ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠬᠤ ᠬᠢᠨᠠᠨ ᠵᠦᠪᠰᠢᠶᠡᠷᠡᠯ
ᠨᠡᠶ᠋ᠢᠲᠡᠯᠡᠭᠰᠡᠨ ᠴᠠᠭ᠄ 2024-04-24

 

      ᠬᠢᠨᠠᠨ ᠵᠦᠪᠰᠢᠶᠡᠷᠡᠬᠦ ᠵᠦᠢ᠍ᠯᠡᠰ᠄ ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠬᠤ ᠬᠢᠨᠠᠨ ᠵᠦᠪᠰᠢᠶᠡᠷᠡᠯ
      ᠭᠣᠣᠯᠴᠢᠯᠠᠨ ᠭᠦᠢ᠍ᠴᠡᠳᠬᠡᠬᠦ ᠪᠠᠢ᠌ᠭᠤᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ
      ᠬᠠᠦᠯᠢ ᠴᠠᠭ᠋ᠠᠵᠠ ᠬᠠᠦᠯᠢ ᠲᠣᠭᠲᠠᠭ᠋ᠠᠯ᠎ᠤᠨ ᠦᠨᠳᠦᠰᠦᠯᠡᠯ᠄ 《ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠳᠦᠷᠢᠮ》᠂ 《ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠬᠤ ᠬᠠᠮᠢᠶᠠᠷᠤᠯᠲᠠ ᠵᠢᠨ ᠠᠷᠭ᠎ᠠ》
      ᠬᠢᠨᠠᠨ ᠵᠦᠪᠰᠢᠶᠡᠷᠡᠬᠦ ᠬᠡᠪᠴᠢᠶ᠎ᠡ᠄   ᠣᠷᠴᠢᠨ ᠲᠣᠭᠤᠷᠢᠨ᠎ᠤ ᠨᠦᠯᠦᠭᠡᠯᠡᠯ᠎ᠤᠨ ᠦᠨᠡᠯᠡᠯᠲᠡ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠬᠢᠨᠠᠨ ᠵᠦᠪᠰᠢᠶᠡᠷᠡᠭᠰᠡᠨ ᠮᠠᠲᠸᠷᠢᠶᠠᠯ᠎ᠳᠠᠬᠢ ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ        (ᠴᠦᠮ᠎ᠡ ᠪᠣᠯᠣᠨ ᠰᠠᠴᠤᠷᠠᠭ᠎ᠤᠨ ᠪᠡᠯᠡᠳᠬᠡᠮᠵᠢ ᠵᠢᠨ ᠪᠥᠲᠦᠭᠡᠨ ᠪᠠᠢ᠌ᠭᠤᠯᠤᠯᠲᠠ ᠵᠢ ᠪᠠᠭᠲᠠᠭ᠋ᠠᠬᠤ ᠦᠭᠡᠢ)  ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠬᠤ
      ᠬᠢᠨᠠᠨ ᠵᠦᠪᠰᠢᠶᠡᠷᠡᠬᠦ ᠨᠥᠬᠦᠴᠡᠯ᠄
