ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠴᠤᠤᠷᠬᠠᠯ᠎ᠢ ᠨᠢᠴᠤᠭ᠋ᠠᠵᠠᠢ
ᠨᠡᠶ᠋ᠢᠲᠡᠯᠡᠭᠰᠡᠨ ᠴᠠᠭ᠄ 2025-04-29

    ᠣᠶ᠋ᠢᠷ᠎ᠠ᠎ᠳᠤ᠂ ᠬᠡᠰᠡᠭ ᠣᠯᠠᠨ ᠲᠦᠮᠡᠨ 《ᠲᠠᠪᠤᠨ ᠳᠠᠭ᠋ᠠᠳᠬᠠᠯ ᠨᠢᠭᠡ ᠮᠥᠩᠭᠦ ᠵᠢᠨ ᠨᠥᠬᠦᠪᠦᠷᠢ》 ᠠᠪᠬᠤ ᠮᠡᠳᠡᠭᠳᠡᠯ ᠲᠣᠰᠣᠭᠰᠠᠨ ᠪᠠᠶ᠋ᠢᠳᠠᠯ᠎ᠢ ᠲᠤᠰᠬᠠᠵᠠᠢ᠃ ᠡᠭᠦᠨ᠎ᠤ ᠲᠤᠬᠠᠢ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠢᠯᠡᠷᠬᠡᠶ᠋ᠢᠯᠡᠬᠦ᠎ᠳᠡᠭᠡᠨ᠂ ᠶᠡᠷᠦ᠎ᠠᠴᠠ ᠡᠩ᠎ᠤᠨ ᠣᠯᠠᠨ ᠲᠦᠮᠡᠨ᠎ᠳᠤ 《ᠲᠠᠪᠤᠨ ᠳᠠᠭ᠋ᠠᠳᠬᠠᠯ ᠨᠢᠭᠡ ᠮᠥᠩᠭᠦ ᠵᠢᠨ ᠨᠥᠬᠦᠪᠦᠷᠢ》 ᠭᠡᠳᠡᠭ᠎ᠢ ᠲᠠᠷᠬᠠᠭ᠋ᠠᠵᠤ ᠥᠩᠭᠡᠷᠡᠭᠰᠡᠨ ᠦᠭᠡᠢ᠂ ᠡᠨᠡ ᠬᠦ᠌ ᠮᠡᠳᠡᠭᠳᠡᠯ᠎ᠨᠢ ᠬᠤᠳᠠᠯ ᠮᠡᠳᠡᠭᠡ ᠵᠠᠩᠭᠢ ᠪᠣᠯᠬᠤ ᠮᠥᠷᠲᠡᠭᠡᠨ ᠮᠡᠬᠡᠯᠡᠯ᠎ᠤᠨ ᠰᠡᠵᠢᠭᠯᠡᠯᠲᠡᠢ ᠪᠣᠯᠬᠤᠷ ᠶᠠᠭ᠋ᠠᠬᠢᠭᠰᠠᠨ ᠴᠤ᠌ ᠢᠲᠡᠭᠡᠵᠦ ᠪᠣᠯᠬᠤ ᠦᠭᠡᠢ ᠭᠡᠵᠡᠢ᠃

