ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠶᠡᠬᠡ ᠳᠡᠭᠡᠳᠦ ᠰᠤᠷᠭ᠋ᠠᠭᠤᠯᠢ ᠵᠢᠨ ᠡᠭᠦᠷᠭᠡ ᠵᠢ ᠡᠭᠦᠷᠭᠡᠯᠡᠨ᠎ᠡ
ᠨᠡᠶ᠋ᠢᠲᠡᠯᠡᠭᠰᠡᠨ ᠴᠠᠭ᠄ 2025-02-17

    W020250212363581718615_ORIGIN.jpg


    2024 ᠣᠨ᠎ᠤ 10 ᠰᠠᠷ᠎ᠠ᠎ᠳᠤ᠂ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠣᠶᠣᠯ᠎ᠤᠨ ᠬᠣᠩᠭᠢᠯ᠎ᠢ ᠲᠣᠭᠣᠷᠢᠨ ᠦᠵᠡᠪᠡ᠃ ᠢᠷᠡᠯᠲᠡ᠄ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ
     ᠶᠡᠬᠡ ᠳᠡᠭᠡᠳᠦ ᠰᠤᠷᠭ᠋ᠠᠭᠤᠯᠢ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠥᠷᠨᠢᠭᠦᠯᠬᠦ ᠴᠢᠬᠤᠯᠠ ᠵᠢᠭᠰᠠᠭ᠋ᠠᠯ᠎ᠤᠨ ᠭᠠᠵᠠᠷ ᠮᠥᠨ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠬᠦᠨᠳᠦ ᠡᠭᠦᠷᠭᠡ ᠵᠢ ᠡᠭᠦᠷᠭᠡᠯᠡᠵᠦ ᠪᠠᠶ᠋ᠢᠨ᠎ᠠ᠃ ᠤᠬᠠᠮᠰᠠᠷ᠎ᠠᠴᠠ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ᠎ᠯᠤᠭ᠎ᠠ ᠠᠭᠤᠰᠤᠯᠴᠠᠭᠤᠯᠵᠤ᠂ 《ᠭᠤᠷᠪᠠᠨ ᠪᠦᠬᠦ ᠲᠠᠯ᠎ᠠ᠎ᠪᠠᠷ ᠬᠥᠮᠦᠨ᠎ᠢ ᠬᠥᠮᠦᠵᠢᠭᠦᠯᠬᠦ》 ᠰᠢᠰᠲ᠋ᠧᠮ ᠪᠣᠯᠤᠨ 《ᠶᠡᠬᠡ ᠦᠵᠡᠯ ᠰᠠᠨᠠᠭ᠎ᠠ ᠤᠯᠤᠰ ᠲᠦᠷᠦ》 ᠵᠢᠨ ᠠᠵᠢᠯ᠎ᠤᠨ ᠪᠠᠶ᠋ᠢᠷᠢᠰᠢᠯ᠎ᠯᠤᠭ᠎ᠠ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
     ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠬᠥᠮᠦᠵᠢᠯ᠎ᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠨᠢᠭᠡ ᠴᠤᠬ᠍ᠴᠠᠵᠢᠭᠤᠯᠬᠤ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠥᠷᠭᠡᠨ ᠵᠶ᠋ᠠᠷ ᠶᠠᠪᠤᠯᠴᠠᠭᠤᠯᠵᠤ᠂ ᠪᠦᠬᠦ ᠲᠠᠯ᠎ᠠ᠎ᠪᠠᠷ ᠰᠣᠯᠢᠯᠴᠠᠭᠤᠯᠵᠤ᠂ ᠭᠦᠨᠵᠡᠭᠡᠢ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠬᠤ ᠬᠡᠷᠡᠭᠲᠡᠢ᠃