     1. ᠣᠷᠴᠢᠨ ᠲᠣᠭᠤᠷᠢᠨ᠎ᠤ ᠨᠦᠯᠦᠭᠡᠯᠡᠯ᠎ᠤᠨ ᠦᠨᠡᠯᠡᠯᠲᠡ ᠪᠠ ᠴᠤᠬᠤᠯᠠᠪᠤᠷᠢ ᠮᠠᠲᠸᠷᠢᠶᠠᠯ᠎ᠤᠨ ᠱᠠᠭ᠋ᠠᠷᠳᠠᠯᠭ᠎ᠠ ᠶᠣᠰᠤᠭ᠋ᠠᠷ ᠡᠯ᠎ᠡ ᠲᠥᠷᠥᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠪᠠᠢ᠌ᠭᠤᠯᠤᠭᠰᠠᠨ ᠪᠠ ᠡᠯ᠎ᠡ ᠲᠥᠷᠥᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠡᠰᠡᠬᠦ
     2. ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠤᠷ᠎ᠠ ᠮᠡᠷᠭᠡᠵᠢᠯ᠂ ᠬᠡᠪᠴᠢᠶ᠎ᠡ᠂ ᠪᠤᠬᠢᠷᠳᠤᠯ᠎ᠢ ᠰᠡᠷᠭᠡᠢ᠌ᠯᠡᠨ ᠵᠠᠰᠠᠬᠤ ᠴᠢᠳᠠᠪᠤᠷᠢ᠂ ᠮᠡᠷᠭᠡᠵᠢᠯ᠎ᠨᠢ ᠪᠤᠯᠤᠮᠵᠢᠲᠠᠢ ᠡᠰᠡᠬᠦ᠂ ᠲᠣᠭᠲᠠᠭᠤᠨ ᠠᠵᠢᠯᠯᠠᠭ᠎ᠠ᠎ᠨᠢ ᠪᠠᠳᠤᠯᠠᠭ᠎ᠠ᠎ᠲᠠᠢ ᠡᠰᠡᠬᠦ; ᠠᠮᠢ ᠠᠬᠤᠢ ᠵᠢ ᠰᠡᠷᠭᠦᠭᠡᠬᠦ ᠲᠥᠯᠥᠪᠯᠡᠭᠡ ᠵᠢ ᠲᠤᠭᠳᠠᠭ᠋ᠠᠨ ᠨᠠᠢ᠌ᠳᠠᠪᠤᠷᠢᠵᠢᠭᠤᠯᠤᠭᠰᠠᠨ ᠡᠰᠡᠬᠦ᠂ ᠤᠷᠭᠤᠮᠠᠯ᠎ᠤᠨ ᠪᠥᠷᠬᠦᠴᠡ ᠵᠢ ᠰᠡᠷᠭᠦᠭᠡᠬᠦ ᠠᠷᠭ᠎ᠠ ᠬᠡᠮᠵᠢᠶ᠎ᠡ᠎ᠨᠢ ᠪᠦᠳᠤᠮᠵᠢᠲᠠᠢ ᠡᠰᠡᠬᠦ
     3. ᠪᠤᠬᠢᠷᠳᠤᠯ ᠪᠤᠳᠠᠰ ᠭᠠᠳᠠᠭᠰᠢᠯᠠᠭᠤᠯᠬᠤ᠎ᠨᠢ ᠪᠠᠷᠢᠮᠵᠢᠶ᠎ᠡ᠎ᠳᠤ ᠬᠦᠷᠦᠭᠰᠡᠨ ᠡᠰᠡᠬᠦ᠂ ᠭᠠᠳᠠᠭᠰᠢᠯᠠᠭᠤᠯᠬᠤ ᠴᠢᠭᠯᠡᠯ᠎ᠨᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠱᠠᠭ᠋ᠠᠷᠳᠠᠯᠭ᠎ᠠ (ᠠᠶᠤᠯᠲᠠᠢ ᠬᠠᠶᠠᠭᠳᠠᠮᠠᠯ ᠪᠤᠳᠠᠰ᠎ᠢ ᠰᠢᠢ᠍ᠳᠪᠦᠷᠢᠯᠡᠵᠤ ᠲᠣᠬᠢᠷᠠᠭᠤᠯᠬᠤ᠎ᠨᠢ ᠱᠠᠭ᠋ᠠᠷᠳᠠᠯᠭ᠎ᠠ᠎ᠳᠤ ᠨᠡᠢ᠌ᠴᠡᠭᠰᠡᠨ ᠡᠰᠡᠬᠦ ᠪᠠᠭᠳᠠᠨ᠎ᠠ) ᠵᠢ ᠭᠦᠢ᠍ᠴᠡᠳᠭᠡᠭᠰᠡᠨ ᠡᠰᠡᠬᠦ
     4. ᠭᠣᠣᠯ ᠪᠤᠬᠢᠷᠳᠤᠯ ᠪᠤᠳᠠᠰ᠎ᠤᠨ ᠭᠠᠳᠠᠭᠰᠢᠯᠠᠭᠤᠯᠬᠤ ᠬᠡᠮᠵᠢᠶ᠎ᠡ᠎ᠨᠢ ᠶᠡᠷᠦᠩᠬᠡᠢ ᠡᠵᠡᠮᠳᠡᠯ᠎ᠤᠨ ᠱᠠᠭ᠋ᠠᠷᠳᠠᠯᠭ᠎ᠠ ᠵᠢ ᠭᠦᠢ᠍ᠴᠡᠳᠭᠡᠭᠰᠡᠨ ᠡᠰᠡᠬᠦ
