ᠬᠦᠳᠡᠯᠮᠦᠷᠢᠴᠢᠳ ᠠᠵᠢᠯ᠎ᠤᠨ ᠪᠠᠢ᠌ᠷᠢᠨ᠎ᠳᠤ ᠪᠠᠢ᠌ᠬᠤ ᠬᠤᠭᠤᠴᠠᠭ᠋ᠠᠨ᠎ᠳᠤ᠎ᠪᠠᠨ ᠠᠵᠢᠯ ᠠᠯᠳᠠᠭᠰᠠᠳ᠎ᠤᠨ ᠳᠠᠭ᠋ᠠᠳᠬᠠᠯ᠎ᠳᠤ ᠣᠷᠣᠯᠴᠠᠵᠤ᠂ ᠠᠵᠢᠯ ᠠᠯᠳᠠᠭᠰᠠᠨ᠎ᠤ ᠳᠠᠷᠠᠭ᠎ᠠ ᠬᠣᠯᠪᠣᠭᠳᠠᠯ ᠪᠦᠬᠦᠢ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠴᠤ ᠪᠣᠯᠣᠨ᠎ᠠ᠃
ᠭᠤᠶᠤᠴᠢᠯᠠᠨ ᠠᠪᠬᠤ ᠨᠥᠬᠥᠴᠡᠯ ᠵᠢᠴᠢ ᠪᠠᠷᠢᠮᠵᠢᠶ᠎ᠠ
1 ᠵᠢᠯ᠎ᠠᠴᠠ ᠳᠡᠭᠡᠭᠰᠢ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠪᠠᠢ᠌ᠬᠤ
ᠲᠤᠰ ᠬᠥᠮᠥᠨ᠎ᠤ ᠰᠠᠨᠠᠭ᠋ᠠᠨ᠎ᠠᠴᠠ ᠪᠤᠰᠤ ᠰᠢᠯᠲᠠᠭ᠋ᠠᠨ ᠵᠶ᠋ᠠᠷ ᠠᠵᠢᠯ ᠵᠶ᠋ᠠᠨ ᠲᠠᠰᠤᠯᠳᠠᠭᠤᠯᠤᠭᠰᠠᠨ
ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠳᠠᠭ᠋ᠠᠳᠬᠠᠯ᠎ᠤᠨ ᠰᠦᠢ᠍ᠳᠬᠡᠯ ᠲᠤᠰᠢᠶᠠᠭ᠋ᠠᠳ ᠨᠡᠶ᠋ᠢᠲᠡ ᠪᠦᠬᠦᠯᠢ 1 ᠵᠢᠯ ᠪᠣᠯᠣᠭᠰᠠᠨ ᠪᠣᠯᠪᠠᠴᠤ 5 ᠵᠢᠯ ᠪᠣᠯᠣᠭ᠎ᠠ ᠦᠭᠡᠢ ᠪᠣᠯ ᠬᠠᠮᠤᠭ ᠤᠷᠲᠤ᠎ᠳᠤ᠎ᠪᠠᠨ 12 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠴᠤ ᠪᠣᠯᠣᠨ᠎ᠠ; ᠰᠦᠢ᠍ᠳᠬᠡᠯ ᠲᠤᠰᠢᠶᠠᠭ᠋ᠠᠳ ᠨᠡᠶ᠋ᠢᠲᠡ ᠪᠦᠬᠦᠯᠢ 5 ᠵᠢᠯ ᠪᠣᠯᠤᠭᠰᠠᠨ ᠪᠣᠯᠪᠠᠴᠤ 10 ᠵᠢᠯ ᠪᠣᠯᠣᠭ᠎ᠠ ᠦᠭᠡᠢ ᠪᠣᠯ ᠬᠠᠮᠤᠭ ᠤᠷᠲᠤ᠎ᠳᠤ᠎ᠪᠠᠨ 18 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠴᠤ ᠪᠣᠯᠣᠨ᠎ᠠ; ᠨᠡᠶ᠋ᠢᠲᠡ 10 ᠵᠢᠯ᠎ᠠᠴᠠ ᠳᠡᠭᠡᠭᠰᠢ ᠰᠦᠢ᠍ᠳᠬᠡᠯ ᠲᠤᠰᠢᠶᠠᠭᠰᠠᠨ ᠪᠣᠯ ᠬᠠᠮᠤᠭ ᠤᠷᠲᠤ᠎ᠳᠤ᠎ᠪᠠᠨ 24 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠴᠤ ᠪᠣᠯᠣᠨ᠎ᠠ᠃
ᠪᠢ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠴᠤ ᠥᠩᠭᠡᠷᠡᠵᠡᠢ᠂ ᠬᠣᠢ᠌ᠰᠢ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠨᠥᠯᠥᠭᠡᠯᠡᠬᠦ ᠦᠦ?
