ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠰᠢ ᠵᠢᠨ ᠡᠳᠦᠷ ᠪᠣᠯᠪᠠᠰᠤᠨ ᠲᠠᠭᠢᠯᠭ᠎ᠠ ᠬᠢᠬᠦ ᠰᠠᠨᠠᠭ᠋ᠠᠴᠢᠯᠠᠭ᠎ᠠ ᠵᠢᠨ ᠪᠢᠴᠢᠭ
ᠨᠡᠶ᠋ᠢᠲᠡᠯᠡᠭᠰᠡᠨ ᠴᠠᠭ᠄ 2025-04-02

    ᠪᠦᠭᠦ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠳᠤ᠄
     ᠬᠠᠪᠤᠷ᠎ᠤᠨ ᠤᠷᠢᠬᠠᠨ ᠰᠠᠯᠬᠢ ᠢᠯᠪᠢᠵᠦ᠂ ᠬᠠᠩᠰᠢ ᠵᠢᠨ ᠡᠳᠦᠷ ᠬᠦᠷᠴᠦ ᠢᠷᠡᠬᠦ ᠪᠣᠯᠣᠯ᠎ᠠ᠃ ᠬᠠᠩᠰᠢ ᠵᠢᠨ ᠡᠳᠦᠷ᠎ᠨᠢ ᠠᠮᠢ ᠨᠠᠰᠤ ᠵᠢ ᠬᠦᠨᠳᠦᠳᠬᠡᠬᠦ ᠪᠠ ᠰᠣᠶᠣᠯ᠎ᠤᠨ ᠤᠯᠠᠮᠵᠢᠯᠠᠯ ᠵᠠᠯᠭ᠋ᠠᠮᠵᠢᠯᠠᠯ᠎ᠤᠨ ᠤᠳᠬ᠎ᠠ ᠰᠠᠨᠠᠭ᠎ᠠ ᠵᠢ ᠠᠬᠤᠭᠤᠯᠵᠤ ᠪᠤᠢ᠃ ᠰᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠪᠣᠯᠬᠢ ᠳᠠᠳᠬᠠᠯ ᠬᠠᠭᠤᠴᠢᠨ ᠵᠠᠩᠰᠢᠯ᠎ᠢ ᠲᠡᠪᠴᠢᠵᠦ ᠰᠢᠨ᠎ᠡ ᠬᠡᠪ ᠰᠤᠷᠲᠠᠯ᠎ᠢ ᠰᠠᠨᠠᠭ᠋ᠠᠴᠢᠯᠠᠨ᠂ ᠪᠣᠯᠪᠠᠰᠤᠨ᠂ ᠠᠮᠤᠷ ᠲᠦᠪᠰᠢᠨ᠂ ᠪᠣᠬᠢᠷᠳᠤᠯ ᠦᠭᠡᠢ᠂ ᠡᠮᠬᠢ ᠵᠢᠷᠤᠮ᠎ᠲᠠᠢ ᠲᠠᠭᠢᠯᠭ᠎ᠠ ᠵᠢᠨ ᠠᠭᠤᠷ ᠠᠮᠢᠰᠬᠤᠯ᠎ᠢ ᠪᠤᠶ ᠪᠤᠯᠭ᠋ᠠᠬᠤ ᠵᠢᠨ ᠲᠥᠯᠥᠭᠡ ᠣᠲᠣ ᠪᠦᠭᠦ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠳᠤ ᠳᠣᠣᠷᠠᠬᠢ ᠮᠡᠲᠦ ᠰᠠᠨᠠᠭ᠋ᠠᠴᠢᠯᠠᠶ᠎ᠠ᠄
