ᠨᠡᠶ᠋ᠢᠭᠡᠮ᠎ᠤᠨ ᠳᠠᠭᠠᠳᠬᠠᠯ᠎ᠤᠨ ᠲᠠᠩᠰᠨ ᠭᠡᠳᠡᠭ᠎ᠨᠢ ᠶᠡᠷᠦ᠎ᠳᠡᠭᠡᠨ ᠨᠠᠰᠤᠵᠢᠯ᠎ᠤᠨ ᠠᠰᠠᠷᠠᠮᠵᠢ ᠵᠢᠨ ᠳᠠᠭᠠᠳᠬᠠᠯ᠎ᠤᠨ ᠬᠤᠪᠢ ᠬᠥᠮᠦᠨ᠎ᠤ ᠲᠠᠩᠰᠠᠨ᠎ᠳᠠᠬᠢ ᠦᠯᠡᠳᠡᠪᠦᠷᠢ ᠮᠦᠡᠭᠭᠦ ᠪᠠ ᠡᠮ ᠡᠮᠨᠡᠯᠭᠡ ᠵᠢᠨ ᠳᠠᠭᠠᠳᠬᠠᠯ᠎ᠤᠨ ᠬᠤᠪᠢ ᠬᠥᠮᠦᠨ᠎ᠤ ᠲᠠᠩᠰᠠᠨ᠎ᠳᠠᠬᠢ ᠦᠯᠡᠳᠡᠪᠦᠷᠢ ᠮᠦᠡᠭᠭᠦ ᠵᠢ ᠵᠢᠭᠠᠵᠤ ᠪᠠᠶ᠋ᠢᠨ᠎ᠠ᠂ ᠡᠩ᠎ᠤᠨ ᠪᠠᠶ᠋ᠢᠳᠠᠯ ᠳᠤᠤᠷ᠎ᠠ ᠡᠨᠡ ᠬᠣᠶᠠᠷ ᠲᠠᠩᠰᠠᠨ᠎ᠳᠠᠬᠢ ᠮᠦᠡᠭᠭᠦ ᠵᠢ ᠴᠥᠮ ᠳᠤᠷ᠎ᠠ᠎ᠪᠠᠷ ᠢᠶᠠᠨ ᠭᠠᠷᠭ᠍ᠠᠨ ᠠᠪᠴᠤ ᠪᠣᠯᠬᠤ ᠥᠬᠡᠶ᠂ ᠲᠡᠭᠦᠨ᠎ᠢ ᠲᠣᠰ ᠲᠣᠰ ᠨᠠᠰᠤᠵᠢᠯ᠎ᠤᠨ ᠠᠰᠠᠷᠠᠮᠵᠢ ᠵᠢᠨ ᠮᠥᠩᠭᠥ ᠪᠠ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠬᠡᠷᠡᠭᠯᠡᠨ᠎ᠡ᠃
ᠨᠠᠰᠤᠵᠢᠯ᠎ᠤᠨ ᠠᠰᠠᠷᠠᠮᠵᠢ ᠵᠢᠨ ᠳᠠᠭᠠᠳᠬᠠᠯ᠎ᠤᠨ ᠬᠤᠪᠢ ᠬᠥᠮᠦᠨ᠎ᠤ ᠲᠠᠩᠰᠠᠨ᠎ᠳᠠᠬᠢ ᠦᠯᠡᠳᠡᠪᠦᠷᠢ ᠮᠦᠡᠭᠭᠦ᠄ ᠡᠯᠧᠺᠲᠷᠣᠨ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ (APP / ᠵᠢᠵᠢᠭ ᠫᠷᠣᠭ᠌ᠷᠠᠮ)᠂ ᠭᠠᠷ ᠤᠳᠠᠰᠤᠨ᠎ᠳᠠᠬᠢ 12333 APP᠂ ᠤᠯᠤᠰ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠪᠣᠯᠤᠨ᠎ᠠ; ᠡᠮ ᠡᠮᠨᠡᠯᠭᠡ ᠵᠢᠨ ᠳᠠᠭᠠᠳᠬᠠᠯ᠎ᠤᠨ ᠬᠤᠪᠢ ᠬᠥᠮᠦᠨ᠎ᠤ ᠳᠠᠩᠰᠠᠨ᠎ᠳᠠᠬᠢ ᠦᠯᠡᠳᠡᠪᠦᠷᠢ ᠮᠦᠡᠭᠭᠦ ᠵᠢ ᠡᠮ ᠡᠮᠨᠡᠯᠭᠡ ᠵᠢᠨ ᠳᠠᠭᠠᠳᠬᠠᠯ᠎ᠤᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠠᠷᠭ᠎ᠠ ᠵᠠᠮ ᠢᠶᠠᠷ ᠳᠠᠮᠵᠢᠭᠤᠯᠤᠨ ᠠᠰᠠᠭᠤᠨ ᠯᠠᠪᠯᠠᠵᠤ ᠪᠣᠯᠤᠨ᠎ᠠ᠃
ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠮᠥᠩᠭᠥᠨ ᠭᠦᠢᠯᠭᠡᠭᠡᠨ᠎ᠤ ᠴᠢᠳᠠᠮᠵᠢ ᠵᠢ ᠢᠳᠡᠪᠬᠢᠵᠢᠭᠦᠯᠦᠭᠰᠡᠨᠤ ᠳᠠᠷᠠᠭ᠎ᠠ᠂ ᠡᠩ᠎ᠤᠨ ᠪᠠᠩᠬᠢ ᠵᠢᠨ ᠵᠢᠭᠡᠯᠡᠨ ᠲᠡᠮᠳᠡᠭᠯᠡᠬᠦ ᠺᠠᠷᠲ ᠪᠣᠯᠭᠠᠨ ᠬᠡᠷᠡᠭᠯᠡᠵᠦ ᠪᠣᠯᠤᠨ᠎ᠠ᠂ ᠲᠡᠷᠡ᠎ᠨᠢ ᠪᠡᠯᠡᠨ ᠵᠣᠭᠣᠰ ᠬᠠᠳᠠᠭᠠᠯᠠᠬᠤ ᠪᠠ ᠭᠠᠷᠭᠠᠵᠤ ᠠᠪᠬᠤ᠂ ᠲᠠᠩᠰᠠ ᠰᠢᠯᠵᠢᠭᠦᠯᠬᠦ᠂ ᠬᠡᠷᠡᠭᠯᠡᠭᠡ ᠬᠢᠬᠦ ᠵᠡᠷᠭᠡ ᠴᠢᠳᠠᠮᠵᠢ᠎ᠲᠠᠢ ᠪᠠᠶ᠋ᠢᠳᠠᠭ᠂ ᠪᠠᠰᠠ ᠨᠡᠶ᠋ᠢᠭᠡᠮ᠎ᠤᠨ ᠳᠠᠭᠠᠳᠬᠠᠯ᠎ᠤᠨ ᠰᠦᠢᠳᠬᠡᠯ ᠲᠤᠰᠢᠶᠠᠬᠤ᠂ ᠠᠵᠢᠯᠳᠠᠨ᠎ᠤ ᠶᠠᠪᠤᠳᠠᠯ᠎ᠤᠨ ᠴᠢᠳᠠᠪᠤᠷᠢᠲᠠᠨ᠎ᠤ ᠰᠢᠯᠭᠠᠯᠲᠠ ᠬᠢᠬᠦ ᠰᠦᠢᠳᠬᠡᠯ ᠲᠤᠰᠢᠶᠠᠬᠤ᠂ ᠨᠡᠶ᠋ᠢᠭᠡᠮ᠎ᠤᠨ ᠳᠠᠭᠠᠳᠬᠠᠯ᠎ᠤᠨ ᠲᠣᠭᠲᠠᠮᠠᠯ ᠬᠤᠭᠤᠴᠠᠭᠠᠲᠤ ᠬᠠᠷᠠᠭᠠᠯᠵᠠᠯ ᠪᠠ ᠨᠢᠭᠡ ᠯᠡ ᠤᠳᠠᠭ᠎ᠠ ᠵᠢᠨ ᠴᠢᠨᠠᠷᠲᠠᠢ ᠬᠠᠷᠠᠭᠠᠯᠵᠠᠯ ᠠᠪᠬᠤ᠂ ᠠᠵᠢᠯ ᠣᠯᠭᠣᠯᠲᠠ ᠵᠢᠨ ᠨᠥᠬᠥᠪᠥᠷᠢ ᠪᠡᠯᠡ ᠮᠥᠩᠭᠥ ᠵᠢ ᠠᠪᠬᠤ᠂ ᠬᠥᠯᠥᠰᠥᠨ ᠠᠵᠢᠯᠴᠢᠨ᠎ᠤ ᠴᠠᠯᠢᠩ ᠵᠢᠨᠨ ᠠᠪᠬᠤ᠂ ᠲᠠᠷᠢᠶᠠᠴᠢᠳ᠎ᠲᠤ ᠠᠰᠢᠭ᠋ ᠲᠤᠰᠠ ᠬᠦᠷᠲᠡᠭᠡᠬᠦ ᠡᠳ᠋᠎ᠤᠨ ᠵᠠᠰᠠᠭ᠎ᠤᠨ ᠨᠥᠬᠥᠪᠥᠷᠢ ᠪᠡᠯᠡ ᠮᠥᠩᠭᠥ ᠵᠢ ᠠᠪᠬᠤ᠂ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠠᠪᠬᠤ ᠵᠡᠷᠭᠡ᠎ᠶᠢ ᠪᠠᠭᠲᠠᠭᠠᠭᠰᠠᠨ ᠡᠯ᠎ᠡ ᠲᠥᠷᠥᠯ᠎ᠤᠨ ᠰᠦᠢᠳᠬᠡᠯ ᠲᠤᠰᠢᠶᠠᠬᠤ ᠪᠠ ᠬᠠᠷᠠᠭᠠᠯᠵᠠᠯ᠎ᠤᠨ ᠨᠥᠬᠥᠪᠥᠷᠢ ᠠᠪᠬᠤ ᠵᠢ ᠳᠡᠮᠵᠢᠨ᠎ᠠ᠃