ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠦᠪᠡᠷᠲᠡᠭᠡᠨ ᠵᠠᠰᠠᠬᠤ ᠤᠷᠤᠨ᠎ᠤ ᠱᠠᠲᠤᠨ᠎ᠤ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠤᠯᠭᠤᠬᠰᠠᠨ ᠵᠢᠱ᠌ᠢᠶ᠎ᠡ ᠦᠵᠡᠬᠦᠯᠬᠦ ᠬᠤᠰᠢᠭᠤ ᠰᠢᠶᠠᠨ (ᠲᠤᠭᠤᠷᠢᠭ)᠂ ᠰᠤᠮᠤ (ᠰᠢᠶᠠᠨᠭ᠌ ᠪᠠᠯᠭ᠋ᠠᠰᠤ)᠂ ᠭᠠᠴᠠᠭ᠎ᠠ (ᠲᠤᠰᠬᠤᠨ) ᠵᠢ ᠬᠢᠨᠠᠨ ᠰᠢᠯᠭ᠋ᠠᠬᠤ᠂ ᠰᠢᠯᠭ᠋ᠠᠨ ᠠᠪᠬᠤ
ᠨᠡᠶ᠋ᠢᠲᠡᠯᠡᠭᠰᠡᠨ ᠴᠠᠭ᠄ 2024-04-22


       ᠦᠢ᠍ᠯᠡᠴᠢᠯᠡᠭᠦᠯᠦᠭᠴᠢ᠄  ᠦᠪᠡᠷᠲᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠲᠣᠲᠤᠷᠠᠬᠢ ᠬᠤᠰᠢᠭᠤ ᠰᠢᠶᠠᠨ (ᠲᠤᠭᠤᠷᠢᠭ)᠂ ᠰᠤᠮᠤ (ᠰᠢᠶᠠᠨᠭ᠌ ᠪᠠᠯᠭ᠋ᠠᠰᠤ)᠂ ᠭᠠᠴᠠᠭ᠎ᠠ (ᠲᠤᠰᠬᠤᠨ)
        ᠬᠦᠯᠢᠶᠡᠨ ᠠᠪᠴᠤ ᠬᠦᠢ᠍ᠴᠡᠳᠭᠡᠬᠦ ᠰᠠᠯᠠᠭ᠎ᠠ ᠮᠦᠴᠢᠷ᠄  ᠮᠠᠯᠴᠢᠨ ᠲᠡᠷᠢᠶᠠᠴᠢᠨ ᠬᠦᠴᠦ ᠶᠠᠪᠤᠭᠰᠠᠳ᠎ᠤᠨ ᠬᠠᠮᠢᠶᠠᠷᠤᠯᠲᠠ ᠵᠢᠨ ᠭᠠᠵᠠᠷ᠃
        ᠬᠦᠯᠢᠶᠡᠨ ᠠᠪᠴᠤ ᠬᠦᠢ᠍ᠴᠡᠳᠭᠡᠬᠦ ᠬᠠᠶᠢᠭ᠄  ᠬᠦᠬᠡᠬᠤᠲᠠ ᠵᠢᠨ ᠰᠢᠨᠬᠤᠸᠠ ᠶᠡᠬᠡ ᠵᠡᠬᠡᠯᠢ ᠵᠢᠨ 53 ᠳ᠋ᠤᠭ᠋ᠠᠷ ᠨᠣᠮᠸᠷ ᠦᠪᠦᠷ ᠮᠤᠨᠭ᠌ᠭᠤᠯ᠎ᠤᠨ ᠬᠦᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ 6 ᠳ᠋ᠤᠭ᠋ᠠᠷ ᠳᠠᠪᠬᠤᠷᠭ᠎ᠠ ᠵᠢᠨ ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠵᠢᠯ ᠤᠯᠭᠤᠬᠤ ᠦᠢ᠍ᠯᠡᠴᠢᠯᠡᠭᠡᠨ᠎ᠤ ᠲᠤᠪᠴᠢᠶ᠎ᠠ (ᠰᠢᠤᠳᠠᠨ ᠳ᠋ᠤᠭ᠋ᠠᠷ᠄ 010010)
        ᠬᠠᠷᠢᠯᠴᠠᠬᠤ ᠬᠦᠮᠦᠨ᠄  ᠵᠤᠤ ᠰᠢᠤᠢ ᠳ᠋ᠦᠨᠭ
        ᠬᠠᠷᠢᠯᠴᠠᠬᠤ ᠳ᠋ᠢᠶᠠᠩᠬᠤᠸᠠ᠄ 0471-6606150

        ᠬᠠᠤᠯᠢ᠎ᠪᠠᠷ ᠲᠤᠭᠲᠠᠭ᠋ᠠᠭᠰᠠᠨ ᠬᠦᠢ᠍ᠴᠡᠳᠭᠡᠬᠦ ᠴᠠᠭ᠎ᠤᠨ ᠬᠢᠵᠠᠭ᠋ᠠᠷ᠄ 15 ᠠᠵᠢᠯᠯᠠᠬᠤ ᠡᠳᠦᠷ᠂ ᠬᠠᠮᠤᠭ᠎ᠤᠨ ᠤᠷᠲᠤ᠎ᠳᠠᠭᠠᠨ 30 ᠠᠵᠢᠯᠯᠠᠬᠤ ᠡᠳᠦᠷ
        ᠠᠮᠠᠯᠳᠠᠭᠰᠠᠨ ᠬᠦᠢ᠍ᠴᠡᠳᠭᠡᠬᠦ ᠴᠠᠭ᠎ᠤᠨ ᠬᠢᠵᠠᠭ᠋ᠠᠷ᠄  ᠬᠢᠨᠠᠨ ᠰᠢᠯᠭ᠋ᠠᠬᠤ᠂ ᠰᠢᠯᠭ᠋ᠠᠨ ᠠᠪᠬᠤ ᠮᠡᠳᠡᠭᠳᠡᠯ ᠨᠡᠢ᠌ᠲᠡᠯᠡᠭᠰᠡᠨ ᠡᠳᠦᠷ᠎ᠠᠴᠠ ᠡᠬᠢᠯᠡᠨ 15 ᠠᠵᠢᠯᠯᠠᠬᠤ ᠡᠳᠦᠷ᠎ᠤᠨ ᠳᠤᠲᠤᠷ᠎ᠠ ᠮᠡᠳᠡᠭᠥᠯᠥᠭᠰᠡᠨ ᠲᠦᠷᠦᠯ ᠵᠦᠢ᠍ᠯ᠎ᠢ ᠬᠢᠨᠠᠨ ᠰᠢᠯᠭ᠋ᠠᠵᠤ᠂ ᠰᠢᠯᠭ᠋ᠠᠨ ᠠᠪᠴᠦ᠂ ᠬᠢᠨᠠᠨ ᠰᠢᠯᠭ᠋ᠠᠵᠦ ᠰᠢᠯᠭ᠋ᠠᠨ ᠠᠪᠬᠤ ᠶᠠᠪᠤᠳᠠᠯ ᠳᠠᠭᠤᠰᠤᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠤᠲᠤᠷ᠎ᠠ ᠰᠢᠯᠭ᠋ᠠᠨ ᠬᠤᠷᠢᠶᠠᠭᠰᠠᠨ ᠦᠷ᠎ᠡ ᠳ᠋ᠦᠨᠭ᠎ᠢ ᠨᠡᠢ᠌ᠲᠡᠯᠡᠬᠦ ᠵᠢᠨ ᠬᠠᠮᠲᠤ ᠦᠨᠡᠮᠰᠢᠭᠰᠡᠨ ᠦᠨᠡᠮᠯᠡᠯ ᠣᠯᠭᠤᠨ᠎ᠠ᠃
