᠡᠨ ᠵᠠᠰᠠᠬᠣ ᠣᠷᠣᠨ᠎ᠳᠤ ᠡᠮ᠎ᠤᠨ ᠵᠠᠷ ᠮᠡᠳᠡᠭᠡ ᠨᠡᠢ᠌ᠲᠡᠯᠡᠬᠦ᠎ᠪᠠᠷ ᠭᠤᠶᠤᠴᠢᠯᠠᠨ᠎ᠠ᠃
ᠳᠥᠷᠪᠡ᠂ ᠡᠮ᠎ᠤᠨ ᠵᠦᠢ᠍ᠯ᠎ᠤᠨ ᠵᠠᠷ ᠮᠡᠳᠡᠭᠡ ᠨᠡᠢ᠌ᠲᠡᠯᠡᠬᠦ᠎ᠪᠠᠷ ᠭᠤᠶᠤᠴᠢᠯᠠᠬᠤ᠎ᠳᠤ ᠮᠡᠳᠡᠭᠦᠯᠬᠦ ᠴᠢᠬᠤᠯᠠᠲᠠᠢ ᠮᠠᠲᠸᠷᠢᠶᠠᠯ᠄ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠢ᠌ᠯᠠᠯ᠂ ᠭᠠᠳᠠᠭ᠋ᠠᠳᠤ᠎ᠠᠴᠠ ᠣᠷᠣᠭᠣᠯᠤᠭᠰᠠᠨ ᠡᠮ᠎ᠤᠨ ᠵᠦᠢ᠍ᠯ᠎ᠢ ᠣᠷᠣᠯᠠᠨ ᠭᠦᠢ᠍ᠴᠡᠳᠬᠡᠬᠦ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠤᠨ ᠮᠤᠵᠢ ᠵᠢᠨ ᠱᠠᠲᠤᠨ᠎ᠤ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠦᠴᠢᠷ ᠬᠢᠨᠠᠭ᠋ᠠᠳ ᠵᠥᠪᠰᠢᠶᠡᠷᠡᠭᠰᠡᠨ 《ᠡᠮ᠎ᠤᠨ ᠵᠦᠢ᠍ᠯ᠎ᠤᠨ ᠵᠠᠷ ᠮᠡᠳᠡᠭᠡ ᠵᠢ ᠬᠢᠨᠠᠨ ᠪᠠᠢ᠌ᠴᠠᠭ᠋ᠠᠬᠤ ᠬᠦᠰᠦᠨᠦᠭᠲᠦ》 ᠵᠢᠨ ᠡᠬᠡ ᠮᠠᠲᠸᠷᠢᠶᠠᠯ ᠨᠢᠭᠡ ᠬᠤᠪᠢ (ᠪᠠᠢ᠌ᠴᠠᠭ᠋ᠠᠨ ᠰᠢᠯᠭ᠋ᠠᠭᠰᠠᠨᠤ ᠳᠠᠷᠠᠭ᠎ᠠ ᠲᠡᠷᠡ ᠳᠠᠷᠣᠢ᠎ᠳᠤᠨᠢ ᠪᠤᠴᠠᠭ᠋ᠠᠨ᠎ᠠ)᠂ ᠬᠠᠭᠤᠯᠪᠤᠷᠢ ᠭᠤᠷᠪᠠᠨ ᠬᠤᠪᠢ;
2. ᠵᠥᠪᠰᠢᠶᠡᠷᠡᠭᠰᠡᠨ ᠲᠠᠢ᠌ᠯᠪᠤᠷᠢ ᠵᠢᠨ ᠬᠠᠭᠤᠯᠪᠤᠷᠢ ᠪᠠ ᠪᠤᠳᠠᠳᠠᠢ ᠬᠡᠷᠡᠭᠯᠡᠭᠰᠡᠨ ᠱᠣᠰᠢᠭ᠎ᠠ ᠲᠡᠮᠳᠡᠭ ᠬᠢᠭᠡᠳ ᠲᠠᠢ᠌ᠯᠪᠤᠷᠢ (ᠪᠤᠳᠠᠳᠠᠢ ᠬᠡᠷᠡᠭᠯᠡᠭᠰᠡᠨ ᠱᠣᠰᠢᠭ᠎ᠠ ᠲᠡᠮᠳᠡᠭ ᠬᠢᠭᠡᠳ ᠲᠠᠢ᠌ᠯᠪᠤᠷᠢ ᠵᠢ A4 ᠴᠠᠭ᠋ᠠᠰᠣᠨ ᠳᠡᠭᠡᠷ᠎ᠡ ᠳᠡᠭᠰᠢᠬᠡᠨ ᠨᠠᠭ᠋ᠠᠯᠳᠤᠭᠤᠯᠤᠨᠠ);
3. ᠲᠧᠯᠸᠢᠰ ᠵᠠᠷ ᠮᠡᠳᠡᠭᠡ ᠪᠣᠯᠣᠨ ᠷᠠᠳᠢᠣ᠋ ᠵᠠᠷ ᠮᠡᠳᠡᠭᠡ ᠪᠣᠯ ᠬᠢᠨᠠᠨ ᠪᠠᠢ᠌ᠴᠠᠭ᠋ᠠᠯᠭ᠋ᠠᠭᠰᠠᠨ ᠠᠭᠤᠯᠭ᠎ᠠ᠎ᠲᠠᠢ᠎ᠪᠠᠨ ᠨᠢᠭᠡᠳᠦᠯᠲᠡᠢ ᠵᠠᠷ ᠮᠡᠳᠡᠭᠡᠨ᠎ᠤ ᠦᠯᠢᠭᠡᠷ ᠪᠦᠰᠡ᠂ ᠭᠡᠷᠡᠯ ᠳ᠋ᠢᠰᠺ ᠪᠤᠶᠤ ᠪᠤᠰᠤᠳ ᠵᠠᠭᠤᠴᠢ ᠠᠴᠢᠶᠠᠯᠠᠪᠤᠷᠢ ᠵᠢ ᠲᠤᠰᠢᠶᠠᠬᠤ ᠬᠡᠷᠡᠭᠲᠡᠢ;
4. ᠡᠷᠬᠡ ᠣᠯᠭᠣᠭᠰᠠᠨ ᠪᠢᠴᠢᠭ ᠬᠢᠭᠡᠳ ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ᠄
(1) ᠭᠤᠶᠤᠴᠢᠯᠠᠭᠰᠠᠨ ᠨᠢᠭᠡᠴᠡ᠎ᠨᠢ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠢ᠌ᠯᠠᠯ ᠪᠠᠢ᠌ᠪᠠᠯ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠬᠠᠣᠯᠢ ᠵᠢᠨ ᠡᠷᠬᠡᠲᠡᠨ᠎ᠠᠴᠠ ᠡᠷᠬᠢᠯᠡᠨ ᠭᠦᠢ᠍ᠴᠡᠳᠬᠡᠭᠴᠢ᠎ᠳᠤ ᠬᠢᠵᠦ ᠥᠭᠭᠥᠭᠰᠡᠨ 《ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ》᠎ᠤᠨ ᠤᠭ ᠵᠦᠢ᠍ᠯ᠎ᠢ 1 ᠬᠤᠪᠢ ᠬᠠᠩᠭ᠋ᠠᠬᠤ ᠬᠡᠷᠡᠭᠲᠡᠢ; (2) ᠭᠤᠶᠤᠴᠢᠯᠠᠭᠰᠠᠨ ᠨᠢᠭᠡᠴᠡ᠎ᠨᠢ ᠲᠤᠰ ᠵᠠᠷ ᠮᠡᠳᠡᠭᠡ ᠭᠤᠶᠤᠴᠢᠯᠠᠭᠰᠠᠨ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠢ᠌ᠯᠠᠯ (ᠭᠠᠳᠠᠭ᠋ᠠᠳᠤ᠎ᠠᠴᠠ ᠣᠷᠣᠭᠣᠯᠤᠭᠰᠠᠨ ᠡᠮ᠎ᠤᠨ ᠵᠦᠢ᠍ᠯ ᠪᠠᠭᠲᠠᠨ᠎ᠠ) ᠪᠢᠰᠢ ᠪᠠᠢ᠌ᠪᠠᠯ᠂ ᠦᠢ᠍ᠯᠡᠳᠪᠦᠷᠢᠯᠡᠬᠦ ᠠᠵᠤ ᠠᠬᠤᠢ᠌ᠯᠠᠯ᠎ᠠᠴᠠ ᠭᠤᠶᠤᠴᠢᠯᠠᠭᠰᠠᠨ ᠨᠢᠭᠡᠴᠡ᠎ᠳᠤ ᠬᠢᠵᠦ ᠥᠭᠭᠥᠭᠰᠡᠨ ᠡᠷᠬᠡ ᠣᠯᠭᠣᠬᠤ ᠪᠢᠴᠢᠭ 1 ᠬᠤᠪᠢ ᠵᠢᠴᠢ ᠭᠤᠶᠤᠴᠢᠯᠠᠯ᠎ᠤᠨ ᠨᠢᠭᠡᠴᠡ ᠠᠵᠤ ᠠᠬᠤᠢ᠌ᠯᠠᠯ᠎ᠤᠨ ᠬᠠᠣᠯᠢ ᠵᠢᠨ ᠡᠷᠬᠡᠲᠡᠨ᠎ᠠᠴᠠ ᠡᠷᠬᠢᠯᠡᠨ ᠭᠦᠢ᠍ᠴᠡᠳᠬᠡᠭᠴᠢ᠎ᠳᠤ ᠬᠢᠵᠦ ᠥᠭᠭᠥᠭᠰᠡᠨ 《ᠡᠷᠬᠡ ᠣᠯᠭᠣᠬᠤ ᠨᠠᠢ᠌ᠳᠠᠯᠭ᠎ᠠ ᠵᠢᠨ ᠪᠢᠴᠢᠭ》᠎ᠤᠨ ᠤᠭ ᠵᠦᠢ᠍ᠯ᠎ᠢ 1 ᠬᠤᠪᠢ ᠲᠤᠰᠢᠶᠠᠬᠤ ᠬᠡᠷᠡᠭᠲᠡᠢ᠃
ᠲᠠᠪᠤ᠂ ᠭᠦᠢ᠍ᠴᠡᠳᠬᠡᠬᠦ ᠴᠠᠭ᠎ᠤᠨ ᠬᠢᠵᠠᠭ᠋ᠠᠷ᠄ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠃
ᠵᠢᠷᠭᠤᠭ᠎ᠠ᠂ ᠰᠦᠢ᠍ᠳᠬᠡᠯ ᠬᠤᠷᠢᠶᠠᠬᠤ ᠪᠠᠷᠢᠮᠵᠢᠶ᠎ᠠ᠄ ᠰᠦᠢ᠍ᠳᠬᠡᠯ ᠬᠤᠷᠢᠶᠠᠬᠤ ᠦᠭᠡᠢ; ᠭᠦᠢ᠍ᠴᠡᠳᠬᠡᠬᠦ ᠪᠠᠢ᠌ᠭᠤᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠵᠠᠬ᠎ᠠ ᠳᠡᠯᠭᠡᠭᠦᠷ᠎ᠲᠤ ᠬᠢᠨᠠᠯᠲᠠ ᠲᠠᠯᠪᠢᠬᠤ ᠭᠠᠵᠠᠷ᠃
ᠳᠣᠯᠣᠭ᠎ᠠ᠂ ᠬᠦᠯᠢᠶᠡᠨ ᠠᠪᠴᠤ ᠭᠦᠢ᠍ᠴᠡᠳᠬᠡᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠢᠳᠡᠭᠡᠨ ᠪᠠ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠶᠡᠬᠡ ᠲᠢᠩᠬᠢᠮ
ᠬᠦᠬᠡᠬᠤᠲᠠ ᠵᠢᠨ ᠰᠠᠢ᠌ᠬᠠᠨ ᠲᠣᠭᠤᠷᠢᠭ᠎ᠤᠨ ᠤᠯᠠᠭ᠋ᠠᠨᠴᠠᠪ ᠵᠡᠭᠦᠨ ᠵᠡᠭᠡᠯᠢ ᠵᠢᠨ 77 ᠳ᠋ᠤᠭ᠋ᠠᠷ ᠨᠣᠮᠧᠷ
ᠳ᠋ᠢᠶᠠᠩᠬᠤᠸᠠ᠄ 0471- 4910470