ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠢ᠌ᠴᠠᠭ᠋ᠠᠨ ᠡᠷᠢᠬᠦ ᠪᠠ ᠬᠢᠷᠢ ᠭᠡᠮ ᠣᠯᠭᠣᠬᠤ
ᠨᠡᠶ᠋ᠢᠲᠡᠯᠡᠭᠰᠡᠨ ᠴᠠᠭ᠄ 2024-05-30


     ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ ᠵᠢ ᠪᠦᠬᠦ ᠤᠯᠤᠰ᠎ᠲᠤ ᠨᠢᠭᠡᠳᠦᠯᠲᠡᠢ ᠰᠢᠯᠭ᠋ᠠᠯᠲᠠ ᠬᠢᠨᠠᠵᠤ᠂ ᠰᠢᠯᠭ᠋ᠠᠯᠲᠠ ᠵᠢᠨ ᠬᠢᠷᠢ ᠪᠦᠲᠦᠮᠵᠢ ᠵᠢ ᠬᠠᠤᠯᠢ ᠴᠠᠭ᠋ᠠᠵᠠ ᠵᠢᠨ ᠶᠠᠮᠤᠨ᠎ᠤ ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ ᠵᠢᠨ ᠠᠯᠪᠠᠨ ᠭᠡᠷ᠎ᠠᠴᠠ ᠪᠠᠷᠤᠭ ᠲᠤᠰ ᠵᠢᠯ᠎ᠤᠨ 11 ᠳ᠋ᠦ᠍ᠭᠡᠷ ᠰᠠᠷ᠎ᠠ ᠵᠢᠨ ᠳᠤᠮᠳᠠᠴᠢ ᠪᠠ ᠰᠡᠭᠥᠯᠴᠢ᠎ᠪᠠᠷ ᠨᠡᠢ᠌ᠭᠡᠮ᠎ᠳᠤ ᠨᠡᠢ᠌ᠲᠡᠯᠡᠵᠦ᠂ ᠰᠢᠯᠭ᠋ᠠᠯᠲᠠ᠎ᠳᠤ ᠣᠷᠣᠯᠴᠠᠭᠰᠠᠳ ᠬᠠᠤᠯᠢ ᠴᠠᠭ᠋ᠠᠵᠠ ᠵᠢᠨ ᠶᠠᠮᠤᠨ᠎ᠤ ᠰᠦᠯᠵᠢᠶᠡᠨ ᠦᠷᠲᠡᠭᠡ (http᠄ //www.moj.gov.cn) ᠎ᠳᠤ ᠭᠠᠷᠴᠤ ᠰᠢᠯᠭ᠋ᠠᠯᠲᠠ ᠵᠢᠨ ᠬᠢᠷᠢ ᠪᠦᠲᠦᠮᠵᠢ ᠵᠢᠨ ᠬᠠᠭᠤᠳᠠᠰᠤ᠎ᠪᠠᠨ ᠦᠪᠡᠷ ᠵᠶ᠋ᠡᠨ ᠪᠠᠭᠤᠯᠭ᠋ᠠᠨ ᠳᠠᠷᠤᠮᠠᠯᠯᠠᠵᠦ ᠠᠪᠬᠤ ᠪᠤᠶᠤ ᠨᠡᠷ᠎ᠡ ᠮᠡᠳᠡᠭᠦᠯᠦᠭᠰᠡᠨ ᠭᠠᠵᠠᠷ᠎ᠤᠨ ᠬᠠᠤᠯᠢ ᠴᠠᠭ᠋ᠠᠵᠠ ᠵᠢᠨ ᠲᠣᠪᠴᠢᠶ᠎ᠠ᠎ᠳᠤ ᠬᠦᠷᠴᠦ ᠪᠡᠶ᠎ᠡ ᠵᠢᠨ ᠦᠨᠡᠮᠯᠡᠯ᠂ ᠰᠢᠯᠭ᠋ᠠᠭᠤᠯᠬᠤ ᠦᠨᠡᠮᠯᠡᠯ ᠵᠶ᠋ᠠᠷ ᠵᠶ᠋ᠠᠨ ᠠᠪᠴᠤ ᠪᠣᠯᠣᠨ᠎ᠠ᠃