        ᠪᠠᠢ᠌ᠭᠤᠯᠤᠭᠰᠠᠨ ᠦᠨᠳᠦᠰᠦᠯᠡᠯ᠄ 《ᠪᠦᠬᠦᠳᠡ ᠨᠠᠢ᠌ᠷᠠᠮᠳᠠᠬᠤ ᠳᠤᠮᠳᠠᠲᠤ ᠠᠷᠠᠳ ᠤᠯᠤᠰ᠎ᠤᠨ ᠵᠠᠰᠠᠭ᠎ᠤᠨ ᠤᠷᠳᠤᠨ᠎ᠤ ᠮᠡᠳᠡᠭᠡ ᠵᠠᠨᠭ᠌ᠬᠢ ᠵᠢ ᠢᠯᠡ ᠪᠤᠯᠭ᠋ᠠᠬᠤ ᠳᠦᠷᠢᠮ᠎ᠢ ᠬᠡᠷᠡᠭᠵᠢᠭᠥᠯᠬᠦ ᠠᠰᠠᠭᠤᠳᠠᠯ᠎ᠤᠳ᠎ᠤᠨ ᠲᠤᠬᠠᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠨᠭᠬᠢᠮ᠎ᠤᠨ ᠰᠠᠨᠠᠯ》᠃
        ᠬᠦᠯᠢᠶᠡᠨ ᠠᠪᠴᠤ ᠬᠦᠢ᠍ᠴᠡᠳᠭᠡᠬᠦ ᠨᠦᠬᠦᠴᠡᠯ᠄  ᠦᠪᠡᠷᠲᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠲᠣᠲᠤᠷ᠎ᠠ 《ᠪᠦᠬᠦ ᠤᠷᠤᠨ᠎ᠤ ᠬᠡᠪᠴᠢᠶᠡᠨ᠎ᠳᠤ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠤᠯᠭᠤᠬᠤ〈ᠭᠤᠷᠪᠠᠨ ᠱᠠᠲᠦ᠎ᠪᠠᠷ ᠵᠶ᠋ᠠᠨ ᠬᠠᠮᠲᠤᠷᠠᠨ ᠡᠭᠦᠳᠭᠦ〉ᠠᠵᠢᠯᠯᠠᠭ᠎ᠠ ᠵᠢᠨ ᠵᠢᠯᠤᠭᠤᠳᠬᠤ ᠰᠠᠨᠠᠯ》        (ᠦᠪᠦᠷ ᠬᠦᠳᠡᠯᠮᠦᠷᠢ ᠨᠡᠢ᠌ᠭᠡᠮ ᠠᠯᠪᠠᠨ ᠦᠰᠦᠭ[2010]69 ᠳ᠋ᠤᠭᠡᠷ ᠲᠤᠭ᠋ᠠᠲᠤ) ᠪᠣᠯᠣᠨ 《2012 ᠤᠨ᠎ᠤ ᠦᠪᠡᠷᠲᠡᠭᠡᠨ ᠵᠠᠰᠠᠬᠤ ᠤᠷᠤᠨ᠎ᠤ ᠱᠠᠲᠤᠨ᠎ᠤ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠤᠯᠭᠤᠬᠤ  