[ ᠭᠤᠤᠯ ᠠᠵᠢᠯ᠎ᠤᠨ ᠬᠠᠷᠢᠭᠤᠴᠠᠯᠭ᠎ᠠ ᠪᠠ ᠡᠭᠦᠷᠭᠡ]
ᠤᠯᠤᠰ᠎ᠤᠨ ᠭᠠᠮᠰᠢᠭ᠎ᠠᠴᠠ ᠠᠪᠤᠷᠠᠬᠤ ᠪᠠ ᠨᠡᠢ᠌ᠭᠡᠮ ᠠᠴᠠ ᠳᠡᠳᠬᠦᠬᠦ ᠴᠢᠭᠯᠡᠯᠳᠡ ᠲᠦᠷᠥ ᠵᠢᠨ ᠪᠣᠳᠣᠯᠭ᠎ᠠ ᠵᠢ ᠲᠤᠤᠱᠯᠠᠭᠤᠯᠵᠦ᠂ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠠᠴᠠ ᠠᠪᠤᠷᠠᠬᠤ ᠪᠠ ᠨᠡᠢ᠌ᠭᠡᠮ ᠠᠴᠠ ᠳᠡᠳᠬᠦᠬᠦ ᠠᠵᠢᠯ᠎ᠤᠨ ᠠᠷᠭ᠎ᠠ ᠬᠡᠮᠵᠢᠶ᠎ᠡ ᠵᠢ ᠰᠤᠳᠤᠯᠤᠨ ᠲᠤᠭᠳᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ; ᠭᠠᠮᠰᠢᠭ᠎ᠠᠴᠠ ᠠᠪᠤᠷᠠᠬᠤ ᠠᠵᠢᠯ᠎ᠢ ᠵᠣᠬᠢᠶᠠᠨ ᠪᠠᠢ᠌ᠭᠤᠯᠵᠦ᠂ ᠵᠣᠬᠢᠴᠠᠭᠤᠯᠵᠤ᠂ ᠭᠠᠮᠰᠢᠭᠳᠠᠭᠰᠠᠨ ᠣᠷᠣᠨ᠎ᠢ ᠵᠢᠯᠤᠭᠤᠳᠤᠨ ᠦᠢ᠍ᠯᠡᠳᠪᠦᠷᠢᠯᠡᠯ ᠵᠶ᠋ᠡᠷ ᠥᠪᠡᠷ᠎ᠢ᠎ᠪᠠᠨ ᠠᠪᠤᠷᠠᠬᠤ ᠠᠵᠢᠯ᠎ᠢ ᠦᠷᠨᠢᠭᠦᠯᠦᠨ᠎ᠡ; ᠨᠢᠭᠡᠳᠦᠯᠲᠡᠢ ᠳᠡᠭᠡᠭᠰᠢ ᠮᠡᠳᠡᠭᠦᠯᠬᠦ ᠪᠠ ᠭᠠᠮᠰᠢᠭ᠎ᠤᠨ ᠪᠠᠢ᠌ᠳᠠᠯ᠎ᠢ ᠨᠡᠢ᠌ᠳᠡᠯᠡᠵᠦ᠂ ᠭᠠᠮᠰᠢᠭ᠎ᠠᠴᠠ ᠠᠪᠤᠷᠠᠬᠤ ᠵᠤᠭᠤᠰ ᠮᠥᠩᠭᠥ ᠡᠳ᠋ ᠪᠤᠳᠠᠰ᠎ᠢ ᠬᠠᠮᠢᠶᠠᠷᠴᠤ᠂ ᠬᠤᠪᠢᠶᠠᠷᠢᠯᠠᠬᠤ ᠵᠢᠨ ᠬᠠᠮᠲᠤ ᠬᠡᠷᠡᠭᠯᠡᠭᠰᠡᠨ ᠪᠠᠢ᠌ᠳᠠᠯ ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ; ᠭᠠᠮᠰᠢᠭ᠎ᠤᠨ ᠪᠠᠢ᠌ᠳᠠᠯ᠎ᠢ ᠬᠠᠷᠭᠤᠭᠤᠯᠤᠨ ᠪᠠᠢ᠌ᠴᠠᠭ᠋ᠠᠬᠤ᠂ ᠭᠠᠮᠰᠢᠭᠳᠠᠭᠰᠠᠨ ᠠᠷᠠᠳ᠎ᠢ ᠲᠣᠬᠣᠨᠢᠭᠤᠯᠬᠤ ᠵᠢ ᠵᠣᠬᠢᠶᠠᠨ ᠪᠠᠢ᠌ᠭᠤᠯᠤᠨ᠎ᠠ; ᠭᠠᠮᠰᠢᠭ᠎ᠠᠴᠠ ᠠᠪᠤᠷᠠᠬᠤ᠎ᠳᠤ ᠵᠤᠭᠤᠰ ᠮᠦᠩᠬᠦ ᠡᠳ᠋ ᠪᠤᠳᠠᠰ ᠲᠤᠰᠠᠯᠠᠵᠦ ᠳᠡᠮᠵᠢᠬᠦ ᠠᠵᠢᠯᠯᠠᠭ᠎ᠠ ᠵᠢ ᠵᠣᠬᠢᠶᠠᠨ ᠪᠠᠢ᠌ᠭᠤᠯᠬᠤ ᠪᠠ ᠵᠢᠯᠣᠭᠣᠳᠴᠤ᠂ ᠲᠤᠰᠠᠯᠠᠵᠦ ᠳᠡᠮᠵᠢᠭᠰᠡᠨ ᠵᠤᠭᠤᠰ ᠮᠥᠩᠭᠥ ᠡᠳ᠋ ᠪᠤᠳᠠᠰ᠎ᠢ ᠬᠦᠯᠢᠶᠡᠨ ᠠᠪᠬᠤ ᠬᠤᠪᠢᠶᠠᠷᠢᠯᠠᠬᠤ ᠪᠠ ᠬᠠᠮᠢᠶᠠᠷᠤᠨ᠎ᠠ᠃
ᠭᠠᠮᠰᠢᠭ᠎ᠠᠴᠠ ᠠᠪᠤᠷᠠᠬᠤ ᠠᠵᠢᠯ᠎ᠤᠨ ᠴᠢᠭᠯᠡᠯᠲᠡ᠄ ᠵᠠᠰᠠᠭ᠎ᠤᠨ ᠣᠷᠳᠣᠨ ᠵᠶ᠋ᠠᠷ ᠤᠳᠤᠷᠢᠳᠤᠭᠤᠯᠬᠤ᠂ ᠳᠡᠰ ᠬᠣᠪᠢᠶᠠᠨ ᠬᠠᠮᠢᠶᠠᠷᠬᠤ ᠂ ᠨᠡᠢ᠌ᠭᠡᠮ ᠵᠶ᠋ᠡᠷ ᠵᠶ᠋ᠡᠨ ᠬᠠᠷᠢᠯᠴᠠᠨ ᠲᠤᠰᠠᠯᠠᠯᠴᠠᠬᠤ᠂ ᠦᠢ᠍ᠯᠡᠳᠪᠦᠷᠢᠯᠡᠯ ᠵᠶ᠋ᠡᠷ ᠥᠪᠡᠷ᠎ᠢ᠎ᠪᠠᠨ ᠠᠪᠤᠷᠠᠬᠤ ᠴᠢᠭᠯᠡᠯᠳᠡ ᠵᠢ ᠬᠡᠷᠡᠭᠵᠢᠭᠦᠯᠦᠨ᠎ᠡ᠃