     ᠰᠢᠯᠭ᠋ᠠᠯᠲᠠ᠎ᠳᠤ ᠣᠷᠣᠯᠴᠠᠭᠰᠠᠳ ᠰᠢᠯᠭ᠋ᠠᠯᠲᠠ ᠵᠢᠨ ᠬᠢᠷᠢ ᠪᠦᠲᠦᠮᠵᠢ᠎ᠳᠤ ᠣᠨᠳᠣᠣ ᠰᠠᠨᠠᠯ᠎ᠲᠠᠢ ᠪᠣᠯ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ᠂ ᠨᠡᠷ᠎ᠡ ᠮᠡᠳᠡᠭᠦᠯᠦᠭᠰᠡᠨ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠬᠤᠪᠢ᠎ᠪᠠᠨ ᠬᠠᠷᠭᠤᠭᠤᠯᠤᠨ ᠪᠠᠢ᠌ᠴᠠᠭ᠋ᠠᠬᠤ ᠪᠢᠴᠢᠭᠯᠡᠭᠰᠡᠨ ᠭᠤᠶᠤᠴᠢᠯᠠᠯ ᠭᠠᠷᠭ᠋ᠠᠵᠦ ᠪᠣᠯᠣᠨ᠎ᠠ᠃ ᠬᠤᠪᠢ ᠬᠠᠷᠭᠤᠭᠤᠯᠤᠨ ᠪᠠᠢ᠌ᠴᠠᠭ᠋ᠠᠬᠤ ᠬᠡᠪᠴᠢᠶᠠᠨ᠎ᠳᠤ ᠰᠢᠯᠭ᠋ᠠᠯᠲᠠ ᠵᠢᠨ ᠬᠠᠭᠤᠳᠠᠰᠤ ᠳᠥᠷᠪᠡ ᠪᠠ ᠰᠢᠯᠭ᠋ᠠᠯᠲᠠ ᠵᠢᠨ ᠬᠠᠭᠤᠳᠠᠰᠤ ᠨᠢᠭᠡ᠂ ᠰᠢᠯᠭ᠋ᠠᠯᠲᠠ ᠵᠢᠨ ᠬᠠᠭᠤᠳᠠᠰᠤ ᠬᠤᠶᠠᠷ᠂ ᠰᠢᠯᠭ᠋ᠠᠯᠲᠠ ᠵᠢᠨ ᠬᠠᠭᠤᠳᠠᠰᠤ ᠭᠤᠷᠪᠠ ᠵᠢᠨ ᠰᠢᠯᠭ᠋ᠠᠯᠲᠠ᠎ᠳᠤ ᠣᠷᠣᠯᠴᠠᠭᠰᠠᠨ ᠪᠣᠯᠪᠠᠴᠤ ᠰᠢᠯᠭ᠋ᠠᠯᠲᠠ ᠵᠢᠨ ᠬᠢᠷᠢ ᠪᠦᠳᠦᠮᠵᠢ ᠦᠭᠡᠢ ᠰᠢᠯᠭ᠋ᠠᠯᠲᠠ ᠵᠢᠨ ᠬᠠᠭᠤᠳᠠᠰᠤ ᠪᠠᠭᠲᠠᠨ᠎ᠠ᠃
     ᠰᠢᠯᠭ᠋ᠠᠯᠲᠠ᠎ᠳᠤ ᠣᠷᠣᠯᠴᠠᠭᠰᠠᠳ ᠲᠤᠰ ᠵᠢᠯ᠎ᠤᠨ ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ ᠵᠢᠨ ᠬᠢᠷᠢ ᠲᠡᠩᠴᠡᠬᠦ ᠬᠢᠵᠠᠭ᠋ᠠᠷᠯᠠᠬᠤ ᠬᠤᠪᠢ᠎ᠳᠤ ᠬᠦᠷᠦᠭᠰᠡᠨ ᠪᠣᠯ ᠲᠣᠭᠲᠠᠭᠰᠠᠨ ᠬᠤᠭᠤᠴᠠᠭ᠎ᠠ ᠬᠢᠵᠠᠭ᠋ᠠᠷ᠎ᠤᠨ ᠳᠣᠲᠣᠷ᠎ᠠ ᠬᠠᠤᠯᠢ ᠴᠠᠭ᠋ᠠᠵᠠ ᠵᠢᠨ ᠶᠠᠮᠤᠨ᠎ᠤ ᠰᠦᠯᠵᠢᠶᠡᠨ ᠦᠷᠲᠡᠭᠡ (http᠄ //www.moj.gov.cn)᠎ᠳᠤ ᠭᠠᠷᠴᠤ᠂ ᠬᠠᠤᠯᠢ ᠴᠠᠭ᠋ᠠᠵᠠ ᠵᠢᠨ ᠡᠷᠬᠢᠯᠡᠭᠰᠡᠨ ᠠᠵᠢᠯ᠎ᠤᠨ ᠬᠢᠷᠢ ᠬᠡᠮ ᠭᠤᠶᠤᠴᠢᠯᠠᠨ ᠠᠪᠬᠤ ᠬᠠᠮᠢᠶ᠎ᠠ ᠪᠦᠬᠦᠢ ᠮᠡᠳᠡᠭᠡ ᠵᠠᠩᠭᠢ ᠵᠢ ᠲᠠᠭᠯᠠᠵᠤ᠂ 《XXXX ᠣᠨ᠎ᠤ ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ ᠵᠢᠨ ᠬᠠᠤᠯᠢ ᠴᠠᠭ᠋ᠠᠵᠠ ᠵᠢᠨ ᠡᠷᠬᠢᠯᠡᠭᠰᠡᠨ ᠠᠵᠢᠯ ᠎ᠤᠨ ᠬᠢᠷᠢ ᠭᠡᠮ ᠣᠯᠭᠣᠬᠤ ᠭᠤᠶᠤᠴᠢᠯᠠᠯ᠎ᠤᠨ ᠬᠦᠰᠦᠨᠦᠭᠲᠦ》 ᠵᠢ ᠪᠣᠢ ᠪᠣᠯᠭ᠋ᠠᠨ᠎ᠠ᠃ ᠰᠦᠯᠵᠢᠶᠡᠨ ᠳᠡᠭᠡᠷ᠎ᠡ ᠭᠤᠶᠤᠴᠢᠯᠠᠬᠤ ᠲᠡᠰ ᠳᠠᠷᠠᠭ᠋ᠠᠯᠠᠯ᠎ᠢ ᠭᠦᠢ᠍ᠴᠡᠳᠬᠡᠭᠰᠡᠨ᠎ᠤ ᠳᠠᠷᠠᠭ᠎ᠠ᠂ ᠲᠣᠭᠲᠠᠭᠰᠠᠨ ᠬᠤᠭᠤᠴᠠᠭ᠎ᠠ ᠬᠢᠵᠠᠭ᠋ᠠᠷ᠎ᠤᠨ ᠳᠣᠲᠣᠷ᠎ᠠ ᠨᠡᠷ᠎ᠡ ᠮᠡᠳᠡᠭᠦᠯᠦᠭᠰᠡᠨ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠵᠢᠭ᠋ᠠᠨ ᠲᠣᠭᠲᠠᠭ᠋ᠠᠭᠰᠠᠨ ᠭᠠᠵᠠᠷ᠎ᠤᠨ ᠲᠤᠬᠠᠢ ᠵᠢᠨ ᠲᠠᠯᠠᠪᠠᠢ᠎ᠳᠤ ᠭᠤᠶᠤᠴᠢᠯᠠᠯ᠎ᠤᠨ ᠮᠠᠲᠸᠷᠢᠶᠠᠯ ᠵᠶ᠋ᠠᠨ ᠲᠤᠰᠢᠶᠠᠵᠤ᠂ ᠬᠠᠤᠯᠢ ᠴᠠᠭ᠋ᠠᠵᠠ ᠵᠢᠨ ᠡᠷᠬᠢᠯᠡᠭᠰᠡᠨ ᠠᠵᠢᠯ᠎ᠤᠨ ᠬᠢᠷᠢ ᠭᠡᠮ ᠣᠯᠭᠣᠬᠤ ᠵᠢ ᠭᠤᠶᠤᠴᠢᠯᠠᠨ᠎ᠠ᠃
