ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠥᠳᠡᠯᠮᠦᠷᠢ ᠵᠢᠨ ᠪᠠᠲᠤᠯᠠᠭ᠎ᠠ ᠵᠢᠨ ᠪᠢᠴᠢᠭᠯᠡᠭᠰᠡᠨ ᠬᠢᠨᠠᠨ ᠪᠠᠢ᠌ᠴᠠᠭ᠋ᠠᠯᠲᠠ
ᠨᠡᠶ᠋ᠢᠲᠡᠯᠡᠭᠰᠡᠨ ᠴᠠᠭ᠄ 2024-06-11


     ᠦᠢ᠍ᠯᠡᠴᠢᠯᠡᠭᠦᠯᠦᠭᠴᠢ᠄ ᠬᠦᠬᠡᠬᠣᠲᠠ᠎ᠳᠤ ᠰᠠᠭᠤᠭ᠎ᠠ ᠲᠥᠪ᠎ᠤᠨ ᠬᠠᠷᠢᠶ᠎ᠠ ᠪᠦᠬᠦᠢ᠂  ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ᠂ ᠴᠡᠷᠢᠭ᠎ᠠᠴᠠ ᠡᠷᠬᠢᠯᠡᠭᠰᠡᠨ ᠵᠡᠷᠭᠡ ᠬᠥᠮᠥᠨ ᠬᠡᠷᠡᠭᠯᠡᠬᠦ ᠨᠢᠭᠡᠴᠡ (ᠡᠯ᠎ᠡ ᠲᠦᠷᠦᠯ᠎ᠤᠨ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠡ᠂ ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ᠎ᠤᠨ ᠪᠣᠰᠤ ᠨᠢᠭᠡᠴᠡ ᠵᠢᠴᠢ ᠬᠥᠳᠡᠯᠮᠦᠷᠢ ᠬᠦᠴᠦᠨ ᠬᠡᠷᠡᠭᠯᠡᠬᠦ ᠦᠢ᠍ᠯᠡ ᠠᠵᠢᠯᠯᠠᠭ᠎ᠠ᠎ᠲᠠᠢ ᠪᠤᠶᠤ ᠨᠡᠢ᠌ᠭᠡᠮ᠎ᠤᠨ ᠳᠠᠭ᠋ᠠᠳᠬᠠᠯ᠎ᠳᠤ ᠬᠠᠣᠯᠢ ᠶᠣᠰᠣᠭ᠋ᠠᠷ ᠣᠷᠣᠯᠴᠠᠭᠰᠠᠨ ᠲᠦᠷᠦ ᠵᠢᠨ ᠪᠠᠢ᠌ᠭᠤᠯᠭ᠎ᠠ ᠪᠤᠯᠤᠨ ᠨᠡᠢ᠌ᠭᠡᠮ᠎ᠤᠨ ᠪᠥᠯᠬᠥᠮ ᠵᠡᠷᠭᠡ ᠪᠠᠭᠲᠠᠨ᠎ᠠ)
     ᠬᠦᠯᠢᠶᠡᠨ ᠠᠪᠴᠤ ᠭᠦᠢ᠍ᠴᠡᠳᠬᠡᠬᠦ ᠰᠠᠯᠠᠭ᠎ᠠ ᠮᠦᠴᠢᠷ᠄ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠶᠡᠷᠦᠩᠬᠡᠢ ᠠᠩᠭᠢ
     ᠬᠠᠶᠢᠭ᠄ ᠬᠦᠬᠡᠬᠤᠲᠠ ᠵᠢᠨ ᠰᠢᠨᠬᠤᠸᠠ ᠶᠡᠬᠡ ᠵᠡᠬᠡᠯᠢ ᠵᠢᠨ63 ᠳ᠋ᠤᠭ᠋ᠠᠷ ᠨᠣᠮᠸᠷ ᠎ᠤᠨ1 ᠳ᠋ᠦ᠍ᠭᠡᠷ ᠠᠰᠠᠷ᠎ᠤᠨ 435 ᠳ᠋ᠤᠭ᠋ᠠᠷ ᠦᠷᠦᠭᠡ (ᠰᠢᠤᠳᠠᠨ ᠳ᠋ᠤᠭ᠋ᠠᠷ᠄ 010055)
     ᠬᠠᠷᠢᠯᠴᠠᠬᠤ ᠬᠦᠮᠦᠨ᠄ ᠶᠠᠩ ᠭᠦᠸᠸ ᠵᠦᠩ ᠺᠠᠩ ᠯᠢ
     ᠬᠠᠤᠯᠢ᠎ᠪᠠᠷ ᠲᠤᠭᠲᠠᠭ᠋ᠠᠭᠰᠠᠨ ᠬᠦᠢ᠍ᠴᠡᠳᠭᠡᠬᠦ ᠴᠠᠭ᠎ᠤᠨ ᠬᠢᠵᠠᠭ᠋ᠠᠷ᠄ 4 ᠳ᠋ᠦ᠍ᠭᠡᠷ ᠰᠠᠷ᠎ᠠ ᠵᠢᠨ1᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 31᠎ᠤ ᠡᠳᠦᠷ ᠬᠦᠷᠲᠡᠯ᠎ᠡ
     ᠬᠠᠷᠢᠯᠴᠠᠬᠤ ᠳ᠋ᠢᠶᠠᠩᠬᠤᠸᠠ᠄ 0471--6945343
     ᠠᠮᠠᠯᠳᠠᠭᠰᠠᠨ ᠬᠦᠢ᠍ᠴᠡᠳᠭᠡᠬᠦ ᠴᠠᠭ᠎ᠤᠨ ᠬᠢᠵᠠᠭ᠋ᠠᠷ : ᠲᠡᠷᠡ ᠳᠠᠷᠤᠢ᠎ᠳᠤᠨᠢ ᠭᠦᠢ᠍ᠴᠡᠳᠬᠡᠨ᠎ᠡ
     ᠰᠦᠢ᠍ᠳᠬᠡᠯ ᠬᠤᠷᠢᠶᠠᠬᠤ ᠪᠠᠢ᠌ᠳᠠᠯ᠄ ᠰᠦᠢ᠍ᠳᠬᠡᠯ ᠬᠤᠷᠢᠶᠠᠬᠤ ᠦᠭᠡᠢ
     ᠬᠢᠨᠠᠯᠲᠠ ᠲᠠᠯᠪᠢᠵᠤ ᠵᠠᠭ᠋ᠠᠯᠳᠤᠬᠤ ᠳ᠋ᠢᠶᠠᠩᠬᠤᠸᠠ᠄ 0471 —  6944603
     ᠦᠨᠳᠦᠰᠦᠯᠡᠯ᠄ 《ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠳᠦᠷᠢᠮ》 (ᠲᠥᠷᠦ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 423 ᠳ᠋ᠤᠭ᠋ᠠᠷ ᠲᠣᠭ᠋ᠠᠲᠤ)
     ᠬᠦᠯᠢᠶᠡᠨ ᠠᠪᠴᠤ ᠭᠦᠢ᠍ᠴᠡᠳᠬᠡᠬᠦ ᠨᠥᠬᠥᠴᠡᠯ᠄ ᠬᠠᠣᠯᠢ ᠴᠠᠭ᠋ᠠᠵᠠ᠎ᠳᠤ ᠲᠣᠭᠲᠠᠭ᠋ᠠᠭᠰᠠᠨ ᠱᠠᠭ᠋ᠠᠷᠳᠠᠯᠭ᠎ᠠ ᠶᠣᠰᠣᠭ᠋ᠠᠷ ᠬᠥᠮᠥᠨ ᠬᠡᠷᠡᠭᠯᠡᠬᠦ ᠨᠢᠭᠡᠴᠡ ᠲᠣᠭᠲᠠᠮᠠᠯ ᠬᠤᠭᠤᠴᠠᠭ᠎ᠠ᠎ᠲᠠᠢ᠎ᠪᠠᠷ ᠣᠷᠣᠯᠴᠠᠨ᠎ᠠ᠂ ᠬᠥᠳᠡᠯᠮᠦᠷᠢ ᠬᠦᠴᠦᠨ ᠬᠡᠷᠡᠭᠯᠡᠬᠦ ᠵᠢ ᠳᠠᠩᠰᠠᠯᠠᠬᠤ ᠰᠢᠰᠲᠸᠮ ᠵᠶ᠋ᠡᠷ  ᠳᠠᠮᠵᠢᠭᠤᠯᠤᠨ ᠰᠦᠯᠵᠢᠶᠡᠨ ᠳᠡᠭᠡᠷ᠎ᠡ ᠭᠦᠢ᠍ᠴᠡᠳᠬᠡᠵᠦ ᠪᠣᠯᠣᠨ᠎ᠠ᠃
     ᠭᠤᠶᠤᠴᠢᠯᠠᠬᠤ ᠮᠠᠲᠸᠷᠢᠶᠠᠯ᠄ ᠣᠨ᠎ᠤ ᠬᠥᠮᠥᠨ ᠬᠡᠷᠡᠭᠯᠡᠬᠦ ᠨᠢᠭᠡᠴᠡ ᠵᠢᠨ ᠬᠥᠳᠡᠯᠮᠦᠷᠢ ᠵᠢᠨ ᠪᠠᠲᠤᠯᠠᠭ᠎ᠠ ᠵᠢᠨ ᠪᠢᠴᠢᠭᠯᠡᠭᠰᠡᠨ ᠮᠠᠲᠸᠷᠢᠶᠠᠯ᠎ᠢ ᠬᠢᠨᠠᠨ ᠪᠠᠢ᠌ᠴᠠᠭ᠋ᠠᠵᠤ ᠳᠠᠩᠰᠠᠯᠠᠭᠰᠠᠨ ᠬᠥᠰᠦᠨᠦᠭᠲᠦ; ᠠᠵᠢᠯᠲᠠᠨ ᠠᠵᠢᠯᠴᠢᠨ᠎ᠤ ᠨᠡᠷ᠎ᠡ ᠵᠢᠨ ᠳᠠᠩᠰᠠ᠂ ᠬᠥᠳᠡᠯᠮᠦᠷᠢ ᠵᠢᠨ ᠭᠡᠷ᠎ᠡ ᠪᠢᠴᠢᠭ᠂ ᠴᠠᠯᠢᠩ ᠣᠯᠭᠣᠭᠰᠠᠨ ᠬᠦᠰᠦᠨᠦᠭᠲᠦ᠂ ᠨᠡᠢ᠌ᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠪᠠᠷᠢᠮᠲᠠ᠂ ᠳᠦᠷᠢᠮ ᠲᠣᠭᠲᠠᠭ᠋ᠠᠯ ᠵᠶ᠋ᠡᠷ ᠬᠠᠮᠢᠶᠠᠷᠬᠤ ᠳᠦᠷᠢᠮ᠂ ᠮᠡᠷᠭᠡᠵᠢᠯ᠎ᠤᠨ ᠠᠵᠢᠯ᠎ᠤᠨ ᠲᠦᠷᠦᠯ᠎ᠤᠨ ᠠᠵᠢᠯ  ᠡᠷᠬᠢᠯᠡᠵᠦ ᠪᠠᠢ᠌ᠭ᠎ᠠ ᠬᠥᠮᠥᠰ᠎ᠤᠨ ᠡᠷᠬᠢᠯᠡᠭᠰᠡᠨ ᠠᠵᠢᠯ᠎ᠤᠨ ᠬᠢᠷᠢ ᠭᠡᠮ᠎ᠤᠨ ᠦᠨᠡᠮᠯᠡᠯ ᠵᠡᠷᠭᠡ᠃
