1 . ᠦᠶᠡᠷ ᠢᠷᠡᠬᠦ ᠦᠶᠡᠰ ᠂ ᠣᠶ᠋ᠢᠷ᠎ᠠ ᠬᠠᠪᠢ᠎ᠶᠢᠨ ᠠᠭᠤᠯᠠᠨ ᠬᠥᠲᠥᠯ ᠂ ᠥᠨᠳᠥᠷ ᠭᠠᠵᠠᠷ ᠂ ᠬᠡᠷ᠎ᠤᠨ ᠣᠷᠣᠶ ᠂ ᠠᠰᠠᠷ᠎ᠤᠨ ᠥᠨᠳᠥᠷ ᠳᠠᠪᠬᠤᠷᠭ᠎ᠠ ᠂ ᠲᠣᠮᠣ᠌ ᠮᠣᠳᠣᠨ ᠳᠡᠭᠡᠷ᠎ᠡ ᠵᠡᠷᠭᠡ ᠪᠠᠶ᠋ᠢᠷᠢ ᠥᠨᠳᠥᠷ ᠭᠠᠵᠠᠷ᠎ᠲᠤ ᠲᠦᠷᠭᠡᠨ ᠬᠦᠷᠴᠦ ᠲᠦᠷ ᠳᠠᠯᠳᠠᠯᠠᠬᠤ ᠬᠡᠷᠡᠭᠲᠡᠶ ᠃
2 . ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭᠠᠳ ᠠᠪᠤᠷᠠᠯᠲᠠ ᠭᠤᠶᠤᠬᠤ ᠳᠣᠬᠢᠶ᠎ᠠ ᠪᠣᠯᠤᠨ ᠮᠡᠳᠡᠭᠡ ᠵᠠᠩᠭᠢ᠎ᠪᠠᠨ ᠳᠠᠷᠤᠶ᠋ᠢᠬᠠᠨ ᠶᠠᠪᠤᠭᠤᠯᠵᠤ ᠂ ᠥᠪᠡᠷ᠎ᠤᠨ ᠣᠷᠣᠨ ᠪᠠᠶ᠋ᠢᠷᠢ ᠪᠣᠯᠤᠨ ᠲᠦᠭᠰᠢᠭᠦᠷᠢᠲᠦ ᠪᠠᠶ᠋ᠢᠳᠠᠯ᠎ᠢᠶᠠᠨ ᠮᠡᠳᠡᠭᠦᠯᠵᠦ ᠂ ᠠᠪᠤᠷᠠᠯᠲᠠ᠎ᠶᠢ ᠢᠳᠡᠪᠬᠢᠲᠡᠶ᠎ᠪᠠᠷ ᠡᠷᠢᠯᠬᠢᠯᠡᠬᠦ ᠬᠡᠷᠡᠭᠲᠡᠶ ᠃
3 . ᠤᠰᠤᠨ᠎ᠳᠤ ᠤᠨᠠᠬᠤ ᠦᠶᠡᠰ ᠡᠭᠦᠳᠡᠨ ᠬᠠᠪᠲᠠᠰᠤ ᠂ ᠰᠢᠷᠡᠭᠡ ᠰᠠᠨᠳᠠᠯᠢ ᠂ ᠮᠣᠳᠣᠨ ᠣᠷᠣ᠌ ᠂ ᠲᠣᠮᠣ᠌ ᠬᠡᠰᠡᠭ᠎ᠲᠦ ᠬᠥᠭᠡᠰᠦᠷᠬᠡᠭ ᠰᠦᠯᠢᠶᠣᠣ ᠵᠡᠷᠭᠡ ᠬᠥᠪᠦᠮᠡᠯ ᠪᠣᠳᠠᠰ᠎ᠢ ᠡᠷᠢᠵᠦ ᠠᠳᠬᠤᠬᠤ ᠬᠡᠷᠡᠭᠲᠡᠢ ᠃
4 . ᠮᠠᠰᠢᠨ ᠲᠡᠷᠭᠡ ᠤᠰᠤᠲᠤᠭᠰᠠᠨ ᠣᠷᠣᠨ᠎ᠳᠤ ᠣᠷᠣᠬᠤ ᠦᠶᠡᠰ ᠂ ᠤᠰᠤᠨ ᠲᠦᠪᠰᠢᠨ᠎ᠢ ᠵᠢᠯᠣᠭᠣᠳᠬᠤ ᠲᠠᠰᠤᠭ᠎ᠠᠴᠠ ᠬᠡᠲᠦᠷᠡᠭᠦᠯᠵᠦ ᠪᠣᠯᠬᠤ ᠥᠬᠡᠶ᠂ ᠦᠶᠡᠷ᠎ᠤᠨ ᠤᠰᠤ᠎ᠶᠢ ᠰᠥᠷᠦᠨ ᠥᠨᠳᠥᠷ ᠭᠠᠵᠠᠷ ᠵᠦᠭ ᠤᠷᠤᠭᠰᠢᠯᠠᠵᠤ ᠂ ᠦᠶᠡᠷ᠎ᠤᠨ ᠤᠰᠤ ᠬᠠᠵᠠᠭᠤ ᠲᠠᠯ᠎ᠠ᠎ᠠᠴᠠ ᠲᠡᠷᠭᠡᠨ ᠪᠡᠶ᠎ᠡ᠎ᠶᠢ ᠳᠠᠭᠠᠷᠢᠬᠤ᠎ᠠᠴᠠ ᠵᠠᠶ᠋ᠢᠯᠠᠰᠬᠢᠬᠦ ᠬᠡᠷᠡᠭᠲᠡᠶ ᠃
5 . ᠠᠶᠤᠵᠤ ᠰᠣᠴᠢᠵᠤ ᠪᠣᠯᠬᠤ ᠦᠭᠡᠢ ᠂ ᠶᠡᠬᠡ ᠳᠠᠭᠤᠨ᠎ᠢᠶᠠᠷ ᠪᠠᠷᠬᠢᠷᠠᠵᠤ ᠪᠣᠯᠬᠤ ᠦᠭᠡᠢ ᠂ ᠴᠠᠬᠢᠯᠭᠠᠨ ᠤᠲᠠᠰᠤᠨ ᠪᠠᠭᠠᠨ᠎ᠠ ᠂ ᠥᠨᠳᠥᠷ ᠬᠦᠴᠦᠳᠡᠯᠲᠦ ᠲᠡᠮᠦᠷ ᠰᠤᠪᠤᠷᠭ᠎ᠠ᠎ᠲᠠᠢ ᠣᠶ᠋ᠢᠷᠠᠳᠬᠤ ᠪᠤᠶᠤ ᠠᠪᠠᠷᠢᠵᠤ ᠪᠣᠯᠬᠤ ᠦᠭᠡᠢ ᠂ ᠰᠢᠪᠠᠷ ᠪᠠᠶ᠋ᠢᠰᠢᠩ᠎ᠤᠨ ᠣᠷᠣᠢ ᠳᠡᠭᠡᠷ᠎ᠡ ᠠᠪᠠᠷᠢᠵᠤ ᠪᠣᠯᠬᠤ ᠦᠭᠡᠢ ᠃