ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠦᠪᠡᠷᠲᠡᠭᠡᠨ ᠵᠠᠰᠠᠬᠤ ᠤᠷᠤᠨ᠎ᠤ ᠱᠠᠲᠤᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠠᠵᠢᠯ ᠤᠯᠭᠤᠬᠤ ᠮᠡᠷᠭᠡᠵᠢᠯ᠎ᠤᠨ ᠴᠢᠳᠠᠪᠤᠷᠢ ᠵᠢᠨ ᠳᠠᠳᠤᠯᠭ᠎ᠠ ᠪᠤᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ 《ᠱᠠᠩᠨᠠᠬᠤ᠎ᠪᠠᠷ ᠨᠦᠬᠥᠪᠥᠷᠢ ᠦᠭᠬᠦ ᠵᠢ ᠤᠷᠤᠯᠠᠭᠤᠯᠬᠤ》 ᠲᠦᠷᠦᠯ ᠵᠦᠢ᠍ᠯ᠎ᠤᠨ ᠭᠤᠶᠤᠴᠢᠯᠠᠯ
ᠨᠡᠶ᠋ᠢᠲᠡᠯᠡᠭᠰᠡᠨ ᠴᠠᠭ᠄ 2024-04-22


      ᠲᠦᠷᠦᠯ ᠵᠦᠢ᠍ᠯ᠎ᠤᠨ ᠳ᠋ᠤᠭ᠋ᠠᠷᠯᠠᠯ᠄

      ᠦᠢ᠍ᠯᠡᠴᠢᠯᠡᠭᠦᠯᠦᠭᠴᠢ᠄  ᠠᠷᠠᠳ ᠢᠷᠭᠡᠳ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ

      ᠬᠦᠯᠢᠶᠡᠨ ᠠᠪᠴᠤ ᠭᠦᠢ᠍ᠴᠡᠳᠭᠡᠬᠦ ᠰᠠᠯᠠᠭ᠎ᠠ ᠮᠦᠴᠢᠷ᠄  ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠦᠢ᠍ᠯᠡᠴᠢᠯᠡᠭᠡᠨ᠎ᠤ ᠲᠣᠪᠴᠢᠶ᠎ᠠ ᠵᠢᠨ ᠪᠣᠯᠪᠠᠰᠤᠷᠠᠭᠤᠯᠤᠯ᠎ᠤᠨ ᠭᠠᠵᠠᠷ
      ᠬᠠᠶᠢᠭ᠄  ᠬᠦᠬᠡᠬᠤᠲᠠ ᠵᠢᠨ ᠰᠢᠨᠬᠤᠸᠠ ᠶᠡᠬᠡ ᠵᠠᠭᠡᠯᠢ ᠵᠢᠨ 53 ᠳ᠋ᠤᠭ᠋ᠠᠷ ᠨᠤᠮᠸᠷ

      ᠬᠠᠷᠢᠯᠴᠠᠬᠤ ᠬᠥᠮᠥᠨ᠄  ᠴᠸᠨ ᠢᠦᠢ

      ᠬᠠᠣᠯᠢ᠎ᠪᠠᠷ ᠲᠣᠭᠲᠠᠭ᠋ᠠᠭᠰᠠᠨ ᠬᠦᠢ᠍ᠴᠡᠳᠭᠡᠬᠦ   ᠴᠠᠭ᠎ᠤᠨ ᠬᠢᠵᠠᠭ᠋ᠠᠷ᠄ 30 ᠠᠵᠢᠯᠯᠠᠬᠤ ᠡᠳᠦᠷ
      ᠬᠠᠷᠢᠯᠴᠠᠬᠤ   ᠤᠳᠠᠰᠤ᠄ 0471 — 6606282