[ᠭᠠᠮᠰᠢᠭᠳᠠᠭᠰᠠᠨ ᠠᠷᠠᠳ᠎ᠢ ᠠᠪᠤᠷᠠᠨ ᠲᠤᠰᠠᠯᠠᠬᠤ]
ᠪᠦᠬᠦ ᠣᠷᠣᠨ᠎ᠤ ᠭᠠᠮᠰᠢᠭ᠎ᠠᠴᠠ ᠪᠣᠯᠵᠤ ᠵᠢᠯ ᠲᠤᠷᠰᠢ ᠠᠪᠤᠷᠠᠨ ᠲᠤᠰᠠᠯᠠᠭᠰᠠᠨ ᠭᠠᠮᠰᠢᠭᠳᠠᠭᠰᠠᠨ ᠠᠷᠠᠳ ᠪᠠᠷᠤᠭ 300 ᠲᠦᠮᠡᠨ ᠬᠥᠮᠥᠨ᠎ᠳᠤ ᠬᠦᠷᠴᠦ ᠪᠤᠢ᠃ 2009 ᠣᠨ᠎ᠳᠤ᠂ ᠪᠦᠬᠦ ᠣᠷᠣᠨ ᠳᠤ 1057 ᠲᠦᠮᠡᠨ ᠬᠥᠮᠥᠨ ᠭᠠᠮᠰᠢᠭ᠎ᠲᠤ ᠳᠠᠭ᠋ᠠᠷᠢᠭᠳᠠᠵᠦ᠂ 2.92 ᠲᠦᠮᠡᠨ ᠬᠦᠮᠥᠨᠢ ᠪᠠᠴᠢᠮ ᠵᠶ᠋ᠠᠷ ᠰᠢᠯᠵᠢᠭᠦᠯᠦᠨ ᠳᠦᠪᠬᠢᠨᠡᠭᠦᠯᠵᠦ᠂ ᠭᠠᠮᠰᠢᠭ᠎ᠲᠤ 33 ᠬᠥᠮᠥᠨ ᠡᠨᠳᠡᠪᠡ; 5757.4 ᠮᠢᠩᠭ᠋ᠠᠨ ᠾᠧᠺᠲ᠋ᠠᠷ ᠲᠠᠷᠢᠮᠠᠯ᠎ᠤᠨ ᠵᠦᠢ᠍ᠯ ᠭᠠᠮᠰᠢᠭ᠎ᠲᠤ ᠳᠠᠭ᠋ᠠᠷᠢᠭᠳᠠᠵᠦ᠂ ᠭᠠᠮᠰᠢᠭᠳᠠᠭᠰᠠᠨ ᠲᠠᠯᠠᠪᠠᠢ᠎ᠨᠢ 5029.15 ᠮᠢᠩᠭ᠋ᠠᠨ ᠾᠧᠺᠲ᠋ᠠᠷ᠎ᠲᠤ ᠬᠦᠷᠴᠤ᠂ ᠲᠤᠰᠤᠯ ᠬᠤᠷᠢᠶᠠᠯᠲᠠ ᠦᠭᠡᠢ ᠲᠠᠯᠠᠪᠠᠢ᠎ᠨᠢ 1866 ᠮᠢᠩᠭ᠋ᠠᠨ ᠾᠧᠺᠲ᠋ᠠᠷ᠎ᠲᠤ ᠬᠦᠷᠪᠡ; ᠭᠠᠮᠰᠢᠭ᠎ᠲᠤ 42000 ᠮᠢᠩᠭ᠋ᠠᠨ ᠾᠧᠺᠲ᠋ᠠᠷ ᠬᠠᠳᠤᠯᠠᠩ ᠪᠡᠯᠴᠢᠭᠡᠷ ᠳᠠᠭ᠋ᠠᠷᠢᠭᠳᠠᠵᠦ᠂ 96.9 ᠲᠦᠮᠡᠨ ᠮᠠᠯ ᠤᠨᠤᠭ᠎ᠠ ᠦᠬᠦᠪᠡ ; ᠭᠠᠮᠰᠢᠭ᠎ᠲᠤ 5547 ᠳᠠᠰᠤᠯᠭ᠎ᠠ ᠭᠡᠷ ᠪᠠᠢ᠌ᠰᠢᠩ ᠨᠤᠷᠠᠵᠦ᠂ 44432 ᠳᠠᠰᠤᠯᠭ᠎ᠠ ᠭᠡᠷ ᠪᠠᠢ᠌ᠰᠢᠩ ᠡᠪᠳᠡᠭᠳᠡᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠪᠡᠯᠡᠳᠭᠡᠮᠵᠢ ᠪᠠ ᠣᠯᠠᠨ ᠨᠡᠢ᠌ᠲᠡ ᠵᠢᠨ ᠪᠡᠯᠡᠳᠭᠡᠮᠵᠢ ᠴᠤ᠌ ᠬᠦᠨᠳᠦ ᠨᠣᠴᠢᠲᠠᠢ ᠡᠪᠳᠡᠯᠡᠭᠡ᠎ᠳᠤ ᠤᠴᠠᠷᠠᠵᠤ᠂ ᠭᠠᠮᠰᠢᠭ᠎ᠠᠴᠠ ᠪᠤᠯᠤᠭᠰᠠᠨ ᠠᠵᠤ ᠠᠬᠤᠢ ᠵᠢᠨ ᠰᠢᠭᠤᠳ ᠬᠣᠬᠢᠷᠠᠯ 256.56 ᠳ᠋ᠦᠩᠰᠢᠭᠤᠷ ᠲᠦᠬᠦᠷᠢᠭ ᠲᠤ ᠬᠦᠷᠴᠠᠢ᠂ ᠡᠭᠦᠨ᠎ᠳᠤ ᠲᠠᠷᠢᠶᠠᠯᠠᠩ ᠮᠠᠯ ᠠᠵᠤ ᠠᠬᠤᠢ ᠵᠢᠨ ᠬᠣᠬᠢᠷᠠᠯ᠎ᠨᠢ 205.38 ᠳ᠋ᠦᠩᠰᠢᠭᠤᠷ ᠲᠦᠬᠦᠷᠢᠭ᠎ᠲᠤ ᠬᠦᠷᠪᠡ᠃ 2009 ᠣᠨ᠎ᠳᠤ᠂ ᠪᠦᠬᠦ ᠵᠢᠯ ᠳᠤ 2.87 ᠳ᠋ᠦᠩᠰᠢᠭᠤᠷ ᠲᠦᠭᠦᠷᠢᠭ᠎ᠤᠨ ᠭᠠᠮᠰᠢᠭ᠎ᠠᠴᠠ ᠠᠪᠤᠷᠠᠬᠤ ᠵᠣᠭᠤᠰ ᠮᠥᠩᠭᠥ ᠪᠠᠭᠤᠯᠭ᠋ᠠᠵᠤ᠂ 2 ᠲᠦᠮᠡ ᠭᠠᠷᠤᠢ ᠬᠦᠪᠦᠩ ᠬᠦᠨᠵᠢᠯᠡ ᠳᠡᠪᠢᠰᠬᠡᠷ ᠰᠢᠯᠵᠢᠭᠦᠯᠦᠨ ᠥᠭᠴᠦ᠂ 2.92 ᠲᠦᠮᠡᠨ ᠭᠠᠮᠰᠢᠭᠳᠠᠭᠰᠠᠨ ᠠᠷᠠᠳ᠎ᠢ ᠲᠤᠬᠢᠲᠠᠢ ᠲᠦᠪᠬᠢᠨᠡᠭᠦᠯᠵᠦ᠂ 300 ᠭᠠᠷᠤᠢ ᠲᠦᠮᠡᠨ ᠭᠠᠮᠰᠢᠭᠳᠠᠭᠰᠠᠨ ᠠᠷᠠᠳ᠎ᠢ ᠠᠮᠵᠢᠯᠲᠠ᠎ᠲᠠᠢ᠎ᠪᠠᠷ ᠠᠪᠤᠷᠠᠨ ᠲᠤᠰᠠᠯᠠᠪᠠ᠃
[ᠨᠡᠢ᠌ᠭᠡᠮ᠎ᠠᠴᠠ ᠵᠤᠭᠤᠰ ᠮᠦᠩᠬᠦ ᠡᠳ᠋ ᠪᠤᠳᠠᠰ ᠳᠤᠰᠠᠯᠠᠵᠦ ᠳᠡᠮᠵᠢᠭᠰᠡᠨ]
2001 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠠᠴᠠ ᠠᠪᠤᠷᠠᠬᠤ᠎ᠳᠤ ᠲᠤᠰᠠᠯᠠᠵᠦ ᠳᠡᠮᠵᠢᠭᠰᠡᠨ ᠵᠤᠭᠤᠰ ᠮᠦᠩᠬᠦ ᠡᠳ᠋ ᠪᠤᠳᠠᠰ᠎ᠢ ᠬᠦᠯᠢᠶᠡᠨ ᠠᠪᠬᠤ ᠠᠵᠢᠯ᠎ᠤᠨ ᠦᠷᠳᠡᠭᠡ ᠪᠠᠢ᠌ᠭᠤᠯᠪᠠ᠃ ᠡᠳᠤᠭᠡ ᠪᠣᠯᠳᠠᠯ᠎ᠠ᠂ ᠡᠯ᠎ᠡ ᠲᠦᠷᠦᠯ᠎ᠤᠨ ᠲᠤᠰᠠᠯᠠᠵᠦ ᠳᠡᠮᠵᠢᠭᠰᠡᠨ ᠵᠣᠭᠤᠰ᠎ᠢ ᠨᠡᠢ᠌ᠲᠡ 6500 ᠲᠦᠮᠡᠨ ᠲᠦᠬᠦᠷᠢᠭ ᠲᠤᠰ᠎ᠤᠨ ᠠᠪᠤᠪᠠ᠃
2009 ᠣᠨ᠎ᠳᠤ 400 ᠲᠦᠮᠡᠨ ᠲᠦᠬᠦᠷᠢᠭ᠎ᠤᠨ ᠲᠤᠰᠠᠯᠠᠵᠦ ᠳᠡᠮᠵᠢᠭᠰᠡᠨ ᠵᠣᠭᠤᠰ᠎ᠢ ᠲᠤᠰ᠎ᠤᠨ ᠠᠪᠤᠪᠠ᠃ ᠣᠳᠣᠬᠠᠨ᠎ᠳᠤ᠂ ᠪᠦᠬᠦ ᠣᠷᠣᠨ᠎ᠳᠤ ᠨᠡᠢ᠌ᠲᠡ 528 ᠪᠠᠢ᠌ᠩᠭᠤ ᠵᠢᠨ ᠴᠢᠨᠠᠷᠲᠠᠢ ᠲᠤᠰᠠᠯᠠᠵᠦ ᠳᠡᠮᠵᠢᠬᠦ ᠦᠷᠳᠡᠭᠡ ᠴᠢᠭ᠋᠎ᠲᠠᠢ ᠪᠣᠯᠪᠠ᠃
[ᠭᠠᠮᠰᠢᠭ᠎ᠠᠴᠠ ᠠᠪᠤᠷᠠᠬᠤ ᠨᠦᠬᠡᠴᠡ ᠵᠢᠨ ᠬᠦᠮᠦᠷᠭᠡ ᠵᠢᠨ ᠪᠠᠢ᠌ᠭᠤᠯᠤᠯᠲᠠ]
