·ᠭᠡᠷ ᠪᠦᠯᠢ ᠵᠢᠨ ᠬᠦᠴᠦᠷᠬᠡᠭᠯᠡᠯ ᠨᠢ ᠭᠠᠭᠴᠠ᠎ᠬᠦ ᠭᠠᠷ ᠬᠥᠳᠡᠯᠬᠦ ᠶ᠋ᠢ ᠯᠡ ᠬᠡᠯᠡᠬᠦ ᠪᠢᠰᠢ᠂ ᠦᠷᠭᠦᠯᠵᠢ ᠳᠣᠷᠣᠮᠵᠢᠯᠠᠵᠤ ᠭᠤᠲᠤᠭᠠᠬᠤ᠂ ᠰᠦᠷᠳᠡᠭᠦᠯᠬᠦ᠂ ᠭᠡᠲᠡᠬᠦ᠂ ᠦᠢᠮᠡᠭᠦᠯᠬᠦ ᠵᠡᠷᠭᠡ ᠨᠢ ᠴᠥᠮ ᠭᠡᠷ ᠪᠦᠯᠢ ᠵᠢᠨ ᠬᠦᠴᠦᠷᠬᠡᠭᠯᠡᠯ ᠳ᠋ᠸ᠋ ᠲᠣᠭᠠᠴᠠᠭᠳᠠᠨ᠎ᠠ᠃
· ᠶᠠᠮᠠᠷᠪᠠ ᠤᠴᠢᠷ ᠰᠢᠯᠲᠠᠭᠠᠨ ᠨᠢ ᠴᠥᠮ ᠭᠡᠷ ᠪᠦᠯᠢ ᠵᠢᠨ ᠬᠦᠴᠦᠷᠬᠡᠭᠯᠡᠯ ᠶᠠᠪᠤᠭᠤᠯᠬᠤ ᠰᠢᠯᠲᠠᠭ ᠪᠢᠰᠢ᠂ ᠭᠡᠷ ᠪᠦᠯᠢ ᠵᠢᠨ ᠬᠦᠴᠦᠷᠬᠡᠭᠯᠡᠯ᠎ᠢ 《ᠠᠭᠤᠴᠢᠯᠠᠵᠤ ᠪᠣᠯᠣᠨ᠎ᠠ》 ᠭᠡᠳᠡᠭ ᠨᠢ ᠪᠤᠷᠤᠭᠤ ᠦᠵᠡᠯ ᠪᠤᠳᠤᠯ ᠶᠤᠮ᠃
·ᠭᠡᠷ ᠪᠦᠯᠢ ᠵᠢᠨ ᠬᠦᠴᠦᠷᠬᠡᠭᠯᠡᠯ ᠶᠠᠮᠠᠷᠪᠠ ᠭᠡᠷ ᠪᠦᠯᠢ᠎ᠳᠦ ᠪᠦᠷ ᠡᠭᠦᠰᠴᠦ ᠪᠣᠯᠣᠮᠵᠢ ᠳᠠᠢ᠂ ᠰᠣᠶᠣᠯ᠎ᠤᠨ ᠬᠢᠷᠢ ᠲᠦᠪᠰᠢᠨ᠂ ᠤᠷᠤᠯᠭ᠎ᠠ ᠵᠢᠨ ᠬᠡᠮᠵᠢᠶ᠎ᠡ᠂ ᠠᠵᠢᠯ ᠮᠡᠷᠭᠡᠵᠢᠯ ᠵᠡᠷᠭᠡ ᠳᠠᠢ ᠬᠠᠮᠢᠶ᠎ᠠ ᠦᠭᠡᠢ᠃