     5. ᠪᠤᠬᠢᠷᠳᠤᠯ ᠭᠠᠳᠠᠭᠰᠢᠯᠠᠭᠤᠯᠬᠤ ᠠᠮᠠᠰᠠᠷ᠎ᠤᠨ ᠪᠥᠲᠦᠭᠡᠨ ᠪᠠᠢ᠌ᠭᠤᠯᠤᠯᠲᠠ ᠵᠢ ᠲᠦᠷᠢᠮᠵᠢᠭᠦᠯᠦᠭᠰᠡᠨ᠂ ᠱᠠᠭ᠋ᠠᠷᠳᠠᠯᠭ᠎ᠠ ᠶᠤᠰᠤᠭ᠋ᠠᠷ ᠪᠣᠬᠢᠷᠳᠤᠯ ᠪᠤᠳᠠᠰ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠬᠢᠨᠠᠨ ᠡᠵᠡᠮᠳᠡᠬᠦ ᠪᠡᠯᠡᠳᠬᠡᠮᠵᠢ ᠵᠢ ᠤᠭᠰᠠᠷᠠᠭᠰᠠᠨ ᠪᠠ ᠰᠦᠯᠵᠢᠶᠡᠵᠢᠭᠦᠯᠦᠨ ᠲᠣᠭᠲᠠᠭᠤᠨ ᠠᠵᠢᠯᠯᠠᠭᠤᠯᠬᠤ ᠵᠢ ᠪᠡᠶᠡᠯᠡᠭᠦᠯᠦᠭᠰᠡᠨ ᠡᠰᠡᠬᠦ
     6. ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠡᠷᠭᠡᠭ ᠬᠠᠷᠠᠯᠲᠠ ᠵᠢ ᠪᠥᠲᠥᠮᠵᠢᠲᠡᠢ᠎ᠪᠠᠷ ᠬᠠᠮᠠᠭ᠋ᠠᠯᠠᠭᠰᠠᠨ ᠡᠰᠡᠬᠦ
     7. ᠠᠷᠢᠭᠤᠨ ᠴᠡᠪᠡᠷ ᠦᠢ᠍ᠯᠡᠳᠪᠦᠷᠢᠯᠡᠯ᠎ᠤᠨ ᠱᠠᠭ᠋ᠠᠷᠳᠠᠯᠭ᠎ᠠ (ᠲᠣᠭᠲᠠᠮᠠᠯ ᠬᠠᠶᠠᠭᠳᠠᠮᠠᠯ᠎ᠤᠨ ᠶᠡᠷᠦᠩᠬᠡᠢ ᠠᠰᠢᠭᠯᠠᠯᠲᠠ ᠵᠢᠨ ᠨᠣᠷᠮ᠎ᠠ᠂ ᠡᠨ᠋ᠸᠷᠭᠢ ᠵᠢᠨ ᠬᠣᠷᠣᠭᠳᠠᠯ᠂ ᠤᠰᠤᠨ᠎ᠤ ᠬᠣᠷᠣᠭᠳᠠᠯ ᠵᠡᠷᠭᠡ) ᠵᠢ ᠬᠠᠩᠭ᠋ᠠᠭᠰᠠᠨ ᠡᠰᠡᠬᠦ
     8. ᠣᠯᠠᠨ ᠨᠡᠢ᠌ᠲᠡ ᠵᠢᠨ ᠰᠠᠨᠠᠯ᠎ᠢ ᠪᠠᠢ᠌ᠴᠠᠭ᠋ᠠᠭᠰᠠᠨ ᠦᠷ᠎ᠡ ᠳ᠋ᠦᠩ ᠪᠣᠯᠣᠨ ᠢᠯᠡ ᠨᠡᠢ᠌ᠲᠡᠯᠡᠭᠰᠡᠨ᠎ᠤ ᠳᠠᠷᠠᠭ᠋ᠠᠬᠢ ᠰᠠᠨᠠᠯ᠎ᠤᠨ ᠬᠠᠷᠢᠭᠤ ᠲᠤᠰᠬᠠᠯ᠎ᠤᠨ ᠪᠠᠢ᠌ᠳᠠᠯ
     9. ᠣᠷᠴᠢᠨ ᠲᠣᠭᠣᠷᠢᠨ᠎ᠤ ᠲᠦᠭᠰᠢᠭᠦᠷᠢ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠲᠦᠰᠤᠯ᠎ᠢ ᠳᠤᠭᠳᠠᠭ᠋ᠠᠭᠰᠠᠨ ᠪᠠ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠡᠰᠡᠬᠦ
     10. ᠲᠥᠷᠦᠯ ᠵᠦᠢ᠍ᠯ᠎ᠤᠨ ᠪᠥᠲᠦᠭᠡᠨ ᠪᠠᠢ᠌ᠭᠤᠯᠬᠤ ᠪᠠ ᠲᠤᠷᠰᠢᠨ ᠠᠵᠢᠯᠯᠠᠭᠤᠯᠬᠤ ᠬᠤᠭᠤᠴᠠᠭ᠋ᠠᠨ᠎ᠳᠤ ᠣᠷᠢᠨ ᠲᠣᠭᠣᠷᠢᠨ᠎ᠤ ᠲᠠᠯ᠎ᠠ᠎ᠪᠠᠷ ᠬᠠᠦᠯᠢ ᠵᠢ ᠵᠦᠷᠢᠴᠡᠵᠦ ᠲᠤᠭᠲᠠᠭ᠋ᠠᠯ᠎ᠢ ᠵᠦᠷᠢᠴᠡᠭᠰᠡᠨ ᠠᠵᠢᠯᠯᠠᠭ᠎ᠠ ᠪᠠᠢ᠌ᠬᠤ ᠡᠰᠡᠬᠦ   ᠪᠠ ᠬᠠᠮᠢᠶ᠎ᠡ ᠪᠥᠬᠦᠢ ᠠᠰᠠᠭᠤᠳᠠᠯ᠎ᠢ ᠰᠢᠢ᠍ᠳᠪᠦᠷᠢᠯᠡᠭᠰᠡᠨ ᠪᠠᠢ᠌ᠳᠠᠯ
      ᠭᠤᠶᠤᠴᠢᠯᠠᠯ᠎ᠤᠨ ᠮᠠᠲᠸᠷᠢᠶᠠᠯ᠄      
     (ᠨᠢᠭᠡ) ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠦᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠤᠷᠢᠶᠠᠯᠭ᠋ᠠᠬᠤ ᠭᠤᠶᠤᠴᠢᠯᠠᠯ᠎ᠤᠨ ᠮᠡᠳᠡᠭᠦᠯᠦᠯᠲᠡ᠂ ᠴᠠᠭ᠋ᠠᠰᠤᠨ ᠮᠠᠲᠸᠷᠢᠶᠠᠯ ᠲᠠᠪᠤᠨ ᠬᠤᠪᠢ;
     (ᠬᠤᠶᠠᠷ) ᠰᠢᠯᠭ᠋ᠠᠨ ᠬᠤᠷᠢᠶᠠᠬᠤ ᠵᠢ ᠬᠢᠨᠠᠨ ᠬᠡᠮᠵᠢᠭᠰᠡᠨ ᠪᠣᠶᠤ ᠪᠠᠢ᠌ᠴᠠᠭ᠋ᠠᠭᠰᠠᠨ ᠮᠡᠳᠡᠭᠦᠯᠦᠯᠲᠡ᠂ ᠴᠠᠭ᠋ᠠᠰᠤᠨ ᠮᠠᠲᠸᠷᠢᠶᠠᠯ ᠲᠠᠪᠤᠨ ᠬᠤᠪᠢ᠂ ᠡᠯᠸᠺᠲᠷᠣᠨ ᠮᠠᠲᠸᠷᠢᠶᠠᠯ ᠨᠢᠭᠡ ᠬᠤᠪᠢ;
     (ᠭᠣᠷᠪᠡ) ᠰᠢᠯᠭ᠋ᠠᠨ ᠬᠤᠷᠢᠶᠠᠬᠤ ᠵᠢ ᠬᠢᠨᠠᠨ ᠬᠡᠮᠵᠢᠭᠰᠡᠨ ᠪᠣᠶᠤ ᠪᠠᠢ᠌ᠴᠠᠭ᠋ᠠᠭᠰᠠᠨ ᠨᠢᠭᠡᠴᠡ ᠵᠢᠨ ᠨᠠᠢ᠌ᠷᠠᠭᠤᠯᠤᠨ ᠵᠣᠬᠢᠶᠠᠭᠰᠠᠨ   ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠦᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠭᠰᠠᠨ᠎ᠢ ᠢᠯᠡ ᠨᠡᠢ᠌ᠲᠡᠯᠡᠬᠦ ᠮᠠᠲᠸᠷᠢᠶᠠᠯ᠂ ᠴᠠᠭ᠋ᠠᠰᠤᠨ ᠮᠠᠲᠸᠷᠢᠶᠠᠯ ᠨᠢᠭᠡ ᠬᠤᠪᠢ᠂ ᠡᠯᠸᠺᠲᠷᠣᠨ ᠮᠠᠲᠸᠷᠢᠶᠠᠯ ᠨᠢᠭᠡ ᠬᠤᠪᠢ;