      ᠠᠮᠠᠯᠠᠨ ᠬᠦᠢ᠍ᠴᠡᠳᠭᠡᠬᠦ ᠴᠠᠭ᠎ᠤᠨ ᠬᠢᠵᠠᠭ᠋ᠠᠷ᠄ 15 ᠠᠵᠢᠯᠯᠠᠬᠤ ᠡᠳᠦᠷ᠎ᠤᠨ ᠲᠤᠳᠤᠷ᠎ᠠ ᠠᠩᠬᠠᠨ᠎ᠤ ᠬᠢᠨᠠᠯᠲᠠ ᠵᠢ ᠪᠡᠶᠡᠯᠡᠭᠦᠯᠵᠦ᠂ 25 ᠠᠵᠢᠯᠯᠠᠬᠤ ᠡᠳᠦᠷ᠎ᠤᠨ ᠲᠤᠳᠤᠷ᠎ᠠ ᠡᠳ᠋᠎ᠤᠨ ᠵᠠᠰᠠᠭ᠂ ᠬᠥᠮᠥᠨ᠎ᠤ ᠬᠥᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ   ᠬᠠᠮᠳᠤᠷᠠᠨ ᠵᠦᠪᠯᠡᠬᠦ ᠵᠢ ᠪᠡᠶᠡᠯᠡᠬᠦᠯᠵᠦ᠂ 30 ᠠᠵᠢᠯᠯᠠᠬᠤ ᠡᠳᠦᠷ᠎ᠤᠨ ᠲᠤᠲᠤᠷ᠎ᠠ ᠬᠢᠨᠠᠨ ᠬᠠᠷᠭᠤᠭᠤᠯᠬᠤ ᠵᠢ ᠪᠡᠶᠡᠯᠡᠭᠦᠯᠦᠨ᠎ᠡ᠃