ᠪᠦᠭᠦ ᠤᠯᠤᠰ᠎ᠤᠨ ᠡᠮᠡᠭᠲᠡᠢᠴᠦᠳ᠎ᠦᠨ ᠬᠣᠯᠪᠤᠭ᠎ᠠ ᠡᠴᠨ ᠨᠡᠢᠲᠡᠯᠡᠭᠰᠡᠨ 《ᠭᠡᠷ ᠪᠦᠯᠢ᠎ᠶᠢᠨ ᠬᠦᠴᠦᠷᠬᠡᠭᠯᠡᠯ᠎ᠦᠨ ᠬᠣᠬᠢᠷᠠᠯ ᠠᠮᠰᠠᠭ᠍ᠴᠢ᠎ᠶᠢᠨ ᠭᠡᠷᠡᠴᠢ ᠪᠠᠷᠢᠮᠲᠠ ᠴᠤᠭᠯᠠᠭᠤᠯᠬᠤ ᠵᠢᠯᠣᠭᠣᠳᠤᠮᠵᠢ》 ᠳ᠋ᠸ᠋ ᠭᠡᠷ ᠪᠦᠯᠢ᠎ᠶᠢᠨ ᠬᠦᠴᠦᠷᠬᠡᠭᠯᠡᠯ᠎ᠦᠨ ᠬᠣᠬᠢᠷᠠᠯ ᠠᠮᠰᠠᠭ᠍ᠴᠢ᠎ᠶᠢᠨ ᠭᠡᠷᠡᠴᠢ ᠪᠠᠷᠢᠮᠲᠠ ᠴᠤᠭᠯᠠᠭᠤᠯᠬᠤ ᠳᠤᠮᠳᠠᠬᠢ ᠭᠣᠣᠯᠳᠠᠯᠭ᠎ᠠ ᠲᠠᠢ ᠵᠦᠢᠯ᠎ᠢ ᠲᠣᠳᠣᠷᠬᠠᠢᠯᠠᠵᠠᠢ᠃
ᠨᠢᠭᠡ᠂ ᠭᠡᠷ ᠪᠦᠯᠢ᠎ᠶᠢᠨ ᠬᠦᠴᠦᠷᠬᠡᠭᠯᠡᠯ᠎ᠦᠨ ᠪᠣᠳᠠᠲᠤ ᠬᠡᠷᠡᠭ ᠡᠭᠦᠰᠦᠭᠰᠡᠨ᠎ᠢ ᠭᠡᠷᠡᠴᠢᠯᠡᠬᠦ ᠭᠡᠷᠡᠴᠢ ᠪᠠᠷᠢᠮᠲᠠ
1. ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠴᠠᠭᠳᠠᠭ᠎ᠠ ᠭᠠᠷᠭᠠᠭᠰᠠᠨ ᠲᠡᠮᠳᠡᠭᠯᠡᠯ ᠂ ᠰᠡᠷᠡᠮᠵᠢᠯᠡᠭᠦᠯᠭᠦ ᠪᠢᠴᠢᠭ ᠂ ᠰᠢᠷᠬᠠᠲᠤᠭᠰᠠᠨ ᠪᠠᠢᠳᠠᠯ᠎ᠢ ᠰᠢᠯᠭᠠᠨ ᠲᠣᠭᠲᠠᠭᠠᠭᠰᠠᠨ ᠰᠠᠨᠠᠯ ᠵᠡᠷᠭᠡ;
2. ᠲᠣᠰᠬᠣᠨ ᠪᠤᠶᠤ ᠰᠠᠭᠤᠭᠠᠯᠢ ᠠᠷᠠᠳ ᠤ᠋ᠨ ᠵᠥᠪᠯᠡᠯ᠂ ᠡᠮᠡᠭᠲᠡᠢᠴᠦᠳ᠎ᠦᠨ ᠬᠣᠯᠪᠤᠭ᠎ᠠ᠎ᠶᠢᠨ ᠵᠣᠬᠢᠶᠠᠨ ᠪᠠᠢᠭᠤᠯᠤᠯᠲᠠ ᠂ ᠭᠡᠷ ᠪᠦᠯᠢ᠎ᠶᠢᠨ ᠬᠦᠴᠦᠷᠬᠡᠭᠯᠡᠯ᠎ᠢ ᠡᠰᠡᠷᠭᠦᠴᠡᠬᠦ ᠨᠡᠢᠭᠡᠮ᠎ᠦᠨ ᠵᠣᠬᠢᠶᠠᠨ ᠪᠠᠢᠭᠤᠯᠤᠯᠲᠠ ᠂ ᠬᠣᠶᠠᠷ ᠲᠠᠯ᠎ᠠ᠎ᠶᠢᠨ ᠬᠥᠮᠥᠨ ᠬᠡᠷᠡᠭᠯᠡᠬᠦ ᠨᠢᠭᠡᠴᠢ ᠵᠡᠷᠭᠡ ᠪᠠᠢᠭᠤᠯᠤᠮᠵᠢ᠎ᠶᠢᠨ ᠲᠤᠰᠠᠯᠠᠮᠵᠢ ᠭᠤᠶᠤᠴᠢᠯᠠᠭᠰᠠᠨ ᠢ᠋ ᠬᠦᠯᠢᠶᠡᠵᠦ ᠠᠪᠤᠭᠰᠠᠨ ᠲᠡᠮᠳᠡᠭᠯᠡᠯ᠂ ᠡᠶᠡᠳᠡᠭᠦᠯᠦᠭᠰᠡᠨ ᠲᠡᠮᠳᠡᠭᠯᠡᠯ ᠵᠡᠷᠭᠡ;
3. ᠡᠪᠡᠳᠴᠢᠨ᠎ᠦ ᠥᠩᠭᠡᠷᠡᠯᠲᠡ᠎ᠶᠢᠨ ᠂ ᠣᠨᠣᠰᠢᠯᠠᠨ ᠡᠮᠨᠡᠬᠦ ᠵᠠᠷᠤᠳᠠᠯ ᠤ᠋ᠨ ᠪᠠᠷᠢᠮᠲᠠ;
4. ᠬᠣᠣᠷᠯᠠᠭ᠍ᠴᠢᠶᠢᠨ ᠭᠡᠷ ᠪᠦᠯᠢ᠎ᠶᠢᠨ ᠬᠦᠴᠦᠷᠬᠡᠭᠯᠡᠯ ᠶᠠᠪᠤᠭᠤᠯᠤᠭᠰᠠᠨ ᠳᠠᠭᠤ ᠰᠢᠩᠭᠡᠭᠡᠯᠲᠡ ᠂ ᠳᠦᠷᠰᠦ ᠰᠢᠩᠭᠡᠭᠡᠯᠲᠡ;
5. ᠪᠡᠶ᠎ᠡ᠎ᠶᠢᠨ ᠰᠢᠷᠬ᠎ᠠ ᠰᠣᠷᠪᠢ ᠪᠠ ᠴᠣᠬᠢᠵᠤ ᠪᠠᠯᠪᠠᠴᠢᠭ᠍ᠰᠠᠨ ᠠᠬᠤᠢ ᠲᠠᠯᠠᠪᠠᠢ ᠵᠢᠨ ᠭᠡᠷᠡᠯ ᠵᠢᠷᠤᠭ᠂ ᠳᠦᠷᠰᠦ ᠰᠢᠩᠭᠡᠭᠡᠯᠲᠡ;
6. ᠪᠠᠲᠤᠯᠠᠭ᠎ᠠ᠎ᠶᠢᠨ ᠪᠢᠴᠢᠭ ᠂ ᠠᠮᠠᠯᠠᠯᠲᠠ᠎ᠶᠢᠨ ᠪᠢᠴᠢᠭ᠂ ᠭᠡᠮᠰᠢᠯ᠎ᠦᠨ ᠪᠢᠴᠢᠭ;
7. ᠭᠡᠷᠡᠴᠢᠯᠡᠭᠴᠢ᠎ᠶᠢᠨ ᠭᠡᠷᠡᠴᠢ ᠦᠭᠡ᠂ ᠨᠠᠰᠤᠨ᠎ᠳᠤ ᠭᠦᠷᠦᠭᠡᠳᠦᠶ ᠦᠷ᠎ᠡ ᠬᠡᠦᠬᠡᠳ᠎ᠦᠨ ᠭᠡᠷᠡᠴᠢ ᠦᠭᠡ;
8. ᠬᠣᠬᠢᠷᠠᠯ ᠠᠮᠰᠠᠭ᠍ᠴᠢ᠎ᠶᠢᠨ ᠲᠤᠭᠠᠴᠢᠯᠲᠠ;
ᠬᠣᠶᠠᠷ᠂ ᠭᠡᠷ ᠪᠦᠯᠢ᠎ᠶᠢᠨ ᠬᠦᠴᠦᠷᠬᠡᠭᠯᠡᠯ᠎ᠦᠨ ᠪᠣᠳᠠᠲᠤ ᠠᠶᠤᠯ᠎ᠳᠤ ᠲᠤᠯᠭᠠᠷᠠᠭᠰᠠᠨᠢ ᠭᠡᠷᠡᠴᠢᠯᠡᠬᠦ ᠭᠡᠷᠡᠴᠢ ᠪᠠᠷᠢᠮᠲᠠ
ᠬᠡᠷᠪᠡ ᠬᠣᠣᠷᠯᠠᠭ᠍ᠴᠢ ᠨᠢ ᠤᠲᠠᠰᠤ᠂ ᠣᠬᠣᠷ ᠮᠡᠳᠡᠭᠡ᠂ ᠵᠢᠷᠭᠢᠶ᠎ᠡ᠂ QQ ᠪᠡᠷ ᠶᠠᠷᠢᠯᠴᠠᠭᠰᠠᠨ ᠲᠡᠮᠳᠡᠭᠯᠡᠯ᠂ ᠢᠮᠧᠯ ᠵᠡᠷᠭᠡ ᠪᠡᠷ ᠲᠠᠮᠵᠢᠨ᠂ ᠠᠶᠤᠯᠭᠠᠨ ᠰᠦᠷᠳᠡᠭᠦᠯᠦᠭᠰᠡᠨ ᠪᠣᠯ ᠬᠣᠬᠢᠷᠠᠯ ᠠᠮᠰᠠᠭ᠍ᠴᠢ ᠲᠠᠭᠤ ᠳᠦᠷᠰᠦ ᠶ᠋ᠢ ᠨᠢ ᠰᠢᠩᠭᠡᠬᠡᠨ ᠦᠯᠡᠳᠡᠭᠡᠬᠦ ᠵᠡᠷᠭᠡ ᠠᠷᠭ᠎ᠠ ᠮᠠᠶᠢᠭ᠋᠎ᠢᠶᠠᠷ ᠭᠡᠷᠡᠴᠢ ᠪᠠᠷᠢᠮᠲᠠ᠎ᠶᠢ ᠬᠠᠳᠠᠭᠠᠯᠠᠵᠤ᠂ ᠨᠥᠬᠥᠴᠡᠯ ᠲᠠᠢ ᠪᠣᠯ ᠠᠯᠪᠠᠨ ᠭᠡᠷᠡᠴᠢᠯᠡᠭᠡ᠎ᠶᠢᠨ ᠭᠠᠵᠠᠷ᠎ᠢᠶᠠᠷ ᠲᠠᠮᠵᠢᠨ ᠭᠡᠷᠡᠴᠢ ᠪᠠᠷᠢᠮᠲᠠ᠎ᠶᠢ ᠭᠠᠷᠭᠠᠨ ᠠᠪᠴᠤ ᠪᠣᠯᠣᠨ᠎ᠠ ᠃