     ᠭᠦᠢ᠍ᠴᠡᠳᠬᠡᠬᠦ ᠴᠤᠪᠤᠷᠠᠯ᠄
     1. ᠮᠡᠳᠡᠭᠳᠡᠯ ᠪᠠᠭᠤᠯᠭ᠋ᠠᠨ᠎ᠠ᠃ ᠨᠠᠮ ᠵᠠᠰᠠᠭ᠎ᠤᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠡ ᠵᠡᠷᠭᠡ ᠬᠥᠮᠥᠨ ᠬᠡᠷᠡᠭᠯᠡᠬᠦ ᠨᠢᠭᠡᠴᠡ᠎ᠳᠤ ᠭᠣᠣᠯᠳᠠᠭᠤ ᠠᠯᠪᠠᠨ ᠪᠢᠴᠢᠭ ᠰᠣᠯᠢᠯᠴᠠᠨ ᠡᠷᠭᠢᠯᠳᠦᠭᠦᠯᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠮᠡᠳᠡᠭᠳᠡᠵᠦ᠂ ᠡᠯ᠎ᠡ ᠲᠦᠷᠦᠯ᠎ᠤᠨ ᠠᠵᠤ ᠠᠬᠤᠢ᠌ᠯᠠᠯ᠎ᠳᠤ ᠭᠣᠣᠯᠳᠠᠭᠤ ᠳ᠋ᠢᠶᠠᠩᠬᠤᠸᠠ᠎ᠪᠠᠷ ᠳᠠᠮᠵᠢᠭᠤᠯᠤᠨ ᠮᠡᠳᠡᠭᠳᠡᠬᠦ ᠪᠤᠶᠤ ᠰᠢᠤᠳᠠᠨ ᠵᠶ᠋ᠠᠷ ᠢᠯᠡᠭᠡᠬᠦ ᠠᠷᠭ᠎ᠠ ᠮᠠᠶᠢᠭ ᠵᠶ᠋ᠠᠷ ᠮᠡᠳᠡᠭᠳᠡᠨ᠎ᠡ᠃
     2. ᠬᠠᠷᠢᠶ᠎ᠠ ᠪᠦᠬᠦᠢ ᠬᠥᠮᠥᠨ ᠬᠡᠷᠡᠭᠯᠡᠬᠦ ᠨᠢᠭᠡᠴᠡ ᠣᠨ᠎ᠤ ᠮᠡᠳᠡᠭᠦᠯᠦᠯᠲᠡ ᠵᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠵᠢ ᠠᠪᠤᠨ᠎ᠠ᠃ ᠨᠠᠮ ᠵᠠᠰᠠᠭ᠎ᠤᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠡ᠂ ᠨᠡᠢ᠌ᠭᠡᠮ᠎ᠤᠨ ᠪᠦᠯᠬᠥᠮ ᠵᠡᠷᠭᠡ ᠬᠥᠮᠥᠨ ᠬᠡᠷᠡᠭᠯᠡᠬᠦ ᠨᠢᠭᠡᠴᠡ ᠵᠠᠭᠪᠤᠷ ᠨᠢᠭᠡ ᠵᠢᠨ ᠮᠡᠳᠡᠭᠦᠯᠦᠯᠲᠡ ᠵᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠵᠢ ᠠᠪᠤᠨ᠎ᠠ; ᠡᠯ᠎ᠡ ᠲᠦᠷᠦᠯ᠎ᠤᠨ ᠠᠵᠤ ᠠᠬᠤᠢ᠌ᠯᠠᠯ ᠵᠠᠭᠪᠤᠷ ᠬᠣᠶᠠᠷ᠎ᠤᠨ ᠮᠡᠳᠡᠭᠦᠯᠦᠯᠲᠡ ᠵᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠵᠢ ᠠᠪᠤᠨ᠎ᠠ᠃ ᠮᠡᠳᠡᠭᠦᠯᠦᠯᠲᠡ ᠵᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠵᠢ ᠨᠢᠭᠡ ᠤᠳᠠᠭ᠎ᠠ ᠠᠪᠤᠪᠠᠯ᠂ ᠠᠳᠠᠭ᠎ᠲᠠᠭᠠᠨ 3  ᠵᠢᠯ ᠬᠡᠷᠡᠭᠯᠡᠵᠦ ᠪᠣᠯᠣᠨ᠎ᠠ᠃
     3. ᠪᠣᠯᠪᠠᠰᠤᠷᠠᠭᠤᠯᠤᠯ ᠵᠣᠬᠢᠶᠠᠨ ᠪᠠᠢ᠌ᠭᠤᠯᠤᠨ᠎ᠠ᠃ ᠮᠡᠳᠡᠭᠦᠯᠦᠨ ᠬᠥᠷᠭᠡᠬᠦ ᠪᠢᠴᠢᠭᠯᠡᠭᠰᠡᠨ ᠮᠠᠲᠸᠷᠢᠶᠠᠯ᠎ᠤᠨ ᠣᠨ᠎ᠤ  ᠬᠢᠨᠠᠬᠤ ᠠᠵᠢᠯ᠎ᠢ ᠪᠠᠢ᠌ᠷᠢᠯᠠᠭᠤᠯᠵᠤ᠂ ᠬᠠᠣᠯᠢ ᠴᠠᠭ᠋ᠠᠵᠠ ᠬᠠᠣᠯᠢ ᠲᠣᠭᠲᠠᠭ᠋ᠠᠯ᠎ᠤᠨ ᠮᠡᠳᠡᠯᠭᠡ ᠵᠢᠨ ᠪᠣᠯᠪᠠᠰᠤᠷᠠᠭᠤᠯᠤᠯ᠎ᠤᠨ ᠠᠩᠭᠢ ᠵᠢ ᠵᠣᠬᠢᠶᠠᠨ ᠪᠠᠢ᠌ᠭᠤᠯᠤᠨ᠎ᠠ᠃
     4. ᠬᠠᠷᠢᠶ᠎ᠠ ᠪᠦᠬᠦᠢ ᠬᠥᠮᠥᠨ ᠬᠡᠷᠡᠭᠯᠡᠬᠦ ᠨᠢᠭᠡᠴᠡ ᠮᠡᠳᠡᠭᠦᠯᠦᠯᠲᠡ ᠵᠢᠨ ᠪᠢᠴᠢᠭ ᠪᠠ ᠳᠠᠩᠰᠠᠯᠠᠭᠤᠯᠬᠤ ᠬᠦᠰᠦᠨᠦᠭᠲᠦ ᠵᠢ ᠲᠠᠭᠯᠠᠨ ᠵᠣᠬᠢᠶᠠᠨ᠎ᠠ᠃ ᠲᠣᠰ ᠨᠢᠭᠡᠴᠡ ᠵᠢᠨ ᠳᠡᠭᠡᠷ᠎ᠡ ᠨᠢᠭᠡ ᠵᠢᠯ᠎ᠤᠨ ᠠᠵᠢᠯᠴᠢᠨ ᠬᠡᠷᠡᠭᠯᠡᠭᠰᠡᠨ ᠶᠡᠷᠦᠩᠭᠡᠢ ᠪᠠᠢ᠌ᠳᠠᠯ᠎ᠢ ᠦᠨᠳᠦᠰᠦᠯᠡᠨ᠂ ᠲᠤᠰ ᠪᠦᠷᠢ ᠬᠡᠪ ᠳᠦᠷᠢᠮ ᠬᠦᠰᠦᠨᠦᠭᠲᠦ ᠵᠢᠨ ᠶᠣᠰᠣᠭ᠋ᠠᠷ ᠬᠠᠮᠢᠶ᠎ᠠ ᠪᠦᠬᠦᠢ ᠪᠠᠢ᠌ᠳᠠᠯ ᠪᠠ ᠲᠣᠭ᠎ᠠ ᠪᠠᠷᠢᠮᠳᠠ ᠵᠢ ᠲᠠᠭᠯᠠᠨ᠎ᠠ᠃ ᠡᠭᠦᠨ᠎ᠤ ᠬᠠᠮᠲᠤ ᠲᠤᠰ ᠨᠢᠭᠡᠴᠡ ᠵᠢᠨ ᠬᠠᠤᠯᠢ ᠵᠢᠨ ᠡᠷᠬᠡᠲᠡᠨ ᠪᠤᠶᠤ ᠬᠠᠷᠢᠭᠤᠴᠠᠯᠭ᠋ᠠᠲᠠᠨ ᠭᠠᠷ᠎ᠤᠨ ᠦᠰᠦᠭ ᠵᠢᠷᠤᠬᠤ ᠵᠢᠨ ᠬᠠᠮᠲᠤ᠂ ᠬᠥᠮᠥᠨ ᠬᠡᠷᠡᠭᠯᠡᠬᠦ ᠨᠢᠭᠡᠴᠡ ᠠᠯᠪᠠᠨ ᠲᠠᠮᠠᠭ᠎ᠠ᠎ᠪᠠᠨ ᠳᠠᠷᠣᠨ᠎ᠠ᠃ ᠡᠰᠡᠬᠦᠯ᠎ᠡ ᠰᠢᠭᠤᠳ ᠰᠦᠯᠵᠢᠶᠡᠨ ᠳᠡᠭᠡᠷᠡᠬᠢ ᠬᠦᠳᠡᠯᠮᠦᠷᠢ ᠬᠦᠴᠦᠨ ᠬᠡᠷᠡᠭᠯᠡᠬᠦ ᠵᠢ ᠳᠠᠩᠰᠠᠯᠠᠬᠤ ᠰᠢᠰᠲᠸᠮ ᠵᠶ᠋ᠡᠷ ᠳᠠᠮᠵᠢᠭᠤᠯᠤᠨ ᠭᠦᠢ᠍ᠴᠡᠳᠬᠡᠨ᠎ᠡ᠃
     5. ᠪᠢᠴᠢᠭᠯᠡᠭᠰᠡᠨ ᠮᠠᠲᠸᠷᠢᠶᠠᠯ ᠪᠣᠯᠣᠨ ᠮᠡᠳᠡᠭᠦᠯᠦᠯᠲᠡ ᠵᠢᠨ ᠪᠢᠴᠢᠭ᠂ ᠳᠠᠩᠰᠠᠯᠠᠨ ᠪᠦᠷᠢᠳᠬᠡᠬᠦ ᠬᠦᠰᠦᠨᠦᠭᠲᠦ ᠵᠢ ᠴᠠᠭ᠎ᠤᠨ ᠬᠢᠵᠠᠭ᠋ᠠᠷ ᠪᠤᠶᠤ ᠱᠠᠭ᠋ᠠᠷᠳᠠᠯᠭ᠎ᠠ ᠶᠣᠰᠤᠭ᠋ᠠᠷ ᠬᠠᠩᠭ᠋ᠠᠨ᠎ᠠ᠃ ᠵᠢᠯ ᠪᠦᠷᠢ ᠵᠢᠨ 4 ᠳ᠋ᠦ᠍ᠭᠡᠷ ᠰᠠᠷ᠎ᠠ᠎ᠠᠴᠠ 7 ᠳ᠋ᠤᠭ᠋ᠠᠷ ᠰᠠᠷ᠎ᠠ ᠬᠦᠷᠲᠡᠯ᠎ᠡ ᠪᠣᠯ ᠬᠢᠨᠡᠨ ᠪᠠᠢ᠌ᠴᠠᠭ᠋ᠠᠬᠤ᠎ᠳᠤ ᠮᠡᠳᠡᠭᠦᠯᠦᠨ ᠬᠥᠷᠭᠡᠬᠦ ᠴᠠᠭ ᠬᠤᠭᠤᠴᠠᠭ᠎ᠠ ᠪᠣᠯᠬᠤ ᠲᠤᠯᠠ᠂ ᠬᠥᠮᠥᠨ ᠬᠡᠷᠡᠭᠯᠡᠬᠦ ᠨᠢᠭᠡᠴᠡ ᠳᠣᠣᠷᠠᠬᠢ ᠮᠡᠲᠦ ᠵᠢᠨ ᠮᠠᠲᠸᠷᠢᠶᠠᠯ᠎ᠢ ᠬᠠᠩᠭ᠋ᠠᠬᠤ ᠴᠢᠬᠤᠯᠠᠲᠠᠢ᠄