      ᠰᠦᠢ᠍ᠳᠭᠡᠯ ᠬᠤᠷᠢᠶᠠᠬᠤ ᠪᠠᠢ᠌ᠳᠠᠯ᠄  ᠰᠦᠢ᠍ᠳᠬᠡᠯ ᠬᠣᠷᠢᠶᠠᠬᠤ ᠦᠭᠡᠢ        

      ᠥᠨᠳᠦᠰᠦᠯᠡᠯ᠄ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠠᠵᠢᠯ ᠣᠯᠭᠣᠯᠲᠠ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ〉 ᠵᠢ ᠳᠠᠷᠤᠮᠠᠯᠯᠠᠨ ᠳᠠᠷᠬᠠᠭ᠋ᠠᠬᠤ ᠲᠣᠬᠠᠢ ᠮᠡᠳᠡᠭᠳᠡᠯ》
      ᠬᠦᠯᠢᠶᠡᠨ ᠠᠪᠬᠤ ᠨᠥᠬᠥᠴᠡᠯ᠄  ᠠᠢ᠌ᠮᠠᠭ ᠬᠣᠲᠠ ᠵᠢᠨ ᠬᠥᠮᠥᠨ᠎ᠤ ᠬᠥᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ   ᠰᠠᠯᠠᠭ᠎ᠠ ᠮᠦᠴᠢᠷ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠮᠠᠭ᠋ᠠᠳᠯᠠᠨ ᠲᠤᠭᠳᠠᠭ᠋ᠠᠭᠰᠠᠨ ᠠᠢ᠌ᠮᠠᠭ ᠬᠣᠲᠠ ᠵᠢᠨ ᠱᠠᠲᠤᠨ᠎ᠤ ᠵᠢᠱ᠌ᠢᠶ᠎ᠠ ᠦᠵᠡᠭᠦᠯᠬᠦ ᠴᠢᠨᠠᠷᠲᠠᠢ ᠠᠵᠢᠯ ᠤᠯᠭᠤᠬᠤ ᠮᠡᠷᠭᠡᠵᠢᠯ᠎ᠤᠨ ᠴᠢᠳᠠᠪᠣᠷᠢ ᠵᠢᠨ   ᠪᠣᠯᠪᠠᠰᠤᠷᠠᠭᠤᠯᠤᠯ᠎ᠤᠨ ᠰᠠᠭᠤᠷᠢᠨ ᠭᠠᠵᠠᠷ
      ᠭᠤᠶᠤᠴᠢᠯᠠᠬᠤ ᠮᠠᠲᠸᠷᠢᠶᠠᠯ  ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠣ ᠣᠷᠣᠨ᠎ᠤ ᠠᠵᠢᠯ ᠣᠯᠬᠣ   ᠮᠡᠷᠭᠡᠵᠢᠯ᠎ᠤᠨ ᠴᠢᠳᠠᠪᠤᠷᠢ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠭᠤᠶᠤᠴᠢᠯᠠᠨ ᠮᠡᠳᠡᠭᠦᠯᠬᠦ ᠪᠢᠴᠢᠭ》᠂   ᠭᠤᠶᠤᠴᠢᠯᠠᠨ ᠮᠡᠳᠡᠭᠦᠯᠬᠦ ᠪᠢᠴᠢᠭ᠎ᠢ ᠬᠠᠭᠤᠯᠪᠤᠷᠢᠯᠠᠬᠤ᠎ᠳᠤ ᠬᠦᠴᠦᠨ᠎ᠲᠠᠢ ᠪᠠᠢ᠌ᠵᠤ᠂ ᠥᠪᠡᠷᠲᠡᠭᠡᠨ ᠵᠠᠰᠠᠬᠣ ᠣᠷᠣᠨ᠎ᠤ ᠬᠥᠮᠥᠨ᠎ᠤ ᠬᠥᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶ᠎ᠡ ᠵᠢᠨ ᠲᠡᠷᠢᠭᠦᠨ ᠨᠢᠭᠤᠷ᠎ᠤᠨ《ᠵᠠᠰᠠᠭ᠎ᠤᠨ ᠤᠷᠳᠤᠨ᠎ᠤ ᠮᠡᠳᠡᠭᠡ ᠵᠠᠨᠭ᠌ᠬᠢ ᠵᠢᠨ ᠢᠯᠡ ᠪᠤᠯᠭ᠋ᠠᠬᠤ》ᠪᠤᠯᠤᠨᠭ᠌᠎ᠠᠴᠠ ᠪᠠᠭᠤᠯᠭ᠋ᠠᠵᠦ ᠪᠤᠯᠤᠨ᠎ᠠ᠃   ᠡᠭᠦᠨ᠎ᠤ ᠬᠠᠮᠲᠤ ᠲᠣᠣᠷᠠᠬᠢ ᠮᠠᠲᠸᠷᠢᠶᠠᠯ᠎ᠢ ᠬᠠᠩᠭ᠋ᠠᠨ᠎ᠠ᠄ ᠬᠥᠮᠥᠨ᠎ᠤ ᠬᠥᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠬᠠᠮᠲᠤ᠎ᠳᠠᠭᠠᠨ ᠲᠠᠨᠢᠯᠴᠠᠭᠤᠯᠤᠭᠰᠠᠨ ᠮᠡᠳᠡᠭᠦᠯᠦᠯᠲᠡ ᠪᠤᠶᠤ ᠬᠠᠭᠤᠯᠪᠤᠷᠢ; ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢ ᠲᠣᠭᠲᠠᠭᠰᠠᠨ ᠴᠢᠭ᠋ ᠵᠶ᠋ᠡᠷ ᠮᠠᠭ᠋ᠠᠳᠯᠠᠨ ᠲᠤᠭᠳᠠᠭ᠋ᠠᠭᠰᠠᠨ ᠪᠢᠴᠢᠭ ᠮᠠᠲᠸᠷᠢᠶᠠᠯ᠎ᠤᠨ ᠬᠠᠭᠤᠯᠪᠤᠷᠢ; ᠰᠤᠷᠭ᠋ᠠᠭᠤᠯᠢ ᠪᠤᠶᠤ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠢᠨ ᠰᠤᠷᠭ᠋ᠠᠭᠤᠯᠢ ᠡᠷᠬᠢᠯᠡᠬᠦ ᠵᠥᠪᠰᠢᠶᠡᠷᠡᠯ᠎ᠤᠨ ᠦᠨᠡᠮᠯᠡᠯ (ᠬᠠᠤᠯᠢ ᠵᠢᠨ ᠡᠷᠬᠡᠲᠡᠨ᠎ᠤ ᠦᠨᠡᠮᠯᠡᠯ)᠎ᠤᠨ ᠬᠠᠭᠤᠯᠪᠤᠷᠢ; ᠲᠤᠰᠬᠠᠢ ᠮᠡᠷᠭᠡᠵᠢᠯ (ᠠᠵᠢᠯ ᠲᠦᠷᠦᠯ)᠂ ᠠᠵᠢᠯ᠎ᠤᠨ ᠪᠠᠢ᠌ᠷᠢ ᠵᠢᠨ ᠪᠣᠯᠪᠠᠰᠤᠷᠠᠭᠤᠯᠤᠯ᠎ᠤᠨ ᠬᠢᠴᠢᠶᠡᠯ᠎ᠤᠨ ᠴᠠᠭ ᠵᠢᠴᠢ   ᠪᠠᠷᠢᠮᠵᠢᠶᠠᠵᠢᠭᠤᠯᠤᠯᠳᠠ ᠵᠢᠨ ᠲᠠᠢ᠌ᠯᠪᠤᠷᠢ;   ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠬᠠᠮᠢᠶᠠᠷᠣᠯᠲᠠ ᠵᠢᠨ ᠠᠷᠭ᠎ᠠ᠂ ᠰᠤᠷᠤᠭᠴᠢ ᠵᠢᠨ ᠬᠠᠮᠢᠶᠠᠷᠤᠯᠲᠠ ᠵᠢᠨ ᠠᠷᠭ᠎ᠠ; ᠭᠣᠣᠯ ᠴᠣᠭᠴᠠ ᠵᠢᠨ ᠳᠠᠩ ᠲᠦᠷᠦᠯ᠎ᠤᠨ ᠲᠤᠷᠰᠢᠯᠲᠠ ᠬᠢᠬᠦ   ᠳᠠᠳᠤᠯᠭ᠎ᠠ ᠪᠣᠯᠪᠠᠰᠤᠷᠠᠭᠤᠯᠤᠯ᠎ᠤᠨ ᠲᠠᠰᠤᠭ᠎ᠤᠨ ᠲᠦᠬᠦᠭᠡᠷᠦᠮᠵᠢ ᠵᠢᠨ ᠨᠠᠷᠢᠨ ᠳᠠᠩᠰᠠ  ; ᠣᠢ᠌ᠷ᠎ᠡ ᠵᠢᠨ ᠭᠤᠷᠪᠠᠨ ᠵᠢᠯ ᠪᠤᠯᠪᠠᠰᠤᠷᠠᠭᠤᠯᠤᠭᠰᠠᠨ ᠰᠤᠷᠤᠭᠴᠢᠳ᠎ᠤᠨ ᠨᠡᠷᠡᠰ᠎ᠤᠨ ᠳᠠᠩᠰᠠ᠂ ᠡᠭᠦᠨ᠎ᠳᠤ ᠪᠤᠯᠪᠠᠰᠤᠷᠠᠭᠤᠯᠤᠭᠰᠠᠨ ᠰᠤᠷᠤᠭᠴᠢᠳ᠎ᠤᠨ ᠪᠡᠶ᠎ᠡ ᠵᠢᠨ ᠦᠨᠡᠮᠯᠡᠯ᠎ᠤᠨ ᠨᠣᠮᠧᠷ᠂ ᠰᠠᠭᠤᠭ᠎ᠠ ᠭᠠᠵᠠᠷ᠂ ᠠᠵᠢᠯ ᠲᠦᠷᠦᠯ᠂   ᠬᠢᠴᠢᠶᠡᠯ᠎ᠤᠨ ᠪᠠᠭᠰᠢ᠂ ᠠᠵᠢᠯ ᠤᠯᠭᠤᠭᠰᠠᠨ ᠨᠢᠭᠡᠴᠡ᠂ ᠬᠠᠷᠢᠯᠴᠠᠬᠤ ᠤᠳᠠᠰᠤ ᠵᠡᠷᠭᠡ ᠠᠭᠤᠯᠭ᠎ᠠ ᠪᠠᠭᠲᠠᠨ᠎ᠠ᠃