ᠪᠦᠬᠦ ᠣᠷᠣᠨ᠎ᠳᠤ ᠭᠠᠮᠰᠢᠭ᠎ᠠᠴᠠ ᠠᠪᠤᠷᠠᠬᠤ ᠨᠦᠬᠡᠴᠡ ᠵᠢᠨ ᠰᠠᠩ ᠬᠦᠮᠦᠷᠭᠡ ᠨᠡᠢ᠌ᠲᠡ 67 ᠪᠤᠢ᠂ ᠡᠭᠦᠨ᠎ᠳᠤ᠂ ᠥᠪᠡᠷᠲᠡᠭᠡᠨ ᠵᠠᠰᠠᠬᠣ ᠣᠷᠣᠨ᠎ᠤ ᠳᠡᠰ᠎ᠤᠨ 1᠂ ᠠᠢ᠌ᠮᠠᠭ ᠬᠣᠲᠠ ᠵᠢᠨ᠎ᠬᠢ 8᠂ ᠬᠣᠰᠢᠭᠤ ᠰᠢᠶᠠᠨ᠎ᠤ᠎ᠬᠢ 58 ᠪᠤᠢ; ᠲᠦᠷᠢᠶᠡᠰᠦᠯᠡᠭᠰᠡᠨ ᠨᠦᠬᠡᠴᠡ ᠵᠢᠨ ᠰᠠᠩ ᠬᠦᠮᠦᠷᠭᠡ 14 ᠪᠠᠢ᠌ᠵᠤ᠂ ᠡᠭᠦᠨ᠎ᠳᠤ ᠠᠢ᠌ᠮᠠᠭ ᠬᠣᠲᠠ᠎ᠳᠤ 2 ᠂ ᠬᠣᠰᠢᠭᠤ ᠰᠢᠶᠠᠨ᠎ᠳᠤ 12 ᠪᠤᠢ᠃ ᠣᠳᠣᠬᠠᠨ᠎ᠳᠤ ᠥᠪᠡᠷᠲᠡᠭᠡᠨ ᠵᠠᠰᠠᠬᠣ ᠣᠷᠣᠨ᠎ᠤ ᠨᠦᠬᠡᠴᠡ ᠵᠢᠨ ᠰᠠᠩ ᠬᠦᠮᠦᠷᠭᠡ᠎ᠳᠤ ᠭᠣᠣᠯᠳᠠᠭᠤ 5700 ᠰᠢᠬᠠᠮ ᠭᠠᠮᠰᠢᠭ᠎ᠠᠴᠠ ᠠᠪᠤᠷᠠᠬᠤ ᠮᠠᠢ᠌ᠬᠠᠨ (ᠡᠭᠦᠨ᠎ᠳᠤ 600 ᠳᠠᠩ ᠮᠠᠢ᠌ᠬᠠᠨ᠂ 5100 ᠬᠥᠪᠦᠩ ᠮᠠᠢ᠌ᠬᠠᠨ)᠂ 6400 ᠭᠠᠮᠰᠢᠭ᠎ᠠᠴᠠ ᠠᠪᠤᠷᠠᠬᠤ ᠬᠤᠪᠴᠠᠰᠤ ᠬᠦᠨᠵᠢᠯᠡ ᠬᠠᠳᠠᠭ᠋ᠠᠯᠠᠵᠤ ᠪᠤᠢ᠃ ᠭᠠᠮᠰᠢᠭ᠎ᠠᠴᠠ ᠠᠪᠤᠷᠠᠬᠤ ᠨᠦᠭᠡᠴᠡ ᠵᠢᠨ ᠡᠳ᠋ ᠪᠤᠳᠠᠰ᠎ᠢ ᠰᠢᠯᠵᠢᠭᠦᠯᠦᠨ ᠵᠦᠭᠡᠭᠡᠬᠦ ᠵᠢ ᠥᠪᠡᠷᠲᠡᠭᠡᠨ ᠵᠠᠰᠠᠬᠣ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠨᠢᠭᠡᠳᠦᠯᠲᠡᠢ ᠰᠢᠯᠵᠢᠬᠦᠯᠦᠨ ᠳᠣᠬᠢᠷᠠᠭᠤᠯᠤᠨ᠎ᠠ᠃