     ᠨᠢᠭᠡ᠂ ᠪᠣᠬᠢᠷᠳᠤᠯ ᠦᠭᠡᠢ ᠣᠷᠣᠰᠢᠭᠤᠯᠭ᠎ᠠ ᠵᠢ ᠬᠡᠷᠡᠭᠵᠢᠭᠦᠯᠵᠦ᠂ ᠪᠣᠯᠪᠠᠰᠤᠨ ᠲᠠᠭᠢᠯᠭ᠎ᠠ ᠵᠢ ᠡᠷᠬᠢᠮᠯᠡᠶ᠎ᠡ᠃ ᠰᠣᠷᠭᠤᠭ ᠴᠡᠴᠡᠭ ᠬᠦᠷᠭᠡᠵᠦ ᠳᠠᠭᠢᠯᠭ᠎ᠠ ᠬᠢᠬᠦ᠂ ᠮᠣᠳᠣ ᠲᠠᠷᠢᠵᠤ ᠳᠠᠭᠢᠯᠭ᠎ᠠ ᠬᠢᠬᠦ᠂ ᠰᠦᠯᠵᠢᠶᠡᠨ ᠳᠡᠭᠡᠷ᠎ᠡ ᠳᠠᠭᠢᠯᠭ᠎ᠠ ᠬᠢᠬᠦ ᠵᠡᠷᠭᠡ ᠰᠢᠨ᠎ᠡ ᠭᠡᠯᠪᠡᠷᠢ ᠵᠢᠨ ᠪᠣᠯᠪᠠᠰᠤᠨ ᠲᠠᠭᠢᠯᠭ᠎ᠠ ᠵᠢᠨ ᠭᠡᠯᠪᠡᠷᠢ᠎ᠪᠠᠷ ᠨᠥᠭᠴᠢᠭᠰᠡᠳ ᠵᠶ᠋ᠠᠨ ᠮᠥᠷᠥᠭᠡᠳᠦᠨ ᠰᠠᠨᠠᠭ᠋ᠠᠯᠵᠠᠬᠤ ᠵᠢ ᠰᠠᠨᠠᠭ᠋ᠠᠴᠢᠯᠠᠵᠤ᠂ ᠲᠦᠯᠡᠰᠢ ᠳᠣᠶᠢᠩ ᠰᠢᠲᠠᠭ᠋ᠠᠬᠤ ᠵᠡᠷᠭᠡ ᠪᠣᠯᠪᠠᠰᠤᠨ ᠪᠤᠰᠤ ᠳᠠᠭᠢᠯᠭ᠎ᠠ ᠵᠢᠨ ᠦᠢ᠍ᠯᠡ ᠠᠵᠢᠯᠯᠠᠭ᠎ᠠ ᠵᠢ ᠡᠷᠡᠰ ᠬᠤᠷᠢᠭᠯᠠᠵᠤ᠂ ᠰᠦᠯᠢᠶᠥᠦ ᠴᠡᠴᠡᠭ᠂ ᠲᠣᠷᠭ᠎ᠠ᠎ᠪᠠᠷ ᠬᠢᠭᠰᠡᠨ ᠴᠡᠴᠡᠭ ᠵᠡᠷᠭᠡ ᠵᠠᠳᠠᠷᠠᠬᠤ᠎ᠳᠤ ᠪᠡᠷᠬᠡ᠎ᠲᠠᠢ ᠳᠠᠭᠢᠯᠭ᠎ᠠ ᠵᠢᠨ ᠬᠡᠷᠡᠭᠰᠡᠯ᠎ᠢ ᠬᠡᠷᠡᠭᠯᠡᠬᠦ ᠵᠢ ᠲᠡᠪᠴᠢᠵᠦ᠂ ᠣᠷᠴᠢᠨ ᠲᠣᠭᠤᠷᠢᠨ᠎ᠤ ᠪᠣᠬᠢᠷᠳᠤᠯ᠎ᠢ ᠪᠠᠭ᠋ᠠᠰᠬᠠᠵᠤ᠂ ᠬᠥᠬᠡ ᠲᠡᠭᠷᠢ ᠬᠥᠬᠡᠮᠳᠦᠭ ᠤᠰᠤᠨ ᠪᠦᠬᠦᠢ ᠠᠮᠢ ᠠᠬᠤᠢ ᠣᠷᠴᠢᠨ ᠲᠣᠭᠤᠷᠢᠨ᠎ᠢ ᠬᠠᠮᠲᠤ᠎ᠪᠠᠷ ᠬᠠᠮᠠᠭ᠋ᠠᠯᠠᠶ᠎ᠠ᠃
     ᠬᠤᠶᠠᠷ᠂ ᠤᠯᠠᠮᠵᠢᠯᠠᠯᠲᠤ ᠰᠠᠶ᠋ᠢᠬᠠᠨ ᠶᠣᠰᠣ ᠰᠤᠷᠲᠠᠯ᠎ᠢ ᠪᠠᠳᠠᠷᠠᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ᠎ᠢ ᠦᠢ᠍ᠯᠡᠳᠦᠯᠭᠡᠵᠢᠭᠦᠯᠦᠶ᠎ᠡ᠃ ᠲᠠᠭᠢᠯᠭ᠎ᠠ ᠵᠢᠨ ᠠᠵᠢᠯᠯᠠᠭ᠎ᠠ ᠵᠢ ᠳᠤᠮᠳᠠᠳᠤ ᠵᠢᠨ ᠦᠨᠳᠦᠰᠦᠲᠡᠨ᠎ᠤ 《ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠶ᠋ᠢᠷᠠᠯᠠᠬᠤ᠂ ᠲᠥᠷᠥᠯ ᠰᠠᠳᠤᠨ ᠵᠶ᠋ᠠᠨ ᠠᠴᠢᠯᠠᠨ ᠬᠦᠨᠳᠦᠯᠡᠬᠦ》 ᠤᠯᠠᠮᠵᠢᠯᠠᠯᠲᠤ ᠰᠠᠶ᠋ᠢᠬᠠᠨ ᠰᠤᠷᠲᠠᠯ᠎ᠢ ᠪᠠᠳᠠᠷᠠᠭᠤᠯᠬᠤ᠎ᠲᠠᠢ ᠤᠶᠠᠯᠳᠤᠭᠤᠯᠵᠤ᠂ ᠠᠮᠢᠳᠤ ᠰᠡᠷᠡᠭᠦᠨ ᠪᠠᠶ᠋ᠢᠬᠤ᠎ᠳᠤᠨᠢ ᠠᠴᠢᠯᠠᠯ ᠭᠦᠢ᠍ᠴᠡᠳᠬᠡᠬᠦ᠂ ᠨᠠᠰᠤ ᠪᠠᠷᠠᠭᠰᠠᠨ᠎ᠤ ᠳᠠᠷᠠᠭ᠎ᠠ ᠠᠷᠪᠢᠴᠢ ᠭᠠᠮᠲᠠᠢ ᠪᠡᠯᠪᠡᠰᠦᠷᠡᠯ ᠡᠷᠭᠢᠯᠡᠭᠦ᠂ ᠪᠣᠯᠪᠠᠰᠤᠨ ᠲᠠᠭᠢᠯᠭ᠎ᠠ ᠬᠢᠬᠦ ᠵᠢ ᠰᠠᠨᠠᠭ᠋ᠠᠴᠢᠯᠠᠵᠤ᠂ ᠬᠠᠩᠰᠢ ᠵᠢᠨ ᠡᠳᠦᠷ ᠤᠷᠢᠳᠤᠬᠢ ᠬᠥᠮᠥᠰ᠎ᠤᠨ ᠥᠯᠢᠭᠡᠷ᠎ᠢ ᠰᠠᠶ᠋ᠢᠲᠤᠷ ᠶᠠᠷᠢᠬᠤ ᠵᠢ ᠵᠣᠷᠢᠭᠵᠢᠭᠤᠯᠵᠤ᠂ ᠰᠠᠶ᠋ᠢᠨ ᠰᠠᠶ᠋ᠢᠬᠠᠨ ᠭᠡᠷ᠎ᠤᠨ ᠰᠤᠷᠲᠠᠯ᠎ᠢ ᠪᠤᠶ ᠪᠤᠯᠭ᠋ᠠᠵᠤ᠂ ᠪᠣᠯᠪᠠᠰᠤᠨ ᠨᠡᠶ᠋ᠢᠭᠡᠮ᠎ᠤᠨ ᠰᠢᠨ᠎ᠡ ᠬᠡᠪ ᠰᠤᠷᠲᠠᠯ᠎ᠢ ᠪᠤᠶ ᠪᠣᠯᠭ᠋ᠠᠶ᠎ᠠ᠃ ᠬᠠᠷᠢᠯᠴᠠᠨ ᠠᠳᠠᠯᠢᠳᠬᠠᠬᠤ᠂ ᠯᠠᠷᠵᠢᠶ᠎ᠠ ᠶᠠᠩᠪᠠ ᠦᠵᠡᠭᠦᠯᠭᠦ ᠮᠠᠭᠤ ᠮᠠᠭᠤᠬᠠᠢ ᠳᠠᠳᠬᠠᠯ᠎ᠢ ᠡᠷᠡᠰ ᠡᠰᠡᠷᠭᠦᠴᠡᠶ᠎ᠡ᠃
     ᠭᠤᠷᠪᠠ᠂ ᠤᠶᠤᠨ ᠰᠠᠨᠠᠭ᠋ᠠᠨ᠎ᠤ ᠬᠦᠴᠦᠨ ᠴᠢᠳᠠᠯ᠎ᠢ ᠨᠢᠭᠲᠠᠷᠠᠭᠤᠯᠵᠤ᠂ ᠰᠣᠶᠣᠯ᠎ᠤᠨ ᠢᠲᠡᠭᠡᠯ᠎ᠢ ᠬᠠᠮᠲᠤ᠎ᠪᠠᠷ ᠴᠣᠭᠴᠠᠯᠠᠶ᠎ᠠ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠮᠥᠷᠥᠭᠡᠳᠦᠨ ᠰᠠᠨᠠᠭ᠋ᠠᠯᠵᠠᠵᠤ᠂ ᠨᠥᠭᠴᠢᠭᠰᠡᠳ᠎ᠤᠨ ᠦᠯᠢᠭᠡᠷ ᠳᠠᠭᠤᠷᠢᠶᠠᠯ᠎ᠢ ᠳᠤᠷᠠᠰᠤᠨ ᠰᠠᠨᠠᠭ᠋ᠠᠯᠵᠠᠵᠤ᠂ ᠳᠤᠮᠳᠠᠳᠤ ᠵᠢᠨ ᠪᠣᠯᠪᠠᠰᠤᠨ᠎ᠤ ᠤᠶᠤᠨ ᠰᠠᠨᠠᠭ᠋ᠠᠨ᠎ᠤ ᠪᠡᠯᠭᠡ ᠲᠡᠮᠳᠡᠭ᠎ᠢ ᠤᠬᠠᠭ᠋ᠠᠷᠠᠨ ᠣᠶ᠋ᠢᠯᠠᠭ᠋ᠠᠵᠤ᠂ ᠰᠣᠶᠣᠯ᠎ᠤᠨ ᠬᠠᠮᠲᠤ ᠵᠢᠨ ᠲᠠᠨᠢᠯᠲᠠ ᠪᠠ ᠦᠨᠳᠦᠰᠦᠲᠡᠨ᠎ᠤ ᠣᠮᠣᠭᠰᠢᠯᠲᠤ ᠰᠡᠳᠬᠢᠯᠭᠡ ᠵᠢ ᠨᠡᠮᠡᠭᠳᠡᠭᠦᠯᠦᠶ᠎ᠡ᠃ ᠬᠤᠪᠢᠰᠬᠠᠯ᠎ᠤᠨ ᠲᠠᠭᠢᠯᠭ᠎ᠠ᠂ ᠭᠤᠣᠯ ᠰᠡᠳᠦᠪᠲᠦ ᠦᠵᠡᠭᠦᠯᠭᠡ ᠵᠡᠷᠭᠡ ᠠᠵᠢᠯᠯᠠᠭ᠎ᠠ ᠥᠷᠨᠢᠭᠦᠯᠬᠦ ᠵᠢ ᠰᠠᠨᠠᠭ᠋ᠠᠴᠢᠯᠠᠵᠤ᠂ ᠨᠠᠮ ᠵᠶ᠋ᠠᠨ ᠬᠠᠶ᠋ᠢᠷᠠᠯᠠᠬᠤ ᠤᠯᠤᠰ ᠵᠶ᠋ᠠᠨ ᠬᠠᠶ᠋ᠢᠷᠠᠯᠠᠬᠤ ᠨᠡᠶ᠋ᠢᠭᠡᠮ ᠵᠢᠷᠤᠮ ᠵᠶ᠋ᠠᠨ ᠬᠠᠶ᠋ᠢᠷᠠᠯᠠᠬᠤ ᠴᠠᠭ ᠦᠶ᠎ᠡ ᠵᠢᠨ ᠭᠤᠣᠯ ᠭᠦᠭ ᠠᠶᠠᠰ᠎ᠢ ᠴᠢᠪᠬᠠᠳᠠᠶ᠎ᠠ᠃
     ᠳᠥᠷᠪᠡ᠂ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠬᠠᠮᠲᠤ᠎ᠪᠠᠷ ᠬᠠᠩᠰᠢ ᠵᠢᠨ ᠡᠳᠦᠷ᠎ᠢ ᠠᠮᠤᠷ ᠲᠦᠪᠰᠢᠨ ᠥᠩᠭᠡᠷᠡᠭᠦᠯᠦᠶ᠎ᠡ᠃ ᠣᠶ᠋ᠢᠲᠤ ᠣᠷᠣᠨ᠂ ᠡᠪᠡᠰᠦ᠎ᠲᠠᠢ ᠭᠠᠵᠠᠷ ᠵᠡᠷᠭᠡ ᠲᠦᠢ᠍ᠮᠡᠷ ᠠᠮᠠᠷᠬᠠᠨ ᠡᠭᠦᠰᠬᠦ ᠣᠷᠣᠨ᠎ᠳᠤ ᠢᠯᠡ ᠭᠠᠯ ᠬᠡᠷᠡᠭᠯᠡᠬᠦ᠂ ᠲᠦᠯᠡᠰᠢ ᠥᠭᠬᠦ᠂ ᠬᠦᠵᠢ ᠵᠤᠯᠠ ᠠᠰᠠᠭ᠋ᠠᠬᠤ᠂ ᠫᠤᠤᠵᠢᠩ ᠲᠠᠯᠪᠢᠬᠤ ᠵᠢ ᠴᠢᠩᠭ᠎ᠠ ᠴᠠᠭ᠋ᠠᠵᠠᠯᠠᠵᠤ᠂ ᠣᠶ᠋ᠢᠲᠤ ᠣᠷᠣᠨ᠎ᠳᠤ ᠨᠣᠴᠣᠭ᠋ᠠᠭᠤᠷ ᠠᠪᠴᠤ ᠣᠷᠣᠵᠤ ᠪᠤᠯᠬᠤ ᠦᠭᠡᠢ᠃ ᠭᠠᠳᠠᠭᠰᠢ ᠭᠠᠷᠬᠤ ᠴᠠᠭ ᠵᠶ᠋ᠠᠨ ᠵᠣᠬᠢᠰᠲᠠᠢ ᠲᠣᠬᠢᠷᠠᠭᠤᠯᠵᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ ᠲᠠᠭᠢᠯᠭ᠎ᠠ ᠬᠢᠵᠦ᠂ ᠭᠠᠳᠠᠭᠰᠢ ᠭᠠᠷᠬᠤ᠎ᠳᠠᠭᠠᠨ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠵᠢ ᠰᠣᠩᠭᠤᠵᠤ᠂ ᠤᠯᠠᠨ ᠬᠥᠮᠥᠨ ᠤᠪᠤᠭ᠋ᠠᠷᠠᠯᠳᠤᠵᠤ ᠲᠠᠭᠢᠯᠭ᠎ᠠ ᠬᠢᠬᠦ᠎ᠠᠴᠠ ᠵᠠᠶ᠋ᠢᠯᠠᠰᠬᠢᠵᠦ᠂ ᠲᠠᠭᠢᠯᠭ᠎ᠠ ᠵᠢᠨ ᠠᠵᠢᠯᠯᠠᠭ᠎ᠠ ᠵᠢᠨ ᠠᠮᠤᠷ ᠲᠦᠪᠰᠢᠨ᠂ ᠤᠷᠤᠭᠰᠢᠲᠠᠢ᠂ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠶ᠎ᠠ᠃
     ᠲᠠᠪᠤ᠂ ᠨᠠᠮ᠎ᠤᠨ ᠭᠡᠰᠢᠭᠦᠨ ᠺᠠᠳ᠋ᠷ ᠲᠦᠷᠦᠭᠦᠯᠡᠨ ᠪᠣᠯᠪᠠᠰᠤᠨ ᠬᠡᠪ ᠰᠤᠷᠲᠠᠯ᠎ᠢ ᠬᠥᠲᠥᠯᠥᠨ ᠳᠠᠭ᠋ᠠᠭᠤᠯᠤᠶ᠎ᠠ᠃ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠬᠤᠰᠢᠭᠤᠴᠢ ᠵᠢᠱ᠌ᠢᠶᠡᠴᠢ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠪᠣᠯᠪᠠᠰᠤᠨ ᠲᠠᠭᠢᠯᠭ᠎ᠠ ᠵᠢᠨ ᠵᠢᠱ᠌ᠢᠶ᠎ᠡ ᠦᠵᠡᠭᠦᠯᠦᠭᠴᠢ᠂ ᠪᠣᠯᠬᠢ ᠳᠠᠳᠬᠠᠯ ᠬᠠᠭᠤᠴᠢᠨ ᠵᠠᠩ ᠵᠠᠩᠰᠢᠯ᠎ᠢ ᠥᠭᠡᠷᠡᠴᠢᠯᠡᠬᠦ ᠠᠬᠢᠭᠤᠯᠤᠭᠴᠢ ᠪᠣᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠣᠶ᠋ᠢᠯᠠᠭ᠋ᠠᠭᠳᠠᠬᠤᠨ᠎ᠢ ᠲᠦᠷᠦᠭᠦᠯᠡᠨ ᠦᠢ᠍ᠯᠡᠳᠦᠯᠭᠡᠵᠢᠭᠦᠯᠵᠦ᠂ ᠣᠯᠠᠨ ᠲᠦᠮᠡᠨ᠎ᠳᠤ ᠣᠷᠣᠰᠢᠭᠤᠯᠭ᠎ᠠ ᠵᠢᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠢ ᠤᠬᠠᠭᠤᠯᠵᠤ᠂ ᠣᠯᠠᠨ ᠲᠦᠮᠡᠨ᠎ᠢ ᠳᠠᠶ᠋ᠢᠴᠢᠯᠠᠨ ᠤᠬᠠᠮᠰᠠᠷ᠎ᠠᠴᠠ᠎ᠪᠠᠨ ᠬᠠᠭᠤᠴᠢᠨ ᠶᠣᠰᠣ ᠪᠦᠳᠦᠭᠦᠯᠢᠭ ᠵᠠᠩ ᠳᠠᠳᠬᠠᠯ᠎ᠢ ᠲᠠᠶᠠᠭᠳᠠᠵᠤ᠂ ᠪᠣᠯᠪᠠᠰᠤᠨ ᠡᠶ᠎ᠡ ᠵᠣᠬᠢᠴᠠᠩᠭᠤᠢ ᠨᠡᠶ᠋ᠢᠭᠡᠮ᠎ᠢ ᠬᠠᠮᠲᠤ᠎ᠪᠠᠷ ᠪᠠᠶ᠋ᠢᠭᠤᠯᠤᠶ᠎ᠠ᠃
     ᠪᠢᠳᠡ ᠥᠪᠡᠷ᠎ᠤᠨ ᠪᠡᠶ᠎ᠡ᠎ᠠᠴᠠ᠎ᠪᠠᠨ ᠡᠬᠢᠯᠡᠨ ᠬᠢᠵᠦ᠂ ᠪᠣᠯᠪᠠᠰᠤᠨ ᠠᠷᠭ᠎ᠠ ᠭᠡᠯᠪᠡᠷᠢ᠎ᠪᠠᠷ ᠤᠷᠢᠳᠤᠬᠢ ᠬᠥᠮᠥᠰ ᠵᠶ᠋ᠠᠨ ᠳᠤᠷᠠᠰᠤᠨ ᠰᠠᠨᠠᠭ᠋ᠠᠯᠵᠠᠵᠤ᠂ ᠣᠷᠴᠢᠨ ᠲᠣᠭᠤᠷᠢᠨ᠎ᠢ ᠬᠠᠮᠠᠭ᠋ᠠᠯᠠᠬᠤ ᠠᠵᠢᠯᠯᠠᠭ᠎ᠠ᠎ᠪᠠᠷ ᠭᠡᠷ ᠣᠷᠣᠨ ᠵᠶ᠋ᠠᠨ ᠰᠠᠬᠢᠨ ᠬᠠᠮᠠᠭ᠋ᠠᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠂ ᠴᠠᠭ ᠦᠶ᠎ᠡ ᠵᠢᠨ ᠰᠢᠨ᠎ᠡ ᠬᠡᠪ ᠰᠤᠷᠲᠠᠯ᠎ᠢ ᠪᠠᠳᠠᠷᠠᠭᠤᠯᠬᠤ᠎ᠳᠤ ᠬᠦᠴᠦᠨ ᠴᠢᠳᠠᠯ ᠵᠶ᠋ᠠᠨ ᠡᠷᠭᠦᠵᠡᠭᠡᠶ᠎ᠡ!
     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠬᠤᠷᠢᠶ᠎ᠠ ᠵᠢᠨ ᠠᠯᠪᠠᠨ ᠭᠡᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ
                                     2025 ᠣᠨ᠎ᠤ 4 ᠰᠠᠷ᠎ᠠ ᠵᠢᠨ 1᠎ᠤ ᠡᠳᠦᠷ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
            