 11111222222222.png


    ᠡᠨᠡ ᠬᠦ᠌ ᠮᠡᠳᠡᠭᠳᠡᠯ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠠᠵᠢᠯ᠎ᠳᠤ ᠣᠷᠣᠭ᠋ᠠᠳ ᠪᠦᠬᠦᠯᠢ ᠨᠢᠭᠡ ᠰᠠᠷ᠎ᠠ ᠪᠣᠯᠤᠭᠰᠠᠨ ᠪᠥᠭᠡᠳ ᠤᠯᠤᠰ᠎ᠤᠨ ᠲᠣᠭᠲᠠᠭ᠋ᠠᠯ ᠶᠣᠰᠣᠭ᠋ᠠᠷ ᠲᠠᠪᠤᠨ ᠳᠠᠭ᠋ᠠᠳᠬᠠᠯ ᠨᠢᠭᠡ ᠮᠥᠩᠭᠦ ᠵᠢ ᠬᠡᠪ᠎ᠤᠨ ᠶᠣᠰᠣᠭ᠋ᠠᠷ  ᠲᠣᠰᠢᠶᠠᠭᠰᠨ ᠠᠵᠢᠯᠲᠠᠨ ᠪᠦᠬᠦᠨ ᠴᠥᠮ 《ᠲᠠᠪᠤᠨ ᠳᠠᠭ᠋ᠠᠳᠬᠠᠯ ᠨᠢᠭᠡ ᠮᠥᠩᠭᠦ ᠵᠢᠨ ᠨᠥᠬᠦᠪᠦᠷᠢ》 ᠭᠤᠶᠤᠴᠢᠯᠠᠬᠤ ᠬᠢᠷᠢ ᠬᠡᠮ᠎ᠲᠠᠢ᠂ ᠡᠷᠬᠡᠪᠰᠢ ᠲᠣᠭᠲᠠᠭᠰᠠᠨ ᠴᠠᠭ᠎ᠤᠨ ᠳᠣᠲᠣᠷ᠎ᠠ ᠮᠡᠳᠡᠭᠡ ᠵᠠᠩᠭᠢ ᠵᠢ ᠭᠡᠷᠡᠴᠢᠯᠡᠬᠦ ᠪᠠ ᠨᠥᠬᠦᠪᠦᠷᠢᠯᠡᠬᠦ ᠠᠵᠢᠯ᠎ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠥᠩᠭᠡᠷᠡᠲᠡᠯ᠎ᠡ ᠭᠦᠢ᠍ᠴᠡᠳᠬᠡᠭᠰᠡᠨ ᠦᠭᠡᠢ ᠠᠵᠢᠯᠲᠠᠨ ᠨᠥᠬᠦᠪᠦᠷᠢ ᠵᠢ ᠬᠦᠷᠲᠡᠵᠦ ᠳᠡᠶ᠋ᠢᠯᠬᠦ ᠦᠭᠡᠢ ᠭᠡᠵᠡᠢ᠃ ᠳᠣᠣᠷᠠᠬᠢ ᠬᠤᠶᠠᠷ ᠬᠡᠮᠵᠢᠯᠳᠦ ᠺᠣᠳ᠋᠎ᠢ ᠰᠢᠷᠪᠢᠪᠡᠯ 《ᠡᠳ᠋᠎ᠤᠨ ᠵᠠᠰᠠᠭ᠎ᠤᠨ ᠶᠠᠮᠤᠨ᠎ᠤ ᠰᠦᠯᠵᠢᠶ᠎ᠡ》 ᠭᠠᠷᠤᠭ᠋ᠠᠳ ᠢᠷᠡᠳᠡᠭ ᠪᠥᠭᠡᠳ ᠥᠪᠡᠷ᠎ᠤᠨ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ ᠵᠡᠷᠭᠡ᠎ᠪᠠᠨ ᠣᠷᠣᠭᠤᠯᠬᠤ ᠵᠢ ᠱᠠᠭ᠋ᠠᠷᠳᠠᠳᠠᠭ᠂ ᠵᠠᠯᠭ᠋ᠠᠭ᠋ᠠᠳ ᠪᠠᠰᠠ ᠪᠠᠩᠬᠢ ᠵᠢᠨ ᠺᠠᠷᠲ᠎ᠤᠨ ᠨᠣᠮᠧᠷ᠂ ᠰᠢᠯᠭ᠋ᠠᠨ ᠪᠠᠲᠤᠯᠠᠬᠤ ᠺᠣᠳ᠋ ᠵᠡᠷᠭᠡ᠎ᠪᠠᠨ ᠲᠠᠭᠯᠠᠬᠤ ᠬᠡᠷᠡᠭᠲᠡᠢ ᠭᠡᠳᠡᠭ᠃ ᠠᠩᠬᠠᠷᠤᠭ᠋ᠠᠷᠠᠢ! ᠡᠨᠡ ᠬᠦ᠌ ᠰᠦᠯᠵᠢᠶᠡᠨ᠎ᠤ ᠥᠷᠲᠡᠭᠡ ᠪᠣᠯ ᠬᠠᠭᠤᠷᠮᠠᠭ ᠶᠤᠮ᠃ ᠪᠢᠲᠡᠭᠡᠢ ᠢᠲᠡᠭᠡ᠂ ᠪᠢᠲᠡᠭᠡᠢ ᠲᠠᠭᠯᠠ᠂ ᠡᠨᠡ ᠪᠣᠯ ᠮᠡᠬᠡᠯᠡᠯ᠎ᠤᠨ ᠶᠡᠷᠦᠳᠡ ᠵᠢᠨ ᠠᠷᠭ᠎ᠠ᠃ ᠮᠡᠳᠡᠭᠡ ᠵᠠᠩᠭᠢ᠎ᠪᠠᠨ ᠲᠤᠰᠢᠶᠠᠭᠰᠠᠨ᠎ᠤ ᠳᠠᠷᠠᠭ᠎ᠠ ᠨᠥᠬᠦᠪᠦᠷᠢ ᠣᠯᠵᠤ ᠳᠡᠶ᠋ᠢᠯᠬᠦ ᠦᠭᠡᠢ ᠮᠥᠷᠲᠡᠭᠡᠨ ᠺᠠᠷᠲ᠎ᠲᠠᠬᠢ ᠵᠣᠭᠤᠰ ᠴᠢᠨᠢ ᠪᠠᠰᠠ ᠬᠤᠯᠠᠭ᠋ᠠᠶ᠋ᠢᠯᠠᠭᠳᠠᠬᠤ ᠪᠣᠯᠣᠨ᠎ᠠ᠃


