ᠴᠠᠬᠢᠯᠭ᠋ᠠᠨ ᠬᠥᠳᠡᠯᠭᠡᠭᠦᠷᠲᠦ ᠲᠡᠷᠭᠡ᠎ᠨᠢ ᠶᠠᠪᠤᠵᠤ ᠰᠠᠭᠤᠬᠤ᠎ᠳᠤ ᠳᠥᠭᠦᠮ᠂ ᠵᠠᠮ ᠲᠦᠭᠵᠢᠷᠡᠬᠦ᠎ᠠᠴᠠ ᠵᠣᠪᠠᠭ᠍ᠤ ᠦᠭᠡᠢ᠂ ᠤᠶ᠋ᠢᠷ᠎ᠠ ᠵᠠᠮ᠎ᠢ ᠶᠠᠪᠤᠬᠤ᠎ᠳᠤ ᠮᠠᠰᠢ ᠲᠣᠬᠢᠷᠠᠨ᠎ᠠ᠃ ᠴᠥᠭᠡᠨ ᠪᠤᠰᠤ ᠬᠥᠮᠦᠨ ᠰᠢᠨ᠎ᠡ ᠲᠡᠷᠭᠡ ᠰᠣᠯᠢᠬᠤ ᠰᠠᠨᠠᠭ᠎ᠠ᠎ᠲᠠᠢ ᠪᠣᠯᠪᠠᠴᠤ 2024 ᠣᠨ᠎ᠤ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠨᠥᠬᠦᠪᠥᠷᠢ ᠵᠢᠨ ᠠᠵᠢᠯᠯᠠᠭ᠎ᠠ᠎ᠳᠤ ᠤᠷᠤᠯᠴᠠᠵᠤ ᠠᠮᠵᠢᠭᠰᠠᠨ ᠥᠬᠡᠶ᠃ ᠨᠠᠶ᠋ᠢᠷᠠᠭᠤᠯᠤᠭᠴᠢ ᠣᠯᠠᠨ᠎ᠳᠤ ᠨᠢᠭᠡᠨ ᠰᠠᠶ᠋ᠢᠨ ᠴᠢᠮᠡᠭᠡ ᠳᠠᠮᠵᠢᠭᠤᠯᠤᠶ᠎ᠠ᠂ 2025 ᠤᠨ᠎ᠤ ᠥᠪᠥᠷ ᠮᠣᠩᠭᠤᠯ᠎ᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠦᠪᠥᠷᠢ ᠥᠭᠬᠦ ᠠᠵᠢᠯᠯᠠᠭ᠎ᠠ ᠡᠬᠢᠯᠡᠬᠦ ᠬᠡᠵᠦ ᠪᠠᠶ᠋ᠢᠨ᠎ᠠ! ᠬᠠᠮᠤᠭ ᠥᠨᠳᠥᠷ᠎ᠲᠡᠭᠡᠨ 600 ᠲᠥᠭᠦᠷᠢᠭ᠎ᠤᠨ ᠨᠥᠬᠦᠪᠥᠷᠢ ᠥᠭᠬᠦᠨ᠎ᠠ! ᠴᠠᠬᠢᠯᠭ᠋ᠠᠨ ᠬᠥᠳᠡᠯᠭᠡᠭᠦᠷᠲᠦ ᠬᠠᠭᠤᠴᠢᠨ ᠳᠤᠭᠤᠶ ᠲᠡᠷᠭᠡ ᠵᠢ ᠬᠡᠷᠡᠭᠯᠡᠭᠡᠨ᠎ᠠᠴᠠ ᠭᠠᠷᠭ᠋ᠠᠬᠤ ᠵᠢᠨ ᠬᠠᠮᠲᠤ ᠬᠢᠷᠢ ᠲᠡᠩᠴᠡᠭᠰᠡᠨ ᠰᠢᠨ᠎ᠡ ᠲᠡᠷᠭᠡ ᠬᠤᠳᠠᠯᠳᠤᠨ ᠠᠪᠤᠭᠰᠠᠨ ᠬᠤᠪᠢ ᠬᠦᠮᠦᠨ᠎ᠳᠤ ᠨᠢᠭᠡ ᠤᠳᠠᠭ᠎ᠠ ᠵᠢᠨ ᠴᠢᠨᠠᠷᠲᠠᠶ 500 ᠲᠥᠭᠦᠷᠢᠭ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠣᠭᠲᠠᠭᠰᠠᠨ ᠲᠣᠭ᠋ᠠᠨ᠎ᠤ ᠨᠥᠬᠦᠪᠥᠷᠢ ᠦᠭᠭᠦᠨ᠎ᠡ᠃ ᠡᠭᠦᠨ᠎ᠳᠤ᠂ ᠬᠠᠶᠠᠭᠳᠠᠮᠠᠯ ᠯᠢᠲ᠋ᠢ ᠢᠶᠣᠨ ᠬᠡᠯᠬᠢᠶ᠎ᠡ ᠳ᠋ᠢᠶᠠᠨ ᡂᠢ ᠵᠢᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ᠎ᠪᠠᠨ ᠲᠤᠰᠢᠶᠠᠵᠦ ᠬᠦᠴᠦᠨ ᠦᠭᠡᠢ ᠪᠤᠯᠭ᠋ᠠᠬᠤ ᠵᠢᠨ ᠬᠠᠮᠲᠤ ᠲᠤᠭᠤᠯᠭ᠋ᠠᠨ ᠬᠦᠴᠢᠯ᠎ᠤᠨ ᠬᠡᠯᠬᠢᠶ᠎ᠡ ᠳ᠋ᠢᠶᠠᠨ ᡂᠢ ᠵᠢᠨ ᠴᠠᠬᠢᠯᠭ᠋ᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ ᠰᠣᠯᠢᠵᠤ ᠬᠤᠳᠠᠯᠳᠤᠨ ᠠᠪᠤᠭᠰᠠᠨ ᠬᠤᠪᠢ ᠬᠥᠮᠦᠨ᠎ᠳᠤ ᠪᠠᠰᠠ ᠢᠯᠡᠬᠦᠤ 100 ᠲᠥᠭᠦᠷᠢᠭ᠎ᠤᠨ ᠨᠦᠬᠦᠪᠦᠷᠢ ᠦᠭᠭᠦᠨ᠎ᠡ᠃ ᠨᠥᠬᠦᠪᠥᠷᠢ ᠭᠥᠷᠳᠡᠬᠦ ᠬᠡᠷᠡᠭᠯᠡᠭᠴᠢᠳ᠎ᠤᠨ 《ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠵᠢᠨ ᠠᠵᠢᠯ ᠲᠥᠷᠥᠯ᠎ᠤᠨ ᠵᠢᠷᠤᠮᠵᠢᠯ᠎ᠤᠨ ᠨᠥᠬᠦᠴᠡᠯ》᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠤᠨ ᠤᠶ᠋ᠢᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭ᠋ᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ ᠵᠢ ᠬᠤᠳᠠᠯᠳᠤᠨ ᠠᠪᠬᠤ ᠵᠢ ᠵᠣᠷᠢᠭᠵᠢᠭᠤᠯᠤᠨ᠎ᠠ᠃