ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
AI ᠪᠡᠷ ᠬᠠᠭᠤᠷᠮᠠᠭ ᠵᠣᠬᠢᠶᠠᠬᠤ ᠶ᠋ᠢ ᠬᠣᠷᠢᠭ᠍ᠯᠠᠶ᠎ᠠ
ᠨᠡᠶ᠋ᠢᠲᠡᠯᠡᠭᠰᠡᠨ ᠴᠠᠭ᠄ 2025-10-28

ᠬᠤᠳᠠᠯ ᠮᠡᠳᠡᠭᠡ ᠵᠣᠬᠢᠶᠠᠵᠤ ᠴᠤᠤᠷᠬᠠᠯ ᠲᠠᠷᠬᠠᠭᠠᠭᠰᠠᠨ᠂ AI᠎ᠪᠡᠷ ᠨᠢᠭᠤᠷ ᠵᠢᠡᠨ ᠰᠣᠯᠢᠬᠤ ᠨᠢ ᠪᠤᠰᠤᠳ᠎ᠦᠨ ᠳᠦᠷᠢ ᠲᠥᠷᠬᠦ᠎ᠶᠢᠨ ᠡᠷᠬᠡ᠎ᠳᠦ ᠬᠠᠯᠳᠠᠭᠰᠠᠨ ᠵᠡᠷᠭᠡ AI ᠮᠡᠷᠭᠡᠵᠢᠯ᠎ᠢᠶᠠᠷ ᠵᠣᠬᠢᠶᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠨᠢ ᠬᠥᠮᠥᠰ᠎ᠲᠦ ᠮᠠᠰᠢ ᠣᠯᠠᠨ ᠶᠠᠷᠰᠢᠭ᠋ ᠲᠦᠪᠡᠭ ᠤᠴᠠᠷᠠᠭᠤᠯᠵᠤ᠂ ᠡᠭᠦᠨ᠎ᠢ ᠳᠠᠭᠠᠯᠳᠤᠨ ᠶᠣᠰᠣ᠌ ᠰᠤᠷᠲᠠᠬᠤᠨ᠂ ᠬᠠᠤᠯᠢ ᠴᠠᠭᠠᠵᠠ ᠂ᠨᠡᠢᠭᠡᠮ᠎ᠦᠨ ᠠᠰᠠᠭᠤᠳᠠᠯ ᠴᠤ᠌ ᠢᠯᠡᠷᠡᠨ ᠭᠠᠷᠴᠠᠢ᠃ ᠤᠯᠤᠰ᠎ᠤᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠵᠥᠪᠯᠡᠯ᠎ᠦᠨ ᠠᠯᠪᠠᠨ ᠭᠡᠷ ᠵᠡᠷᠭᠡ ᠰᠠᠯᠠᠭ᠎ᠠ ᠮᠥᠴᠢᠷ᠎ᠡᠴᠡ ᠳᠠᠷᠤᠮᠠᠯᠯᠠᠨ ᠲᠠᠷᠬᠠᠭᠠᠭᠰᠠᠨ 《ᠵᠣᠬᠢᠶᠠᠮᠠᠯ ᠣᠶᠤᠨ ᠴᠢᠳᠠᠪᠤᠷᠢ᠎ᠶᠢᠨ ᠪᠤᠶ ᠪᠤᠯᠬᠤ ᠨᠡᠢᠯᠡᠯ ᠠᠭᠤᠯᠭ᠎ᠠ᠎ᠶᠢᠨ ᠢᠯᠡᠳᠬᠡᠮᠵᠢ ᠲᠡᠮᠳᠡᠭ᠎ᠦᠨ ᠠᠷᠭ᠎ᠠ》 ᠶ᠋ᠢ ᠣᠢᠷ᠎ᠠ᠎ᠳᠤ ᠵᠢᠩᠬᠢᠨᠢ᠎ᠪᠡᠷ ᠬᠡᠷᠡᠭᠵᠢᠭᠦᠯᠵᠦ ᠂ AIᠶ᠋ᠢ ᠬᠡᠷᠡᠭᠯᠡᠨ ᠦᠢᠯᠡᠳᠦᠭᠰᠡᠨ ᠠᠭᠤᠯᠭ᠎ᠠ᠎ᠶᠢᠨ ᠢᠯᠡ ᠲᠣᠳᠣᠷᠬᠠᠢ ᠪᠠᠢᠬᠤ ᠬᠠᠮᠢᠶᠠᠷᠤᠯᠲᠠ᠎ᠳᠤ ᠪᠠᠷᠢᠮᠵᠢᠶ᠎ᠠ ᠭᠠᠷᠭᠠᠵᠠᠢ᠃ AI᠎ᠶᠢᠨ ᠬᠡᠷᠡᠭᠯᠡᠯᠲᠡ᠎ᠶᠢᠨ ᠨᠢᠭᠡᠨ ᠠᠰᠠᠭᠤᠳᠠᠯ ᠪᠣᠯ ᠦᠨᠡᠨ ᠪᠣᠳᠠᠲᠤ ᠴᠢᠨᠠᠷ ᠪᠠ ᠢᠲᠡᠭᠡᠭᠦᠯᠬᠦ ᠬᠦᠴᠦᠨ᠎ᠦ ᠲᠠᠯ᠎ᠠ ᠪᠡᠷ ᠭᠢ ᠳᠤᠲᠠᠭᠳᠠᠯ ᠪᠣᠯᠣᠨ᠎ᠠ᠂ ᠢᠯᠠᠩᠭᠤᠶ᠎ᠠ ᠮᠡᠷᠭᠡᠵᠢᠯ᠎ᠦᠨ ᠬᠥᠭᠵᠢᠬᠦ ᠶ᠋ᠢ ᠳᠠᠭᠠᠯᠳᠤᠨ ᠵᠣᠬᠢᠶᠠᠮᠠᠯ ᠠᠭᠤᠯᠭ᠎ᠠ ᠨᠢ ᠤᠯᠠᠮ᠎ᠠᠴᠠ ᠤᠯᠠᠮ ᠦᠨᠡᠮᠰᠢᠭᠦᠯᠬᠦ ᠬᠦᠴᠦᠨ ᠲᠠᠢ ᠪᠣᠯᠵᠤ᠂ ᠬᠤᠪᠢ ᠬᠥᠮᠥᠨ᠎ᠦ ᠨᠢᠭᠤᠴᠠ᠂ ᠨᠡᠢᠭᠡᠮ᠎ᠦᠨ ᠲᠣᠭᠲᠠᠭᠤᠨ ᠲᠡᠷᠡᠴᠢᠯᠡᠨ ᠤᠯᠤᠰ᠎ᠤᠨ ᠠᠮᠤᠷ ᠲᠦᠪᠰᠢᠨ᠎ᠳᠦ ᠬᠦᠨᠳᠦ ᠨᠣᠴᠢᠲᠠᠢ ᠥᠷᠢᠰᠦᠯᠳᠦᠭᠡᠨ ᠤᠴᠠᠷᠠᠭᠤᠯᠵᠤ ᠪᠠᠢᠨ᠎ᠠ᠃ AI᠎ᠪᠡᠷ ᠠᠭᠤᠯᠭ᠎ᠠ ᠦᠢᠯᠡᠳᠬᠦ᠎ᠳᠦ ᠠᠯᠪᠠᠳᠠᠯᠭ᠎ᠠ᠎ᠪᠠᠷ ᠢᠯᠭᠠᠬᠤ ᠲᠡᠮᠳᠡᠭ ᠬᠠᠳᠠᠬᠣ᠌ ᠪᠣᠯ ᠮᠡᠳᠡᠭᠡ ᠵᠠᠩᠭᠢ᠎ᠶᠢᠨ ᠠᠮᠢ ᠠᠬᠤᠢ᠎ᠶᠢᠨ ᠡᠷᠡᠭᠦᠯ ᠮᠡᠨᠳᠦ᠎ᠶᠢ ᠬᠠᠮᠠᠭᠠᠯᠠᠬᠤ᠂ ᠣᠯᠠᠨ ᠨᠡᠶ᠋ᠢᠲᠡ᠎ᠶᠢᠨ ᠪᠠᠢᠳᠠᠯ᠎ᠢ ᠮᠡᠳᠡᠬᠦ ᠡᠷᠬᠡ᠎ᠶᠢ ᠪᠠᠲᠤᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠪᠣᠯᠣᠨ᠎ᠠ᠃ ᠣᠳᠣᠬᠠᠨ᠎ᠳᠤ ᠬᠣᠯᠪᠣᠭᠳᠠᠯ ᠪᠦᠬᠦᠢ ᠳᠦᠷᠢᠮ᠎ᠢ ᠨᠠᠢᠳᠠᠪᠤᠷᠢᠵᠢᠭᠤᠯᠬᠤ᠎ᠳᠤ ᠪᠠᠰᠠ ᠮᠠᠰᠢ ᠣᠯᠠᠨ ᠥᠷᠢᠰᠦᠯᠳᠦᠭᠡᠨ ᠲᠤᠯᠭᠠᠷᠠᠵᠤ᠂ ᠡᠯ᠎ᠡ ᠲᠠᠯ᠎ᠠ᠎ᠶᠢᠨ ᠭᠢᠨ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠢᠳᠡᠪᠬᠢᠲᠡᠢ ᠠᠷᠭᠠᠴᠠᠭᠠᠵᠤ᠂ ᠳᠦᠷᠢᠮ᠎ᠦᠨ ᠰᠢᠨ᠎ᠡ ᠡᠭᠦᠳᠦᠯᠲᠡ᠎ᠪᠡᠷ ᠳᠠᠮᠵᠢᠨ ᠮᠡᠷᠭᠡᠵᠢᠯ᠎ᠢ ᠤᠯᠠᠮ ᠰᠠᠢᠨ ᠠᠰᠢᠭ᠍ᠯᠠᠬᠤ ᠶ᠋ᠢ ᠬᠥᠲᠥᠯᠥᠨ ᠵᠢᠯᠤᠭᠣᠳᠬᠤ ᠴᠢᠬᠤᠯᠠᠲᠠᠢ ᠪᠠᠢᠨ᠎ᠠ᠃         

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            