ᠠᠵᠢᠯ᠎ᠠᠴᠠ᠎ᠪᠠᠨ ᠠᠮᠠᠷᠠᠭᠰᠠᠨ ᠠᠵᠢᠯᠲᠠᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠪᠣᠳᠣᠬᠤ᠎ᠳᠤ᠂ ᠰᠦᠢ᠍ᠳᠬᠡᠯ ᠲᠤᠰᠢᠶᠠᠬᠤ ᠰᠠᠭᠤᠷᠢ ᠲᠣᠭ᠎ᠠ᠂ ᠰᠦᠢ᠍ᠳᠬᠡᠯ ᠲᠤᠰᠢᠶᠠᠬᠤ ᠬᠠᠷᠢᠴᠠᠯ᠂ ᠰᠦᠢ᠍ᠳᠬᠡᠯ ᠲᠤᠰᠢᠶᠠᠭᠰᠠᠨ ᠬᠤᠭᠤᠴᠠᠭ᠎ᠠ ᠬᠢᠭᠡᠳ ᠠᠵᠢᠯ᠎ᠠᠴᠠ᠎ᠪᠠᠨ ᠠᠮᠠᠷᠠᠬᠤ᠎ᠠᠴᠠ ᠡᠮᠦᠨᠡᠬᠢ ᠨᠢᠭᠡ ᠵᠢᠯ᠎ᠤᠨ ᠠᠵᠢᠯᠯᠠᠵᠤ ᠪᠠᠢ᠌ᠭ᠎ᠠ ᠠᠵᠢᠯᠲᠠᠨ᠎ᠤ ᠰᠠᠷ᠎ᠠ ᠵᠢᠨ ᠳᠤᠮᠳᠠᠴᠢ ᠴᠠᠯᠢᠩ ᠵᠡᠷᠭᠡ ᠬᠦᠴᠦᠨ ᠵᠦᠢ᠍ᠯ᠎ᠤᠳ᠎ᠲᠠᠢ ᠬᠣᠯᠪᠣᠭᠳᠠᠵᠤ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠤᠭᠰᠠᠨ ᠡᠰᠡᠬᠦ᠎ᠲᠠᠢ ᠬᠣᠯᠪᠣᠭᠳᠠᠬᠤ ᠦᠭᠡᠢ᠃
ᠠᠵᠢᠯ ᠠᠯᠳᠠᠭᠰᠠᠳ ᠬᠡᠷᠪᠡ ᠨᠡᠢ᠌ᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠪᠠᠨ ᠲᠠᠰᠤᠯᠳᠠᠭᠤᠯᠬᠤ ᠦᠭᠡᠢ ᠭᠡᠪᠡᠯ ᠬᠤᠪᠢ ᠬᠥᠮᠥᠨ᠎ᠤ ᠬᠢᠷᠢ ᠭᠡᠮ ᠵᠶ᠋ᠡᠷ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠤᠰᠢᠶᠠᠵᠤ ᠪᠣᠯᠣᠨ᠎ᠠ
ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠋ᠠᠨ᠎ᠳᠤ᠎ᠪᠠᠨ ᠬᠤᠪᠢ ᠬᠥᠮᠥᠨ᠎ᠤ ᠬᠢᠷᠢ ᠭᠡᠮ ᠵᠶ᠋ᠡᠷ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ ᠪᠣᠯᠣᠨ᠎ᠠ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠵᠢ ᠬᠠᠤᠯᠢ ᠶᠣᠰᠣᠭ᠋ᠠᠷ ᠠᠪᠬᠤ᠎ᠪᠠᠨ ᠵᠣᠭᠰᠤᠭ᠋ᠠᠬᠤ ᠬᠡᠷᠡᠭᠲᠡᠢ ᠪᠠᠢ᠌ᠳᠠᠯ ᠭᠠᠷᠤᠭᠰᠠᠨ ᠦᠭᠡᠢ ᠪᠠᠢ᠌ᠪᠠᠯ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠨᠢ ᠠᠵᠢᠯ ᠠᠯᠳᠠᠭᠰᠠᠨ ᠳᠠᠭ᠋ᠠᠳᠬᠠᠯ᠎ᠤᠨ ᠣᠯᠭᠣᠮᠵᠢ ᠵᠢ᠎ᠨᠢ ᠵᠣᠭᠰᠣᠭ᠋ᠠᠵᠤ ᠪᠣᠯᠬᠤ ᠦᠭᠡᠢ᠃
ᠲᠤᠬᠠᠢ᠌ᠯᠠᠪᠠᠯ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠬᠤ᠎ᠨᠢ ᠠᠵᠢᠯ ᠠᠯᠳᠠᠭᠰᠠᠳ᠎ᠤᠨ ᠬᠤᠪᠢ ᠬᠥᠮᠥᠨ᠎ᠤ ᠬᠢᠷᠢ ᠭᠡᠮ ᠵᠶ᠋ᠡᠷ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠦᠷᠭᠦᠯᠵᠢᠯᠡᠨ ᠲᠤᠰᠢᠶᠠᠬᠤ ᠵᠢ ᠨᠥᠯᠥᠭᠡᠯᠡᠬᠦ ᠦᠭᠡᠢ ᠪᠥᠭᠡᠳ ᠬᠤᠪᠢ ᠬᠥᠮᠥᠨ᠎ᠤ ᠬᠢᠷᠢ ᠭᠡᠮ ᠵᠶ᠋ᠡᠷ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ᠎ᠠᠴᠠ ᠪᠣᠯᠵᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠣᠮᠵᠢ ᠣᠯᠭᠣᠬᠤ ᠵᠢ ᠵᠣᠭᠰᠤᠭ᠋ᠠᠬᠤ ᠦᠭᠡᠢ ᠶᠤᠮ᠃
ᠲᠡᠭᠡᠪᠡᠯ ᠠᠵᠢᠯ ᠠᠯᠳᠠᠭᠰᠠᠨ ᠬᠤᠭᠤᠴᠠᠭ᠋ᠠᠨ᠎ᠳᠤ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠪᠠᠨ ᠲᠠᠰᠤᠯᠳᠠᠭᠤᠯᠬᠤ᠎ᠠᠴᠠ ᠬᠡᠷᠬᠢᠨ ᠵᠠᠢ᠌ᠯᠠᠰᠬᠢᠬᠤ ᠪᠤᠢ?
ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠋ᠠᠨ᠎ᠳᠤ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠢ᠌ᠭᠤᠯᠤᠮᠵᠢ᠎ᠨᠢ ᠲᠡᠭᠦᠨ᠎ᠳᠤ ᠦᠨᠳᠦᠰᠦᠨ ᠡᠮᠴᠢᠯᠡᠭᠡᠨ᠎ᠤ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ᠎ᠢ ᠣᠷᠣᠯᠠᠨ ᠲᠤᠰᠢᠶᠠᠵᠤ ᠥᠭᠭᠦᠨ᠎ᠡ᠃ ᠬᠤᠪᠢ ᠬᠥᠮᠥᠨ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠬᠢᠷᠢ ᠭᠡᠮ ᠵᠶ᠋ᠡᠷ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ᠂ ᠲᠤᠰᠢᠶᠠᠬᠤ᠎ᠪᠠᠨ ᠲᠠᠰᠤᠯᠳᠠᠭᠤᠯᠬᠤ᠎ᠠᠴᠠ ᠵᠠᠢ᠌ᠯᠠᠰᠬᠢᠵᠤ ᠪᠣᠯᠣᠨ᠎ᠠ᠃
ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠋ᠠᠨ᠎ᠳᠤ ᠬᠤᠪᠢ ᠬᠦᠮᠦᠨ᠎ᠤ ᠬᠢᠷᠢ ᠭᠡᠮ ᠵᠶ᠋ᠡᠷ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠨᠢ ᠲᠡᠭᠦᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠣᠮᠵᠢ ᠬᠦᠷᠲᠡᠬᠦ ᠵᠢ ᠨᠦᠯᠦᠭᠡᠯᠡᠬᠦ ᠦᠭᠡᠢ ᠶᠤᠮ᠃
ᠡᠷᠦᠬᠡ ᠠᠮᠠ ᠵᠢᠨ ᠳᠠᠩᠰᠠ ᠪᠠᠢ᠌ᠭ᠎ᠠ ᠭᠠᠵᠠᠷ᠎ᠲᠤ᠎ᠪᠠᠨ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠤᠭᠰᠠᠨ ᠪᠣᠯ ᠨᠠᠰᠤᠵᠢᠯ᠎ᠤᠨ ᠳᠠᠭ᠋ᠠᠳᠬᠠᠯ᠎ᠢ ᠡᠷᠬᠡᠪᠰᠢ ᠡᠷᠦᠬᠡ ᠠᠮᠠ ᠵᠢᠨ ᠳᠠᠩᠰᠠ ᠪᠠᠢ᠌ᠭ᠎ᠠ ᠭᠠᠵᠠᠷ᠎ᠲᠤ᠎ᠪᠠᠨ ᠬᠠᠮᠲᠤ ᠰᠢᠯᠵᠢᠭᠦᠯᠬᠦ ᠬᠡᠷᠡᠭᠲᠡᠢ ᠤᠤ?
ᠴᠢᠬᠤᠯᠠ ᠦᠭᠡᠢ᠂ 《ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠮᠤᠵᠢ ᠠᠯᠤᠰᠯᠠᠨ ᠰᠢᠯᠵᠢᠭᠦᠯᠦᠨ ᠦᠷᠭᠦᠯᠵᠢᠯᠡᠭᠦᠯᠬᠦ ᠲᠤᠬᠠᠢ ᠮᠡᠳᠡᠭᠳᠡᠯ》᠎ᠳᠤ᠂ ᠳᠠᠭ᠋ᠠᠳᠬᠠᠯ᠎ᠳᠤ ᠣᠷᠣᠯᠴᠠᠭᠰᠠᠨ ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠬᠤ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠬᠠᠮᠤᠭ ᠡᠴᠦᠰ᠎ᠲᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠤ᠎ᠪᠠᠨ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠵᠢᠴᠢ ᠪᠤᠰᠤᠳ ᠬᠠᠮᠢᠶ᠎ᠠ ᠪᠦᠬᠦᠢ ᠣᠯᠭᠣᠮᠵᠢ ᠭᠤᠶᠤᠴᠢᠯᠠᠵᠤ ᠪᠣᠯᠣᠨ᠎ᠠ᠂ ᠪᠠᠰᠠ ᠡᠷᠦᠬᠡ ᠠᠮᠠ ᠵᠢᠨ ᠳᠠᠩᠰᠠ ᠪᠠᠢ᠌ᠭ᠎ᠠ ᠭᠠᠵᠠᠷ᠎ᠲᠤ᠎ᠪᠠᠨ ᠪᠤᠴᠠᠵᠤ ᠭᠤᠶᠤᠴᠢᠯᠠᠨ ᠠᠪᠬᠤ ᠵᠢ ᠰᠣᠩᠭᠤᠵᠤ ᠪᠣᠯᠣᠨ᠎ᠠ ᠭᠡᠵᠦ ᠲᠣᠳᠣᠷᠬᠠᠢ ᠲᠣᠭᠲᠠᠭ᠋ᠠᠵᠠᠢ᠃
ᠣᠯᠭᠣᠮᠵᠢ ᠣᠯᠭᠣᠬᠤ ᠬᠤᠭᠤᠴᠠᠭ᠋ᠠᠨ᠎ᠳᠤ ᠣᠯᠭᠣᠬᠤ ᠭᠠᠵᠠᠷ᠎ᠢ ᠳᠤᠮᠳᠠ᠎ᠠᠴᠠ᠎ᠨᠢ ᠬᠤᠪᠢᠷᠠᠭᠤᠯᠵᠤ ᠪᠣᠯᠬᠤ ᠦᠭᠡᠢ!