〈ᠭᠤᠷᠪᠠᠨ ᠱᠠᠲᠦ᠎ᠪᠠᠷ ᠵᠶ᠋ᠠᠨ ᠬᠠᠮᠲᠤᠷᠠᠨ ᠡᠭᠦᠳᠭᠦ〉 ᠡᠭᠦᠳᠦᠨ ᠪᠠᠢ᠌ᠭᠤᠯᠬᠤ ᠠᠵᠢᠯᠯᠠᠭ᠎ᠠ ᠦᠷᠨᠢᠬᠦᠯᠬᠦ ᠲᠤᠬᠠᠢ ᠮᠡᠳᠡᠭᠳᠡᠯ》  (ᠦᠪᠦᠷ ᠬᠦᠮᠦᠨ ᠨᠡᠢ᠌ᠭᠡᠮ ᠠᠯᠪᠠᠨ ᠲᠠᠷᠬᠠᠭ᠋ᠠᠭᠰᠠᠨ[2012]94 ᠳ᠋ᠤᠭᠡᠷ ᠲᠤᠭ᠋ᠠᠲᠤ)᠎ᠤᠨ ᠱᠠᠭ᠋ᠠᠷᠳᠠᠯᠭ᠎ᠠ ᠶᠤᠰᠤᠭ᠋ᠠᠷ᠂ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠤᠯᠭᠤᠬᠰᠠᠨ ᠵᠢᠱ᠌ᠢᠶ᠎ᠡ ᠦᠵᠡᠬᠦᠯᠬᠦ ᠬᠤᠰᠢᠭᠤ ᠰᠢᠶᠠᠨ (ᠲᠤᠭᠤᠷᠢᠭ)᠂ ᠰᠤᠮᠤ (ᠰᠢᠶᠠᠨᠭ᠌ ᠪᠠᠯᠭ᠋ᠠᠰᠤ)᠂ ᠭᠠᠴᠠᠭ᠎ᠠ (ᠲᠤᠰᠬᠤᠨ) ᠎ᠪᠠᠷ ᠮᠡᠳᠡᠭᠦᠯᠦᠭᠰᠡᠨ ᠪᠠᠢ᠌ᠬᠤ ᠬᠡᠷᠡᠭᠲᠠᠢ᠃
        ᠭᠤᠶᠤᠴᠢᠯᠠᠯ᠎ᠢ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠬᠦᠯᠬᠦ ᠵᠢᠨ ᠲᠤᠰᠠᠳᠠ᠂ ᠭᠤᠶᠤᠴᠢᠯᠠᠭᠴᠢ ᠬᠡᠷᠡᠭᠴᠡᠭᠡ ᠪᠦᠬᠦᠢ ᠮᠡᠳᠡᠭᠡ ᠵᠠᠨᠭ᠌ᠬᠢ᠎ᠳᠤ ᠠᠯᠢ ᠴᠢᠳᠠᠬᠤᠢ᠌ᠴᠠ ᠨᠠᠷᠢᠨ᠂ ᠲᠣᠳᠤᠷᠬᠠᠢ ᠳᠦᠷᠰᠦᠯᠡᠨ ᠲᠤᠭ᠋ᠠᠴᠢᠯᠲᠠ ᠬᠢᠨ᠎ᠠ; ᠬᠡᠷᠪᠡ ᠪᠣᠯᠤᠯᠴᠠᠭ᠎ᠠ᠎ᠲᠠᠢ ᠪᠣᠯ ᠲᠤᠰ ᠮᠡᠳᠡᠭᠡ ᠵᠠᠨᠭ᠌ᠬᠢ ᠵᠢᠨ ᠭᠠᠷᠴᠠᠭ᠂ ᠨᠡᠢ᠌ᠲᠡᠯᠡᠭᠰᠡᠨ ᠴᠠᠭ ᠬᠤᠭᠤᠴᠠᠭ᠎ᠠ᠂ ᠪᠢᠴᠢᠭ᠎ᠤᠨ ᠳ᠋ᠤᠭ᠋ᠠᠷ ᠪᠤᠶᠤ ᠲᠤᠰ ᠪᠠᠢ᠌ᠭᠤᠯᠭ᠎ᠠ ᠮᠡᠳᠡᠭᠡ ᠵᠠᠨᠭ᠌ᠬᠢ ᠵᠢᠨ ᠠᠴᠢᠶᠠᠯᠠᠪᠥᠷᠢ ᠵᠢ ᠲᠣᠭᠲᠠᠭ᠋ᠠᠬᠤ᠎ᠳᠤ ᠬᠠᠪᠰᠤᠷᠤᠮᠵᠢ ᠪᠤᠯᠬᠤ ᠪᠤᠰᠤᠳ ᠰᠠᠨᠠᠭᠤᠯᠤᠮᠵᠢ ᠵᠢ ᠬᠠᠨᠭ᠌ᠭ᠋ᠠᠬᠤ ᠪᠣᠯᠪᠠᠤ᠃
        ᠭᠤᠶᠤᠴᠢᠯᠠᠭᠴᠢ ᠲᠤᠰ ᠪᠡᠶ᠎ᠡ᠎ᠯᠦᠭᠡ᠎ᠪᠠᠨ ᠬᠠᠮᠢᠶ᠎ᠠ᠎ᠲᠠᠢ ᠵᠠᠰᠠᠭ᠎ᠤᠨ ᠤᠷᠳᠤᠨ᠎ᠤ ᠮᠡᠳᠡᠭᠡ ᠵᠠᠨᠭ᠌ᠬᠢ ᠵᠢ ᠤᠯᠬᠤ᠎ᠪᠠᠷ ᠭᠤᠶᠤᠴᠢᠯᠠᠪᠠᠯ᠂ ᠬᠦᠴᠦᠨ ᠪᠦᠬᠦᠢ ᠬᠡᠷᠡᠴᠢ᠎ᠲᠠᠢ ᠪᠠᠢ᠌ᠬᠤ ᠬᠡᠷᠡᠭᠲᠡᠢ ᠪᠦᠭᠡᠳ ᠪᠢᠴᠢᠭᠯᠡᠭᠰᠡᠨ ᠭᠤᠶᠤᠴᠢᠯᠠᠯ ᠵᠶ᠋ᠠᠨ ᠨᠢᠭᠤᠷᠳᠠᠨ ᠲᠤᠰᠢᠶᠠᠬᠤ ᠬᠡᠷᠡᠭᠲᠡᠢ᠃
        ᠲᠤᠰ ᠪᠠᠢ᠌ᠭᠤᠯᠭ᠎ᠠ ᠳ᠋ᠢᠶᠠᠩᠬᠤᠸᠠ᠎ᠪᠠᠷ ᠭᠤᠶᠤᠴᠢᠯᠠᠯ ᠭᠠᠷᠭ᠋ᠠᠬᠤ ᠵᠢ ᠰᠢᠭᠤᠳ ᠬᠦᠯᠢᠶᠡᠨ ᠠᠪᠴᠤ ᠬᠦᠢ᠍ᠴᠡᠳᠭᠡᠬᠦ ᠦᠭᠡᠢ᠂ ᠬᠡᠪᠡᠴᠦ ᠭᠤᠶᠤᠴᠢᠯᠠᠭᠴᠢ ᠬᠠᠮᠢᠶ᠎ᠠ ᠪᠦᠬᠥᠢ ᠦᠢ᠍ᠯᠡᠴᠢᠯᠡᠬᠡᠨ᠎ᠤ ᠲᠤᠬᠠᠢ᠌ᠯᠠᠭᠰᠠᠨ ᠠᠵᠢᠯ᠎ᠢ ᠳ᠋ᠢᠶᠠᠩᠬᠤᠸᠠ᠎ᠪᠠᠷ ᠠᠰᠠᠭᠤᠨ ᠯᠠᠪᠯᠠᠵᠤ ᠪᠤᠯᠤᠨ᠎ᠠ᠃
        ᠭᠤᠶᠤᠴᠢᠯᠠᠯ᠎ᠤᠨ ᠮᠠᠲᠸᠷᠢᠶᠠᠯ᠄ 《ᠦᠪᠦᠷ ᠮᠤᠨᠭ᠌ᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠨᠭᠬᠢᠮ᠎ᠤᠨ ᠵᠠᠰᠠᠭ᠎ᠤᠨ ᠤᠷᠳᠤᠨ᠎ᠤ ᠮᠡᠳᠡᠭᠡ ᠵᠠᠨᠭ᠌ᠬᠢ ᠵᠢ ᠢᠯᠡ ᠪᠤᠯᠭ᠋ᠠᠬᠤ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠨ᠎ᠠ᠃ 《ᠭᠤᠶᠤᠴᠢᠯᠠᠯ᠎ᠤᠨ ᠬᠦᠰᠦᠨᠦᠭᠲᠦ》 ᠵᠢᠨ ᠬᠠᠭᠤᠯᠪᠤᠷᠢ᠎ᠨᠢ ᠬᠦᠴᠦᠨ᠎ᠲᠠᠢ᠂ ᠦᠪᠡᠷᠲᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠨᠭᠬᠢᠮ᠎ᠤᠨ ᠫᠤᠷᠲᠸᠯ ᠰᠦᠯᠵᠢᠶ᠎ᠡ ᠵᠢᠨ ᠲᠡᠷᠢᠭᠦᠨ ᠨᠢᠭᠤᠷ᠎ᠤᠨ 《ᠵᠠᠰᠠᠭ᠎ᠤᠨ ᠤᠷᠳᠤᠨ᠎ᠤ ᠢᠯᠡ ᠮᠡᠳᠡᠭᠡ ᠵᠠᠨᠭ᠌ᠬᠢ》 ᠪᠤᠯᠤᠨᠭ᠌᠎ᠠᠴᠠ ᠪᠠᠭᠤᠯᠭ᠋ᠠᠵᠤ ᠪᠤᠯᠤᠨ᠎ᠠ᠃ ᠡᠯᠸᠺᠲᠷᠤᠨ ᠰᠢᠤᠳᠠᠨ ᠬᠠᠢ᠌ᠷᠴᠠᠭ᠂ ᠵᠠᠬᠢᠲᠠᠯ᠂ ᠹᠠᠺᠰ (0471 —6606150) ᠵᠡᠷᠭᠡ ᠬᠡᠯᠪᠡᠷᠢ᠎ᠪᠠᠷ ᠭᠤᠶᠤᠴᠢᠯᠠᠯ᠎ᠤᠨ ᠪᠢᠴᠢᠭ᠎ᠢ ᠲᠤᠰᠢᠶᠠᠵᠤ ᠪᠤᠯᠤᠨ᠎ᠠ᠃
       ᠬᠦᠢ᠍ᠴᠡᠳᠭᠡᠬᠦ ᠴᠤᠪᠤᠷᠠᠯ᠄
      1. ᠬᠤᠰᠢᠭᠤ ᠰᠢᠶᠠᠨ (ᠲᠤᠭᠤᠷᠢᠭ)᠂ ᠰᠤᠮᠤ (ᠰᠢᠶᠠᠨᠭ᠌ ᠪᠠᠯᠭ᠋ᠠᠰᠤ) ᠵᠢᠨ ᠠᠷᠠᠳ᠎ᠤᠨ ᠵᠠᠰᠠᠭ᠎ᠤᠨ ᠤᠷᠳᠤᠨ ᠪᠤᠶᠤ ᠭᠠᠴᠠᠭ᠎ᠠ (ᠲᠤᠰᠬᠤᠨ) ᠵᠢᠨ ᠵᠦᠪᠯᠡᠯ ᠭᠤᠶᠤᠴᠢᠯᠠᠯ ᠭᠠᠷᠭ᠋ᠠᠨ᠎ᠠ;
      2. ᠪᠦᠷᠢᠳᠭᠡᠵᠦ ᠬᠢᠨᠠᠨ ᠪᠠᠢ᠌ᠴᠠᠭ᠋ᠠᠨ᠎ᠠ᠃ ᠨᠦᠬᠦᠴᠡᠯ᠎ᠨᠢ ᠪᠦᠷᠢᠨ ᠲᠡᠭᠥᠯᠳᠡᠷ ᠦᠭᠡᠢ ᠭᠤᠶᠤᠴᠢᠯᠠᠯ᠎ᠢ ᠪᠤᠴᠠᠭ᠋ᠠᠬᠤ ᠵᠢᠨ ᠬᠠᠮᠲᠤ᠂   ᠪᠤᠷᠤᠭᠤ ᠳᠤᠲᠠᠭᠤ ᠵᠦᠢ᠍ᠯᠡᠰ᠎ᠢ ᠨᠢᠭᠡ ᠯᠡ ᠤᠳᠠᠭ᠎ᠠ᠎ᠳᠤ ᠮᠡᠳᠡᠭᠳᠡᠵᠤ᠂ ᠭᠤᠶᠤᠴᠢᠯᠠᠭᠴᠢ ᠵᠢ ᠨᠦᠬᠦᠪᠦᠷᠢᠯᠡᠬᠦᠯᠬᠦ᠎ᠪᠠᠷ ᠱᠠᠭ᠋ᠠᠷᠳᠠᠨ᠎ᠠ᠃