    《ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠢ ᠰᠠᠶ᠋ᠢᠲᠤᠷ ᠡᠷᠭᠢᠯᠡᠨ᠎ᠡ᠃ ᠶᠡᠬᠡ ᠳᠡᠭᠡᠳᠦ ᠰᠤᠷᠭ᠋ᠠᠭᠤᠯᠢ ᠲᠦᠷᠦᠭᠦᠯᠡᠨ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠷᠭ᠋ᠠᠨ ᠬᠥᠮᠦᠵᠢᠯ᠎ᠢ ᠨᠢᠭᠡ ᠴᠤᠬ᠍ᠴᠠᠵᠢᠭᠤᠯᠬᠤ ᠪᠠᠶ᠋ᠢᠭᠤᠯᠤᠯᠲᠠ ᠵᠢᠨ ᠬᠣᠯᠪᠣᠭ᠎ᠠ ᠵᠢ ᠵᠣᠬᠢᠶᠠᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠷᠭ᠋ᠠᠨ ᠬᠥᠮᠦᠵᠢᠯ᠎ᠤᠨ ᠡᠯᠧᠮᠧᠨ᠋ᠲ᠎ᠢ ᠭᠦᠨᠵᠡᠭᠡᠶ ᠠᠭᠤᠳᠠᠯᠵᠤ᠂ ᠬᠢᠴᠢᠶᠡᠯ᠎ᠤᠨ   ᠲᠢᠩᠬᠢᠮ᠎ᠤᠨ ᠵᠢᠭ᠋ᠠᠨ ᠰᠤᠷᠭ᠋ᠠᠯᠲᠠ ᠪᠠ   ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠬᠠᠷᠢᠯᠴᠠᠨ ᠤᠶᠠᠯᠳᠤᠭᠤᠯᠵᠤ᠂ ᠨᠢᠭᠡᠳᠦᠭᠡᠷ ᠬᠢᠴᠢᠶᠡᠯ᠎ᠤᠨ  ᠲᠢᠩᠬᠢᠮ ᠪᠠ ᠬᠣᠶᠠᠳᠤᠭ᠋ᠠᠷ ᠬᠢᠴᠢᠶᠡᠯ᠎ᠤᠨ   ᠲᠢᠩᠬᠢᠮ᠎ᠢ ᠬᠠᠷᠢᠯᠴᠠᠨ ᠵᠣᠯᠭ᠋ᠠᠭᠤᠯᠵᠤ᠂ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠠᠨᠳᠤᠭᠤᠯᠤᠭᠰᠠᠨ᠂ ᠡᠯ᠎ᠡ ᠰᠤᠷᠤᠯᠭ᠎ᠠ ᠵᠢᠨ ᠱᠠᠲᠤᠨ᠎ᠤ ᠦᠵᠡᠯ ᠰᠠᠨᠠᠭ᠎ᠠ ᠤᠯᠤᠰ ᠲᠥᠷᠥ ᠵᠢᠨ ᠵᠢᠭ᠋ᠠᠨ ᠰᠤᠷᠭ᠋ᠠᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠶ᠋ᠢᠮᠣ》 ᠦᠵᠡᠯ ᠰᠠᠨᠠᠭ᠎ᠠ ᠤᠯᠤᠰ ᠲᠥᠷᠥ ᠵᠢᠨ 《ᠠᠯᠲᠠᠨ ᠬᠢᠴᠢᠶᠡᠯ》᠎ᠢ ᠴᠣᠭᠴᠠᠯᠠᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠶ ᠬᠠᠮᠲᠤ ᠵᠢᠨ ᠲᠠᠨᠢᠯᠲᠠ ᠵᠢ ᠲᠠᠰᠤᠷᠠᠯᠲᠠ ᠥᠬᠡᠶ ᠴᠢᠩᠭ᠋ᠠᠷᠠᠭᠤᠯᠵᠤ ᠪᠣᠯᠤᠨ᠎ᠠ᠃
    《ᠰᠣᠳᠣᠨ ᠬᠢᠴᠢᠶᠡᠯ᠎ᠤᠨ ᠰᠦᠷᠦᠭ》᠎ᠢ ᠡᠭᠦᠳᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠢᠴᠢᠶᠡᠯ᠎ᠤᠨ ᠰᠤᠷᠭ᠋ᠠᠨ ᠬᠥᠮᠦᠵᠢᠯ᠎ᠤᠨ ᠪᠦᠬᠦ ᠶᠠᠪᠤᠴᠠ᠎ᠳᠤ ᠠᠭᠤᠰᠤᠯᠴᠠᠭᠤᠯᠬᠤ ᠬᠡᠷᠡᠭᠲᠡᠶ᠂ ᠳᠡᠭᠡᠳᠦ ᠰᠤᠷᠭ᠋ᠠᠭᠤᠯᠢ ᠵᠢᠨ ᠣᠯᠠᠨ ᠰᠢᠨᠵᠢᠯᠡᠭᠡᠨ᠎ᠤ ᠶᠡᠷᠦᠩᠬᠡᠶ᠋ᠢᠯᠡᠭᠰᠡᠨ ᠳᠠᠪᠠᠭᠤᠯᠢᠭ᠎ᠢ ᠭᠦᠶᠴᠡᠳ ᠪᠠᠳᠠᠷᠠᠭᠤᠯᠤᠨ᠎ᠠ᠂ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠡᠯ᠎ᠡ ᠰᠤᠷᠤᠯᠭ᠎ᠠ ᠵᠢᠨ ᠬᠡᠰᠡᠭ᠎ᠤᠨ ᠲᠣᠭᠣᠷᠢᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠣᠳᠠᠲᠤ ᠬᠡᠷᠡᠭᠴᠡᠭᠡ᠂ 《ᠣᠨᠣᠯ + ᠦᠢ᠍ᠯᠡᠳᠦᠯᠭᠡ》 ᠬᠤᠤᠰ ᠬᠡᠮᠵᠢᠯᠳᠦ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠰᠢᠰᠲ᠋ᠧᠮᠵᠢ ᠵᠢ ᠪᠠᠶ᠋ᠢᠭᠤᠯᠤᠨ᠎ᠠ᠂ ᠪᠦᠬᠦ ᠲᠠᠯ᠎ᠠ ᠵᠢ ᠬᠠᠮᠤᠷᠬᠤ ᠵᠢ ᠨᠠᠷᠢᠯᠢᠭ ᠴᠣᠭᠴᠠᠯᠠᠨ᠎ᠠ᠂ ᠲᠦᠷᠦᠯ ᠵᠦᠢ᠍ᠯ᠎ᠨᠢ ᠪᠠᠶᠠᠯᠢᠭ᠂ ᠳᠡᠰ ᠳᠠᠪᠬᠤᠷᠭ᠎ᠠ ᠠᠬᠢᠬᠤ᠂ ᠬᠠᠷᠢᠯᠴᠠᠨ ᠲᠤᠯᠭ᠋ᠠᠭᠤᠷᠢᠯᠠᠭᠰᠠᠨ 《ᠶᠡᠬᠡ ᠣᠨᠣᠯ》᠎ᠤᠨ ᠬᠢᠴᠢᠶᠡᠯ᠂ ᠨᠢᠭᠡ ᠪᠦᠯᠦᠭ ᠭᠤᠤᠯ ᠰᠡᠳᠦᠪ ᠢᠯᠡ ᠲᠣᠳᠣ᠂ ᠣᠷᠣᠯᠴᠠᠬᠤ ᠴᠢᠨᠠᠷ ᠥᠨᠳᠥᠷ᠂ ᠨᠥᠯᠥᠭᠡᠯᠡᠬᠦ ᠬᠦᠴᠦᠨ ᠵᠶ᠋ᠠᠷ ᠴᠢᠩᠭ᠎ᠠ ᠣᠨᠴᠠᠯᠢᠭᠲᠤ ᠦᠢ᠍ᠯᠡᠳᠦᠯᠭᠡ ᠵᠢᠨ ᠬᠢᠴᠢᠶᠡᠯ᠂ ᠬᠢᠴᠢᠶᠡᠯ᠎ᠤᠨ ᠡᠬᠢ ᠪᠠᠶᠠᠯᠢᠭ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠦᠨᠡᠨ ᠬᠦ᠌ ᠪᠣᠳᠠᠲᠠᠶ ᠪᠥᠭᠡᠳ ᠪᠦᠲᠦᠮᠵᠢᠲᠡᠶ ᠪᠣᠯᠭ᠋ᠠᠨ᠎ᠠ᠃
    《ᠱᠠᠲᠤᠯᠢᠭ ᠰᠤᠷᠭ᠋ᠠᠨ ᠬᠥᠮᠦᠵᠢᠯ᠎ᠤᠨ ᠬᠡᠯᠬᠢᠶ᠎ᠡ》 ᠵᠢ ᠴᠣᠭᠴᠠᠯᠠᠨ᠎ᠠ᠃ ᠬᠥᠮᠦᠨ ᠬᠥᠮᠦᠵᠢᠭᠦᠯᠬᠦ ᠠᠷᠭ᠎ᠠ ᠮᠠᠶᠢᠭ᠂ ᠰᠤᠷᠭ᠋ᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠵᠢᠨ ᠪᠠᠶ᠋ᠢᠭᠤᠯᠤᠯ᠂ ᠪᠠᠲᠤᠯᠠᠭ᠎ᠠ ᠵᠢᠨ ᠲᠣᠭᠲᠠᠴᠠ ᠵᠢᠨ ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠭᠡᠷ ᠪᠦᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠵᠢ ᠪᠦᠷᠢᠨᠰᠢᠭᠦᠯᠦᠨ᠂ ᠰᠤᠷᠤᠭᠴᠢᠳ᠎ᠤᠨ ᠲᠠᠨᠢᠨ ᠮᠡᠳᠡᠬᠦᠶ᠂ ᠰᠡᠳᠬᠢᠯᠭᠡ᠂ ᠵᠣᠷᠢᠭ ᠰᠠᠨᠠᠭ᠎ᠠ ᠵᠢᠴᠢ ᠨᠡᠶ᠋ᠢᠭᠡᠮᠴᠢ ᠴᠢᠨᠠᠷᠲᠠᠶ ᠬᠥᠭᠵᠢᠯᠲᠡ ᠵᠢᠨ ᠠᠳᠠᠯᠢ ᠪᠤᠰᠤ ᠱᠠᠲᠤ ᠦᠶ᠎ᠡ ᠵᠢ ᠶᠡᠷᠦᠩᠬᠡᠶ᠋ᠢᠯᠡᠨ ᠪᠣᠳᠣᠯᠬᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠬᠥᠮᠦᠵᠢᠯ᠎ᠢ ᠪᠠᠲᠤ ᠴᠣᠭᠴᠠᠯᠠᠬᠤ ᠵᠢ ᠪᠣᠳᠠᠲᠤ ᠠᠬᠤᠶ᠎ᠯᠤᠭ᠎ᠠ ᠨᠢᠭᠲᠠ ᠵᠣᠯᠭ᠋ᠠᠯᠳᠤᠭᠤᠯᠬᠤ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ᠂ ᠡᠯ᠎ᠡ ᠰᠤᠷᠤᠯᠭ᠎ᠠ ᠵᠢᠨ ᠱᠠᠲᠤ᠎ᠯᠤᠭ᠎ᠠ ᠪᠦᠬᠦ ᠲᠠᠯ᠎ᠠ᠎ᠪᠠᠷ ᠵᠣᠬᠢᠴᠠᠬᠤ ᠠᠷᠭ᠎ᠠ ᠵᠠᠮ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠬᠥᠮᠦᠨ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃
     ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠬᠦ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠴᠣᠭᠴᠠᠯᠠᠬᠤ ᠬᠡᠷᠡᠭᠲᠡᠶ᠃ ᠴᠢᠨᠠᠷ ᠰᠠᠶ᠋ᠢᠲᠠᠶ ᠬᠥᠭᠵᠢᠯᠲᠡ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠶᠡᠬᠡ ᠳᠡᠭᠡᠳᠦ ᠰᠤᠷᠭ᠋ᠠᠭᠤᠯᠢ ᠵᠢᠨ᠎ᠬᠢᠨ ᠤᠯᠤᠰ᠎ᠤᠨ ᠪᠠᠶ᠋ᠢᠯᠳᠤᠬᠤ ᠪᠣᠳᠣᠯᠭ᠎ᠠ᠎ᠲᠠᠢ ᠨᠠᠩ  ᠭᠦᠢ᠍ᠴᠡᠳ ᠵᠣᠯᠭ᠋ᠠᠭᠤᠯᠵᠤ᠂ ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ  ᠦᠢ᠍ᠯᠡᠴᠢᠯᠡᠬᠦ ᠲᠠᠯ᠎ᠠ᠎ᠪᠠᠷ ᠨᠠᠩ ᠢᠳᠡᠪᠬᠢᠲᠡᠶ ᠬᠦᠴᠦᠯᠡᠵᠦ᠂ ᠡᠯ᠎ᠡ ᠭᠠᠵᠠᠷ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ᠎ᠳᠤ ᠨᠠᠩ ᠰᠠᠶ᠋ᠢᠲᠤᠷ ᠦᠢ᠍ᠯᠡᠴᠢᠯᠡᠬᠦ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
     ᠠᠵᠤ ᠦᠢ᠍ᠯᠡᠰ᠎ᠤᠨ ᠬᠥᠭᠵᠢᠯᠲᠡ᠎ᠳᠤ ᠬᠠᠨᠳᠤᠭᠤᠯᠤᠨ ᠬᠡᠷᠡᠭᠯᠡᠭᠡᠨ᠎ᠤ ᠴᠢᠳᠠᠪᠤᠷᠢᠲᠠᠨ᠎ᠢ ᠬᠥᠮᠦᠵᠢᠭᠦᠯᠦᠨ᠎ᠡ᠃ ᠣᠳᠣᠬᠢᠴᠢᠯᠠᠭᠰᠠᠨ ᠠᠵᠤ   ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠭ᠋ᠠᠨ ᠬᠥᠮᠦᠵᠢᠯ ᠪᠣᠯᠤᠨ ᠠᠵᠤ   ᠦᠢ᠍ᠯᠡᠰ᠎ᠤᠨ ᠡᠬᠢ ᠪᠠᠶᠠᠯᠢᠭ᠎ᠤᠨ ᠬᠠᠮᠵᠢᠯᠴᠠᠨ ᠬᠥᠮᠦᠨ ᠬᠥᠮᠦᠵᠢᠭᠦᠯᠬᠦ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠣᠷᠣᠨ ᠨᠤᠲᠤᠭ᠎ᠲᠠᠢ ᠬᠠᠮᠲᠤ᠎ᠪᠠᠷ ᠰᠦᠪᠡᠭᠴᠢᠯᠡᠵᠦ ᠬᠠᠮᠲᠤ᠎ᠪᠠᠷ ᠡᠭᠦᠳᠴᠦ ᠬᠠᠮᠲᠤ᠎ᠪᠠᠷ ᠤᠷᠤᠭᠰᠢᠯᠠᠬᠤ ᠵᠢ ᠴᠢᠬᠤᠯᠠᠴᠢᠯᠠᠵᠤ᠂ ᠤᠯᠠᠮᠵᠢᠯᠠᠯᠲᠤ ᠠᠵᠤ   ᠦᠢ᠍ᠯᠡᠰ᠎ᠤᠨ ᠲᠠᠰ ᠳᠡᠪᠰᠢᠬᠦ ᠪᠠ ᠰᠢᠨ᠎ᠡ᠎ᠪᠠᠷ ᠮᠠᠨᠳᠤᠭᠰᠠᠨ ᠠᠵᠤ   ᠦᠢ᠍ᠯᠡᠰ᠎ᠢ ᠪᠣᠶ᠋ᠢᠵᠢᠭᠤᠯᠬᠤ ᠰᠢᠨ᠎ᠡ ᠴᠢᠭᠯᠡᠯ ᠰᠢᠨ᠎ᠡ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠮᠵᠢᠯᠠᠯᠲᠤ ᠰᠢᠨᠵᠢᠯᠡᠭᠡᠨ᠎ᠤ ᠰᠠᠯᠠᠭ᠎ᠠ ᠵᠢ ᠥᠭᠡᠷᠡᠴᠢᠯᠡᠨ᠂ ᠰᠢᠨ᠎ᠡ᠎ᠪᠠᠷ ᠮᠠᠨᠳᠤᠭᠰᠠᠨ ᠰᠢᠨᠵᠢᠯᠡᠭᠡᠨ᠎ᠤ ᠰᠠᠯᠠᠭ᠎ᠠ ᠵᠢ ᠬᠥᠭᠵᠢᠭᠦᠯᠵᠦ᠂ ᠰᠣᠯᠪᠢᠴᠠᠯ ᠰᠢᠨᠵᠢᠯᠡᠭᠡᠨ᠎ᠤ ᠰᠠᠯᠠᠭ᠎ᠠ ᠵᠢ ᠪᠣᠶ᠋ᠢᠵᠢᠭᠤᠯᠤᠨ᠎ᠠ᠃ ᠠᠵᠤ   ᠦᠢ᠍ᠯᠡᠰ᠎ᠤᠨ ᠬᠡᠯᠬᠢᠶ᠎ᠡ ᠪᠠ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠎ᠢ ᠶᠡᠬᠡ᠎ᠪᠠᠷ ᠠᠬᠢᠭᠤᠯᠵᠤ᠂ ᠠᠵᠤ   ᠦᠢ᠍ᠯᠡᠰ᠎ᠤᠨ ᠲᠦᠷᠦᠭᠦᠦ ᠬᠡᠰᠡᠭ᠎ᠤᠨ ᠠᠵᠤ ᠠᠬᠤᠶ᠋ᠢᠯᠠᠯ᠂ ᠳᠠᠭ᠋ᠠᠭᠤᠯᠤᠭᠴᠢ ᠠᠵᠤ ᠠᠬᠤᠶ᠋ᠢᠯᠠᠯ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠤᠷᠭ᠋ᠠᠭᠤᠯᠢ ᠠᠵᠤ ᠠᠬᠤᠶ᠋ᠢᠯᠠᠯ ᠨᠢᠭᠲᠠ ᠬᠠᠮᠵᠢᠯᠴᠠᠭᠰᠠᠨ ᠡᠯ᠎ᠡ ᠦᠨᠳᠦᠰᠦᠲᠡᠨ᠎ᠤ ᠴᠢᠳᠠᠪᠤᠷᠢᠲᠠᠨ᠎ᠢ ᠬᠥᠮᠦᠵᠢᠭᠦᠯᠬᠦ ᠬᠠᠮᠲᠤ ᠵᠢᠨ ᠴᠣᠭᠴᠠ ᠵᠢ ᠪᠠᠶ᠋ᠢᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ ᠪᠠ ᠠᠵᠤ   ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢᠨ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠵᠦ᠂ ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠨᠠᠩ ᠰᠠᠶ᠋ᠢᠨ ᠵᠶ᠋ᠠᠷ ᠬᠦᠴᠦᠨ ᠨᠡᠮᠡᠷᠢᠯᠡᠵᠦ᠂ ᠬᠥᠭᠵᠢᠯᠲᠡ ᠵᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠩ ᠣᠯᠠᠨ ᠨᠠᠩ ᠡᠷᠬᠡ ᠲᠡᠭᠰᠢ᠎ᠪᠠᠷ ᠬᠦᠷᠲᠡᠭᠡᠨ᠎ᠡ᠃
     ᠨᠡᠶ᠋ᠢᠭᠡᠮ᠎ᠤᠨ ᠬᠥᠭᠵᠢᠯᠲᠡ᠎ᠳᠤ ᠬᠠᠨᠳᠤᠭᠤᠯᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠷᠡᠭᠲᠡᠶ᠃ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠪᠠ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠲᠠᠢ ᠨᠢᠭᠲᠠ ᠤᠶᠠᠯᠳᠤᠭᠤᠯᠤᠨ᠂ ᠨᠡᠶ᠋ᠢᠭᠡᠮ᠎ᠤᠨ ᠪᠠᠴᠢᠮ ᠱᠠᠭ᠋ᠠᠷᠳᠠᠭᠳᠠᠵᠤ ᠪᠠᠶ᠋ᠢᠭ᠎ᠠ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠢ ᠬᠦᠴᠦᠷᠬᠡᠭᠵᠢᠭᠦᠯᠦᠨ᠂ ᠡᠯ᠎ᠡ ᠠᠵᠢᠯ ᠲᠥᠷᠥᠯ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠬᠥᠮᠦᠨ ᠬᠥᠮᠦᠵᠢᠭᠦᠯᠬᠦ ᠬᠢᠴᠢᠶᠡᠯ᠎ᠤᠨ   ᠲᠢᠩᠬᠢᠮ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠡᠮᠴᠢᠯᠡᠭᠡ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠨᠡᠶ᠋ᠢᠭᠡᠮ᠎ᠤᠨ ᠵᠠᠰᠠᠯᠲᠠ ᠵᠡᠷᠭᠡ ᠡᠯ᠎ᠡ ᠬᠦᠷᠢᠶᠡᠨ᠎ᠳᠤ ᠪᠠᠶ᠋ᠢᠷᠢᠯᠠᠭᠤᠯᠵᠤ᠂ ᠣᠷᠣᠨ ᠨᠤᠲᠤᠭ᠎ᠤᠨ ᠬᠥᠭᠵᠢᠯᠲᠡ᠎ᠳᠤ ᠪᠠᠲᠤ ᠪᠠᠬᠢ ᠴᠢᠳᠠᠪᠤᠷᠢᠲᠠᠨ᠎ᠤ ᠲᠤᠯᠭ᠋ᠠᠭᠤᠷᠢᠯᠠᠯ ᠪᠠ ᠣᠶᠤᠨ᠎ᠤ ᠳᠡᠮᠵᠢᠯᠭᠡ ᠬᠠᠩᠭ᠋ᠠᠨ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠵᠢᠨ ᠬᠡᠷᠡᠭᠴᠡᠭᠡ ᠪᠠ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ  ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠨ᠎ᠠ᠃
     ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠣᠰᠢᠭᠤᠷᠠᠯ ᠴᠢᠳᠠᠪᠤᠷᠢᠲᠠᠨ ᠬᠥᠮᠦᠵᠢᠭᠦᠯᠬᠦ᠃ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠠᠮᠤᠭ᠎ᠤᠨ ᠬᠣᠰᠢᠭᠤᠷᠠᠯ ᠪᠠ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠷᠢ ᠰᠤᠳᠤᠯᠭ᠋ᠠᠨ᠎ᠤ ᠭᠣᠣᠯ ᠬᠦᠴᠦᠨ ᠪᠠ ᠴᠢᠬᠤᠯᠠ ᠶᠡᠬᠡ ᠮᠡᠷᠭᠡᠵᠢᠯ᠎ᠤᠨ ᠰᠢᠪᠲᠤᠯᠤᠯᠲᠠ ᠵᠢᠨ ᠭᠤᠯᠤᠮᠳᠠ ᠣᠷᠣᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠡᠭᠦᠷᠭᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠴᠦᠨ᠂ ᠡᠬᠢ ᠪᠠᠶᠠᠯᠢᠭ᠎ᠤᠨ ᠲᠠᠪᠴᠠᠩ᠂ ᠣᠷᠣᠨ ᠪᠦᠰᠡ ᠵᠢᠨ ᠰᠢᠨ᠎ᠡ ᠵᠢ ᠡᠭᠦᠳᠬᠦ ᠵᠡᠷᠭᠡ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢ ᠨᠢᠭᠡᠳᠦᠯᠲᠡᠢ ᠲᠥᠯᠥᠪᠵᠢᠭᠦᠯᠬᠦ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠵᠣᠬᠢᠴᠠᠭᠰᠠᠨ ᠶᠡᠬᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠤ ᠬᠥᠭᠵᠢᠯᠲᠡ ᠵᠢᠨ ᠠᠮᠢ ᠠᠬᠤᠢ ᠵᠢᠨ ᠰᠢᠰᠲ᠋ᠧᠮ᠎ᠢ ᠢᠳᠡᠪᠬᠢᠲᠡᠢ ᠪᠠᠶ᠋ᠢᠭᠤᠯᠤᠨ᠎ᠠ᠃ 《ᠣᠷᠣᠶ᠋ᠢᠯᠠᠭᠰᠠᠨ ᠴᠢᠳᠠᠪᠤᠷᠢᠲᠠᠨ + ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠶ᠋ᠢᠭᠤᠯᠤᠯᠲᠠ》 ᠵᠢᠨ ᠲᠣᠭᠲᠠᠴᠠ ᠵᠢ ᠪᠦᠷᠢᠨᠰᠢᠬᠦᠯᠵᠦ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠮᠡᠭᠡ ᠬᠣᠯᠪᠣᠭ᠋ᠠᠨ᠎ᠤ ᠮᠡᠷᠭᠡᠵᠢᠯ᠂ ᠳᠡᠭᠡᠳᠦ ᠲᠠᠰ᠎ᠤᠨ ᠲᠣᠨᠣᠭᠯᠠᠯ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠢᠷᠡᠭᠡᠳᠦᠶ ᠵᠢᠨ ᠠᠵᠤ   