     (1) 《ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠭᠰᠠᠨ ᠪᠢᠴᠢᠭᠯᠡᠭᠰᠡᠨ ᠮᠡᠳᠡᠭᠦᠯᠦᠯᠲᠡ ᠵᠢᠨ ᠪᠢᠴᠢᠭ》᠂ 《ᠣᠨ᠎ᠤ ᠬᠥᠮᠥᠨ ᠬᠡᠷᠡᠭᠯᠡᠬᠦ ᠨᠢᠭᠡᠴᠡ ᠵᠢᠨ ᠬᠥᠳᠡᠯᠮᠦᠷᠢ ᠵᠢᠨ ᠪᠠᠲᠤᠯᠠᠭ᠎ᠠ ᠵᠢᠨ ᠪᠢᠴᠢᠭᠯᠡᠭᠰᠡᠨ ᠬᠢᠨᠡᠨ ᠳᠠᠩᠰᠠᠯᠠᠭᠤᠯᠤᠭᠰᠠᠨ ᠬᠦᠰᠦᠨᠦᠭᠲᠦ》;
     (2) ᠦᠨᠡᠮᠯᠡᠯ ᠣᠯᠭᠣᠬᠤ ᠪᠠᠢ᠌ᠭᠤᠯᠭ᠎ᠠ ᠵᠢᠨ ᠣᠯᠭᠣᠭᠰᠠᠨ ᠦᠨᠡᠮᠯᠡᠯ᠎ᠤᠨ ᠬᠠᠭᠤᠯᠪᠤᠷᠢ (ᠠᠵᠤ ᠠᠬᠤᠢ᠌ᠯᠠᠯ);
     (3) ᠬᠥᠮᠥᠨ ᠬᠡᠷᠡᠭᠯᠡᠬᠦ ᠨᠢᠭᠡᠴᠡ ᠵᠢᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠣᠷᠣᠯᠠᠬᠤ ᠲᠡᠮᠳᠡᠭ᠎ᠤᠨ ᠦᠨᠡᠮᠯᠡᠯ᠎ᠤᠨ ᠬᠠᠭᠤᠯᠪᠤᠷᠢ;
     (4) ᠬᠥᠮᠥᠨ ᠬᠡᠷᠡᠭᠯᠡᠬᠦ ᠨᠢᠭᠡᠴᠡ ᠵᠢᠨ ᠬᠥᠳᠡᠯᠮᠦᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ (ᠡᠯᠸᠺᠲᠷᠤᠨ ᠬᠡᠪᠯᠡᠯ ᠵᠶ᠋ᠡᠷ ᠮᠡᠳᠡᠭᠦᠯᠵᠦ ᠪᠣᠯᠣᠨ᠎ᠠ);
     (5) ᠳᠡᠭᠡᠷ᠎ᠡ ᠣᠨ᠎ᠤ 12 ᠳ᠋ᠤᠭ᠋ᠠᠷ ᠰᠠᠷ᠎ᠠ ᠵᠢᠨ ᠠᠵᠢᠯᠲᠠᠨ ᠠᠵᠢᠯᠴᠢᠨ᠎ᠤ ᠨᠡᠷ᠎ᠡ ᠵᠢᠨ ᠳᠠᠩᠰᠠ (ᠠᠵᠢᠯᠲᠠᠨ ᠠᠵᠢᠯᠴᠢᠨ᠎ᠤ ᠨᠡᠷ᠎ᠡ ᠵᠢᠨ ᠳᠠᠩᠰᠠ ᠵᠢᠨ ᠠᠭᠤᠯᠭ᠎ᠠ᠎ᠳᠤ  ᠪᠠᠭᠲᠠᠬᠤ ᠎ᠨᠢ᠄ ᠬᠦᠳᠡᠯᠮᠦᠷᠢᠯᠡᠭᠴᠢᠳ᠎ᠤᠨ ᠣᠪᠣᠭ ᠨᠡᠷ᠎ᠡ᠂ ᠴᠢᠨᠠᠷ᠎ᠤᠨ ᠢᠯᠭ᠋ᠠᠯ᠂ ᠪᠡᠶ᠎ᠡ ᠵᠢᠨ ᠦᠨᠡᠮᠯᠡᠯ᠎ᠤᠨ ᠨᠣᠮᠧᠷ᠂ ᠠᠵᠢᠯ᠎ᠤᠨ ᠪᠠᠢ᠌ᠷᠢ᠂ ᠡᠷᠦᠬᠡ ᠠᠮᠠ ᠵᠢᠨ ᠬᠠᠷᠢᠶ᠎ᠠ ᠵᠢᠨ ᠬᠠᠶᠢᠭ ᠬᠢᠭᠡᠳ ᠣᠳᠣ ᠵᠢᠨ ᠰᠠᠭᠤᠵᠤ ᠪᠠᠢ᠌ᠭ᠎ᠠ ᠭᠠᠵᠠᠷ᠂ ᠬᠠᠷᠢᠯᠴᠠᠬᠤ ᠠᠷᠭ᠎ᠠ ᠮᠠᠶᠢᠭ᠂ ᠬᠥᠳᠡᠯᠮᠦᠷᠢ ᠬᠦᠴᠦᠨ ᠬᠡᠷᠡᠭᠯᠡᠬᠦ ᠬᠡᠯᠪᠡᠷᠢ ᠮᠠᠶᠢᠭ᠂ ᠠᠵᠢᠯᠴᠢᠨ ᠬᠡᠷᠡᠭᠯᠡᠵᠦ ᠡᠬᠢᠯᠡᠭᠰᠡᠨ ᠳᠠᠭᠤᠰᠤᠭᠰᠠᠨ ᠴᠠᠭ ᠬᠤᠭᠤᠴᠠᠭ᠎ᠠ᠂ ᠬᠦᠳᠡᠯᠮᠦᠷᠢ ᠵᠢᠨ ᠭᠡᠷ᠎ᠡ ᠵᠢᠨ ᠬᠤᠭᠤᠴᠠᠭ᠎ᠠ ᠬᠢᠵᠠᠭ᠋ᠠᠷ ᠵᠡᠷᠭᠡ ᠪᠠᠭᠲᠠᠨ᠎ᠠ);