ᠣᠳᠣᠬᠠᠨ᠎ᠳᠤ᠂ ᠤᠯᠤᠰ᠎ᠠᠴᠠ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠦᠶ᠎ᠡ᠎ᠳᠤ ᠨᠠᠰᠤᠵᠢᠯ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠬᠠᠮᠲᠤᠳᠤᠨᠢ ᠰᠢᠯᠵᠢᠭᠦᠯᠦᠨ ᠭᠦᠢ᠍ᠴᠡᠳᠬᠡᠬᠦ ᠲᠠᠯ᠎ᠠ᠎ᠪᠠᠷ ᠨᠢᠭᠡᠳᠦᠯᠲᠡᠢ ᠱᠠᠭ᠋ᠠᠷᠳᠠᠯᠭ᠎ᠠ ᠳᠤᠷᠠᠳᠤᠭᠰᠠᠨ ᠦᠭᠡᠢ᠂ ᠡᠷᠦᠬᠡ ᠠᠮᠠ ᠵᠢᠨ ᠳᠠᠩᠰᠠ ᠪᠠᠢ᠌ᠭ᠎ᠠ ᠭᠠᠵᠠᠷ᠎ᠠᠴᠠ᠎ᠪᠠᠨ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠬᠤ ᠦᠶ᠎ᠡ᠎ᠳᠤ ᠵᠦᠪᠬᠡᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠭᠦᠢ᠍ᠴᠡᠳᠬᠡᠬᠦ ᠴᠢᠬᠤᠯᠠᠲᠠᠢ᠃
ᠠᠵᠢᠯ ᠠᠯᠳᠠᠭᠰᠠᠨ ᠵᠶ᠋ᠠᠨ ᠳᠠᠩᠰᠠᠯᠠᠨ ᠲᠡᠮᠳᠡᠭᠯᠡᠭᠦᠯᠪᠡᠯ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠬᠢᠷᠢ ᠭᠡᠮ ᠵᠶ᠋ᠡᠷ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠵᠢ ᠨᠦᠯᠦᠭᠡᠯᠡᠨ᠎ᠡ ᠦᠦ?
ᠣᠳᠣ ᠵᠢᠨ ᠬᠡᠷᠡᠭᠵᠢᠭᠦᠯᠵᠦ ᠪᠠᠢ᠌ᠭ᠎ᠠ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠪᠣᠯ᠂ ᠳᠠᠭ᠋ᠠᠳᠬᠠᠯ᠎ᠳᠤ ᠣᠷᠣᠯᠴᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠪᠤᠶᠤ ᠠᠵᠢᠯ ᠠᠯᠳᠠᠭᠰᠠᠳ᠎ᠤᠨ ᠨᠥᠬᠥᠪᠦᠷᠢ ᠮᠥᠩᠭᠥ ᠠᠪᠬᠤ ᠬᠤᠭᠤᠴᠠᠭ᠋ᠠᠨ᠎ᠳᠤ᠂ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠬᠢᠷᠢ ᠭᠡᠮ ᠵᠶ᠋ᠡᠷ ᠬᠤᠪᠢ ᠬᠥᠮᠥᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ ᠪᠣᠯᠣᠨ᠎ᠠ᠃
ᠠᠰᠠᠭᠤᠯᠲᠠ᠄ ᠠᠵᠢᠯ ᠠᠯᠳᠠᠭᠰᠠᠨ᠎ᠤ ᠳᠠᠷᠠᠭ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠠᠪᠬᠤ᠎ᠳᠤ ᠴᠠᠭ᠎ᠤᠨ ᠬᠢᠵᠠᠭ᠋ᠠᠷ᠎ᠲᠠᠢ ᠦᠦ?