ᠦᠢ᠍ᠯᠡᠰ᠎ᠤᠨ ᠬᠥᠭᠵᠢᠯᠲᠡ ᠵᠢᠨ ᠬᠦᠷᠢᠶᠡᠨ᠎ᠳᠤ ᠡᠷᠳᠡᠮ ᠰᠢᠨᠵᠢᠯᠡᠭᠡᠨ᠎ᠤ ᠳᠠᠭ᠋ᠠᠭᠤᠯᠤᠭᠴᠢ ᠴᠢᠳᠠᠪᠤᠷᠢᠲᠠᠨ᠂ ᠤᠯᠤᠰ᠎ᠤᠨ ᠴᠢᠬᠤᠯᠠ ᠶᠡᠬᠡ ᠢᠨᠵᠧᠨᠧᠷᠢᠩ᠎ᠤᠨ ᠬᠦᠷᠢᠶᠡᠨ᠎ᠳᠠᠬᠢ ᠳᠠᠭ᠋ᠠᠭᠤᠯᠤᠭᠴᠢ ᠴᠢᠳᠠᠪᠤᠷᠢᠲᠠᠨ ᠵᠡᠷᠭᠡ ᠣᠷᠣᠶ᠋ᠢᠯᠠᠭᠰᠠᠨ ᠴᠢᠳᠠᠪᠤᠷᠢᠲᠠᠨ᠎ᠢ ᠶᠡᠬᠡ᠎ᠪᠠᠷ ᠬᠥᠮᠦᠵᠢᠭᠦᠯᠵᠦ᠂ ᠨᠠᠩ ᠣᠯᠠᠨ ᠬᠣᠰᠢᠭᠤᠷᠠᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ 《ᠲᠤᠷᠰᠢᠯᠲᠠ ᠵᠢᠨ ᠲᠠᠰᠤᠭ》᠎ᠠᠴᠠ 《ᠬᠡᠷᠡᠭᠯᠡᠭᠡᠨ᠎ᠤ ᠲᠠᠯᠠᠪᠤᠷ》 ᠲᠡᠶ᠋ᠢᠰᠢ ᠲᠦᠷᠭᠡᠨ ᠬᠤᠪᠢᠷᠠᠭᠤᠯᠬᠤ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠨᠡᠶ᠋ᠢᠭᠡᠮ᠎ᠤᠨ ᠳᠠᠪᠰᠢᠯᠲᠠ ᠵᠢ ᠬᠥᠲᠥᠯᠥᠨ ᠳᠠᠭ᠋ᠠᠭᠤᠯᠬᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠪᠤᠶᠠᠨ ᠦᠶᠯᠡᠳᠬᠦ ᠵᠢ ᠠᠬᠢᠭᠤᠯᠤᠨ᠎ᠠ᠃
     ᠭᠠᠳᠠᠭ᠋ᠠᠳᠤ᠎ᠲᠠᠢ ᠰᠣᠯᠢᠯᠴᠠᠭ᠎ᠠ ᠬᠢᠬᠦ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠥᠯᠢᠭᠡᠷ᠎ᠢ ᠰᠠᠶ᠋ᠢᠲᠤᠷ ᠶᠠᠷᠢᠨ᠎ᠠ᠃ ᠶᠡᠬᠡ ᠳᠡᠭᠡᠳᠦ ᠰᠤᠷᠭ᠋ᠠᠭᠤᠯᠢ ᠵᠢᠨ ᠬᠣᠭᠣᠷᠣᠨᠳᠣᠬᠢ ᠤᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ᠎ᠨᠢ ᠨᠢᠭᠡᠨᠲᠡ ᠪᠦᠬᠦ ᠪᠥᠮᠪᠥᠷᠴᠡᠭ᠎ᠤᠨ ᠮᠡᠳᠡᠯᠭᠡ ᠵᠢᠨ ᠳᠠᠮᠵᠢᠭᠤᠯᠭ᠎ᠠ ᠪᠠ ᠰᠣᠶᠣᠯ᠎ᠤᠨ ᠰᠣᠯᠢᠯᠴᠠᠭ᠋ᠠᠨ᠎ᠤ ᠴᠢᠬᠤᠯᠠ ᠭᠣᠭᠴᠣᠭ᠎ᠠ ᠪᠣᠯᠤᠭᠰᠠᠨ ᠪᠠᠶ᠋ᠢᠨ᠎ᠠ᠃ ᠶᠡᠬᠡ ᠳᠡᠭᠡᠳᠦ ᠰᠤᠷᠭ᠋ᠠᠭᠤᠯᠢ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠥᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠶᠡᠬᠡ᠎ᠪᠠᠷ ᠤᠬᠠᠭᠤᠯᠤᠨ ᠲᠠᠨᠢᠯᠴᠠᠭᠤᠯᠬᠤ ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠳᠤᠮᠳᠠᠳᠤ ᠵᠢ ᠣᠶ᠋ᠢᠯᠠᠭ᠋ᠠᠬᠤ ᠨᠥᠬᠥᠷᠰᠡᠭ ᠳᠡᠯᠡᠬᠡᠶ ᠵᠢᠨ ᠶᠠᠷᠢᠶ᠎ᠠ ᠬᠡᠯᠡᠯᠴᠡᠭᠡᠨ᠎ᠤ ᠨᠠᠶ᠋ᠢᠵᠠ ᠵᠢᠨ ᠲᠣᠭᠣᠷᠢᠭ ᠵᠶ᠋ᠠᠨ ᠥᠷᠭᠡᠳᠬᠡᠵᠦ᠂ ᠨᠠᠩ ᠰᠠᠨᠠᠭ᠋ᠠᠴᠢᠯᠠᠭ᠎ᠠ᠎ᠠᠴᠠ᠎ᠪᠠᠨ ᠳᠤᠮᠳᠠᠳᠤ ᠤᠯᠤᠰ᠎ᠤᠨ ᠵᠣᠷᠢᠯᠲᠠ ᠵᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠵᠢᠨ ᠰᠣᠶᠣᠯ᠎ᠢ ᠤᠯᠠᠮᠵᠢᠯᠠᠵᠤ᠂ ᠳᠤᠮᠳᠠᠳᠤ ᠤᠯᠤᠰ᠎ᠤᠨ ᠳᠦᠷᠢ ᠲᠥᠷᠬᠦ ᠵᠢ ᠢᠯᠡᠷᠡᠭᠦᠯᠬᠦ ᠬᠡᠷᠡᠭᠲᠡᠶ᠃