      ᠭᠠᠷᠳᠠᠨ ᠬᠦᠢ᠍ᠴᠡᠳᠭᠡᠬᠦ ᠴᠤᠪᠤᠷᠠᠯ᠄
     1. ᠠᠷᠠᠳ ᠢᠷᠭᠡᠳ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ ᠭᠤᠶᠤᠴᠢᠯᠠᠯ ᠭᠠᠷᠭ᠋ᠠᠨ᠎ᠠ;

     2. ᠪᠦᠷᠢᠳᠬᠡᠨ ᠬᠢᠨᠠᠨ ᠪᠠᠢ᠌ᠴᠠᠭ᠋ᠠᠵᠤ᠂ ᠴᠢᠬᠤᠯᠠ ᠪᠢᠴᠢᠭ ᠮᠠᠲᠸᠷᠢᠶᠠᠯ᠎ᠨᠢ ᠪᠦᠷᠢᠨ ᠪᠤᠰᠤ ᠭᠤᠶᠤᠴᠢᠯᠠᠯ᠎ᠢ   ᠪᠤᠴᠠᠭ᠋ᠠᠬᠤ ᠵᠢᠨ ᠬᠠᠮᠲᠤ ᠳᠤᠳᠠᠭᠤ ᠵᠦᠢ᠍ᠯᠡᠰ᠎ᠢ ᠨᠢᠭᠡ ᠯᠡ ᠤᠳᠠᠭ᠎ᠠ ᠮᠡᠳᠡᠭᠳᠡᠵᠦ᠂ ᠭᠤᠶᠤᠴᠢᠯᠠᠭᠴᠢ᠎ᠳᠤ ᠨᠥᠬᠥᠨ ᠪᠦᠷᠢᠨᠰᠢᠭᠦᠯᠬᠦ ᠵᠢ ᠱᠠᠭ᠋ᠠᠷᠳᠠᠨ᠎ᠠ;

     3. ᠬᠤᠭᠤᠴᠠᠭ᠎ᠠ᠎ᠨᠢ   ᠳᠤᠯᠪᠠᠯ ᠢᠯᠡ ᠨᠡᠢ᠌ᠲᠡᠯᠡᠵᠦ᠂ ᠬᠢᠨᠠᠨ ᠲᠤᠭᠳᠠᠭ᠋ᠠᠬᠤ ᠵᠢ ᠵᠣᠬᠢᠶᠠᠨ ᠪᠠᠢ᠌ᠭᠤᠯᠤᠨ᠎ᠠ᠃



   

 


 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠪᠡᠷᠲᠡᠭᠡᠨ ᠵᠠᠰᠠᠬᠤ ᠤᠷᠤᠨ᠎ᠤ ᠱᠠᠲᠤᠨ᠎ᠤ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠤᠯᠭᠤᠬᠰᠠᠨ ᠵᠢᠱ᠌ᠢᠶ᠎ᠡ ᠦᠵᠡᠬᠦᠯᠬᠦ ᠬᠤᠰᠢᠭᠤ ᠰᠢᠶᠠᠨ (ᠲᠤᠭᠤᠷᠢᠭ)᠂ ᠰᠤᠮᠤ (ᠰᠢᠶᠠᠨᠭ᠌ ᠪᠠᠯᠭ᠋ᠠᠰᠤ)᠂ ᠭᠠᠴᠠᠭ᠎ᠠ (ᠲᠤᠰᠬᠤᠨ) ᠵᠢ ᠬᠢᠨᠠᠨ ᠰᠢᠯᠭ᠋ᠠᠬᠤ᠂ ᠰᠢᠯᠭ᠋ᠠᠨ ᠠᠪᠬᠤ
ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠬᠤ ᠬᠢᠨᠠᠨ ᠵᠦᠪᠰᠢᠶᠡᠷᠡᠯ
ᠪᠤᠬᠢᠷᠳᠤᠯ ᠶᠡᠬᠡᠲᠠᠢ ᠲᠦᠯᠡᠰᠢ ᠵᠢ ᠬᠤᠪᠢᠶᠠᠷᠢᠯᠠᠬᠤ ᠲᠤᠬᠠᠢ ᠲᠤᠭᠲᠠᠭ᠋ᠠᠯ
ᠵᠠᠰᠠᠭ᠎ᠤᠨ ᠣᠷᠳᠣᠨ᠎ᠤ ᠣᠨᠴᠠᠭ᠋ᠠᠢ ᠨᠡᠮᠡᠭᠦᠷᠢ ᠬᠦᠷᠲᠡᠬᠦ ᠬᠥᠮᠦᠰ᠎ᠢ ᠰᠢᠯᠭ᠋ᠠᠷᠠᠭᠤᠯᠵᠦ ᠪᠠᠲᠤᠯᠠᠨ ᠲᠠᠨᠢᠯᠴᠠᠭᠤᠯᠬᠤ
ᠠᠵᠦ ᠠᠬᠤᠢ᠌ᠯᠠᠯ᠎ᠤᠨ ᠠᠵᠢᠯ᠎ᠠᠴᠠ᠎ᠪᠠᠨ ᠪᠠᠭᠤᠬᠤ ᠵᠢ ᠬᠢᠨᠠᠨ ᠵᠦᠪᠰᠢᠶᠠᠷᠠᠬᠦ ᠴᠤᠪᠤᠷᠠᠯ᠎ᠤᠨ ᠢᠯᠡ ᠨᠡᠢ᠌ᠲᠡᠯᠡᠯᠳᠡ
 
            