     ᠡᠷᠦᠭᠡ ᠠᠮᠠ ᠵᠢᠨ ᠬᠠᠷᠢᠶ᠎ᠠ᠎ᠨᠢ ᠨᠡᠷ᠎ᠡ ᠮᠡᠳᠡᠭᠦᠯᠬᠦ ᠰᠤᠷᠤᠯᠭ᠎ᠠ ᠵᠢᠨ ᠨᠠᠮᠲᠠᠷ᠎ᠤᠨ ᠨᠥᠬᠥᠴᠡᠯ᠎ᠢ ᠠᠭᠤᠵᠢᠭᠤ ᠲᠠᠯᠪᠢᠬᠤ ᠭᠠᠵᠠᠷ ᠣᠷᠣᠨ᠎ᠳᠤ ᠪᠠᠢ᠌ᠵᠤ᠂ ᠬᠢᠷᠢ ᠲᠡᠩᠴᠡᠬᠦ ᠬᠢᠵᠠᠭ᠋ᠠᠷᠯᠠᠬᠤ ᠬᠤᠪᠢ ᠵᠢ ᠠᠭᠤᠵᠢᠭᠤ ᠲᠠᠯᠪᠢᠬᠤ ᠨᠥᠬᠥᠴᠡᠯ᠎ᠳᠤ ᠨᠡᠢ᠌ᠴᠡᠭᠰᠡᠨ᠎ᠤ ᠬᠠᠮᠲᠤ ᠣᠨᠳᠤᠤ ᠭᠠᠵᠠᠷ ᠨᠡᠷ᠎ᠡ ᠮᠡᠳᠡᠭᠦᠯᠦᠭᠰᠡᠨ ᠭᠤᠶᠤᠴᠢᠯᠠᠭᠴᠢ ᠪᠣᠯ ᠰᠦᠯᠵᠢᠶᠡᠨ ᠳᠡᠭᠡᠷ᠎ᠡ ᠭᠤᠶᠤᠴᠢᠯᠠᠬᠤ ᠲᠡᠰ ᠳᠠᠷᠠᠭ᠋ᠠᠯᠠᠯ᠎ᠢ ᠭᠦᠢ᠍ᠴᠡᠳᠬᠡᠭᠰᠡᠨ᠎ᠤ ᠳᠠᠷᠠᠭ᠎ᠠ᠂ ᠲᠣᠭᠲᠠᠭᠰᠠᠨ ᠬᠤᠭᠤᠴᠠᠭ᠎ᠠ ᠬᠢᠵᠠᠭ᠋ᠠᠷ᠎ᠤᠨ ᠳᠣᠲᠣᠷ᠎ᠠ᠂ ᠡᠷᠦᠭᠡ ᠠᠮᠠ ᠵᠢᠨ  ᠬᠠᠷᠢᠶ᠎ᠠ ᠵᠢᠨ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠠᠴᠠ ᠵᠢᠭ᠋ᠠᠨ ᠲᠣᠭᠲᠠᠭ᠋ᠠᠭᠰᠠᠨ ᠭᠠᠵᠠᠷ᠎ᠤᠨ ᠲᠤᠬᠠᠢ ᠵᠢᠨ ᠲᠠᠯᠠᠪᠠᠢ᠎ᠳᠤ ᠬᠦᠷᠴᠦ ᠭᠤᠶᠤᠴᠢᠯᠠᠯ᠎ᠤᠨ ᠮᠠᠲᠸᠷᠢᠶᠠᠯ ᠵᠶ᠋ᠠᠨ ᠲᠤᠰᠢᠶᠠᠵᠤ᠂ ᠬᠠᠤᠯᠢ ᠴᠠᠭ᠋ᠠᠵᠠ ᠵᠢᠨ  ᠡᠷᠬᠢᠯᠡᠭᠰᠡᠨ ᠠᠵᠢᠯ ᠎ᠤᠨ ᠬᠢᠷᠢ ᠭᠡᠮ ᠣᠯᠭᠣᠬᠤ ᠵᠢ ᠭᠤᠶᠤᠴᠢᠯᠠᠨ᠎ᠠ᠃
     ᠡᠩ᠎ᠤᠨ ᠳᠡᠭᠡᠳᠦ ᠰᠤᠷᠭ᠋ᠠᠭᠤᠯᠢ ᠵᠢᠨ ᠳᠠᠷᠠᠭ᠎ᠠ ᠵᠢᠯ᠎ᠤᠨ ᠲᠤᠰ ᠬᠤᠭᠤᠴᠠᠭ᠋ᠠᠨ᠎ᠤ ᠲᠡᠭᠦᠰᠬᠦ ᠵᠢᠩᠬᠢᠨᠢ ᠠᠩᠭᠢ ᠵᠢᠨ ᠰᠤᠷᠤᠭᠴᠢ ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ᠎ᠳᠤ ᠣᠷᠣᠯᠴᠠᠭ᠋ᠠᠳ ᠬᠢᠷᠢ ᠲᠡᠩᠴᠡᠬᠦ ᠬᠢᠵᠠᠭ᠋ᠠᠷᠯᠠᠬᠤ ᠬᠤᠪᠢ᠎ᠳᠤ ᠬᠦᠷᠦᠭᠰᠡᠨ ᠪᠣᠯ ᠲᠡᠭᠦᠰᠬᠦ ᠦᠨᠡᠮᠯᠡᠯ ᠵᠶ᠋ᠡᠨ ᠣᠯᠣᠭᠰᠠᠨ᠎ᠤ ᠳᠠᠷᠠᠭ᠎ᠠ ᠬᠠᠤᠯᠢ ᠴᠠᠭ᠋ᠠᠵᠠ ᠵᠢᠨ ᠡᠷᠬᠢᠯᠡᠭᠰᠡᠨ ᠠᠵᠢᠯ᠎ᠤᠨ ᠬᠢᠷᠢ ᠭᠡᠮ᠂ 《ᠬᠠᠤᠯᠢ ᠴᠠᠭ᠋ᠠᠵᠠ ᠵᠢᠨ ᠡᠷᠬᠢᠯᠡᠭᠰᠡᠨ ᠠᠵᠢᠯ᠎ᠤᠨ ᠬᠢᠷᠢ ᠭᠡᠮ᠎ᠤᠨ ᠦᠨᠡᠮᠯᠡᠯ》 ᠣᠯᠭᠣᠬᠤ ᠭᠤᠶᠤᠴᠢᠯᠠᠯ ᠭᠠᠷᠭ᠋ᠠᠬᠤ ᠬᠡᠷᠡᠭᠲᠡᠢ᠃ ᠪᠤᠳᠠᠲᠠᠢ ᠴᠠᠭ ᠪᠠ ᠠᠷᠭ᠎ᠠ ᠵᠢ ᠬᠠᠤᠯᠢ ᠴᠠᠭ᠋ᠠᠵᠠ ᠵᠢᠨ ᠶᠠᠮᠤᠨ᠎ᠤ ᠤᠯᠤᠰ᠎ᠤᠨ ᠬᠠᠤᠯᠢ ᠴᠠᠭ᠋ᠠᠵᠠ ᠵᠢᠨ ᠰᠢᠯᠭ᠋ᠠᠯᠲᠠ ᠵᠢᠨ ᠠᠯᠪᠠᠨ ᠭᠡᠷ᠎ᠤᠨ ᠠᠯᠪᠠᠨ ᠵᠡᠷ᠎ᠠᠴᠠ ᠨᠠᠷᠢᠨ ᠦᠵᠡᠭᠡᠷᠡᠢ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠤᠬᠢᠷᠳᠤᠯ ᠶᠡᠬᠡᠲᠠᠢ ᠲᠦᠯᠡᠰᠢ ᠵᠢ ᠬᠤᠪᠢᠶᠠᠷᠢᠯᠠᠬᠤ ᠲᠤᠬᠠᠢ ᠲᠤᠭᠲᠠᠭ᠋ᠠᠯ
ᠬᠥᠳᠡᠯᠮᠦᠷᠢ ᠵᠢᠨ ᠪᠠᠲᠤᠯᠠᠭ᠎ᠠ ᠵᠢᠨ ᠪᠢᠴᠢᠭᠯᠡᠭᠰᠡᠨ ᠬᠢᠨᠠᠨ ᠪᠠᠢ᠌ᠴᠠᠭ᠋ᠠᠯᠲᠠ
ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠴᠤ ᠥᠩᠭᠡᠷᠡᠭᠰᠡᠨ ᠪᠣᠯ ᠬᠣᠢ᠌ᠰᠢ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠨᠥᠯᠥᠭᠡᠯᠡᠬᠦ ᠤᠤ?
ᠭᠠᠷ ᠤᠳᠠᠰᠤᠨ ᠲᠡᠭᠡᠷ᠎ᠡ ᠴᠢᠨᠢ  ᠴᠤᠩᠬᠤᠪᠴᠢ ᠢᠯᠡᠷᠡᠪᠡᠯ ᠬᠡᠷᠰᠡᠦᠯᠡᠭᠡᠷᠡᠢ!
 
            