     ᠠᠭᠤᠯᠭ᠎ᠠ ᠵᠢ ᠪᠠᠶᠠᠯᠢᠭᠵᠢᠭᠤᠯᠵᠤ᠂ ᠶᠣᠰᠣ ᠤᠴᠢᠷ᠎ᠢ ᠲᠣᠳᠣᠷᠬᠠᠶ ᠶᠠᠷᠢᠬᠤ᠃ ᠳᠤᠮᠳᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ ᠡᠲᠡᠭᠡᠳ ᠵᠢᠴᠢ ᠠᠷᠠᠳ᠎ᠤᠨ ᠪᠦᠯᠬᠦᠮ᠎ᠤᠨ ᠰᠣᠯᠢᠯᠴᠠᠭ᠎ᠠ ᠬᠤᠷᠰᠢᠯ᠎ᠢ ᠪᠦᠬᠦ ᠲᠠᠯ᠎ᠠ᠎ᠪᠠᠷ᠂ ᠤᠯᠠᠨ ᠠᠷᠭ᠎ᠠ ᠵᠠᠮ ᠵᠶ᠋ᠠᠷ ᠠᠬᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠨᠡᠶ᠋ᠢᠭᠡᠮ ᠵᠢᠷᠤᠮᠲᠤ ᠪᠠᠶ᠋ᠢᠭᠤᠯᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ ᠵᠢᠨ ᠬᠥᠭᠵᠢᠯᠲᠡ ᠲᠠᠪᠰᠢᠯᠳᠠ ᠵᠢᠨ ᠨᠠᠶ᠋ᠢᠳᠠᠪᠤᠷᠢᠲᠠᠢ ᠪᠠᠲᠤᠯᠠᠭ᠎ᠠ ᠪᠣᠯᠬᠤ ᠵᠢ ᠲᠣᠳᠣᠷᠬᠠᠢ ᠶᠠᠷᠢᠵᠤ᠂ ᠳᠤᠮᠳᠠᠳᠤ ᠵᠢᠨ ᠦᠨᠳᠦᠰᠦᠲᠡᠨ ᠪᠣᠯ ᠬᠦᠴᠦᠷᠬᠡᠭ ᠶᠡᠬᠡ ᠮᠡᠳᠡᠷᠡᠮᠵᠢ ᠪᠣᠯᠤᠨ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠬᠤ ᠵᠢ ᠲᠣᠳᠣᠷᠬᠠᠢ ᠶᠠᠷᠢᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠪᠠᠶ᠋ᠢᠬᠤ ᠵᠢ ᠲᠣᠳᠣᠷᠬᠠᠢ ᠶᠠᠷᠢᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠄ ᠠᠨᠠᠷ᠎ᠤᠨ ᠴᠡᠴᠡᠭ ᠳᠡᠯᠭᠡᠷᠡᠵᠦ ᠬᠠᠶ᠋ᠢᠷ᠎ᠠ ᠰᠡᠳᠬᠢᠯᠭᠡ ᠠᠭᠤᠰᠤᠯᠴᠠᠵᠤ ᠭᠠᠷ ᠬᠣᠯᠪᠣᠨ 《ᠢᠵᠢᠯ ᠲᠥᠪᠲᠦ ᠲᠣᠭᠣᠷᠢᠭ》᠎ᠢ ᠵᠢᠷᠤᠭᠯᠠᠪᠠ
ᠦᠨᠳᠦᠰᠦᠨ ᠬᠠᠤᠯᠢ ᠶᠣᠰᠣᠭ᠋ᠠᠷ ᠬᠠᠤᠯᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠦᠷᠢᠮ ᠲᠣᠭᠲᠠᠴᠠ ᠵᠢ ᠪᠦᠷᠢᠨᠰᠢᠭᠦᠯᠦᠨ᠎ᠡ
ᠦᠬᠠᠶ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠲᠦᠩᠯᠢᠶᠣᠤ ᠬᠣᠲᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ 《ᠬᠤᠤᠰ ᠵᠠᠭᠤᠨ᠎ᠤ ᠢᠨᠵᠧᠨᠧᠷᠢᠩ》᠎ᠢ ᠬᠡᠷᠡᠭᠵᠢᠭᠦᠯᠬᠦ᠎ᠪᠠᠷ ᠪᠣᠶ
ᠬᠤᠤᠯᠢᠨ ᠭᠤᠤᠯ ᠬᠣᠲᠠ 《ᠳᠥᠷᠪᠡᠨ ᠳᠡᠭᠡᠭᠰᠢᠯᠡᠯᠲᠡ》 ᠵᠢ ᠴᠢᠬᠤᠯᠠᠴᠢᠯᠠᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠠᠬᠢᠭᠤᠯᠪᠠ
 
            