333333333344444444444.png


    ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠢᠯᠡᠷᠬᠡᠶ᠋ᠢᠯᠡᠭᠰᠡᠨ ᠵᠶ᠋ᠠᠷ᠂ ᠡᠶ᠋ᠢᠮᠦᠷᠬᠦ ᠮᠡᠬᠡᠯᠡᠯ᠎ᠨᠢ  ᠬᠠᠤᠯᠢ ᠪᠤᠰᠤ ᠠᠷᠭ᠎ᠠ ᠵᠠᠮ ᠵᠶ᠋ᠠᠷ ᠣᠯᠠᠨ ᠲᠦᠮᠡᠨ᠎ᠤ ᠭᠠᠷ ᠤᠲᠠᠰᠤᠨ᠎ᠤ ᠨᠣᠮᠧᠷ᠂ ᠸᠢᠴᠠᠲ ᠳ᠋ᠤᠭ᠋ᠠᠷ ᠪᠤᠶᠤ ᠢᠮᠧᠯ᠎ᠤᠨ ᠲᠠᠩᠰᠠᠨ ᠨᠣᠮᠧᠷ ᠵᠡᠷᠭᠡ ᠵᠢ ᠣᠯᠵᠤ᠂ ᠳᠠᠷᠠᠭ᠎ᠠ᠎ᠨᠢ ᠬᠤᠳᠠᠯ ᠬᠠᠭᠤᠷᠮᠠᠭ ᠮᠡᠳᠡᠭᠡ ᠵᠠᠩᠭᠢ ᠶᠠᠪᠤᠭᠤᠯᠵᠤ᠂ ᠣᠯᠠᠨ ᠲᠦᠮᠡᠨ᠎ᠢ ᠥᠳᠥᠭᠡᠵᠦ ᠪᠠᠶ᠋ᠢᠭ᠋ᠠᠳ ᠬᠤᠶᠠᠷ ᠬᠡᠮᠵᠢᠯᠳᠦ ᠺᠣᠳ᠋᠎ᠢ ᠰᠢᠷᠪᠢᠬᠦ ᠪᠤᠶᠤ ᠴᠥᠷᠬᠡᠯᠡᠭᠡ ᠵᠢ ᠳᠠᠷᠤᠭᠤᠯᠵᠤ᠂ ᠬᠤᠳᠠᠯ ᠬᠠᠭᠤᠷᠮᠠᠭ 《ᠠᠯᠪᠠᠨ᠎ᠤ ᠲᠠᠯ᠎ᠠ》 ᠵᠢᠨ ᠵᠢᠵᠢᠭ ᠫᠷᠣᠭ᠌ᠷᠠᠮ ᠪᠤᠶᠤ ᠰᠦᠯᠵᠢᠶᠡᠨ ᠥᠷᠲᠡᠭᠡ᠎ᠳᠤ ᠣᠷᠣᠭᠤᠯᠬᠤ ᠵᠢᠨ ᠬᠠᠮᠲᠤ ᠪᠡᠶ᠎ᠡ ᠵᠢᠨ ᠦᠨᠡᠮᠯᠡᠯ᠂ ᠪᠠᠩᠬᠢ ᠵᠢᠨ ᠺᠠᠷᠲ᠂ ᠰᠢᠯᠭ᠋ᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ᠎ᠤ ᠮᠡᠳᠡᠭᠡ ᠵᠠᠩᠭᠢ ᠵᠢ ᠲᠠᠭᠯᠠᠵᠤ᠂ ᠵᠣᠭᠤᠰ ᠮᠥᠩᠭᠦ ᠮᠡᠬᠡᠯᠡᠨ ᠠᠪᠬᠤ ᠵᠣᠷᠢᠯᠭ᠎ᠠ᠎ᠳᠠᠭᠠᠨ ᠭᠥᠷᠳᠡᠭ᠃

ᠢᠷᠡᠯᠲᠡ᠄ ᠰᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
 
            