     (6) ᠮᠡᠷᠭᠡᠵᠢᠯ᠎ᠤᠨ ᠠᠵᠢᠯ᠎ᠤᠨ ᠲᠦᠷᠦᠯ᠎ᠤᠨ ᠠᠵᠢᠯ ᠡᠷᠬᠢᠯᠡᠵᠦ ᠪᠠᠢ᠌ᠭ᠎ᠠ ᠬᠥᠮᠥᠰ᠎ᠤᠨ ᠬᠠᠮᠢᠶᠠᠷᠤᠯᠲᠠ ᠵᠢᠨ ᠡᠬᠡ ᠳᠠᠩᠰᠠ ᠬᠢᠭᠡᠳ ᠭᠠᠷᠳᠠᠵᠤ ᠪᠦᠬᠦᠢ ᠡᠷᠬᠢᠯᠡᠭᠰᠡᠨ ᠠᠵᠢᠯ᠎ᠤᠨ ᠬᠢᠷᠢ ᠭᠡᠮ᠎ᠤᠨ ᠦᠨᠡᠮᠯᠡᠯ᠎ᠤᠨ ᠬᠠᠭᠤᠯᠪᠤᠷᠢ;
     (7) ᠳᠡᠭᠡᠷ᠎ᠡ ᠣᠨ᠎ᠤ 12 ᠳ᠋ᠤᠭ᠋ᠠᠷ ᠰᠠᠷ᠎ᠠ ᠵᠢᠨ ᠴᠠᠯᠢᠩ ᠣᠯᠭᠣᠭᠰᠠᠨ ᠬᠦᠰᠦᠨᠦᠭᠲᠦ (ᠡᠯᠸᠺᠲᠷᠤᠨ ᠬᠡᠪᠯᠡᠯ ᠵᠶ᠋ᠡᠷ ᠮᠡᠳᠡᠭᠦᠯᠵᠦ ᠪᠣᠯᠣᠨ᠎ᠠ);
     (8) ᠬᠦᠳᠡᠯᠮᠦᠷᠢ ᠦᠢ᠍ᠯᠡᠴᠢᠯᠡᠭᠡ ᠲᠣᠮᠢᠯᠠᠭᠰᠠᠨ᠂ ᠭᠠᠳᠠᠭᠰᠢ ᠳᠠᠭ᠋ᠠᠭ᠋ᠠᠴᠢᠯᠠᠭᠤᠯᠤᠭᠰᠠᠨ ᠺᠣᠮᠫᠠᠨᠢ᠎ᠯᠤᠭ᠎ᠠ ᠬᠦᠳᠡᠯᠮᠦᠷᠢ ᠦᠢ᠍ᠯᠡᠴᠢᠯᠡᠭᠡ ᠲᠣᠮᠢᠯᠠᠬᠤ᠂ ᠭᠠᠳᠠᠭᠰᠢ ᠳᠠᠭ᠋ᠠᠭ᠋ᠠᠴᠢᠯᠠᠬᠤ ᠵᠥᠪᠯᠡᠯᠴᠡᠭᠡᠷ ᠲᠣᠭᠲᠠᠭ᠋ᠠᠭᠰᠠᠨ ᠪᠣᠯ ᠲᠣᠮᠢᠯᠠᠭᠰᠠᠨ ᠬᠥᠮᠥᠰ᠎ᠤᠨ ᠨᠡᠷᠡᠰ᠂ ᠴᠠᠯᠢᠩ᠎ᠤᠨ ᠬᠦᠰᠦᠨᠦᠭᠲᠦ᠂ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠨᠠᠷᠢᠨ ᠲᠤᠳᠤᠷᠬᠠᠢ ᠬᠦᠰᠦᠨᠦᠭᠲᠦ ᠬᠢᠭᠡᠳ ᠲᠤᠰ ᠺᠣᠮᠫᠠᠨᠢ ᠵᠢᠨ ᠭᠡᠷᠡᠴᠢ ᠦᠨᠡᠮᠯᠡᠯ᠎ᠤᠨ ᠬᠠᠭᠤᠯᠪᠤᠷᠢ;
     (9) ᠳᠠᠳᠤᠯᠭ᠎ᠠ ᠵᠢᠨ ᠰᠤᠷᠤᠭᠴᠢ ᠬᠡᠷᠡᠭᠯᠡᠵᠦ ᠪᠠᠢ᠌ᠭ᠎ᠠ ᠬᠥᠮᠥᠨ ᠬᠡᠷᠡᠭᠯᠡᠬᠦ ᠨᠢᠭᠡᠴᠡ ᠪᠣᠯ ᠰᠤᠷᠭ᠋ᠠᠭᠤᠯᠢ᠎ᠯᠤᠭ᠎ᠠ  ᠲᠤᠭᠲᠠᠭᠰᠠᠨ  ᠳᠠᠳᠤᠯᠭ᠎ᠠ ᠵᠢᠨ ᠵᠥᠪᠯᠡᠯᠴᠡᠭᠡᠷ᠂ ᠳᠠᠳᠤᠯᠭ᠎ᠠ ᠵᠢᠨ ᠰᠤᠷᠤᠭᠴᠢ ᠵᠢᠨ ᠨᠡᠷᠡᠰ ᠬᠢᠭᠡᠳ ᠰᠤᠷᠣᠭᠴᠢ ᠵᠢᠨ ᠦᠨᠡᠮᠯᠡᠯ᠎ᠤᠨ ᠬᠠᠭᠤᠯᠪᠤᠷᠢ;
     (10) ᠳᠡᠭᠡᠷ᠎ᠡ ᠣᠨ᠎ᠤ ᠡᠴᠦᠰ᠎ᠤᠨ ᠨᠢᠭᠡ ᠤᠳᠠᠭ᠎ᠠ ᠵᠢᠨ ᠨᠡᠢ᠌ᠭᠡᠮ᠎ᠤᠨ ᠳᠠᠭ᠋ᠠᠳᠬᠠᠯ ᠡᠷᠬᠢᠯᠡᠨ ᠭᠦᠢ᠍ᠴᠡᠳᠬᠡᠬᠦ ᠪᠠᠢ᠌ᠭᠤᠯᠤᠮᠵᠢ᠎ᠠᠴᠠ ᠬᠠᠩᠭ᠋ᠠᠭᠰᠠᠨ 《ᠨᠡᠢ᠌ᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠬᠥᠮᠥᠰ᠎ᠤᠨ ᠨᠠᠷᠢᠨ ᠲᠣᠲᠤᠷᠬᠠᠢ ᠵᠢᠨ ᠬᠦᠰᠦᠨᠦᠭᠲᠦ》 ᠪᠤᠶᠤ 《ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠮᠡᠳᠡᠭᠦᠯᠵᠦ ᠬᠢᠨᠠᠨ ᠲᠣᠭᠲᠠᠭ᠋ᠠᠯᠭ᠋ᠠᠭᠰᠠᠨ ᠨᠡᠷᠡᠰ》 ᠬᠢᠭᠡᠳ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠦᠴᠢᠷ᠎ᠲᠤ ᠰᠦᠢ᠍ᠳᠬᠡᠯ ᠲᠤᠰᠢᠶᠠᠭᠰᠠᠨ ᠭᠡᠷᠡᠴᠢ ᠪᠠᠷᠢᠮᠲᠠ (ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ ᠵᠢᠨ ᠪᠠᠷᠢᠮᠲᠠ) ᠵᠢᠨ ᠬᠠᠭᠤᠯᠪᠤᠷᠢ (ᠨᠠᠰᠤᠵᠢᠯ᠎ᠤᠨ ᠠᠰᠠᠷᠠᠮᠵᠢ᠂ ᠡᠮᠨᠡᠯᠭᠡ᠂ ᠠᠵᠢᠯ ᠠᠯᠳᠠᠯᠲᠠ᠂ ᠠᠵᠢᠯ᠎ᠠᠴᠠ ᠪᠣᠯᠣᠭᠰᠠᠨ ᠭᠡᠮᠲᠦᠯ᠂ ᠦᠷᠡᠵᠢᠯ ᠵᠡᠷᠭᠡ ᠲᠠᠪᠤᠨ ᠵᠦᠢ᠍ᠯ᠎ᠤᠨ ᠳᠠᠭ᠋ᠠᠳᠬᠠᠯ ᠪᠠᠭᠲᠠᠨ᠎ᠠ᠃
     (11) ᠪᠤᠰᠤᠳ ᠬᠢᠨᠠᠨ ᠪᠠᠢ᠌ᠴᠠᠭ᠋ᠠᠬᠤ ᠴᠢᠬᠤᠯᠠᠲᠠᠢ ᠮᠠᠲᠸᠷᠢᠶᠠᠯ᠃
     6. ᠬᠦᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠬᠢᠨᠠᠨ ᠪᠠᠢ᠌ᠴᠠᠭ᠋ᠠᠨ᠎ᠠ᠃ ᠪᠢᠴᠢᠭᠯᠡᠭᠰᠡᠨ ᠬᠢᠨᠠᠨ ᠪᠠᠢ᠌ᠴᠠᠭ᠋ᠠᠯᠲᠠ ᠪᠠ ᠠᠰᠠᠭᠤᠵᠤ ᠯᠠᠪᠯᠠᠬᠤ ᠵᠢ ᠬᠠᠷᠢᠯᠴᠠᠨ ᠤᠶᠠᠯᠳᠤᠭᠤᠯᠬᠤ ᠬᠡᠯᠪᠡᠷᠢ᠎ᠪᠠᠷ ᠳᠠᠮᠵᠢᠭᠤᠯᠤᠨ᠂ ᠬᠥᠮᠥᠨ ᠬᠡᠷᠡᠭᠯᠡᠬᠦ ᠨᠢᠭᠡᠴᠡ ᠵᠢᠨ ᠬᠦᠳᠡᠯᠮᠦᠷᠢ ᠵᠢᠨ ᠪᠠᠲᠤᠯᠠᠭ᠎ᠠ ᠵᠢᠨ ᠬᠠᠮᠢᠶᠠᠷᠤᠯᠲᠠ ᠵᠢᠨ ᠶᠡᠷᠦᠩᠭᠡᠢ ᠪᠠᠢ᠌ᠳᠠᠯ᠎ᠢ ᠪᠦᠬᠦ ᠲᠠᠯ᠎ᠠ ᠎ᠪᠠᠷ ᠬᠢᠨᠠᠨ ᠪᠠᠢ᠌ᠴᠠᠭ᠋ᠠᠨ᠎ᠠ᠃
     7. ᠬᠢᠨᠠᠨ ᠪᠠᠢ᠌ᠴᠠᠭ᠋ᠠᠭᠰᠠᠨ ᠰᠠᠨᠠᠯ ᠬᠢᠵᠦ ᠭᠠᠷᠭ᠋ᠠᠨ᠎ᠠ᠃
     (1) ᠶᠡᠷᠦᠩᠬᠡᠢ᠌ᠯᠡᠨ ᠬᠢᠨᠠᠨ ᠪᠠᠢ᠌ᠴᠠᠭ᠋ᠠᠬᠤ᠎ᠪᠠᠷ ᠳᠠᠮᠵᠢᠭ᠋ᠠᠳ᠂ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠦᠭᠡᠢ ᠬᠥᠮᠥᠨ ᠬᠡᠷᠡᠭᠯᠡᠬᠦ ᠨᠢᠭᠡᠴᠡ᠎ᠳᠤ ᠬᠢᠷᠢ ᠲᠡᠩᠴᠡᠭᠰᠡᠨ ᠰᠠᠨᠠᠯ ᠬᠢᠵᠦ ᠭᠠᠷᠭ᠋ᠠᠭᠰᠠᠨ᠂ ᠬᠢᠨᠠᠨ ᠪᠠᠢ᠌ᠴᠠᠭ᠋ᠠᠯᠲᠠ᠎ᠳᠤ ᠪᠠᠲᠤᠯᠠᠨ᠎ᠠ᠃ ᠭᠤᠷᠪᠠᠨ ᠵᠢᠯ ᠳᠠᠷᠠᠭ᠋ᠠᠯᠠᠨ ᠬᠢᠨᠠᠨ ᠪᠠᠢ᠌ᠴᠠᠭ᠋ᠠᠳ ᠴᠦᠮ ᠬᠢᠷᠢ ᠲᠡᠩᠴᠡᠭᠰᠡᠨ ᠪᠣᠯ ᠳᠠᠷᠠᠭ᠎ᠠ ᠨᠢᠭᠡ ᠣᠨ᠎ᠤ ᠪᠠᠢ᠌ᠴᠠᠭ᠋ᠠᠬᠤ᠎ᠠᠴᠠ ᠬᠡᠯᠲᠦᠷᠢᠭᠦᠯᠬᠦ ᠨᠢᠭᠡᠴᠡ᠎ᠪᠠᠷ ᠵᠢᠭᠰᠠᠭ᠋ᠠᠵᠤ ᠪᠣᠯᠣᠨ᠎ᠠ᠃