      3. ᠪᠤᠳᠠᠲᠠᠢ ᠬᠦᠢ᠍ᠴᠡᠳᠭᠡᠨ᠎ᠡ᠃ ᠲᠡᠷᠡ ᠳᠠᠷᠤᠢ᠎ᠳᠤᠨᠢ ᠬᠠᠷᠢᠭᠤ ᠦᠭᠴᠤ ᠳᠡᠢ᠌ᠯᠬᠦ᠎ᠳᠤᠨᠢ ᠲᠡᠷᠡ ᠳᠠᠷᠤᠢ᠎ᠳᠤᠨᠢ ᠬᠠᠷᠢᠭᠤ ᠦᠭᠭᠦᠨ᠎ᠡ; ᠲᠡᠷᠡ ᠳᠠᠷᠤᠢ᠎ᠳᠤᠨᠢ ᠬᠠᠷᠢᠬᠤ ᠦᠭᠴᠦ ᠳᠡᠢ᠌ᠯᠬᠦ ᠦᠭᠡᠢ᠎ᠳᠤᠨᠢ᠂ ᠪᠦᠷᠢᠳᠭᠡᠭᠰᠡᠨ ᠡᠳᠥᠷ᠎ᠠᠴᠠ ᠡᠬᠢᠯᠡᠨ 12 ᠠᠵᠢᠯᠯᠠᠬᠤ ᠡᠳᠦᠷ᠎ᠤᠨ ᠳᠤᠲᠤᠷ᠎ᠠ ᠪᠢᠴᠢᠭ ᠵᠶ᠋ᠠᠷ ᠬᠠᠷᠢᠭᠤ ᠦᠭᠭᠦᠨ᠎ᠡ᠃ ᠵᠦᠢ ᠶᠤᠰᠤᠨ᠎ᠤ ᠤᠴᠢᠷ ᠰᠢᠯᠲᠠᠭ᠋ᠠᠨ᠎ᠠᠴᠠ   ᠪᠣᠯᠤᠭ᠋ᠠᠳ ᠲᠤᠭᠲᠠᠭᠰᠠᠨ ᠬᠤᠭᠤᠴᠠᠭ᠋ᠠᠨ᠎ᠳᠠᠭᠠᠨ ᠬᠠᠷᠢᠭᠤ ᠦᠭᠴᠦ ᠳᠡᠢ᠌ᠯᠬᠦ ᠦᠭᠡᠢ᠎ᠳᠤᠨᠢ᠂ ᠬᠦᠯᠢᠶᠡᠨ ᠠᠪᠴᠤ ᠰᠢᠢ᠍ᠳᠪᠦᠷᠢᠯᠡᠬᠦ ᠨᠢᠭᠡᠴᠡ ᠵᠢᠨ ᠬᠠᠷᠢᠭᠤᠴᠠᠯᠭ᠋ᠠᠲᠠᠨ ᠵᠶ᠋ᠠᠷ ᠵᠦᠪᠰᠢᠶᠡᠷᠡᠭᠦᠯᠦᠭᠡᠳ᠂ ᠬᠠᠷᠢᠭᠤ ᠦᠭᠭᠦ ᠴᠠᠭ᠎ᠤᠨ ᠬᠢᠵᠠᠭ᠋ᠠᠷ᠎ᠢ ᠵᠣᠬᠢᠬᠤ ᠬᠡᠮᠵᠢᠶ᠎ᠡ᠎ᠪᠠᠷ ᠤᠷᠳᠤᠳᠬᠠᠬᠤ ᠵᠢᠨ ᠬᠠᠮᠲᠤ᠂ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠵᠤ᠂ ᠤᠷᠲᠤᠳᠬᠠᠭᠰᠠᠨ ᠴᠠᠭ᠎ᠢ 15 ᠠᠵᠢᠯᠯᠠᠬᠤ ᠡᠳᠦᠷ᠎ᠠᠴᠠ ᠬᠡᠲᠦᠷᠡᠭᠦᠯᠬᠦ ᠦᠭᠡᠢ᠃ ᠳᠠᠭ᠋ᠠᠭ᠋ᠠᠵᠦ ᠳᠡᠢ᠌ᠯᠬᠦ ᠦᠭᠡᠢ ᠬᠦᠴᠥᠨ ᠪᠤᠶᠤ ᠪᠤᠰᠤᠳ ᠬᠠᠤᠯᠢ᠎ᠪᠠᠷ ᠲᠤᠭᠲᠠᠭ᠋ᠠᠭᠰᠠᠨ ᠤᠴᠢᠷ ᠰᠢᠯᠲᠠᠭ᠋ᠠᠨ᠎ᠠᠴᠠ ᠪᠣᠯᠤᠭ᠋ᠠᠳ ᠲᠤᠭᠲᠠᠭᠰᠠᠨ ᠬᠤᠭᠤᠴᠠᠭ᠋ᠠᠨ᠎ᠳᠠᠭᠠᠨ ᠭᠤᠶᠤᠴᠢᠯᠠᠭᠴᠢ᠎ᠳᠤ ᠬᠠᠷᠢᠭᠤ ᠦᠭᠴᠦ ᠳᠡᠢ᠌ᠯᠬᠦ ᠦᠭᠡᠢ᠎ᠳᠤᠨᠢ᠂ ᠴᠠᠭ᠎ᠤᠨ ᠬᠢᠵᠠᠭ᠋ᠠᠷ᠎ᠢ ᠳᠤᠮᠳᠠ᠎ᠠᠴᠠ᠎ᠨᠢ ᠵᠣᠭᠰᠤᠭ᠋ᠠᠵᠦ᠂ ᠬᠠᠷᠰᠢ ᠰᠠᠭ᠋ᠠᠳ᠎ᠢ ᠠᠷᠢᠯᠭ᠋ᠠᠭᠰᠠᠨ᠎ᠤ ᠳᠠᠷᠠᠭ᠎ᠠ ᠰᠡᠷᠭᠥᠭᠡᠭᠰᠡᠨ ᠵᠶ᠋ᠠᠷ ᠪᠣᠳᠤᠨ᠎ᠠ᠃

   

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠠᠷᠢᠵᠦ ᠳᠠᠭᠤᠰᠤᠭᠰᠠᠨ ᠪᠥᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠯᠭ᠋ᠠᠨ ᠬᠣᠷᠢᠶᠠᠬᠤ ᠬᠢᠨᠠᠨ ᠵᠦᠪᠰᠢᠶᠡᠷᠡᠯ
ᠪᠤᠬᠢᠷᠳᠤᠯ ᠶᠡᠬᠡᠲᠠᠢ ᠲᠦᠯᠡᠰᠢ ᠵᠢ ᠬᠤᠪᠢᠶᠠᠷᠢᠯᠠᠬᠤ ᠲᠤᠬᠠᠢ ᠲᠤᠭᠲᠠᠭ᠋ᠠᠯ
ᠵᠠᠰᠠᠭ᠎ᠤᠨ ᠣᠷᠳᠣᠨ᠎ᠤ ᠣᠨᠴᠠᠭ᠋ᠠᠢ ᠨᠡᠮᠡᠭᠦᠷᠢ ᠬᠦᠷᠲᠡᠬᠦ ᠬᠥᠮᠦᠰ᠎ᠢ ᠰᠢᠯᠭ᠋ᠠᠷᠠᠭᠤᠯᠵᠦ ᠪᠠᠲᠤᠯᠠᠨ ᠲᠠᠨᠢᠯᠴᠠᠭᠤᠯᠬᠤ
ᠠᠵᠦ ᠠᠬᠤᠢ᠌ᠯᠠᠯ᠎ᠤᠨ ᠠᠵᠢᠯ᠎ᠠᠴᠠ᠎ᠪᠠᠨ ᠪᠠᠭᠤᠬᠤ ᠵᠢ ᠬᠢᠨᠠᠨ ᠵᠦᠪᠰᠢᠶᠠᠷᠠᠬᠦ ᠴᠤᠪᠤᠷᠠᠯ᠎ᠤᠨ ᠢᠯᠡ ᠨᠡᠢ᠌ᠲᠡᠯᠡᠯᠳᠡ
ᠬᠤᠪᠢ ᠨᠡᠢ᠌ᠯᠡᠭᠦᠯᠦᠭᠰᠡᠨ ᠬᠦᠮᠦᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠᠢ᠌ᠭᠤᠯᠬᠤ
 
            