ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠢᠴᠢᠶᠡ! ᠡᠶ᠋ᠢᠮᠦ ᠭᠡᠷᠡᠯ ᠵᠢᠷᠤᠭ᠎ᠢ ᠰᠦᠯᠵᠢᠶᠡᠨ ᠲᠡᠭᠡᠷ᠎ᠡ ᠳᠤᠷ᠎ᠠ᠎ᠪᠠᠷ ᠵᠶ᠋ᠠᠨ ᠪᠢᠳᠡᠭᠡᠢ ᠲᠠᠯᠪᠢ
ᠨᠡᠶ᠋ᠢᠲᠡᠯᠡᠭᠰᠡᠨ ᠴᠠᠭ᠄ 2025-01-06

    ᠵᠣᠬᠢᠶᠠᠮᠠᠯ ᠣᠶᠤᠨ ᠴᠢᠳᠠᠪᠤᠷᠢ ᠵᠢᠨ ᠮᠡᠷᠭᠡᠵᠢᠯ ᠲᠦᠷᠭᠡᠨ ᠬᠥᠭᠵᠢᠬᠦ ᠵᠢ ᠳᠠᠭ᠋ᠠᠯᠳᠤᠨ᠂ ᠬᠠᠮᠢᠶ᠎ᠠ ᠪᠦᠬᠦᠢ ᠬᠡᠷᠡᠭᠯᠡᠯᠲᠡ᠎ᠨᠢ ᠶᠠᠭ ᠪᠢᠳᠡᠨ᠎ᠤ ᠠᠮᠢᠳᠤᠷᠠᠯ᠎ᠤᠨ ᠡᠯ᠎ᠡ ᠲᠠᠯ᠎ᠠ᠎ᠳᠤ ᠣᠷᠣᠵᠤ ᠪᠤᠢ᠃ ᠭᠡᠲᠡᠯ᠎ᠡ ᠡᠨᠡ᠎ᠨᠢ ᠪᠠᠰᠠ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ᠎ᠳᠤ ᠰᠢᠨ᠎ᠡ ᠥᠷᠢᠰᠥᠯᠳᠦᠭᠡᠨ᠎ᠢ ᠠᠪᠴᠢᠷᠠᠭᠰᠠᠨ ᠪᠠᠶ᠋ᠢᠨ᠎ᠠ᠃ ᠵᠢᠱ᠌ᠢᠶᠡᠯᠡᠪᠡᠯ 《AI ᠵᠢᠰᠦ ᠴᠢᠷᠠᠢ ᠰᠣᠯᠢᠬᠤ》 ᠮᠡᠷᠭᠡᠵᠢᠯ᠎ᠨᠢ ᠵᠥᠪᠬᠡᠨ ᠬᠠᠷᠠᠯᠳᠠᠳᠤ ᠬᠥᠮᠦᠨ᠎ᠤ ᠨᠢᠭᠡ ᠰᠢᠷᠭᠡᠭ ᠭᠡᠷᠡᠯ ᠵᠢᠷᠤᠭ ᠪᠠᠶ᠋ᠢᠪᠠᠯ ᠳᠠᠷᠤᠶ ᠭᠡᠷᠡᠯ ᠵᠢᠷᠤᠭ᠎ᠤᠨ ᠳᠣᠲᠣᠷᠠᠬᠢ ᠬᠥᠮᠦᠨ᠎ᠢ ᠬᠥᠳᠡᠯᠭᠡᠬᠡᠨ᠎ᠲᠠᠢ ᠪᠤᠯᠭ᠋ᠠᠵᠤ ᠲᠠᠶ᠋ᠢᠯᠤᠨ᠎ᠠ᠃ ᠵᠠᠩ ᠪᠦᠸᠧ ᠲᠠᠨᠢᠯᠴᠠᠭᠤᠯᠤᠨ ᠬᠡᠯᠡᠬᠦ᠎ᠳᠡᠭᠡᠨ᠂ ᠣᠲᠣ AI ᠵᠢᠰᠦ ᠴᠢᠷᠠᠢ ᠰᠣᠯᠢᠬᠤ᠂ ᠲᠠᠭᠤ ᠰᠣᠯᠢᠬᠤ ᠵᠡᠷᠭᠡ᠎ᠨᠢ ᠬᠡᠳᠦ᠋ᠢ᠍ᠪᠡᠷ ᠵᠣᠬᠢᠬᠤ ᠮᠡᠷᠭᠡᠵᠢᠯ᠎ᠤᠨ ᠨᠥᠬᠦᠴᠡᠯ ᠪᠠ ᠠᠵᠢᠯᠯᠠᠬᠤ ᠥᠪᠡᠷ᠎ᠤᠨ ᠥᠷᠲᠡᠭ᠎ᠲᠠᠢ ᠪᠣᠯᠪᠠᠴᠤ ᠬᠡᠷᠪᠡ ᠬᠠᠤᠯᠢ ᠪᠤᠰᠤ ᠡᠲᠡᠭᠡᠳ᠎ᠲᠤ ᠠᠰᠢᠬᠯᠠᠬᠳᠠᠬᠤ ᠪᠠᠶ᠋ᠢᠳᠠᠯ ᠳᠤᠤᠷ᠎ᠠ᠂ ᠳᠠᠷᠤᠶ ᠪᠤᠰᠤᠳ᠎ᠢ ᠬᠠᠭᠤᠷᠴᠤ ᠮᠡᠭᠡᠯᠡᠬᠦ᠎ᠳᠤ ᠬᠡᠷᠡᠭᠯᠡᠵᠦ᠂ ᠬᠠᠮᠢᠶ᠎ᠠ ᠪᠥᠬᠦᠶ ᠶᠠᠯᠠᠲᠤ ᠠᠵᠢᠯᠯᠠᠭ᠎ᠠ ᠬᠢᠵᠦ ᠮᠡᠳᠡᠨ᠎ᠡ᠃

    《ᠣᠳᠣᠬᠠᠨ᠎ᠳᠤ AI ᠵᠢᠰᠦ ᠴᠢᠷᠠᠢ ᠰᠣᠯᠢᠬᠤ ᠮᠡᠷᠭᠡᠵᠢᠯ᠎ᠨᠢ ᠨᠡᠯᠢᠶᠡᠳ ᠪᠣᠯᠪᠠᠰᠤᠷᠠᠩᠭᠤᠶ ᠪᠤᠯᠵᠤ᠂ ᠸᠢᠳᠢᠣ᠋᠎ᠪᠠᠷ ᠤᠲᠠᠰᠤ᠎ᠪᠠᠷ ᠶᠠᠷᠢᠯᠴᠠᠬᠤ᠎ᠳᠤ ᠴᠠᠭ ᠲᠤᠬᠠᠶ᠎ᠳᠤᠨᠢ ᠵᠢᠰᠦ ᠴᠢᠷᠠᠢ ᠰᠣᠯᠢᠬᠤ ᠵᠢ ᠳᠡᠮᠵᠢᠵᠦ᠂ ᠦᠨᠡᠨ ᠬᠤᠳᠠᠯ᠎ᠢ ᠬᠤᠳᠬᠤᠯᠳᠤᠭᠤᠯᠬᠤ ᠬᠡᠮᠵᠢᠶᠡᠨ᠎ᠳᠤ ᠬᠦᠷᠦᠭᠰᠡᠨ ᠪᠠᠶ᠋ᠢᠨ᠎ᠠ᠃ ᠵᠢᠰᠦ ᠴᠢᠷᠠᠢ ᠵᠢ ᠰᠣᠯᠢᠬᠤ᠎ᠠᠴᠠ ᠭᠠᠳᠠᠨ᠎ᠠ᠂ ᠪᠠᠰᠠ ᠣᠷᠴᠢᠨ ᠠᠬᠤᠶ ᠵᠢ ᠰᠣᠯᠢᠬᠤ᠂ ᠲᠠᠭᠤ ᠵᠢ ᠰᠣᠯᠢᠬᠤ ᠵᠡᠷᠭᠡ᠎ᠲᠠᠢ ᠤᠶᠠᠯᠳᠤᠭᠤᠯᠪᠠᠯ᠂ ᠦᠨᠡᠮᠰᠢᠬᠦ ᠬᠡᠮᠵᠢᠶ᠎ᠡ᠎ᠨᠢ ᠨᠠᠩ ᠥᠨᠳᠥᠷ ᠪᠣᠯᠵᠣ᠂ ᠨᠠᠩ ᠴᠤ᠌ ᠢᠯᠭ᠋ᠠᠵᠤ ᠳᠡᠶ᠋ᠢᠯᠬᠦ ᠥᠬᠡᠶ ᠪᠣᠯᠤᠨ᠎ᠠ》 ᠭᠡᠪᠡ᠃ ᠢᠨᠲ᠋ᠧᠷ ᠰᠦᠯᠵᠢᠶᠡᠨ᠎ᠤ ᠮᠡᠷᠭᠡᠵᠢᠯᠳᠡᠨ ᠬᠡᠯᠡᠬᠦ᠎ᠳᠡᠭᠡᠨ᠂ 《ᠨᠦᠬᠦᠭᠡ ᠡᠳᠡᠭᠡᠳ ᠵᠶ᠋ᠠᠷ ᠵᠶ᠋ᠠᠨ ᠲᠣᠯᠣᠭ᠋ᠠᠶ᠎ᠪᠠᠨ ᠥᠨᠳᠡᠶ᠋ᠢᠬᠦ᠂ ᠲᠣᠯᠣᠭ᠋ᠠᠶ᠎ᠪᠠᠨ ᠳᠣᠬᠢᠬᠤ᠂ ᠡᠷᠭᠢᠬᠦ ᠬᠦᠳᠡᠯᠭᠡᠭᠡᠨ ᠲᠦᠷᠭᠡᠨ ᠬᠢᠯᠭᠡᠪᠡᠯ ᠸᠢᠳᠢᠣ᠋᠎ᠳᠤ ᠬᠡᠪ᠎ᠤᠨ ᠪᠤᠰᠤ ᠨᠠᠷᠢᠨ ᠵᠦᠢ᠍ᠯᠡᠰ ᠪᠠᠶ᠋ᠢᠬᠤ ᠡᠰᠡᠬᠦ ᠵᠢ ᠤᠯᠠᠮ ᠨᠢᠭᠡ ᠠᠯᠬᠤᠮ ᠮᠠᠭ᠋ᠠᠳᠯᠠᠵᠤ᠂ ᠡᠨᠡ ᠸᠢᠳᠢᠣ᠋ ᠵᠢᠨ ᠦᠨᠡᠨ ᠪᠣᠳᠠᠲᠠᠶ ᠡᠰᠡᠬᠦ ᠵᠢ ᠨᠤᠳᠠᠯᠠᠵᠤ ᠴᠢᠳᠠᠨ᠎ᠠ》 ᠬᠡᠪᠡ᠃ ᠡᠨᠡ ᠬᠡᠳᠦᠨ ᠵᠦᠢ᠍ᠯ ᠬᠡᠷᠡᠯ ᠵᠢᠷᠤᠭ᠎ᠢ ᠶᠠᠭ᠋ᠠᠬᠢᠭᠰᠠᠨ ᠴᠤ᠌ ᠳᠤᠷ᠎ᠠ᠎ᠪᠠᠷ ᠵᠶ᠋ᠠᠨ ᠰᠦᠯᠵᠢᠶᠡᠨ ᠲᠡᠭᠡᠷ᠎ᠡ ᠲᠠᠯᠪᠢᠵᠦ ᠪᠣᠯᠬᠤ ᠦᠭᠡᠢ ᠡᠳᠦᠷ ᠲᠤᠲᠤᠮ᠎ᠤᠨ ᠠᠮᠢᠳᠤᠷᠠᠯ ᠳᠤᠮᠳᠠ᠂ ᠴᠥᠭᠡᠨ ᠪᠤᠰᠤ ᠬᠥᠮᠦᠰ ᠨᠠᠶ᠋ᠢᠵᠠ ᠵᠢᠨ ᠲᠣᠭᠤᠷᠢᠭ᠂ ᠣᠬᠤᠷ ᠸᠢᠳᠢᠣ᠋ ᠳᠡᠭᠡᠷ᠎ᠡ ᠠᠮᠲᠠᠲᠤ ᠢᠳᠡᠭᠡᠨ᠂ ᠭᠤᠶᠣ ᠦᠵᠡᠮᠵᠢ ᠲᠠᠯᠪᠢᠵᠦ ᠬᠤᠪᠢᠶᠠᠯᠴᠠᠬᠤ ᠳᠤᠷᠠᠲᠠᠶ ᠪᠠᠶ᠋ᠢᠳᠠᠭ᠂ ᠬᠡᠷᠪᠡ ᠵᠢᠭ᠋ᠠᠬᠠᠨ ᠬᠢᠴᠢᠶᠡᠬᠦ ᠥᠬᠡᠶ ᠪᠣᠯ ᠡᠲᠡᠭᠡᠷ ᠦᠢ᠍ᠯᠡ ᠶᠠᠪᠤᠳᠠᠯ᠎ᠨᠢ ᠬᠤᠪᠢ ᠬᠥᠮᠦᠨ᠎ᠤ ᠮᠡᠳᠡᠭᠡ ᠵᠠᠩᠭᠢ᠎ᠪᠠᠨ ᠳᠠᠮ ᠵᠶ᠋ᠠᠷ ᠵᠠᠳᠠᠷᠠᠭᠤᠯᠵᠤ ᠮᠡᠳᠡᠨ᠎ᠡ᠃ ᠬᠡᠷᠪᠡ ᠤᠨᠳᠤᠤ ᠰᠠᠨᠠᠭ᠎ᠠ᠎ᠲᠠᠢ ᠬᠥᠮᠦᠨ ᠤᠯᠵᠤ ᠠᠪᠤᠪᠠᠯ ᠥᠪᠡᠷ᠎ᠤᠨ ᠴᠢᠨᠢ ᠪᠠ ᠭᠡᠷ᠎ᠤᠨ ᠬᠥᠮᠦᠰ᠎ᠤᠨ ᠴᠢᠨᠢ ᠡᠳ᠋ ᠬᠥᠷᠥᠩᠭᠡ ᠴᠢᠨᠠᠭᠰᠢᠯᠠᠪᠠᠯ ᠬᠤᠪᠢ ᠪᠡᠶ᠎ᠡ ᠵᠢᠨ ᠴᠢᠨᠢ ᠠᠮᠤᠷ ᠲᠦᠪᠰᠢᠨ᠎ᠢ ᠰᠦᠷᠳᠡᠭᠦᠯᠵᠦ ᠮᠡᠳᠡᠨ᠎ᠡ᠃

    ᠲᠡᠭᠡᠪᠡᠯ ᠶᠡᠮᠡᠷ ᠶᠠᠮᠠᠷ ᠭᠡᠷᠡᠯ ᠵᠢᠷᠤᠭ᠎ᠢ ᠲᠠᠯᠪᠢᠬᠤ ᠵᠢ ᠵᠠᠪᠠᠯ ᠬᠢᠴᠢᠶᠡᠵᠦ᠂ ᠰᠦᠯᠵᠢᠶᠡᠨ ᠳᠡᠭᠡᠷ᠎ᠡ ᠶᠠᠭ᠋ᠠᠬᠢᠬᠰᠠᠨ ᠴᠤ᠌ ᠳᠤᠷ᠎ᠠ᠎ᠪᠠᠷ ᠵᠶ᠋ᠠᠨ ᠲᠠᠯᠪᠢᠵᠦ ᠪᠤᠯᠬᠤ ᠦᠭᠡᠢ ᠪᠤᠢ? ·

    ᠭᠠᠷ᠎ᠲᠠᠭᠠᠨ ᠪᠡᠶ᠎ᠡ ᠵᠢᠨ ᠦᠨᠡᠮᠯᠡᠯ ᠪᠠᠷᠢᠬᠰᠠᠨ ᠪᠤᠶᠤ ᠭᠠᠷ᠎ᠲᠠᠭᠠᠨ ᠴᠠᠭ᠋ᠠᠨ ᠴᠠᠭ᠋ᠠᠰᠤᠨ ᠲᠡᠭᠡᠷ᠎ᠡ ᠪᠠᠭᠤᠯᠭ᠋ᠠᠬᠰᠠᠨ ᠭᠡᠷᠡᠯ ᠵᠢᠷᠤᠭ᠎ᠢ ᠲᠠᠯᠪᠢᠵᠦ ᠪᠤᠯᠬᠤ ᠦᠭᠡᠢ ᠡᠲᠡᠭᠡᠷ ᠬᠡᠷᠡᠯ ᠵᠢᠷᠤᠭ᠎ᠲᠤ ᠬᠤᠪᠢ ᠬᠥᠮᠦᠨ᠎ᠤ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠣᠷᠣᠨ ᠰᠠᠭᠤᠴᠠ ᠵᠢᠨ ᠬᠠᠶᠢᠭ ᠵᠡᠷᠭᠡ ᠰᠡᠷᠭᠡᠭ ᠮᠡᠳᠡᠭᠡ ᠵᠠᠩᠭᠢ ᠪᠠᠶ᠋ᠢᠳᠠᠭ᠂ ᠬᠡᠷᠪᠡ ᠵᠠᠳᠠᠷᠠᠬᠤ᠎ᠳᠤ ᠬᠦᠷᠪᠡᠯ ᠬᠠᠤᠯᠢ ᠪᠤᠰᠤ ᠡᠲᠡᠭᠡᠳ ᠡᠲᠡᠭᠡᠷ ᠮᠡᠳᠡᠭᠡ ᠵᠠᠩᠭᠢ ᠵᠢ ᠠᠰᠢᠭᠯᠠᠨ ᠪᠡᠶ᠎ᠡ ᠵᠢᠨ ᠬᠢᠷᠢ ᠬᠡᠮ᠎ᠢ ᠴᠢᠨᠢ ᠬᠤᠯᠠᠭ᠋ᠠᠶ᠋ᠢᠯᠠᠨ ᠬᠡᠷᠡᠭᠯᠡᠵᠦ᠂ ᠢᠲᠡᠭᠡᠮᠵᠢ ᠵᠢᠨ ᠺᠠᠷᠲ᠂ ᠵᠢᠭᠡᠯᠡᠯᠭᠡ ᠵᠡᠷᠭᠡ ᠮᠥᠩᠭᠦᠨ ᠬᠦᠢ᠍ᠯᠭᠡᠭᠡᠨ᠎ᠤ ᠲᠤᠬᠠᠶ᠋ᠢᠯᠠᠭᠰᠠᠨ ᠠᠵᠢᠯ᠎ᠢ ᠬᠦᠢ᠍ᠴᠡᠳᠬᠡᠵᠦ᠂ ᠴᠢᠨᠠᠭᠰᠢᠯᠠᠪᠠᠯ ᠬᠠᠤᠯᠢ ᠵᠢ ᠵᠥᠷᠢᠴᠡᠬᠦ ᠠᠵᠢᠯᠯᠠᠭ᠎ᠠ ᠬᠢᠵᠦ ᠮᠡᠳᠡᠨ᠎ᠡ᠃

    ᠡᠭᠦᠨ᠎ᠠᠴᠠ ᠭᠠᠳᠠᠨ᠎ᠠ᠂ ᠭᠠᠷ᠎ᠲᠠᠭᠠᠨ ᠴᠠᠭ᠋ᠠᠨ ᠴᠠᠭ᠋ᠠᠰᠤᠨ ᠲᠡᠭᠡᠷ᠎ᠡ ᠪᠠᠭᠤᠯᠭ᠋ᠠᠬᠰᠠᠨ ᠭᠡᠷᠡᠯ ᠵᠢᠷᠤᠭ ᠪᠤᠶᠤ ᠰᠤᠨᠢᠨ᠎ᠳᠤ ᠨᠡᠶ᠋ᠢᠳᠡᠯᠡᠭᠰᠡᠨ ᠬᠡᠷᠡᠯ ᠵᠢᠷᠤᠭ ᠵᠡᠷᠭᠡ ᠵᠢ ᠦᠷᠭᠦᠯᠵᠢ ᠪᠡᠶ᠎ᠡ ᠵᠢᠨ ᠬᠢᠷᠢ ᠬᠡᠮ᠎ᠢ ᠰᠢᠯᠭ᠋ᠠᠬᠤ᠎ᠳᠤ ᠬᠡᠷᠡᠭᠯᠡᠳᠡᠭ᠂ ᠬᠡᠷᠪᠡ ᠬᠠᠤᠯᠢ ᠪᠤᠰᠤ ᠡᠲᠡᠭᠡᠳ ᠣᠯᠵᠤ ᠠᠪᠤᠪᠠᠯ᠂ ᠬᠠᠭᠤᠷᠮᠠᠭ ᠦᠨᠡᠮᠯᠡᠯ ᠦᠢ᠍ᠯᠡᠳᠬᠦ ᠪᠤᠶᠤ ᠰᠦᠯᠵᠢᠶᠡᠨ᠎ᠤ ᠮᠡᠬᠡᠯᠡᠯ ᠶᠠᠪᠤᠭᠤᠯᠬᠤ᠎ᠳᠤ ᠬᠡᠷᠡᠭᠯᠡᠵᠦ ᠮᠡᠳᠡᠨ᠎ᠡ᠂ ᠢᠩᠭᠢᠪᠡᠯ ᠬᠤᠪᠢ ᠬᠥᠮᠦᠨ᠎ᠳᠤ ᠴᠢᠨᠢ ᠠᠵᠤ ᠠᠬᠤᠶ ᠵᠢᠨ ᠬᠤᠬᠢᠷᠠᠯ ᠪᠠ ᠨᠡᠷ᠎ᠡ ᠲᠥᠷᠥ ᠵᠢᠨ ᠬᠤᠬᠢᠷᠠᠯ ᠤᠴᠠᠷᠠᠭᠤᠯᠵᠤ ᠮᠡᠳᠡᠨ᠎ᠡ᠃ ·

    ᠡᠯ᠎ᠡ ᠵᠦᠢ᠍ᠯ᠎ᠤᠨ ᠬᠡᠷᠡᠴᠢ ᠪᠠᠷᠢᠮᠲᠠ ᠵᠢᠨ ᠲᠥᠷᠥᠯ᠎ᠤᠨ ᠭᠡᠷᠡᠯ ᠵᠢᠷᠤᠭ᠎ᠢ ᠲᠠᠯᠪᠢᠵᠦ ᠪᠤᠯᠬᠤ ᠦᠭᠡᠢ ᠮᠠᠰᠢ ᠤᠯᠠᠨ ᠬᠥᠮᠦᠨ ᠠᠵᠢᠯ ᠵᠶ᠋ᠠᠷ ᠭᠠᠳᠠᠭᠰᠢ ᠭᠠᠷᠬᠤ᠂ ᠵᠢᠭᠤᠯᠴᠢᠯᠠᠬᠤ᠎ᠳᠠᠭᠠᠨ ᠪᠦᠷ ᠭᠠᠯᠲᠤ ᠲᠡᠷᠭᠡᠨ᠎ᠤ ᠪᠢᠯᠧᠲ ᠪᠤᠶᠤ ᠨᠢᠰᠬᠡᠯ᠎ᠳᠤ ᠰᠠᠭᠤᠬᠤ ᠫᠠᠶ᠋ᠢᠰᠠ᠎ᠪᠠᠨ ᠰᠡᠭᠦᠳᠡᠷᠯᠡᠵᠦ᠂ ᠥᠪᠡᠷ᠎ᠤᠨ ᠨᠠᠶ᠋ᠢᠵᠠ ᠵᠢᠨ ᠲᠣᠭᠤᠷᠢᠭ᠎ᠲᠠᠭᠠᠨ ᠲᠠᠯᠪᠢᠵᠦ ᠬᠤᠪᠢᠶᠠᠯᠴᠠᠬᠤ ᠲᠤᠷᠠᠳᠠᠢ ᠪᠠᠶ᠋ᠢᠳᠠᠭ᠃ ᠡᠳᠡᠭᠡᠷ ᠪᠢᠯᠧᠲ ᠭᠡᠷᠡᠴᠢ ᠳᠡᠭᠡᠷ᠎ᠡ ᠴᠢᠨᠢ ᠣᠪᠣᠭ ᠨᠡᠷ᠎ᠡ᠂ ᠬᠦᠯᠳᠡᠬᠦ ᠭᠠᠵᠠᠷ᠂ ᠬᠦᠷᠬᠦ ᠭᠠᠵᠠᠷ ᠵᠡᠷᠭᠡ ᠮᠡᠳᠡᠭᠡ ᠵᠠᠩᠭᠢ ᠪᠠᠶ᠋ᠢᠳᠠᠭ ᠵᠶ᠋ᠠᠷ ᠪᠠᠷᠠᠬᠤ ᠦᠭᠡᠶ᠂ ᠪᠠᠰᠠ ᠵᠢᠷᠤᠭ᠋ᠠᠰᠤᠨ ᠲᠡᠮᠳᠡᠭ ᠪᠤᠶᠤ ᠬᠤᠶᠠᠷ ᠬᠡᠮᠵᠢᠯᠳᠦ ᠺᠤᠳ᠋ ᠲᠡᠭᠡᠷ᠎ᠡ᠎ᠨᠢ ᠠᠶᠠᠨᠴᠢᠳ ᠬᠤᠪᠢ ᠬᠥᠮᠦᠨ᠎ᠤ ᠮᠡᠳᠡᠭᠡ ᠵᠠᠩᠭᠢ ᠪᠠᠶ᠋ᠢᠳᠠᠭ᠎ᠠᠴᠠ ᠬᠠᠤᠯᠢ ᠪᠤᠰᠤ ᠡᠲᠡᠭᠡᠳ᠎ᠲᠤ ᠲᠠᠶ᠋ᠢᠯᠤᠭᠳᠠᠬᠤ ᠪᠤᠶᠤ ᠪᠥᠭᠡᠳ ᠬᠤᠯᠠᠭ᠋ᠠᠶ᠋ᠢᠯᠠᠭᠳᠠᠬᠤ ᠪᠣᠯᠤᠯᠴᠠᠭ᠎ᠠ᠎ᠲᠠᠢ ᠪᠠᠶ᠋ᠢᠳᠠᠭ᠃ 