     (2) ᠶᠡᠷᠦᠩᠭᠡᠢ᠌ᠯᠡᠭᠰᠡᠨ ᠬᠢᠨᠠᠨ ᠪᠠᠢ᠌ᠴᠠᠭ᠋ᠠᠬᠤ᠎ᠪᠠᠷ ᠳᠠᠮᠵᠢᠭ᠋ᠠᠳ᠂ ᠬᠠᠣᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠲᠠᠢ ᠬᠥᠮᠥᠨ ᠬᠡᠷᠡᠭᠯᠡᠬᠦ ᠨᠢᠭᠡᠴᠡ ᠵᠢ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠨ᠎ᠠ᠃ ᠱᠠᠭ᠋ᠠᠷᠳᠠᠯᠭ᠎ᠠ ᠵᠢᠨ ᠠᠭᠤᠯᠭ᠎ᠠ ᠵᠢᠨ ᠴᠠᠭ᠎ᠤᠨ ᠬᠢᠵᠠᠭ᠋ᠠᠷ ᠶᠣᠰᠣᠭ᠋ᠠᠷ ᠴᠡᠭᠴᠡᠯᠡᠨ ᠰᠠᠢ᠌ᠵᠢᠷᠠᠭᠤᠯᠤᠭᠰᠠᠨ ᠬᠥᠮᠥᠨ ᠬᠡᠷᠡᠭᠯᠡᠬᠦ ᠨᠢᠭᠡᠴᠡ᠎ᠳᠤ ᠳᠠᠪᠲᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠭᠡᠰᠡᠨ ᠰᠠᠨᠠᠯ ᠬᠢᠵᠦ ᠭᠠᠷᠭ᠋ᠠᠨ᠂ ᠬᠢᠨᠠᠨ ᠪᠠᠢ᠌ᠴᠠᠭ᠋ᠠᠯᠲᠠ᠎ᠳᠤ ᠪᠠᠲᠤᠯᠠᠨ᠎ᠠ᠃ ᠱᠠᠭ᠋ᠠᠷᠳᠠᠭᠰᠠᠨ ᠠᠭᠤᠯᠭ᠎ᠠ ᠵᠢᠨ ᠴᠠᠭ᠎ᠤᠨ ᠬᠢᠵᠠᠭ᠋ᠠᠷ ᠶᠣᠰᠣᠭ᠋ᠠᠷ ᠴᠡᠭᠴᠡᠯᠡᠨ ᠰᠠᠢ᠌ᠵᠢᠷᠠᠭᠤᠯᠤᠭᠰᠠᠨ ᠦᠭᠡᠢ ᠬᠥᠮᠥᠨ ᠬᠡᠷᠡᠭᠯᠡᠬᠦ ᠨᠢᠭᠡᠴᠡ᠎ᠳᠤ᠂ ᠵᠠᠰᠠᠭ ᠵᠠᠬᠢᠷᠭ᠋ᠠᠨ ᠵᠶ᠋ᠠᠷ ᠰᠢᠢ᠍ᠳᠪᠦᠷᠢᠯᠡᠬᠦ ᠪᠤᠶᠤ ᠲᠣᠷᠭ᠋ᠠᠬᠤ ᠰᠢᠢ᠍ᠳᠪᠦᠷᠢ ᠪᠠᠭᠤᠯᠭ᠋ᠠᠬᠤ ᠵᠢᠨ ᠬᠠᠮᠲᠤ ᠡᠳᠦᠷ ᠲᠤᠲᠤᠮ᠎ᠤᠨ ᠲᠣᠭᠤᠷᠢᠨ ᠦᠵᠡᠬᠦ᠂ ᠪᠠᠢ᠌ᠴᠠᠭ᠋ᠠᠬᠤ ᠵᠢᠨ ᠭᠣᠣᠯᠳᠠᠯᠭ᠎ᠠ᠎ᠲᠠᠢ ᠨᠢᠭᠡᠴᠡ᠎ᠪᠠᠷ ᠵᠢᠭᠰᠠᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠴᠤ ᠥᠩᠭᠡᠷᠡᠭᠰᠡᠨ ᠪᠣᠯ ᠬᠣᠢ᠌ᠰᠢ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠨᠥᠯᠥᠭᠡᠯᠡᠬᠦ ᠤᠤ?
ᠭᠠᠷ ᠤᠳᠠᠰᠤᠨ ᠲᠡᠭᠡᠷ᠎ᠡ ᠴᠢᠨᠢ  ᠴᠤᠩᠬᠤᠪᠴᠢ ᠢᠯᠡᠷᠡᠪᠡᠯ ᠬᠡᠷᠰᠡᠦᠯᠡᠭᠡᠷᠡᠢ!
 
            