     (ᠳᠥᠷᠪᠡ) ᠪᠣᠬᠢᠷᠳᠤᠯ᠎ᠤᠨ ᠢᠷᠡᠯᠲᠡ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠬᠢᠨᠠᠨ ᠡᠵᠡᠮᠳᠡᠬᠦ ᠪᠡᠯᠡᠳᠬᠡᠮᠵᠢ ᠵᠢ ᠤᠭᠰᠠᠷᠠᠬᠤ ᠶᠤᠰᠤᠲᠠᠢ ᠲᠥᠷᠦᠯ ᠵᠦᠢ᠍ᠯ ᠪᠤᠯ ᠪᠣᠬᠢᠷᠳᠤᠯ᠎ᠤᠨ ᠢᠷᠡᠯᠲᠡ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠬᠢᠨᠠᠨ ᠡᠵᠡᠮᠳᠡᠬᠦ ᠪᠡᠯᠡᠳᠬᠡᠮᠵᠢ ᠵᠢ ᠤᠭᠰᠠᠷᠠᠵᠤ᠂ ᠬᠡᠷᠡᠭᠯᠡᠭᠰᠡᠨ᠎ᠢ ᠭᠡᠷᠡᠴᠢᠯᠡᠬᠦ ᠮᠠᠲᠸᠷᠢᠶᠠᠯ᠎ᠢ ᠲᠤᠰᠢᠶᠠᠨ᠎ᠠ;
      (ᠲᠠᠪᠤ) ᠣᠷᠴᠢᠨ ᠲᠣᠭᠤᠷᠢᠨ᠎ᠤ ᠨᠦᠯᠦᠭᠡᠯᠡᠯ᠎ᠤᠨ ᠦᠨᠡᠯᠡᠯᠲᠡ ᠵᠢ ᠬᠢᠨᠠᠨ ᠵᠦᠪᠰᠢᠶᠡᠷᠡᠭᠰᠡᠨ ᠮᠠᠲᠸᠷᠢᠶᠠᠯ᠎ᠳᠤ ᠣᠷᠴᠢᠨ ᠲᠣᠭᠣᠷᠢᠨ᠎ᠢ ᠬᠢᠨᠠᠨ ᠬᠠᠮᠢᠶᠠᠷᠬᠤ ᠵᠢ ᠦᠷᠨᠢᠭᠦᠯᠬᠦ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠱᠠᠭ᠋ᠠᠷᠳᠠᠭᠰᠠᠨ ᠪᠠᠢ᠌ᠪᠠᠯ᠂ ᠲᠤᠷᠰᠢᠨ ᠦᠢ᠍ᠯᠡᠳᠪᠦᠷᠢᠯᠡᠬᠦ ᠬᠤᠭᠤᠴᠠᠭ᠋ᠠᠨ᠎ᠳᠠᠬᠢ ᠣᠷᠴᠢᠨ ᠲᠣᠭᠣᠷᠢᠨ᠎ᠢ ᠬᠢᠨᠠᠨ ᠬᠠᠮᠢᠶᠠᠷᠬᠤ ᠮᠡᠳᠡᠭᠦᠯᠦᠯᠲᠡ ᠵᠢ ᠲᠤᠰᠢᠶᠠᠨ᠎ᠠ᠂ ᠴᠠᠭ᠋ᠠᠰᠤᠨ ᠮᠠᠲᠸᠷᠢᠶᠠᠯ ᠨᠢᠭᠡ ᠬᠤᠪᠢ᠂ ᠡᠯᠸᠺᠲᠷᠣᠨ ᠮᠠᠲᠸᠷᠢᠶᠠᠯ ᠨᠢᠭᠡ ᠬᠤᠪᠢ᠃
      ᠭᠦᠢ᠍ᠴᠡᠳᠬᠡᠵᠦ ᠳᠠᠭᠤᠰᠬᠠᠬᠤ ᠴᠠᠭ᠎ᠤᠨ ᠬᠢᠵᠠᠭ᠋ᠠᠷ᠄ 30 ᠠᠵᠢᠯ᠎ᠤᠨ ᠡᠳᠦᠷ (ᠰᠢᠯᠭ᠋ᠠᠨ ᠬᠤᠷᠢᠶᠠᠬᠤ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠪᠠ ᠴᠡᠭᠴᠡᠯᠡᠨ ᠵᠠᠰᠠᠬᠤ ᠴᠠᠭ᠎ᠢ ᠪᠠᠭᠲᠠᠭ᠋ᠠᠬᠤ ᠦᠭᠡᠢ)
      ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ᠄ ᠰᠦᠢ᠍ᠳᠬᠡᠯ ᠬᠤᠷᠢᠶᠠᠬᠤ ᠦᠭᠡᠢ