    ᠭᠡᠷ᠎ᠤᠨ ᠲᠦᠯᠬᠢᠭᠦᠷ᠂ ᠲᠡᠷᠭᠡᠨ ᠫᠠᠶ᠋ᠢᠰᠠ ᠵᠡᠷᠭᠡ ᠵᠢᠨ ᠭᠡᠷᠡᠯ ᠵᠢᠷᠤᠭ᠎ᠢ ᠲᠠᠯᠪᠢᠵᠦ ᠪᠤᠯᠬᠤ ᠦᠭᠡᠢ ᠬᠠᠤᠯᠢ ᠪᠤᠰᠤ ᠡᠲᠡᠭᠡᠳ ᠲᠣᠮᠣ ᠳ᠋ᠠᠶ᠋ᠢᠲ᠋ᠠ ᠵᠡᠷᠭᠡ ᠮᠡᠷᠭᠡᠵᠢᠯ᠎ᠤᠨ ᠠᠷᠭ᠎ᠠ ᠪᠠᠷᠢᠯ ᠪᠠ ᠡᠳᠡᠭᠡᠷ ᠭᠡᠷᠡᠯ ᠵᠢᠷᠤᠭ ᠵᠶ᠋ᠠᠷ ᠲᠠᠮᠵᠢᠭᠤᠯᠤᠨ ᠨᠡᠶ᠋ᠢᠳᠡᠯᠡᠭᠴᠢ ᠵᠢᠨ ᠤᠨᠴᠠᠭ᠋ᠠᠢ ᠴᠠᠭ ᠬᠤᠭᠤᠴᠠᠭ᠋ᠠᠨ᠎ᠳᠠᠬᠢ ᠪᠠᠶ᠋ᠢᠭ᠎ᠠ ᠣᠨᠴᠠ ᠲᠣᠭᠲᠠᠭᠰᠠᠨ ᠣᠷᠣᠨ ᠪᠠᠶ᠋ᠢᠷᠢ ᠵᠢ ᠵᠠᠳᠠᠯᠤᠨ ᠭᠠᠷᠭ᠋ᠠᠬᠤ ᠪᠦᠭᠡᠳ ᠪᠠᠰᠠ ᠨᠡᠶ᠋ᠢᠲᠡᠯᠡᠭᠴᠢ ᠵᠢᠨ ᠬᠤᠯᠪᠣᠭᠳᠠᠯ ᠪᠥᠬᠦᠶ ᠠᠮᠢᠳᠤᠷᠠᠯ᠎ᠤᠨ ᠳᠠᠳᠬᠠᠯ᠎ᠢ ᠣᠯᠵᠤ ᠪᠣᠯᠤᠨ᠎ᠠ᠃ ᠡᠶ᠋ᠢᠮᠦ᠎ᠠᠴᠠ ᠬᠠᠮᠤᠭ ᠰᠠᠶ᠋ᠢᠨ ᠠᠷᠭ᠎ᠠ ᠪᠣᠯ ᠭᠡᠷᠡᠯ ᠵᠢᠷᠤᠭ᠎ᠤᠨ ᠲᠤᠳᠤᠷ᠎ᠠ᠎ᠪᠠᠨ ᠵᠢᠱ᠌ᠢᠶᠡᠯᠡᠪᠡᠯ ᠭᠡᠷ᠎ᠤᠨ ᠲᠦᠯᠬᠢᠭᠦᠷ᠂ ᠲᠡᠷᠭᠡᠨ ᠫᠠᠶ᠋ᠢᠰᠠ ᠵᠢᠨ ᠨᠣᠮᠧᠷ ᠵᠡᠷᠭᠡ ᠣᠨᠴᠠᠯᠢᠭ ᠵᠶ᠋ᠠᠷ ᠢᠯᠡᠷᠬᠡᠶ ᠶᠠᠭᠤᠮᠠᠰ᠎ᠢ ᠪᠢᠲᠡᠭᠡᠶ ᠤᠷᠤᠭᠤᠯᠤᠭ᠋ᠠᠷᠠᠢ᠃

ᠢᠷᠡᠯᠲᠡ᠄ ᠬᠣᠣᠯᠢᠩᠭᠤᠤᠯ᠎ᠤᠨ ᠠᠷᠠᠳ᠎ᠤᠨ ᠵᠠᠰᠠᠭ᠎ᠤᠨ ᠤᠷᠳᠦᠨ
          
ᠬᠠᠮᠢᠶ᠎ᠡ ᠪᠦᠬᠦᠢ ᠰᠣᠨᠢᠨ
 
            