ᠨᠢᠭᠡ᠂ ᠭᠤᠶᠤᠴᠢᠯᠠᠬᠤ
(ᠨᠢᠭᠡ) ᠲᠤᠰᠢᠶᠠᠬᠤ ᠮᠠᠲᠸᠷᠢᠶᠠᠯ
1. ᠡᠵᠡᠨᠭᠨᠡᠯᠲᠡ ᠵᠢᠨ ᠵᠦᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ ᠪᠢᠴᠢᠭ ᠮᠠᠲᠸᠷᠢᠶᠠᠯ ᠬᠢᠭᠡᠳ ᠭᠤᠶᠤᠴᠢᠯᠠᠯ᠎ᠤᠨ ᠪᠢᠴᠢᠭ
2. ᠠᠶᠤᠯ ᠦᠬᠡᠢ ᠦᠢ᠍ᠯᠡᠳᠪᠤᠷᠢᠯᠡᠯ᠎ᠤᠨ ᠳᠦᠷᠢᠮ ᠲᠤᠭᠲᠠᠭ᠋ᠠᠯ ᠪᠠ ᠠᠵᠢᠯ᠎ᠤᠨ ᠪᠠᠢ᠌ᠷᠢ ᠵᠢᠨ ᠠᠵᠢᠯᠯᠠᠬᠤ ᠳᠦᠷᠢᠮ
3. ᠠᠵᠤ ᠠᠬᠤᠢ᠌ᠯᠠᠯ᠎ᠤᠨ ᠭᠤᠤᠯ ᠬᠠᠷᠢᠭᠤᠴᠠᠯᠭ᠋ᠠᠲᠠᠨ᠂ ᠠᠶᠤᠯ ᠦᠬᠡᠢ ᠦᠢ᠍ᠯᠡᠳᠪᠤᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠂ ᠤᠨᠴᠠᠭ᠋ᠠᠢ ᠠᠵᠢᠯ ᠲᠦᠷᠦᠯ᠎ᠤᠨ ᠬᠦᠮᠦᠰ᠎ᠤᠨ ᠬᠠᠮᠢᠶ᠎ᠠ ᠪᠦᠬᠦᠢ ᠬᠢᠷᠢ ᠬᠡᠮ᠎ᠤᠨ ᠦᠨᠡᠮᠯᠡᠯ (ᠬᠠᠭᠤᠯᠪᠤᠷᠢ) ᠪᠠ ᠪᠤᠰᠤᠳ ᠠᠵᠢᠯᠯᠠᠬᠤ ᠬᠦᠮᠤᠰ᠎ᠤᠨ ᠪᠤᠯᠪᠠᠰᠤᠷᠠᠭᠤᠯᠤᠯ᠎ᠳᠤ ᠬᠢᠷᠢ ᠲᠡᠨᠭᠴᠡᠭᠰᠡᠨ ᠬᠡᠷᠡᠴᠢ ᠮᠠᠲᠸᠷᠢᠶᠠᠯ
4. ᠡᠵᠡᠨᠭᠨᠡᠯᠲᠡ ᠵᠢᠨ ᠲᠠᠯᠠᠪᠤᠷ᠎ᠤᠨ ᠦᠮᠴᠢᠯᠡᠯ᠎ᠤᠨ ᠡᠷᠭᠡ ᠵᠢᠨ ᠬᠡᠷᠡᠴᠢ ᠪᠢᠴᠢᠭ ᠮᠠᠲᠸᠷᠢᠶᠠᠯ ᠪᠤᠶᠤ ᠲᠦᠷᠢᠶᠡᠰᠤᠯᠡᠯᠤᠨ ᠪᠢᠴᠢᠭ ᠮᠠᠲᠸᠷᠢᠶᠠᠯ
5. ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠤᠨ ᠤᠯᠭᠤᠭᠰᠠᠨ ᠠᠵᠤ ᠠᠬᠤᠢ᠌ᠯᠠᠯ᠎ᠤᠨ ᠰᠢᠨᠵᠢ ᠴᠢᠨᠠᠷᠲᠠᠢ ᠡᠵᠡᠨᠭᠨᠡᠯᠲᠡ ᠵᠢᠨ ᠦᠨᠡᠮᠯᠡᠯ ᠪᠤᠶᠤ ᠠᠵᠤ ᠠᠬᠤᠢ᠌ᠯᠠᠯ᠎ᠤᠨ ᠨᠡᠷᠡᠢ᠌ᠳᠦᠯ᠎ᠢ ᠤᠷᠢᠳᠴᠢᠯᠠᠨ ᠬᠢᠨᠠᠨ ᠬᠠᠷᠭᠤᠭᠤᠯᠤᠭᠰᠠᠨ ᠪᠢᠴᠢᠭ ᠮᠠᠲᠸᠷᠶᠠᠯ (ᠬᠠᠭᠤᠯᠪᠤᠷᠢ)
6. ᠠᠶᠤᠯᠲᠠᠢ ᠬᠢᠮᠢ ᠵᠢᠨ ᠪᠤᠳᠠᠰ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠤᠷᠢᠳᠴᠢᠯᠠᠭᠰᠠᠨ ᠲᠦᠰᠦᠯ᠎ᠢ ᠳᠠᠩᠰᠠᠯᠠᠨ ᠪᠦᠷᠢᠳᠭᠡᠬᠦ ᠬᠦᠰᠦᠨᠦᠭᠲᠦ (ᠬᠠᠭᠤᠯᠪᠤᠷᠢ)
ᠬᠠᠳᠠᠭ᠋ᠠᠯᠠᠬᠤ ᠪᠡᠯᠡᠳᠬᠡᠮᠵᠢ᠎ᠲᠠᠢ ᠪᠦᠭᠡᠳ ᠠᠶᠤᠯᠲᠠᠢ ᠬᠢᠮᠢ ᠵᠢᠨ ᠪᠤᠳᠠᠰ ᠡᠵᠡᠩᠨᠡᠵᠦ ᠪᠠᠢ᠌ᠭ᠎ᠠ ᠪᠤᠯ ᠪᠠᠰᠠ ᠳᠤᠤᠷᠠᠬᠢ ᠮᠠᠲᠸᠷᠢᠶᠠᠯ᠎ᠢ ᠲᠤᠰᠢᠶᠠᠨ᠎ᠠ᠄
1. ᠬᠠᠳᠠᠭ᠋ᠠᠯᠠᠬᠤ ᠪᠡᠯᠡᠳᠭᠡᠮᠵᠢ ᠵᠢᠨ ᠬᠠᠮᠢᠶ᠎ᠠ ᠪᠦᠬᠦᠢ ᠬᠡᠷᠡᠴᠢ ᠪᠢᠴᠢᠭ ᠮᠠᠲᠸᠷᠢᠶᠠᠯ (ᠬᠠᠭᠤᠯᠪᠤᠷᠢ); ᠬᠠᠳᠠᠭ᠋ᠠᠯᠠᠬᠤ ᠪᠡᠯᠡᠳᠭᠡᠮᠵᠢ ᠳᠦᠷᠢᠶᠡᠰᠦᠯᠡᠭᠰᠡᠨ ᠪᠤᠯ᠂ ᠳᠦᠷᠢᠶᠡᠰᠦᠯᠡᠭᠰᠡᠨ ᠬᠡᠷᠡᠴᠢ ᠪᠢᠴᠭ ᠮᠠᠲᠸᠷᠢᠶᠠᠯ ᠡᠵᠡᠨᠭᠨᠡᠯᠲᠡ ᠵᠢᠨ ᠵᠦᠪᠰᠢᠶᠡᠷᠡᠯ᠎ᠤᠨ ᠦᠨᠡᠮᠯᠡᠯ (ᠬᠠᠭᠤᠯᠪᠤᠷᠢ)᠎ᠢ ᠲᠤᠰᠢᠶᠠᠨ᠎ᠠ; ᠬᠠᠳᠠᠭ᠋ᠠᠯᠠᠬᠤ ᠪᠡᠯᠡᠳᠭᠡᠮᠵᠢ ᠵᠢ ᠰᠢᠨᠡᠴᠢᠯᠡᠨ ᠪᠠᠢ᠌ᠭᠤᠯᠤᠭᠰᠠᠨ᠂ ᠦᠬᠡᠷᠡᠴᠢᠯᠡᠨ ᠪᠠᠢ᠌ᠭᠤᠯᠤᠭᠰᠠᠨ᠂ ᠦᠷᠭᠡᠳᠭᠡᠨ ᠪᠠᠢ᠌ᠭᠤᠯᠤᠭᠰᠠᠨ ᠪᠤᠯ᠂ ᠪᠠᠷᠢᠯᠭ᠎ᠠ ᠳᠠᠭᠤᠰᠤᠭᠰᠠᠨ ᠠᠶᠤᠯᠲᠠᠢ ᠬᠢᠮᠢ ᠵᠢᠨ ᠪᠤᠳᠠᠰ᠎ᠤᠨ ᠪᠦᠳᠤᠭᠡᠨ ᠪᠠᠢ᠌ᠭᠤᠯᠤᠯᠳᠠ ᠵᠢᠨ ᠲᠦᠷᠦᠯ ᠵᠦᠢ᠍ᠯ᠎ᠤᠨ ᠠᠮᠤᠷ ᠲᠦᠪᠰᠢᠨ᠎ᠤ ᠪᠡᠯᠡᠳᠭᠡᠮᠵᠢ ᠵᠢ ᠰᠢᠯᠭ᠋ᠠᠨ ᠬᠤᠷᠢᠶᠠᠬᠤ ᠰᠠᠨᠠᠯ (ᠬᠠᠭᠤᠯᠪᠤᠷᠢ)᠎ᠢ ᠲᠤᠰᠢᠶᠠᠨ᠎ᠠ;
2. ᠴᠢᠬᠤᠯᠠ ᠶᠡᠬᠡ ᠠᠶᠤᠯ᠎ᠤᠨ ᠰᠤᠷᠪᠤᠯᠵᠢ ᠵᠢ ᠳᠠᠩᠰᠠᠯᠠᠭᠤᠯᠤᠭᠰᠠᠨ ᠬᠡᠷᠡᠴᠢ ᠮᠠᠲᠸᠷᠢᠶᠠᠯ᠂ ᠠᠶᠤᠯ ᠦᠬᠡᠢ ᠦᠢ᠍ᠯᠡᠳᠪᠤᠷᠢᠯᠡᠯ᠎ᠤᠨ ᠲᠤᠰᠬᠠᠢ ᠲᠤᠰᠢᠶᠠᠯ᠎ᠳᠤ ᠬᠠᠮᠢᠶᠠᠷᠤᠯᠲᠠ ᠵᠢᠨ ᠠᠵᠢᠯᠲᠠᠨ᠎ᠤ ᠰᠤᠷᠤᠯᠭ᠎ᠠ ᠵᠢᠨ ᠨᠠᠮᠲᠠᠷ᠎ᠤᠨ ᠦᠨᠡᠮᠯᠡᠯ᠂ ᠮᠡᠷᠭᠡᠵᠢᠯ᠎ᠤᠨ ᠴᠤᠯᠠ ᠵᠢᠨ ᠦᠨᠡᠮᠯᠡᠯ ᠪᠤᠶᠤ ᠠᠶᠤᠯᠲᠠᠢ ᠪᠤᠳᠠᠰ᠎ᠤᠨ ᠠᠶᠤᠯ ᠦᠬᠡᠢ ᠲᠦᠷᠦᠯ᠎ᠢ ᠳᠠᠨᠭ᠌ᠰᠠᠯᠠᠬᠤ ᠠᠶᠤᠯ ᠦᠬᠡᠢ ᠵᠢᠨ ᠠᠵᠢᠯ᠎ᠤᠨ ᠢᠨᠵᠸᠨ᠋ᠸᠷ᠎ᠤᠨ ᠬᠢᠷᠢ ᠬᠡᠮ᠎ᠤᠨ ᠦᠨᠡᠮᠯᠡᠯ (ᠬᠠᠭᠤᠯᠪᠤᠷᠢ);
3᠂ ᠠᠶᠤᠯ ᠦᠬᠡᠢ ᠵᠢᠨ ᠦᠨᠡᠯᠡᠯᠳᠡ ᠵᠢᠨ ᠮᠡᠳᠡᠭᠦᠯᠦᠯᠳᠡ
(ᠬᠤᠶᠠᠷ) ᠭᠤᠶᠤᠴᠢᠯᠠᠨ ᠮᠡᠳᠡᠭᠦᠯᠬᠦ ᠱᠠᠭ᠋ᠠᠷᠳᠠᠯᠭ᠎ᠠ᠄
ᠭᠤᠶᠤᠴᠢᠯᠠᠭᠴᠢ ᠵᠢᠨ ᠲᠤᠰᠢᠶᠠᠭᠰᠠᠨ ᠮᠠᠲᠸᠷᠢᠶᠠᠯ᠎ᠨᠢ ᠪᠦᠷᠢᠨ ᠬᠦᠢ᠍ᠴᠡᠳ᠂ ᠳᠦᠷᠢᠮᠵᠢᠭᠦᠨ᠂ ᠬᠦᠴᠦᠨ᠎ᠲᠠᠢ ᠪᠠᠢ᠌ᠬᠤ᠃
ᠬᠤᠶᠠᠷ᠂ ᠬᠦᠢ᠍ᠴᠡᠳᠭᠡᠭᠰᠡᠨ ᠦᠷ᠎ᠡ ᠳ᠋ᠦᠨᠭ
ᠦᠨᠡᠮᠯᠡᠯ ᠤᠯᠭᠤᠬᠤ ᠪᠠᠢ᠌ᠭᠤᠯᠭ᠎ᠠ ᠡᠵᠡᠨᠭᠨᠡᠯᠲᠡ ᠵᠢᠨ ᠵᠦᠪᠰᠢᠶᠡᠷᠡᠯ᠎ᠤᠨ ᠦᠨᠡᠮᠯᠡᠯ᠎ᠤᠨ ᠭᠤᠶᠤᠴᠢᠯᠠᠯ᠎ᠢ ᠬᠦᠯᠢᠶᠡᠨ ᠠᠪᠤᠭᠰᠠᠨ᠎ᠤ᠎ᠪᠠᠨ ᠳᠠᠷᠠᠭ᠎ᠠ᠂ ᠭᠤᠶᠤᠴᠢᠯᠠᠭᠴᠢ ᠵᠢᠨ ᠲᠤᠰᠢᠶᠠᠭᠰᠠᠨ ᠪᠢᠴᠢᠭ ᠮᠠᠲᠸᠷᠢᠶᠠᠯ᠂ ᠮᠠᠲᠸᠷᠢᠶᠠᠯ᠎ᠢ ᠵᠤᠬᠢᠶᠠᠨ ᠪᠠᠢ᠌ᠭᠤᠯᠤᠨ ᠬᠢᠨᠠᠨ ᠪᠠᠢ᠌ᠴᠠᠭ᠋ᠠᠵᠦ᠂ ᠬᠤᠶᠠᠷ᠎ᠠᠴᠠ ᠳᠡᠭᠡᠭᠰᠢ ᠠᠵᠢᠯᠳᠠᠨ᠎ᠢ ᠲᠤᠮᠢᠯᠠᠨ ᠭᠤᠶᠤᠴᠢᠯᠠᠭᠴᠢ ᠵᠢᠨ ᠡᠵᠡᠩᠨᠡᠯᠳᠡ ᠵᠢᠨ ᠲᠠᠯᠠᠪᠤᠷ᠂ ᠬᠠᠳᠠᠭ᠋ᠠᠯᠠᠬᠤ ᠪᠡᠯᠡᠳᠭᠡᠮᠵᠢ ᠵᠢᠨ ᠲᠤᠬᠠᠢ ᠭᠠᠵᠠᠷ᠎ᠲᠤᠨᠢ ᠬᠢᠨᠠᠨ ᠪᠠᠢ᠌ᠴᠠᠯᠭ᠋ᠠᠵᠦ ᠂ ᠬᠦᠯᠢᠶᠡᠨ ᠠᠪᠤᠭᠰᠠᠨ ᠡᠳᠦᠷ᠎ᠠᠴᠠ᠎ᠪᠠᠨ ᠡᠬᠢᠯᠡᠨ 30 ᠠᠵᠢᠯᠯᠠᠬᠤ ᠡᠳᠦᠷ᠎ᠤᠨ ᠳᠤᠲᠤᠷ᠎ᠠ ᠵᠦᠪᠰᠢᠶᠡᠷᠡᠬᠦ ᠡᠰᠡᠬᠦ ᠵᠢᠨ ᠲᠤᠭᠳᠠᠭ᠋ᠠᠯ ᠭᠠᠷᠭ᠋ᠠᠨ᠎ᠠ᠃
ᠦᠨᠡᠮᠯᠡᠯ ᠤᠯᠭᠤᠬᠤ ᠪᠠᠢ᠌ᠭᠤᠯᠭ᠎ᠠ ᠵᠦᠪᠰᠢᠶᠡᠷᠡᠬᠦ ᠲᠤᠭᠳᠠᠭ᠋ᠠᠯ ᠭᠠᠷᠭ᠋ᠠᠭᠰᠠᠨ ᠪᠤᠯ ᠲᠤᠭᠳᠠᠭ᠋ᠠᠯ ᠭᠠᠷᠭ᠋ᠠᠭᠰᠠᠨ ᠡᠳᠤᠷ᠎ᠠᠴᠠ᠎ᠪᠠᠨ ᠡᠬᠢᠯᠡᠨ 10 ᠠᠵᠢᠯᠯᠠᠬᠤ ᠡᠳᠤᠷ᠎ᠤᠨ ᠳᠤᠳᠤᠷ᠎ᠠ ᠡᠵᠡᠩᠨᠡᠯᠳᠡ ᠵᠢᠨ ᠦᠨᠡᠮᠯᠡᠯ ᠤᠯᠭᠤᠨ᠎ᠠ; ᠦᠨᠡᠮᠯᠡᠯ ᠤᠯᠭᠤᠬᠤ ᠪᠠᠢ᠌ᠭᠤᠯᠭ᠎ᠠ ᠦᠯᠦ ᠵᠦᠪᠰᠢᠶᠡᠷᠡᠬᠦ ᠲᠤᠭᠳᠠᠭ᠋ᠠᠯ ᠭᠠᠷᠭ᠋ᠠᠭᠰᠠᠨ ᠪᠤᠯ᠂ 10 ᠠᠵᠢᠯᠯᠠᠬᠤ ᠡᠳᠦᠷ᠎ᠤᠨ ᠳᠤᠲᠤᠷ᠎ᠠ ᠭᠤᠶᠤᠴᠢᠯᠠᠭᠴᠢ᠎ᠳᠤ ᠪᠢᠴᠢᠭ ᠵᠶ᠋ᠡᠷ ᠮᠡᠳᠡᠭᠳᠡᠬᠦ ᠵᠢᠨ ᠬᠠᠮᠲᠤ ᠦᠯᠦ ᠵᠦᠪᠰᠢᠶᠡᠷᠡᠭᠰᠡᠨ ᠤᠴᠢᠷ ᠰᠢᠯᠲᠠᠭ᠋ᠠᠨ᠎ᠢ ᠲᠠᠢ᠌ᠯᠪᠤᠷᠢᠯᠠᠨ ᠦᠭᠬᠦᠨ᠎ᠡ᠃
ᠭᠤᠷᠪᠠ᠂ ᠠᠨᠭ᠌ᠬᠠᠷᠬᠤ ᠵᠦᠢ᠍ᠯ
1. ᠪᠡᠶᠡᠯᠡᠬᠦᠯᠬᠦ ᠴᠠᠭ᠎ᠤᠨ ᠬᠢᠵᠠᠭ᠋ᠠᠷ᠄ 30 ᠠᠵᠢᠯᠯᠠᠬᠤ ᠡᠳᠦᠷ
2. ᠰᠦᠢ᠍ᠳᠭᠡᠯ ᠬᠤᠷᠢᠶᠠᠬᠤ ᠪᠠᠷᠢᠮᠵᠢᠶ᠎ᠠ᠄ ᠰᠦᠢ᠍ᠳᠭᠡᠯ ᠬᠤᠷᠢᠶᠠᠬᠤ ᠦᠭᠡᠢ