ᠬᠠᠷᠢᠭᠤᠯᠲᠠ᠄ ᠠᠪᠬᠤ ᠨᠥᠬᠥᠴᠡᠯ᠎ᠳᠤ ᠨᠡᠢ᠌ᠴᠡᠪᠡᠯ ᠳᠠᠷᠤᠢ ᠭᠤᠶᠤᠴᠢᠯᠠᠨ ᠠᠪᠴᠤ ᠪᠣᠯᠣᠨ᠎ᠠ᠂ ᠴᠠᠭ᠎ᠤᠨ ᠬᠢᠵᠠᠭ᠋ᠠᠷ ᠪᠠᠢ᠌ᠬᠤ ᠦᠭᠡᠢ᠃
ᠠᠰᠠᠭᠤᠯᠲᠠ᠄ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠵᠢ ᠤᠳᠠᠭ᠎ᠠ ᠪᠦᠷᠢ ᠬᠠᠮᠤᠭ ᠠᠷᠪᠢᠨ᠎ᠳᠤ᠎ᠪᠠᠨ 24 ᠰᠠᠷ᠎ᠠ ᠠᠪᠴᠤ ᠪᠣᠯᠬᠤ ᠶᠤᠮ ᠦᠦ? ᠡᠰᠡᠬᠦᠯ᠎ᠡ ᠨᠠᠰᠤᠨ ᠲᠤᠷᠰᠢᠲᠠ ᠬᠠᠮᠤᠭ ᠠᠷᠪᠢᠨ᠎ᠳᠤ᠎ᠪᠠᠨ 24 ᠰᠠᠷ᠎ᠠ ᠠᠪᠴᠤ ᠪᠣᠯᠬᠤ ᠶᠤᠮ ᠦᠦ?
ᠬᠠᠷᠢᠭᠤᠯᠲᠠ᠄ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠵᠢ ᠤᠳᠠᠭ᠎ᠠ ᠪᠦᠷᠢ ᠬᠠᠮᠤᠭ᠎ᠤᠨ ᠤᠷᠲᠤ᠎ᠳᠤ᠎ᠪᠠᠨ 24 ᠰᠠᠷ᠎ᠠ ᠠᠪᠴᠤ ᠪᠣᠯᠣᠨ᠎ᠠ᠂ ᠳᠠᠬᠢᠵᠤ ᠠᠵᠢᠯ ᠣᠯᠣᠭᠰᠠᠨ ᠬᠣᠢ᠌ᠨ᠎ᠠ ᠳᠠᠬᠢᠨᠲᠠ ᠠᠵᠢᠯ ᠠᠯᠳᠠᠭᠰᠠᠨ ᠪᠣᠯ᠂ ᠰᠦᠢ᠍ᠳᠬᠡᠯ ᠲᠤᠰᠢᠶᠠᠭᠰᠠᠨ ᠴᠠᠭ᠎ᠢ ᠳᠠᠬᠢᠨ ᠰᠢᠨ᠎ᠡ᠎ᠪᠠᠷ ᠪᠣᠳᠣᠨ᠎ᠠ᠂ ᠬᠡᠷᠪᠡ ᠨᠥᠬᠥᠴᠡᠯ᠎ᠳᠤ ᠨᠡᠢ᠌ᠴᠡᠪᠡᠯ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠵᠢ ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠃