ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠶ᠋ᠢᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ②
ᠨᠡᠶ᠋ᠢᠲᠡᠯᠡᠭᠰᠡᠨ ᠴᠠᠭ᠄ 2025-02-17

    ᠡᠪᠦᠯ᠎ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ᠎ᠢ ᠰᠠᠶ᠋ᠢᠲᠤᠷ ᠬᠢᠬᠦ ᠴᠠᠭ ᠬᠦᠷᠴᠦ ᠢᠷᠡᠪᠡ᠃ ᠡᠯ᠎ᠡ ᠲᠠᠯ᠎ᠠ ᠵᠢᠨ ᠪᠡᠯᠡᠳᠬᠡᠯ᠎ᠢ ᠭᠦᠢ᠍ᠴᠡᠳ ᠬᠢᠵᠦ᠂ ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠶ᠋ᠢᠬᠠᠨ ᠡᠬᠢᠯᠡᠭᠦᠯᠵᠦ᠂ ᠬᠡᠦᠬᠡᠳ᠎ᠢ ᠬᠠᠪᠰᠤᠷᠤᠨ ᠨᠡᠩ ᠬᠤᠷᠳᠤᠨ ᠵᠶ᠋ᠠᠷ ᠰᠤᠷᠤᠯᠴᠠᠬᠤ ᠣᠷᠴᠢᠨ᠎ᠳᠤ᠎ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠶᠠᠮᠠᠷ ᠶᠠᠮᠠᠷ ᠪᠡᠯᠡᠳᠬᠡᠯ᠎ᠢ ᠬᠢᠬᠦ ᠴᠢᠬᠤᠯᠠ᠎ᠲᠠᠢ ᠪᠣᠢ? ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ ᠪᠡᠯᠡᠳᠬᠡᠯ᠎ᠢ ᠠᠳᠡ ᠲᠠᠨᠢᠯᠴᠠᠭᠤᠯᠤᠶ᠎ᠠ!

    ᠠᠮᠢᠳᠤᠷᠠᠯ᠎ᠤᠨ ᠲᠠᠯ᠎ᠠ᠎ᠪᠠᠷ᠎ᠬᠢ ᠪᠡᠯᠡᠳᠬᠡᠯ

    ᠬᠡᠦᠬᠡᠳ᠎ᠲᠠᠢ᠎ᠪᠠᠨ ᠬᠠᠮᠲᠤ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ᠎ᠢ᠎ᠨᠢ ᠡᠷᠭᠢᠴᠡᠭᠦᠯᠦᠨ᠎ᠡ᠃ ᠭᠡᠷ᠎ᠤᠨ ᠠᠬᠠᠮᠠᠳ ᠬᠡᠦᠬᠡᠳ᠎ᠲᠠᠢ᠎ᠪᠠᠨ ᠬᠠᠮᠲᠤ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ᠎ᠢ 《ᠺᠢᠨᠣ᠋ ᠪᠤᠴᠠᠭ᠋ᠠᠵᠤ ᠦᠵᠡᠬᠦ》 ᠮᠡᠲᠦ᠎ᠪᠠᠷ ᠨᠢᠭᠡ ᠤᠳᠠᠭ᠎ᠠ ᠡᠷᠭᠢᠴᠡᠭᠦᠯᠵᠦ᠂ ᠠᠮᠠᠷᠠᠯᠲᠠ ᠵᠢᠨ ᠬᠤᠭᠤᠴᠠᠭ᠋ᠠᠨ᠎ᠤ ᠲᠥᠯᠥᠪᠯᠡᠭᠡ᠎ᠲᠠᠢ᠎ᠪᠠᠨ ᠬᠠᠷᠢᠴᠠᠭᠤᠯᠤᠨ᠂ ᠠᠯᠢ ᠵᠢ᠎ᠨᠢ ᠨᠢᠭᠡᠨᠲᠡ ᠳᠠᠭᠤᠰᠬᠠᠭᠰᠠᠨ᠂ ᠠᠯᠢ ᠵᠢ᠎ᠨᠢ ᠠᠷᠠᠢ ᠳᠠᠭᠤᠰᠬᠠᠭ᠎ᠠ ᠦᠭᠡᠢ ᠵᠢ ᠲᠣᠳᠤᠯᠠᠨ᠎ᠠ᠃ ᠬᠠᠮᠲᠤ᠎ᠳᠤ᠎ᠪᠠᠨ ᠣᠯᠤᠯᠲᠠ ᠪᠠ ᠬᠠᠷᠠᠮᠰᠠᠯ (ᠣᠩᠰᠢᠯᠭ᠎ᠠ᠂ ᠵᠤᠭ᠋ᠠᠴᠠᠯ᠂ ᠠᠮᠠᠷᠠᠯᠲᠠ᠂ ᠨᠠᠭ᠋ᠠᠳᠤᠮ᠂ ᠬᠠᠷᠢᠯᠴᠠᠭ᠎ᠠ ᠵᠡᠷᠭᠡ) ᠵᠶ᠋ᠠᠨ ᠬᠤᠪᠢᠶᠠᠯᠴᠠᠬᠤ ᠵᠢᠨ ᠬᠠᠮᠲᠤ ᠳᠠᠷᠤᠢ᠎ᠳᠤ᠎ᠨᠢ ᠳᠤᠷᠰᠢᠯᠭ᠎ᠠ᠎ᠪᠠᠨ ᠳ᠋ᠦᠩᠨᠡᠨ ᠰᠢᠯᠲᠠᠭ᠋ᠠᠨ᠎ᠢ ᠵᠠᠳᠠᠯᠤᠨ᠎ᠠ᠃

    ᠬᠡᠦᠬᠡᠳ᠎ᠢ ᠬᠠᠪᠰᠤᠷᠤᠨ ᠰᠡᠳᠬᠢᠯ᠎ᠢ᠎ᠨᠢ ᠬᠤᠷᠢᠶᠠᠯᠭ᠋ᠠᠵᠤ᠂ ᠡᠳᠦᠷ ᠲᠤᠲᠤᠮ᠎ᠤᠨ ᠬᠡᠪ᠎ᠤᠨ ᠪᠠᠶ᠋ᠢᠳᠠᠯ᠎ᠳᠤ᠎ᠨᠢ ᠪᠤᠴᠠᠭ᠋ᠠᠨ᠎ᠠ᠃ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ᠎ᠤᠨ ᠰᠡᠳᠬᠢᠯ ᠨᠡᠯᠢᠶᠡᠳ ᠰᠤᠯᠠᠷᠠᠵᠤ᠂ ᠬᠠᠷᠢᠨ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ ᠬᠠᠷᠢᠴᠠᠩᠭᠤᠢ ᠪᠠᠴᠢᠮ ᠪᠠᠶ᠋ᠢᠳᠠᠯ᠎ᠳᠤ ᠣᠷᠣᠳᠠᠭ᠂ ᠡᠨᠡ ᠬᠦ᠌ ᠪᠠᠶ᠋ᠢᠳᠠᠯ᠎ᠢ ᠵᠣᠬᠢᠴᠠᠭᠤᠯᠬᠤ᠎ᠳᠤ ᠬᠡᠰᠡᠭ ᠬᠤᠭᠤᠴᠠᠭ᠎ᠠ ᠬᠡᠷᠡᠭᠰᠡᠨ᠎ᠡ᠃ ᠡᠭᠦᠨ᠎ᠳᠤ ᠭᠡᠷ᠎ᠤᠨ ᠠᠬᠠᠮᠠᠳ ᠬᠡᠲᠦᠷᠬᠡᠢ ᠰᠠᠨᠲᠤᠷᠴᠤ ᠪᠣᠯᠬᠤ ᠦᠭᠡᠢ᠂ ᠬᠡᠦᠬᠡᠳ᠎ᠢ ᠬᠠᠪᠰᠤᠷᠤᠨ ᠰᠡᠳᠬᠢᠯ᠎ᠢ᠎ᠨᠢ ᠠᠭ᠋ᠠᠵᠢᠮ ᠬᠤᠷᠢᠶᠠᠯᠭ᠋ᠠᠵᠤ᠂ ᠬᠡᠦᠬᠡᠳ᠎ᠤᠨ ᠪᠣᠳᠣᠯ᠎ᠢ ᠢᠯᠡᠭᠦᠬᠡᠨ ᠣᠶ᠋ᠢᠯᠠᠭ᠋ᠠᠵᠤ᠂ ᠬᠡᠦᠬᠡᠳ᠎ᠤᠨ ᠰᠡᠳᠬᠢᠯ᠎ᠢ ᠠᠭ᠋ᠠᠵᠢᠮ ᠵᠶ᠋ᠠᠷ ᠲᠠᠶ᠋ᠢᠪᠤᠭᠤᠨ ᠪᠣᠯᠭ᠋ᠠᠨ᠎ᠠ᠃

    ᠬᠡᠦᠬᠡᠳ᠎ᠢ ᠬᠥᠲᠥᠯᠥᠨ ᠵᠢᠯᠣᠭᠤᠳᠴᠤ ᠠᠮᠢᠳᠤ ᠪᠣᠳᠠᠰ᠎ᠤᠨ ᠴᠠᠭ᠎ᠢ ᠲᠣᠬᠢᠷᠠᠭᠤᠯᠤᠨ᠎ᠠ᠃ ᠮᠠᠰᠢ ᠣᠯᠠᠨ ᠬᠡᠦᠬᠡᠳ ᠠᠮᠠᠷᠠᠯᠲᠠ ᠵᠢᠨ ᠬᠤᠭᠤᠴᠠᠭ᠋ᠠᠨ᠎ᠳᠤ ᠣᠷᠣᠢ ᠤᠨᠲᠠᠵᠤ᠂ ᠣᠷᠣᠢ ᠪᠣᠰᠬᠤ ᠮᠠᠭᠤ ᠳᠠᠳᠬᠠᠯ᠎ᠲᠠᠢ ᠪᠣᠯᠵᠤ᠂ ᠤᠷᠢᠳᠴᠢᠯᠠᠨ ᠲᠣᠬᠢᠷᠠᠭᠤᠯᠬᠤ ᠦᠭᠡᠢ ᠪᠣᠯ ᠰᠤᠷᠭ᠋ᠠᠭᠤᠯᠢ ᠡᠬᠢᠯᠡᠬᠦ ᠦᠶ᠎ᠡ᠎ᠳᠤ ᠠᠩᠬᠠᠷᠤᠯ ᠲᠥᠪᠯᠡᠷᠡᠬᠦ ᠦᠭᠡᠢ᠂ ᠴᠤᠭ ᠰᠦᠯᠳᠡ ᠦᠭᠡᠢ ᠪᠠᠶ᠋ᠢᠵᠤ᠂ ᠰᠤᠷᠤᠯᠴᠠᠬᠤ ᠣᠷᠴᠢᠨ᠎ᠳᠤ᠎ᠪᠠᠨ ᠵᠣᠬᠢᠴᠠᠬᠤ ᠵᠢ ᠨᠥᠯᠥᠭᠡᠯᠡᠳᠡᠭ᠃

    ᠭᠡᠷ᠎ᠤᠨ ᠠᠬᠠᠮᠠᠳ ᠬᠡᠦᠬᠡᠳ᠎ᠲᠠᠢ᠎ᠪᠠᠨ ᠬᠠᠮᠲᠤ ᠰᠤᠷᠭ᠋ᠠᠭᠤᠯᠢ ᠵᠢᠨ ᠠᠮᠢᠳᠤᠷᠠᠯ᠎ᠳᠤ ᠵᠣᠬᠢᠴᠠᠬᠤ ᠴᠠᠭ᠎ᠤᠨ ᠬᠦᠰᠦᠨᠦᠭᠲᠦ ᠲᠣᠭᠲᠠᠭ᠋ᠠᠵᠤ᠂ ᠡᠩ᠎ᠤᠨ ᠰᠤᠷᠭ᠋ᠠᠭᠤᠯᠢ᠎ᠳᠤ ᠣᠴᠢᠬᠤ ᠴᠠᠭ᠎ᠲᠤ ᠪᠣᠰᠬᠠᠵᠤ᠂ ᠤᠨᠲᠠᠭᠤᠯᠵᠤ᠂ ᠰᠤᠷᠤᠯᠴᠠᠭᠤᠯᠵᠤ᠂ ᠬᠥᠳᠡᠯᠭᠡᠭᠡᠨ ᠬᠢᠯᠭᠡᠨ᠎ᠡ᠂ ᠠᠵᠢᠯᠯᠠᠵᠤ ᠠᠮᠠᠷᠠᠬᠤ ᠴᠠᠭ᠎ᠢ᠎ᠨᠢ ᠡᠮᠬᠢ ᠵᠢᠷᠤᠮ᠎ᠲᠠᠢ ᠪᠣᠯᠭ᠋ᠠᠪᠠᠯ᠂ ᠰᠤᠷᠭ᠋ᠠᠭᠤᠯᠢ ᠵᠢᠨ ᠠᠮᠢᠳᠤᠷᠠᠯ᠎ᠳᠤ ᠨᠡᠩ ᠲᠦᠷᠭᠡᠨ ᠵᠣᠬᠢᠴᠠᠬᠤ ᠪᠣᠯᠤᠨ᠎ᠠ᠃
    

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2025 ᠤᠨ᠎ᠤ ᠥᠪᠥᠷ ᠮᠣᠩᠭᠤᠯ᠎ᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠥᠷᠢ ᠦᠭᠭᠦ ᠠᠵᠢᠯᠯᠠᠭ᠎ᠠ ᠡᠬᠢᠯᠡᠬᠦ ᠬᠡᠵᠦ ᠪᠠᠶ᠋ᠢᠨ᠎ᠠ
ᠪᠡᠶ᠎ᠡ ᠵᠢᠨ ᠪᠠᠶ᠋ᠢᠴᠠᠭ᠋ᠠᠯᠳᠠ ᠬᠢᠭᠦ᠎ᠳᠤ ᠠᠩᠬᠠᠷᠬᠤ ᠵᠦᠢ᠍ᠯᠡᠰ
ᠠᠮᠤᠷ ᠲᠦᠪᠰᠢᠨ᠎ᠤ ᠠᠰᠠᠭᠤᠳᠠᠯ᠎ᠳᠤ ᠬᠢᠨᠠᠮᠠᠭ᠋ᠠᠢ ᠬᠠᠨᠳᠣᠶ᠎ᠠ
ᠳᠠᠪᠤᠰᠤ ᠪᠠᠭ᠎ᠠ ᠢᠳᠡᠭᠡᠷᠡᠢ!
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠰᠢ ᠵᠢᠨ ᠡᠳᠦᠷ ᠪᠣᠯᠪᠠᠰᠤᠨ ᠲᠠᠭᠢᠯᠭ᠎ᠠ ᠬᠢᠬᠦ ᠰᠠᠨᠠᠭ᠋ᠠᠴᠢᠯᠠᠭ᠎ᠠ ᠵᠢᠨ ᠪᠢᠴᠢᠭ
 
            