      ᠭᠤᠶᠤᠴᠢᠯᠠᠯ᠎ᠤᠨ ᠬᠥᠰᠥᠨᠥᠭᠲᠦ ᠵᠢᠨ ᠨᠡᠷᠡᠢ᠌ᠳᠦᠯ ᠪᠣᠯᠣᠨ ᠣᠯᠵᠤ ᠠᠪᠬᠤ ᠠᠷᠭ᠎ᠠ ᠬᠡᠯᠪᠡᠷᠢ᠄ ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ  ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠬᠤ ᠭᠤᠶᠤᠴᠢᠯᠠᠯ᠎ᠤᠨ ᠬᠥᠰᠥᠨᠥᠭᠲᠦ
      ᠯᠠᠪᠯᠠᠯᠭ᠎ᠠ ᠵᠢᠨ ᠤᠲᠠᠰᠤ᠄ 0471-4632237
      ᠬᠦᠯᠢᠶᠡᠨ ᠠᠪᠴᠤ ᠰᠢᠢ᠍ᠳᠪᠦᠷᠢᠯᠡᠬᠦ ᠬᠠᠶᠢᠭ᠄
      ᠬᠥᠬᠡᠬᠤᠲᠠ ᠵᠢᠨ ᠰᠠᠢ᠌ᠬᠠᠨ ᠲᠣᠭᠣᠷᠢᠭ᠎ᠤᠨ ᠲᠸᠩ ᠹᠧᠢ ᠵᠠᠮ᠎ᠤᠨ 39 ᠳ᠋ᠤᠭᠡᠷ ᠨᠤᠮᠸᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ
     www.nmgepb.gov.cn

   

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠤᠬᠢᠷᠳᠤᠯ ᠶᠡᠬᠡᠲᠠᠢ ᠲᠦᠯᠡᠰᠢ ᠵᠢ ᠬᠤᠪᠢᠶᠠᠷᠢᠯᠠᠬᠤ ᠲᠤᠬᠠᠢ ᠲᠤᠭᠲᠠᠭ᠋ᠠᠯ
ᠵᠠᠰᠠᠭ᠎ᠤᠨ ᠣᠷᠳᠣᠨ᠎ᠤ ᠣᠨᠴᠠᠭ᠋ᠠᠢ ᠨᠡᠮᠡᠭᠦᠷᠢ ᠬᠦᠷᠲᠡᠬᠦ ᠬᠥᠮᠦᠰ᠎ᠢ ᠰᠢᠯᠭ᠋ᠠᠷᠠᠭᠤᠯᠵᠦ ᠪᠠᠲᠤᠯᠠᠨ ᠲᠠᠨᠢᠯᠴᠠᠭᠤᠯᠬᠤ
ᠠᠵᠦ ᠠᠬᠤᠢ᠌ᠯᠠᠯ᠎ᠤᠨ ᠠᠵᠢᠯ᠎ᠠᠴᠠ᠎ᠪᠠᠨ ᠪᠠᠭᠤᠬᠤ ᠵᠢ ᠬᠢᠨᠠᠨ ᠵᠦᠪᠰᠢᠶᠠᠷᠠᠬᠦ ᠴᠤᠪᠤᠷᠠᠯ᠎ᠤᠨ ᠢᠯᠡ ᠨᠡᠢ᠌ᠲᠡᠯᠡᠯᠳᠡ
ᠬᠤᠪᠢ ᠨᠡᠢ᠌ᠯᠡᠭᠦᠯᠦᠭᠰᠡᠨ ᠬᠦᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠᠢ᠌ᠭᠤᠯᠬᠤ
ᠭᠡᠭᠡᠭᠰᠡᠨ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠵᠶ᠋ᠡᠨ ᠨᠥᠬᠦᠪᠦᠷᠢᠯᠡᠨ ᠠᠪᠬᠤ
 
            