ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠦᠨᠳᠦᠰᠦᠲᠡᠨ᠎ᠤ ᠭᠠᠵᠠᠷ ᠣᠷᠣᠨ᠎ᠤ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠤ ᠨᠡᠩ ᠰᠠᠢ᠍ᠢ᠍ᠨ ᠠᠭᠤᠰᠤᠯᠴᠠᠬᠤ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2025-02-10

    ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠮᠥᠨ᠃ 2024 ᠣᠨ᠎ᠤ 9 ᠰᠠᠷ᠎ᠠ ᠵᠢᠨ 27᠎ᠤ ᠡᠳᠦᠷ ᠬᠤᠷᠠᠯᠳᠤᠭᠰᠠᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ᠂ ᠦᠨᠳᠦᠰᠦᠲᠡᠨ᠎ᠤ ᠭᠠᠵᠠᠷ ᠣᠷᠣᠨ᠎ᠤ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠲᠦᠷᠭᠡᠨ ᠠᠭᠤᠰᠤᠯᠴᠠᠬᠤ ᠵᠢ ᠳᠡᠮᠵᠢᠵᠦ᠂ ᠡᠯ᠎ᠡ ᠭᠠᠵᠠᠷ ᠣᠷᠣᠨ᠎ᠤ ᠠᠵᠤ ᠠᠬᠤᠶ ᠵᠢᠨ ᠲᠠᠯ᠎ᠠ᠎ᠪᠠᠷ ᠨᠠᠩ ᠨᠢᠭᠲᠠ ᠬᠣᠯᠪᠣᠯᠳᠤᠵᠤ᠂ ᠨᠢᠭᠡ ᠴᠣᠭᠴᠠ ᠪᠣᠯᠬᠤ ᠵᠢ ᠠᠬᠢᠭᠤᠯᠬᠤ ᠬᠡᠷᠡᠭᠲᠡᠶ ᠭᠡᠵᠦ ᠴᠢᠨᠠᠭᠰᠢᠳᠠ ᠴᠢᠬᠤᠯᠠᠴᠢᠯᠠᠪᠠ᠃ ᠠᠵᠤ ᠠᠬᠤᠢ ᠵᠢᠨ ᠲᠠᠯ᠎ᠠ᠎ᠪᠠᠷ ᠨᠡᠩ ᠨᠢᠭᠲᠠ ᠬᠣᠯᠪᠣᠯᠳᠤᠯ ᠠᠭᠤᠰᠤᠯᠴᠠᠯ᠎ᠢ ᠠᠬᠢᠭᠤᠯᠬᠤ᠎ᠳᠤ᠂ ᠦᠨᠳᠦᠰᠦᠲᠡᠨ᠎ᠤ ᠭᠠᠵᠠᠷ ᠣᠷᠣᠨ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠤ ᠨᠡᠩ ᠰᠠᠶ᠋ᠢᠲᠤᠷ ᠠᠭᠤᠰᠤᠯᠴᠠᠵᠤ᠂ ᠵᠠᠬ᠎ᠠ ᠳᠡᠯᠭᠡᠭᠦᠷ᠎ᠤᠨ ᠣᠷᠴᠢᠯ᠎ᠢ ᠰᠢᠯᠤᠭᠤᠳᠬᠠᠬᠤ ᠳᠤᠮᠳᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠡᠶᠡᠯᠡᠭᠦᠯᠬᠦ ᠴᠢᠬᠤᠯᠠᠲᠠᠢ᠃
     ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠪᠠᠶ᠋ᠢᠭᠤᠯᠬᠤ ᠪᠣᠯ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢᠨ ᠰᠠᠭᠤᠷᠢ ᠲᠤᠯᠭ᠋ᠠᠭᠤᠷᠢᠯᠠᠯ ᠪᠠ ᠳᠣᠲᠣᠭ᠋ᠠᠳᠤ ᠱᠠᠭ᠋ᠠᠷᠳᠠᠯᠭ᠎ᠠ ᠮᠥᠨ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠪᠦᠬᠦ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠢ ᠪᠠᠶ᠋ᠢᠭᠤᠯᠬᠤ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠠᠶ᠋ᠢᠷᠢᠯᠠᠭᠤᠯᠪᠠ᠃ ᠣᠳᠣᠬᠠᠨ᠎ᠳᠤ᠂ ᠦᠨᠳᠦᠰᠦᠲᠡᠨ᠎ᠤ ᠭᠠᠵᠠᠷ ᠣᠷᠣᠨ᠎ᠨᠢ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠤ ᠠᠭᠤᠰᠤᠯᠳᠤᠨ ᠣᠷᠣᠬᠤ ᠶᠠᠪᠤᠴᠠ ᠳᠤᠮᠳᠠ ᠪᠠᠰᠠ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠂ ᠪᠣᠳᠠᠲᠠᠢ ᠢᠯᠡᠷᠡᠯ ᠭᠡᠪᠡᠯ᠄ ᠵᠥᠭᠡᠯᠡᠨ ᠲᠤᠨᠤᠭ᠎ᠤᠨ ᠣᠷᠴᠢᠨ ᠲᠣᠭᠣᠷᠢᠨ᠎ᠢ ᠲᠦᠷᠭᠡᠨ ᠰᠠᠶ᠋ᠢᠵᠢᠷᠠᠭᠤᠯᠬᠤ ᠴᠢᠬᠤᠯᠠᠲᠠᠢ᠂ ᠬᠠᠲᠠᠭᠤ ᠲᠤᠨᠤᠭ ᠲᠥᠬᠥᠭᠡᠷᠦᠮᠵᠢ ᠬᠠᠷᠠᠬᠠᠨ ᠲᠡᠭᠦᠯᠳᠡᠷᠵᠢᠭᠡᠳᠦᠢ᠂ ᠠᠭᠤᠰᠤᠨ ᠣᠷᠣᠬᠤ ᠠᠷᠭ᠎ᠠ ᠵᠠᠮ ᠬᠠᠷᠢᠴᠠᠩᠭᠤᠢ ᠬᠢᠵᠠᠭ᠋ᠠᠷ᠎ᠲᠠᠢ᠂ ᠣᠷᠣᠨ ᠪᠦᠰᠡ ᠵᠢᠨ ᠪᠡᠬᠢᠯᠡᠯᠲᠡ ᠮᠥᠨ ᠯᠡ ᠣᠷᠣᠰᠢᠭᠰᠠᠭ᠋ᠠᠷ ᠪᠠᠶ᠋ᠢᠨ᠎ᠠ᠃ ᠦᠨᠳᠦᠰᠦᠲᠡᠨ᠎ᠤ ᠭᠠᠵᠠᠷ ᠣᠷᠣᠨ᠎ᠤ ᠪᠦᠬᠦ ᠤᠯᠤᠰ᠎ᠤᠨ ᠨᠢᠭᠡᠳᠦᠯᠲᠡᠢ ᠶᠡᠬᠡ ᠵᠠᠬ᠎ᠠ ᠳᠡᠯᠭᠡᠭᠦᠷ᠎ᠲᠤ ᠨᠡᠩ ᠰᠠᠶ᠋ᠢᠲᠤᠷ ᠠᠭᠤᠰᠤᠯᠴᠠᠬᠤ ᠵᠢ ᠠᠬᠢᠭᠤᠯᠬᠤ ᠪᠣᠯ ᠨᠢᠭᠡᠨ ᠤᠷᠳᠤ ᠬᠤᠭᠤᠴᠠᠭ᠋ᠠᠨ᠎ᠤ ᠪᠡᠷᠬᠡ ᠬᠠᠲᠠᠭᠤᠵᠢᠯᠲᠠᠢ ᠡᠭᠦᠷᠭᠡ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠬᠤ᠂ ᠵᠠᠬ᠎ᠠ ᠳᠡᠯᠭᠡᠭᠦᠷ᠎ᠤᠨ ᠰᠢᠰᠳ᠋ᠸᠮ᠎ᠤᠨ ᠪᠠᠶ᠋ᠢᠭᠤᠯᠤᠯᠲᠠ᠎ᠪᠠᠷ ᠭᠣᠣᠯᠳᠠᠯᠭ᠎ᠠ ᠪᠣᠯᠭ᠋ᠠᠬᠤ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠬᠦ᠎ᠪᠠᠷ ᠭᠠᠷᠳᠠᠴᠠ ᠪᠣᠯᠭ᠋ᠠᠬᠤ᠂ ᠲᠦᠷᠢᠮ᠎ᠤᠨ ᠣᠷᠴᠢᠨ ᠲᠣᠭᠣᠷᠢᠨ᠎ᠤ 《ᠵᠥᠭᠡᠯᠡᠨ ᠬᠣᠯᠪᠣᠯᠳᠤᠯ ᠨᠡᠪᠲᠡᠷᠡᠯᠴᠡᠭᠡ》᠎ᠪᠠᠷ ᠲᠤᠯᠭ᠋ᠠᠭᠤᠷᠢᠯᠠᠯ ᠪᠣᠯᠭ᠋ᠠᠬᠤ᠂ ᠰᠠᠭᠤᠷᠢ ᠲᠥᠬᠥᠭᠡᠷᠦᠮᠵᠢ ᠵᠢᠨ 《ᠬᠠᠲᠠᠭᠤ ᠬᠣᠯᠪᠣᠯᠳᠤᠯ ᠨᠡᠪᠲᠡᠷᠡᠯᠴᠡᠭᠡ》᠎ᠪᠠᠷ ᠲᠦᠰᠢᠭ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ᠃
     ᠪᠠᠶ᠋ᠢᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠵᠤ᠂ ᠰᠠᠭ᠋ᠠᠳ ᠦᠭᠡᠢ ᠨᠡᠪᠲᠡᠷᠡᠬᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠤᠢ ᠪᠣᠯᠭ᠋ᠠᠨ᠎ᠠ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠳᠤ᠂ ᠡᠷᠬᠡᠪᠰᠢ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠨᠡᠩ ᠰᠠᠢ᠍ᠢ᠍ᠨ ᠪᠠᠳᠠᠷᠠᠭᠤᠯᠵᠤ᠂ ᠨᠡᠩ ᠲᠥᠪ ᠭᠣᠣᠯᠴᠢ᠂ ᠨᠡᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠡᠭᠦᠳᠴᠦ᠂ ᠡᠬᠢ ᠪᠠᠶᠠᠯᠢᠭ᠎ᠤᠨ ᠲᠤᠬᠢᠷᠠᠭᠤᠯᠤᠯᠳᠠ ᠵᠢᠨ ᠦᠷ᠎ᠡ ᠪᠦᠲᠦᠮᠵᠢ ᠵᠢ ᠬᠠᠮᠤᠭ᠎ᠤᠨ ᠰᠢᠯᠢᠳᠡᠭ ᠪᠣᠯᠭ᠋ᠠᠬᠤ ᠪᠠ ᠦᠷ᠎ᠡ ᠠᠰᠢᠭ᠎ᠢ ᠬᠠᠮᠤᠭ᠎ᠤᠨ ᠶᠡᠬᠡ ᠪᠣᠯᠭ᠋ᠠᠬᠤ ᠵᠢ ᠪᠡᠶᠡᠯᠡᠭᠦᠯᠵᠦ᠂ 《ᠠᠮᠢᠳᠤᠯᠢᠭ ᠪᠣᠯᠭ᠋ᠠᠬᠤ》 ᠮᠥᠷᠲᠡᠭᠡᠨ ᠪᠠᠰᠠ 《ᠬᠠᠮᠢᠶᠠᠷᠴᠤ ᠳᠡᠶ᠋ᠢᠯᠬᠦ》 ᠪᠣᠯᠭ᠋ᠠᠵᠤ᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠨᠡᠩ ᠰᠠᠢ᠍ᠢ᠍ᠨ ᠬᠠᠮᠠᠭ᠋ᠠᠯᠠᠵᠤ᠂ ᠵᠠᠬ᠎ᠠ ᠳᠡᠯᠭᠡᠭᠦᠷ᠎ᠤᠨ ᠦᠢ᠍ᠯᠡᠳᠦᠯ ᠵᠶ᠋ᠠᠨ ᠠᠯᠳᠠᠬᠤ ᠵᠢ ᠨᠥᠬᠥᠪᠥᠷᠢᠯᠡᠵᠦ᠂ ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠢ ᠰᠢᠯᠤᠭᠤᠳᠬᠠᠵᠤ᠂ ᠪᠦᠬᠦ ᠨᠡᠶ᠋ᠢᠭᠡᠮ᠎ᠤᠨ ᠳᠣᠲᠣᠭ᠋ᠠᠳᠤ ᠬᠥᠳᠡᠯᠭᠡᠬᠦ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠳᠤᠷᠠᠳᠤᠨ ᠭᠠᠷᠭ᠋ᠠᠪᠠ᠃ 2024 ᠣᠨ᠎ᠤ 8 ᠰᠠᠷ᠎ᠠ ᠵᠢᠨ 1᠎ᠤ ᠡᠳᠦᠷ 《ᠲᠥᠪ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠬᠤ ᠲᠦᠷᠢᠮ》᠎ᠢ ᠵᠢᠩᠬᠢᠨᠢ᠎ᠪᠠᠷ ᠬᠡᠷᠡᠭᠵᠢᠭᠦᠯᠵᠦ᠂ ᠲᠥᠪ ᠭᠤᠤᠯᠴᠢ ᠥᠷᠢᠰᠥᠯᠳᠦᠭᠡᠨ᠎ᠤ ᠵᠠᠬ᠎ᠠ ᠳᠡᠯᠭᠡᠭᠦᠷ᠎ᠤᠨ ᠡᠮᠬᠢ ᠵᠢᠷᠤᠮ᠎ᠳᠤ ᠲᠦᠷᠢᠮ᠎ᠤᠨ ᠪᠠᠲᠤᠯᠠᠭ᠎ᠠ ᠬᠠᠩᠭ᠋ᠠᠪᠠ᠃ ᠣᠯᠠᠨ ᠭᠠᠵᠠᠷ᠎ᠤᠨ᠎ᠬᠢᠨ ᠠᠷᠭ᠎ᠠ ᠬᠡᠮᠵᠢᠶ᠎ᠡ ᠠᠪᠴᠤ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠥᠷᠢᠰᠥᠯᠳᠦᠭᠡᠨ᠎ᠢ ᠬᠠᠷᠰᠢᠯᠠᠵᠤ ᠪᠠᠶ᠋ᠢᠭ᠎ᠠ ᠡᠯ᠎ᠡ ᠵᠦᠢ᠍ᠯ᠎ᠤᠨ ᠲᠣᠭᠲᠠᠭ᠋ᠠᠯ ᠪᠠ ᠠᠷᠭ᠎ᠠ ᠬᠢᠳᠡᠯ᠎ᠢ ᠪᠥᠬᠥ ᠲᠠᠯ᠎ᠠ᠎ᠪᠠᠷ ᠡᠮᠬᠢᠯᠡᠨ ᠪᠠᠶ᠋ᠢᠴᠠᠭ᠋ᠠᠬᠤ ᠵᠢᠨ ᠬᠠᠮᠲᠤ ᠢᠯᠭ᠋ᠠᠷᠠᠭᠤᠯᠤᠨ ᠬᠦᠴᠦᠨ ᠥᠬᠡᠶ ᠪᠣᠯᠭ᠋ᠠᠪᠠ᠃ ᠪᠥᠬᠥ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠨᠢ ᠪᠥᠬᠥ ᠤᠯᠤᠰ᠎ᠤᠨ ᠬᠡᠪᠴᠢᠶᠡᠨ᠎ᠳᠠᠬᠢ ᠲᠥᠬᠥᠮ ᠠᠷᠠᠯᠵᠢᠶᠠᠨ᠎ᠤ ᠲᠠᠯᠠᠪᠤᠷ ᠭᠠᠵᠠᠷ ᠪᠢᠰᠢ᠂ ᠪᠠᠰᠠ ᠲᠦᠷᠢᠮ ᠲᠣᠭᠲᠠᠭ᠋ᠠᠯ᠂ ᠴᠢᠳᠠᠮᠵᠢ ᠵᠢᠨ ᠪᠦᠲᠦᠴᠡ ᠪᠣᠯᠤᠨ ᠲᠣᠬᠢᠷᠠᠭᠤᠯᠤᠯᠲᠠ ᠵᠣᠬᠢᠴᠠᠭᠤᠯᠭ᠎ᠠ ᠵᠢᠨ ᠱᠠᠭ᠋ᠠᠷᠳᠠᠯᠭ᠎ᠠ ᠵᠢ ᠪᠠᠭᠲᠠᠭ᠋ᠠᠵᠤ᠂ ᠰᠠᠭᠤᠷᠢ ᠲᠥᠬᠥᠭᠡᠷᠦᠮᠵᠢ ᠵᠢᠨ 《ᠬᠠᠲᠠᠭᠤ ᠵᠠᠭ᠋ᠠᠭ ᠱᠤᠭᠤᠮ》᠎ᠢ ᠨᠡᠪᠲᠡᠷᠡᠭᠦᠯᠬᠦ᠎ᠪᠠᠷ ᠪᠠᠷᠠᠬᠤ ᠥᠬᠡᠶ᠂ ᠪᠠᠶ᠋ᠢᠭᠤᠯᠤᠯ ᠲᠣᠭᠲᠠᠴᠠ ᠵᠢᠨ 《ᠰᠤᠯᠠ ᠬᠢᠵᠠᠭ᠋ᠠᠷᠯᠠᠯ᠎ᠢ ᠴᠤ᠌ ᠠᠷᠢᠯᠭ᠋ᠠᠬᠤ ᠬᠡᠷᠡᠭᠲᠡᠶ᠃ ᠦᠨᠳᠦᠰᠦᠲᠡᠨ᠎ᠤ ᠭᠠᠵᠠᠷ ᠣᠷᠣᠨ᠎ᠤ᠎ᠬᠢᠨ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠲᠤᠰ ᠪᠡᠶ᠎ᠡ ᠵᠢᠨ ᠳᠤᠲᠠᠭᠤᠳᠠᠯ ᠪᠠᠭᠤᠷᠠᠢ ᠲᠠᠯ᠎ᠠ᠎ᠪᠠᠨ ᠪᠠᠶ᠋ᠢᠴᠠᠭ᠋ᠠᠨ ᠨᠥᠬᠥᠪᠥᠷᠢᠯᠡᠬᠦ᠎ᠪᠠᠷ ᠳᠠᠮᠵᠢᠭᠤᠯᠤᠨ᠂ ᠴᠢᠬᠤᠯᠠ ᠡᠯᠧᠮᠧᠨ᠋ᠲ᠎ᠢ ᠲᠠᠲᠠᠬᠤ ᠬᠦᠴᠦᠨ ᠵᠶ᠋ᠠᠨ ᠴᠢᠩᠭ᠋ᠠᠳᠬᠠᠵᠤ᠂ ᠦᠷᠢᠰᠦᠯᠳᠦᠬᠦ ᠬᠦᠴᠦᠨ ᠵᠶ᠋ᠠᠨ ᠳᠡᠭᠡᠭᠰᠢᠯᠡᠭᠦᠯᠬᠦ ᠬᠡᠷᠡᠭᠲᠡᠢ᠃ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠶ᠋ᠢᠲᠤᠷ   ᠰᠢᠢ᠍ᠳᠪᠦᠷᠢᠯᠡᠬᠦ᠎ᠪᠠᠷ ᠳᠠᠮᠵᠢᠭᠤᠯᠤᠨ᠂ 《ᠢᠯᠡ ᠭᠠᠷ》 ᠪᠠ 《ᠢᠯᠡ ᠭᠠᠷ》᠎ᠤᠨ ᠣᠷᠭ᠋ᠠᠨᠢᠭ ᠨᠢᠭᠡᠳᠦᠯ᠎ᠢ ᠠᠬᠢᠭᠤᠯᠵᠤ᠂ ᠡᠯᠧᠮᠧᠨ᠋ᠲ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠶ᠋ᠢᠭᠤᠯᠬᠤ ᠬᠡᠷᠡᠭᠲᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠤᠯᠤᠰ᠎ᠤᠨ ᠵᠠᠬ᠎ᠠ ᠳᠡᠯᠭᠡᠭᠦᠷ᠎ᠯᠦᠭᠡ ᠵᠤᠯᠭ᠋ᠠᠯᠴᠠᠭᠤᠯᠬᠤ ᠲᠦᠷᠢᠮ᠎ᠤᠨ ᠴᠢᠨᠠᠷᠲᠠᠢ ᠬᠠᠷᠰᠢ ᠰᠠᠭ᠋ᠠᠳ᠎ᠢ ᠠᠷᠢᠯᠭ᠋ᠠᠵᠤ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠲᠦᠷᠢᠮ᠎ᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠳᠡᠯᠡᠬᠡᠢ ᠵᠢᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭ᠋ᠠᠵᠤ᠂ ᠶᠡᠷᠦᠩᠬᠡᠶ᠋ᠢᠯᠡᠭᠰᠡᠨ ᠬᠠᠮᠠᠭ᠋ᠠᠯᠠᠯᠲᠠ ᠵᠢᠨ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ ᠵᠡᠷᠭᠡ ᠵᠢᠨ ᠤᠷᠢᠳ ᠵᠶ᠋ᠠᠷ ᠬᠢᠵᠦ ᠤᠷᠢᠳ ᠵᠶ᠋ᠠᠷ ᠲᠤᠷᠰᠢᠬᠤ ᠦᠢ᠍ᠯᠡᠳᠦᠯ᠎ᠢ ᠪᠠᠳᠠᠷᠠᠭᠤᠯᠵᠤ᠂ ᠭᠠᠳᠠᠭ᠋ᠠᠳᠤ ᠨᠡᠭᠡᠭᠡᠯᠳᠠ ᠵᠢᠨ ᠰᠢᠨ᠎ᠡ ᠥᠨᠳᠥᠷᠯᠢᠭ ᠭᠠᠵᠠᠷ᠎ᠢ ᠪᠠᠶ᠋ᠢᠭᠤᠯᠬᠤ ᠬᠡᠷᠡᠭᠲᠡᠢ᠃
     ᠠᠵᠤ ᠦᠢ᠍ᠯᠡᠰ᠎ᠤᠨ ᠪᠦᠲᠦᠴᠡ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠵᠢᠨ ᠵᠠᠯᠭ᠋ᠠᠯᠳᠤᠨ ᠰᠣᠯᠢᠭᠳᠠᠬᠤ ᠵᠢ ᠠᠬᠢᠭᠤᠯᠤᠨ᠎ᠠ᠃ ᠦᠨᠳᠦᠰᠦᠲᠡᠨ᠎ᠤ ᠭᠠᠵᠠᠷ ᠣᠷᠣᠨ᠎ᠳᠤ ᠡᠯᠪᠡᠭ ᠪᠠᠶᠠᠯᠢᠭ ᠪᠠᠶ᠋ᠢᠭ᠋ᠠᠯᠢ ᠵᠢᠨ ᠡᠬᠢ ᠪᠠᠶᠠᠯᠢᠭ ᠪᠠ ᠴᠥᠭᠡᠨ ᠪᠤᠰᠤ ᠳᠠᠪᠠᠭᠤᠯᠢᠭ ᠤᠨᠴᠠᠯᠢᠬᠳᠤ ᠠᠵᠤ ᠦᠢ᠍ᠯᠡᠰ᠎ᠤᠨ ᠪᠥᠭᠡᠮᠨᠡᠷᠡᠯ᠎ᠲᠠᠢ ᠪᠣᠯᠪᠠᠴᠤ ᠤᠯᠤᠰ᠎ᠤᠨ ᠳᠣᠲᠣᠭ᠋ᠠᠳᠤ ᠵᠢᠨ ᠬᠠᠩᠭ᠋ᠠᠯᠭ᠎ᠠ ᠵᠢᠨ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ ᠪᠠ ᠦᠷᠳᠡᠭ᠎ᠤᠨ ᠬᠡᠯᠬᠢᠶ᠎ᠡ᠎ᠳᠤ ᠠᠭᠤᠰᠤᠨ ᠣᠷᠣᠬᠤ᠎ᠨᠢ ᠭᠦᠨᠵᠡᠭᠡᠢ ᠪᠢᠰᠢ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢ ᠲᠡᠩᠴᠡᠭᠦᠷᠢᠲᠡᠢ ᠪᠠᠶ᠋ᠢᠯᠭ᠋ᠠᠬᠤ ᠴᠢᠳᠠᠪᠤᠷᠢ ᠬᠦᠷᠦᠯᠴᠡᠬᠦ ᠦᠭᠡᠢ ᠪᠠᠶ᠋ᠢᠨ᠎ᠠ᠃ ᠦᠨᠳᠦᠰᠦᠲᠡᠨ᠎ᠤ ᠭᠠᠵᠠᠷ ᠣᠷᠣᠨ᠎ᠤ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠤ ᠠᠭᠤᠰᠤᠯᠴᠠᠬᠤ ᠠᠬᠢᠴᠠ ᠵᠢ ᠲᠦᠷᠭᠡᠳᠬᠡᠵᠦ᠂ ᠠᠵᠤ ᠦᠢ᠍ᠯᠡᠰ᠎ᠤᠨ ᠪᠦᠲᠦᠴᠡ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠵᠢᠨ ᠦᠷᠭᠦᠯᠵᠢᠯᠡᠨ ᠰᠣᠯᠢᠭᠳᠠᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠨᠢᠭᠡ᠎ᠳᠤ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠦᠢ᠍ᠯᠡᠰ᠎ᠤᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠠᠵᠤ ᠦᠢ᠍ᠯᠡᠰ᠎ᠤᠨ   ᠬᠡᠯᠬᠢᠶ᠎ᠡ ᠵᠢ ᠤᠷᠲᠤᠳᠬᠠᠬᠤ ᠪᠠ ᠦᠷᠳᠡᠭ᠎ᠤᠨ   ᠬᠡᠯᠬᠢᠶ᠎ᠡ ᠵᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠴᠡᠪᠡᠷ ᠡᠨᠧᠷᠭᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠣᠶᠤᠨᠴᠢ ᠡᠨᠧᠷᠭᠢ ᠵᠢᠨ ᠲᠤᠤᠷ᠎ᠲᠤ ᠯᠠᠪᠳᠠᠭᠤᠨ ᠵᠶ᠋ᠠᠷ ᠠᠭᠤᠰᠤᠯᠴᠠᠭᠤᠯᠵᠤ᠂ ᠡᠭᠦᠳᠡᠨ ᠪᠢᠯᠧᠲ᠎ᠤᠨ ᠠᠵᠤ ᠠᠬᠤᠶ ᠵᠢ ᠶᠡᠷᠦᠩᠬᠡᠶ᠋ᠢᠯᠡᠭᠰᠡᠨ ᠬᠡᠷᠡᠭᠯᠡᠭᠡᠨ᠎ᠤ ᠠᠵᠤ ᠠᠬᠤᠶ ᠳᠠᠰᠢ ᠬᠤᠪᠢᠷᠠᠭᠤᠯᠬᠤ ᠵᠢ ᠠᠬᠢᠭᠤᠯᠤᠨ᠎ᠠ᠃ ᠬᠣᠶᠠᠷ᠎ᠲᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠤᠯᠠᠨ ᠡᠰᠢᠵᠢᠭᠰᠡᠨ ᠬᠥᠭᠵᠢᠯᠲᠡ ᠵᠢᠨ ᠪᠠᠶ᠋ᠢᠷᠢᠰᠢᠯ᠎ᠢ ᠪᠦᠷᠢᠯᠳᠦᠭᠦᠯᠦᠨ᠎ᠡ᠃ ᠦᠨᠳᠦᠰᠦᠲᠡᠨ᠎ᠤ ᠭᠠᠵᠠᠷ ᠣᠷᠣᠨ᠎ᠤ ᠲᠣᠭ᠎ᠠ ᠪᠠᠷᠢᠮᠲᠠ ᠵᠢᠨ ᠲᠥᠪ᠂ ᠡᠭᠦᠯᠡᠨ ᠪᠣᠳᠣᠯᠲᠠ ᠵᠢᠨ ᠰᠠᠭᠤᠷᠢᠨ ᠭᠠᠵᠠᠷ ᠵᠡᠷᠭᠡ ᠵᠢ ᠪᠦᠲᠦᠭᠡᠨ ᠪᠠᠶ᠋ᠢᠭᠤᠯᠬᠤ ᠵᠢ ᠳᠠᠮᠵᠢᠵᠤ᠂ ᠡᠯᠧᠺᠲᠷᠣᠨ ᠬᠤᠳᠠᠯᠳᠤᠭ᠋ᠠᠨ᠎ᠤ ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ ᠵᠢᠨ ᠪᠠᠢ᠍ᠳᠠᠯ ᠰᠢᠨ᠎ᠡ ᠵᠠᠭᠪᠤᠷ᠎ᠢ ᠢᠳᠡᠪᠬᠢᠲᠡᠢ ᠪᠣᠶ᠋ᠢᠵᠢᠭᠤᠯᠤᠨ᠎ᠠ᠃ ᠵᠠᠷᠢᠮ᠎ᠨᠢ ᠬᠡᠷᠡᠯ ᠴᠡᠨᠡᠭ᠎ᠤᠨ ᠠᠵᠤ   ᠦᠢ᠍ᠯᠡᠰ᠎ᠤᠨ ᠬᠡᠯᠬᠢᠶ᠎ᠡ ᠳᠡᠭᠡᠷ᠎ᠡ ᠤᠷᠲᠤᠳᠬᠠᠵᠤ᠂ ᠡᠨᠧᠷᠭᠢ ᠬᠠᠳᠠᠭ᠋ᠠᠯᠠᠬᠤ ᠮᠡᠷᠭᠡᠵᠢᠯ ᠪᠠ ᠲᠥᠬᠥᠭᠡᠷᠦᠮᠵᠢ   ᠦᠢ᠍ᠯᠡᠳᠬᠦ ᠵᠢ ᠬᠥᠭᠵᠢᠭᠦᠯᠵᠦ ᠪᠣᠯᠤᠨ᠎ᠠ᠃ ᠵᠠᠷᠢᠮ᠎ᠨᠢ ᠰᠠᠯᠬᠢᠨ ᠡᠨᠧᠷᠭᠢ ᠪᠣᠯᠤᠨ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠢ ᠠᠬᠢᠭᠤᠯᠵᠤ᠂ ᠴᠡᠪᠡᠷ ᠡᠨᠧᠷᠭᠢ ᠵᠢᠨ ᠪᠦᠬᠦ ᠠᠵᠤ ᠦᠢ᠍ᠯᠡᠰ᠎ᠤᠨ   ᠬᠡᠯᠬᠢᠶ᠎ᠡ ᠵᠢ ᠪᠦᠷᠢᠯᠳᠦᠭᠦᠯᠵᠦ ᠪᠣᠯᠤᠨ᠎ᠠ᠃ ᠵᠠᠷᠢᠮ᠎ᠨᠢ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠤ ᠰᠢᠪᠲᠤᠯᠤᠯᠲᠠ ᠭᠠᠷᠭ᠋ᠠᠵᠤ᠂ ᠨᠤᠲᠤᠭ ᠪᠡᠯᠴᠢᠭᠡᠷ᠎ᠤᠨ ᠡᠯᠪᠡᠭ ᠳᠡᠯᠪᠡᠭ ᠡᠬᠢ ᠪᠠᠶᠠᠯᠢᠭ᠎ᠢ ᠠᠰᠢᠭᠯᠠᠨ ᠣᠳᠣ ᠦᠶ᠎ᠡ ᠵᠢᠨ ᠮᠠᠯ ᠠᠵᠤ ᠠᠬᠤᠶ ᠪᠣᠯᠤᠨ ᠠᠮᠢᠳᠤ ᠪᠣᠳᠠᠰ᠎ᠤᠨ ᠡᠮ ᠦᠢ᠍ᠯᠡᠳᠬᠦ ᠵᠢ ᠬᠥᠭᠵᠢᠭᠦᠯᠵᠦ ᠪᠣᠯᠤᠨ᠎ᠠ᠃ ᠵᠠᠷᠢᠮ᠎ᠨᠢ ᠡᠯᠪᠡᠭ ᠪᠠᠶᠠᠯᠢᠭ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠲᠤ ᠲᠦᠰᠢᠭᠯᠡᠨ᠂ ᠬᠢᠲᠠᠳ ᠡᠮ᠎ᠤᠨ ᠣᠨᠴᠠᠯᠢᠭᠲᠤ ᠮᠠᠲ᠋ᠧᠷᠢᠶᠠᠯ ᠪᠣᠯᠪᠠᠰᠤᠷᠠᠭᠤᠯᠬᠤ ᠪᠠ ᠡᠷᠡᠭᠦᠯ ᠮᠡᠨᠳᠦ ᠵᠢᠨ ᠠᠵᠤ   ᠦᠢ᠍ᠯᠡᠰ᠎ᠢ ᠬᠥᠭᠵᠢᠭᠦᠯᠵᠦ ᠪᠣᠯᠤᠨ᠎ᠠ᠃ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠠᠵᠤ ᠠᠬᠤᠶ ᠵᠢᠨ ᠬᠥᠭᠵᠢᠯᠲᠡ ᠵᠢᠨ ᠬᠣᠭᠣᠷᠣᠨᠳᠣ ᠲᠡᠩᠴᠡᠭᠦᠷᠢ᠎ᠪᠠᠨ ᠣᠯᠬᠤ᠎ᠪᠠᠷ ᠳᠠᠮᠵᠢᠭᠤᠯᠤᠨ᠂ ᠠᠵᠤ ᠦᠢ᠍ᠯᠡᠰ᠎ᠤᠨ ᠪᠦᠲᠦᠴᠡ ᠵᠢᠨ ᠣᠯᠠᠨ ᠡᠰᠢᠵᠢᠯᠲᠡ ᠵᠢ ᠪᠡᠶᠡᠯᠡᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠵᠢᠨ ᠤᠶᠠᠨ ᠬᠠᠳᠠᠨ ᠴᠢᠨᠠᠷ ᠪᠣᠯᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠦᠨ᠎ᠡ᠃ ᠭᠤᠷᠪᠠ᠎ᠳᠤ᠂ ᠣᠷᠣᠨ ᠪᠦᠰᠡ ᠵᠢᠨ ᠬᠠᠮᠵᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠥᠨᠳᠥᠷ ᠦᠷ᠎ᠡ ᠠᠰᠢᠭᠲᠤ ᠬᠠᠷᠢᠯᠴᠠᠨ ᠬᠣᠯᠪᠣᠯᠳᠤᠭᠰᠠᠨ ᠠᠵᠤ ᠦᠢ᠍ᠯᠡᠰ᠎ᠤᠨ ᠠᠮᠢ ᠠᠬᠤᠢ ᠵᠢ ᠪᠠᠶ᠋ᠢᠭᠤᠯᠤᠨ᠎ᠠ᠃ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠶᠡᠬᠡ ᠬᠠᠨᠳᠤᠰᠢ᠎ᠳᠤ ᠵᠣᠬᠢᠴᠠᠭᠤᠯᠤᠨ᠂ ᠬᠤᠳᠠ ᠵᠢᠨ  ᠬᠦᠷᠢᠶ᠎ᠡ᠂ ᠬᠤᠳᠠ ᠵᠢᠨ ᠪᠥᠭᠡᠮᠨᠡᠷᠡᠯ᠎ᠤᠨ ᠬᠥᠭᠵᠢᠯᠲᠡ ᠵᠢ ᠲᠦᠷᠭᠡᠳᠬᠡᠵᠦ᠂ ᠦᠨᠳᠦᠰᠦᠲᠡᠨ᠎ᠤ ᠭᠠᠵᠠᠷ ᠣᠷᠣᠨ᠎ᠤ ᠵᠠᠬ᠎ᠠ ᠳᠡᠯᠭᠡᠭᠦᠷ᠎ᠤᠨ ᠣᠷᠴᠢᠯ᠎ᠢ ᠰᠢᠯᠤᠭᠤᠳᠬᠠᠨ᠎ᠠ᠃ ᠦᠨᠳᠦᠰᠦᠲᠡᠨ᠎ᠤ ᠭᠠᠵᠠᠷ ᠣᠷᠣᠨ᠎ᠤ ᠣᠨᠴᠠᠯᠢᠭᠲᠤ ᠡᠬᠢ ᠪᠠᠶᠠᠯᠢᠭ ᠪᠠ ᠣᠷᠣᠨ ᠪᠠᠶ᠋ᠢᠷᠢ ᠵᠢᠨ ᠳᠠᠪᠠᠭᠤᠯᠢᠭ᠎ᠲᠤ ᠲᠦᠰᠢᠭᠯᠡᠨ᠂ ᠨᠡᠭᠦᠷᠡᠰᠦ᠂ ᠰᠣᠷᠭᠣᠭ ᠴᠡᠴᠡᠭ᠂ ᠺᠣᠹᠧ ᠪᠠ ᠭᠠᠳᠠᠭ᠋ᠠᠳᠤ᠎ᠠᠴᠠ ᠣᠷᠣᠭᠤᠯᠤᠭᠰᠠᠨ ᠵᠢᠮᠢᠰ᠎ᠤᠨ ᠠᠷᠠᠯᠵᠢᠶᠠᠨ᠎ᠤ ᠲᠥᠪ᠎ᠢ ᠪᠠᠶ᠋ᠢᠭᠤᠯᠵᠤ᠂ ᠬᠠᠮᠢᠶ᠎ᠠ ᠪᠦᠬᠦᠢ ᠦᠨ᠎ᠡ ᠬᠠᠩᠰᠢ ᠵᠢᠨ ᠵᠢᠭ᠋ᠠᠯᠲᠠ ᠲᠣᠭ᠎ᠠ ᠵᠢ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠨ ᠪᠦᠬᠦ ᠤᠯᠤᠰ᠎ᠤᠨ ᠵᠠᠬ᠎ᠠ ᠳᠡᠯᠭᠡᠭᠦᠷ᠎ᠲᠤ ᠦᠢ᠍ᠯᠡᠴᠢᠯᠡᠭᠦᠯᠦᠨ᠎ᠡ᠃
     ᠣᠳᠣᠬᠢᠴᠢᠯᠠᠭᠰᠠᠨ ᠰᠠᠭᠤᠷᠢ ᠲᠥᠬᠥᠭᠡᠷᠦᠮᠵᠢ ᠵᠢᠨ ᠰᠢᠰᠲ᠋ᠧᠮ᠎ᠢ ᠪᠠᠶ᠋ᠢᠭᠤᠯᠵᠤ᠂ ᠣᠷᠣᠨ ᠪᠦᠰᠡ ᠵᠢᠨ ᠪᠡᠬᠢᠯᠡᠯᠲᠡ ᠪᠠ ᠵᠠᠬ᠎ᠠ ᠳᠡᠯᠭᠡᠭᠦᠷ᠎ᠤᠨ ᠬᠡᠰᠡᠭᠯᠡᠯ᠎ᠢ ᠡᠪᠳᠡᠨ᠎ᠡ᠃ ᠰᠠᠭᠤᠷᠢ ᠪᠡᠯᠡᠳᠬᠡᠮᠵᠢ ᠵᠢᠨ ᠣᠳᠣᠬᠢᠴᠢᠯᠠᠯᠲᠠ ᠵᠢᠨ ᠬᠢᠷᠢ ᠬᠡᠮᠵᠢᠶ᠎ᠡ᠎ᠨᠢ ᠵᠠᠬ᠎ᠠ ᠳᠡᠯᠭᠡᠭᠦᠷ᠎ᠤᠨ ᠴᠢᠬᠤᠯᠠ ᠬᠦᠴᠦᠨ ᠵᠦᠢ᠍ᠯ᠎ᠤᠨ ᠭᠦᠢ᠍ᠯᠭᠡᠭᠡᠨ᠎ᠤ ᠦᠷ᠎ᠡ ᠪᠦᠲᠦᠮᠵᠢ ᠬᠢᠭᠡᠳ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠰᠢᠯᠢᠳᠡᠭᠵᠢᠬᠦ᠎ᠳᠤ ᠰᠢᠭᠤᠳ ᠬᠣᠯᠪᠣᠭᠳᠠᠬᠤ ᠶᠤᠮ᠃ ᠣᠳᠣᠬᠢᠴᠢᠯᠠᠭᠰᠠᠨ ᠰᠠᠭᠤᠷᠢ ᠲᠥᠬᠥᠭᠡᠷᠦᠮᠵᠢ ᠵᠢᠨ ᠰᠢᠰᠲ᠋ᠧᠮ᠎ᠢ ᠪᠠᠶ᠋ᠢᠭᠤᠯᠬᠤ ᠪᠣᠯ ᠦᠨᠳᠦᠰᠦᠲᠡᠨ᠎ᠤ ᠣᠷᠣᠨ ᠪᠣᠯᠤᠨ ᠪᠦᠬᠦ ᠤᠯᠤᠰ᠎ᠤᠨ ᠵᠠᠬ᠎ᠠ ᠳᠡᠯᠭᠡᠭᠦᠷ᠎ᠢ ᠬᠣᠯᠪᠣᠬᠤ ᠵᠢᠨ ᠵᠠᠩᠭᠢᠯᠠᠭ᠎ᠠ ᠪᠣᠯᠤᠨ᠎ᠠ᠂ ᠶᠡᠷᠦᠩᠬᠡᠶ᠋ᠢᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭ᠋ᠠᠨ᠎ᠤ ᠲᠣᠣᠷ ᠵᠶ᠋ᠠᠷ ᠴᠢᠬᠤᠯᠠ ᠠᠴᠢᠶᠠᠯᠠᠪᠤᠷᠢ ᠪᠣᠯᠭ᠋ᠠᠵᠤ᠂ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠵᠶ᠋ᠠᠷ ᠬᠦᠴᠦᠷᠬᠡᠭ ᠶᠡᠬᠡ ᠬᠥᠳᠡᠯᠭᠡᠭᠦᠷ ᠪᠣᠯᠭ᠋ᠠᠵᠤ᠂ ᠵᠠᠮ ᠬᠠᠷᠢᠯᠴᠠᠭ᠎ᠠ᠂ ᠪᠠᠷᠠᠭ᠋ᠠᠨ᠎ᠤ ᠭᠦᠢ᠍ᠯᠭᠡᠭᠡ᠂ ᠮᠡᠳᠡᠭᠡ ᠵᠠᠩᠭᠢ ᠪᠣᠯᠤᠨ ᠠᠵᠤ ᠠᠬᠤᠢ ᠨᠡᠶ᠋ᠢᠭᠡᠮ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠦᠨᠳᠦᠰᠦᠲᠡᠨ᠎ᠤ ᠣᠷᠣᠨ᠎ᠤ ᠪᠦᠬᠦ ᠤᠯᠤᠰ᠎ᠤᠨ ᠨᠢᠭᠡᠳᠦᠯᠲᠡᠢ ᠶᠡᠬᠡ ᠵᠠᠬ᠎ᠠ ᠳᠡᠯᠭᠡᠭᠦᠷ᠎ᠲᠤ ᠲᠦᠷᠭᠡᠨ ᠠᠭᠤᠰᠤᠯᠴᠠᠬᠤ᠎ᠳᠤ ᠪᠠᠲᠤ ᠪᠡᠬᠢ ᠪᠣᠳᠠᠰ᠎ᠤᠨ ᠰᠠᠭᠤᠷᠢ ᠬᠠᠩᠭ᠋ᠠᠬᠤ ᠬᠡᠷᠡᠭᠲᠡᠢ᠃ ᠨᠢᠭᠡ᠎ᠳᠤ ᠶᠡᠷᠦᠩᠬᠡᠶ᠋ᠢᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭ᠋ᠠᠨ᠎ᠤ ᠲᠤᠤᠷ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠦᠨᠳᠦᠰᠦᠲᠡᠨ᠎ᠤ ᠭᠠᠵᠠᠷ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠂ ᠳᠡᠭᠡᠳᠦ ᠬᠤᠷᠳᠤ ᠵᠢᠨ ᠲᠡᠮᠦᠷ ᠵᠠᠮ᠂ ᠠᠭ᠋ᠠᠷ᠎ᠤᠨ ᠠᠶᠠᠯᠠᠯ᠎ᠤᠨ ᠲᠤᠤᠷ ᠰᠦᠯᠵᠢᠶ᠎ᠡ ᠵᠡᠷᠭᠡ ᠵᠠᠮ ᠬᠠᠷᠢᠯᠴᠠᠭ᠋ᠠᠨ᠎ᠤ ᠭᠤᠤᠯ ᠱᠤᠭᠤᠮ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠦᠷᠬᠦᠴᠡ᠎ᠪᠠᠷ ᠥᠷᠭᠡᠨ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠭᠰᠡᠨ ᠶᠡᠷᠦᠩᠬᠡᠶ᠋ᠢᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭ᠋ᠠᠨ᠎ᠤ ᠲᠤᠤᠷ᠎ᠢ ᠪᠣᠶ ᠪᠣᠯᠭ᠋ᠠᠨ᠂ ᠬᠢᠯᠢ ᠳᠠᠭ᠋ᠠᠤ ᠪᠣᠭᠣᠮᠲᠠ ᠵᠢᠨ ᠴᠢᠳᠠᠮᠵᠢ ᠵᠢᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠷᠠᠭᠤᠯᠵᠤ᠂ ᠪᠣᠭᠣᠮᠲᠠ ᠬᠢᠭᠡᠳ ᠵᠠᠰᠠᠮᠠᠯ ᠵᠠᠮ ᠲᠡᠮᠦᠷ ᠵᠠᠮ ᠲᠡᠯᠡᠶ ᠵᠢᠨ ᠣᠯᠠᠨ ᠬᠡᠯᠪᠡᠷᠢ ᠵᠢᠨ ᠬᠣᠯᠪᠣᠭ᠋ᠠᠯᠠᠨ ᠲᠡᠭᠡᠭᠡᠪᠦᠷᠢᠯᠡᠬᠦ ᠲᠣᠮᠣ ᠵᠠᠮ᠎ᠤᠨ ᠪᠥᠲᠥᠭᠡᠨ ᠪᠠᠶ᠋ᠢᠭᠤᠯᠤᠯᠲᠠ ᠵᠢ ᠡᠮᠬᠢᠯᠡᠨ ᠨᠡᠶ᠋ᠢᠯᠡᠭᠦᠯᠵᠦ ᠴᠢᠯᠥᠭᠡᠲᠡᠶ ᠪᠣᠯᠭ᠋ᠠᠨ᠂ ᠨᠥᠯᠥᠭᠡᠯᠡᠬᠦ ᠬᠦᠴᠦᠨ᠎ᠲᠠᠢ ᠵᠠᠩᠭᠢᠯᠠᠭ᠎ᠠ ᠵᠢᠨ ᠪᠣᠭᠣᠮᠲᠠ ᠵᠢ ᠴᠣᠭᠴᠠᠯᠠᠨ᠎ᠠ᠃ ᠡᠭᠦᠨ᠎ᠤ ᠬᠠᠮᠲᠤ᠂ ᠡᠨᠧᠷᠭᠢ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠣᠳᠣᠬᠢᠴᠢᠯᠠᠬᠤ ᠬᠢᠷᠢ ᠬᠡᠮᠵᠢᠶ᠎ᠡ ᠵᠢ ᠶᠡᠬᠡᠪᠡᠷ ᠳᠡᠭᠡᠭᠰᠢᠯᠡᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠳᠠᠪᠤᠷᠢ ᠵᠢ ᠦᠨᠡᠨᠬᠦ ᠪᠠᠲᠤᠯᠠᠬᠤ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠶᠡᠬᠡ ᠳᠡᠭᠡᠳᠦ ᠰᠤᠷᠭ᠋ᠠᠭᠤᠯᠢ ᠵᠢᠨ ᠡᠭᠦᠷᠭᠡ ᠵᠢ ᠡᠭᠦᠷᠭᠡᠯᠡᠨ᠎ᠡ
ᠬᠢᠩᠭ᠋ᠠᠨ ᠠᠶ᠋ᠢᠮᠠᠭ᠄ ᠠᠨᠠᠷ᠎ᠤᠨ ᠴᠡᠴᠡᠭ ᠳᠡᠯᠭᠡᠷᠡᠵᠦ ᠬᠠᠶ᠋ᠢᠷ᠎ᠠ ᠰᠡᠳᠬᠢᠯᠭᠡ ᠠᠭᠤᠰᠤᠯᠴᠠᠵᠤ ᠭᠠᠷ ᠬᠣᠯᠪᠣᠨ 《ᠢᠵᠢᠯ ᠲᠥᠪᠲᠦ ᠲᠣᠭᠣᠷᠢᠭ》᠎ᠢ ᠵᠢᠷᠤᠭᠯᠠᠪᠠ
ᠦᠨᠳᠦᠰᠦᠨ ᠬᠠᠤᠯᠢ ᠶᠣᠰᠣᠭ᠋ᠠᠷ ᠬᠠᠤᠯᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠦᠷᠢᠮ ᠲᠣᠭᠲᠠᠴᠠ ᠵᠢ ᠪᠦᠷᠢᠨᠰᠢᠭᠦᠯᠦᠨ᠎ᠡ
ᠦᠬᠠᠶ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠲᠦᠩᠯᠢᠶᠣᠤ ᠬᠣᠲᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ 《ᠬᠤᠤᠰ ᠵᠠᠭᠤᠨ᠎ᠤ ᠢᠨᠵᠧᠨᠧᠷᠢᠩ》᠎ᠢ ᠬᠡᠷᠡᠭᠵᠢᠭᠦᠯᠬᠦ᠎ᠪᠠᠷ ᠪᠣᠶ
 
            