ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠬᠢᠩᠭ᠋ᠠᠨ ᠠᠶ᠋ᠢᠮᠠᠭ᠄ ᠠᠨᠠᠷ᠎ᠤᠨ ᠴᠡᠴᠡᠭ ᠳᠡᠯᠭᠡᠷᠡᠵᠦ ᠬᠠᠶ᠋ᠢᠷ᠎ᠠ ᠰᠡᠳᠬᠢᠯᠭᠡ ᠠᠭᠤᠰᠤᠯᠴᠠᠵᠤ ᠭᠠᠷ ᠬᠣᠯᠪᠣᠨ 《ᠢᠵᠢᠯ ᠲᠥᠪᠲᠦ ᠲᠣᠭᠣᠷᠢᠭ》᠎ᠢ ᠵᠢᠷᠤᠭᠯᠠᠪᠠ
ᠨᠡᠶ᠋ᠢᠲᠡᠯᠡᠭᠰᠡᠨ ᠴᠠᠭ᠄ 2025-02-19

    ᠤᠢ᠍ᠢ᠍ᠷ᠎ᠠ ᠵᠢᠨ ᠵᠢᠯ᠎ᠠᠴᠠ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢ᠊ ᠢ᠎ᠡ ᠦᠵᠡᠭᠦᠯᠬᠦ ᠬᠣᠰᠢᠭᠤ ᠵᠢ ᠡᠭᠦᠳᠦᠨ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ 《ᠲᠠᠪᠤᠨ ᠨᠢᠭᠡ》 ᠤᠯᠠᠨ ᠲᠦᠮᠡᠨ᠎ᠤ ᠠᠵᠢᠯ᠎ᠤᠨ ᠠᠷᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠤᠬᠠᠭᠤᠯᠭ᠎ᠠ ᠬᠥᠮᠦᠵᠢᠯ᠎ᠢ ᠦᠨᠳᠦᠰᠦᠨ ᠱᠠᠲᠤᠨ᠎ᠤ ᠤᠯᠠᠨ ᠲᠦᠮᠡᠨ᠎ᠳᠤ ᠦᠢ᠍ᠯᠡᠴᠢᠯᠡᠬᠦ᠎ᠲᠠᠢ ᠤᠶᠠᠯᠳᠤᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠠᠯᠢ ᠤᠯᠠᠨ ᠤᠯᠠᠨ ᠲᠦᠮᠡᠨᠴᠢ ᠴᠢᠨᠠᠷᠲᠠᠢ ᠠᠵᠢᠯᠯᠠᠭ᠎ᠠ ᠥᠷᠨᠢᠭᠦᠯᠬᠦ᠎ᠪᠠᠷ ᠲᠠᠮᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠪᠠ᠃

W020250219361383268120_ORIGIN.jpg    

    ᠡᠨᠡ ᠵᠢᠯ᠎ᠤᠨ ᠴᠠᠭ᠋ᠠᠨ ᠰᠠᠷ᠎ᠠ ᠵᠢᠨ ᠠᠷᠪᠠᠨ ᠲᠠᠪᠤᠨ᠎ᠤ ᠥᠯᠵᠡᠶ᠋ᠢᠲᠦ ᠡᠳᠦᠷ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠨᠠᠮ ᠣᠯᠠᠨ ᠲᠦᠮᠡᠨ᠎ᠤ ᠦᠶᠯᠡᠴᠢᠯᠡᠭᠡᠨ᠎ᠤ ᠲᠥᠪ᠎ᠤᠨ ᠰᠠᠶ᠋ᠢᠬᠠᠨ ᠨᠡᠶ᠋ᠢᠭᠡᠮ ᠲᠣᠭᠣᠷᠢᠭ᠎ᠲᠤ᠂ ᠲᠠᠪᠤᠨ ᠥᠩᠭᠡ ᠵᠢᠨ ᠰᠣᠯᠣᠩᠭ᠋ᠠᠷᠠᠭᠰᠠᠨ ᠬᠡᠶ ᠪᠥᠮᠪᠥᠭᠡ᠂ ᠪᠠᠶᠠᠷ ᠪᠠᠶᠠᠰᠤᠯ᠎ᠲᠠᠢ ᠵᠠᠰᠠᠯ ᠴᠢᠮᠡᠭᠯᠡᠯ᠎ᠤᠨ ᠡᠳ᠋᠎ᠢ ᠣᠨᠴᠠᠭ᠋ᠠᠶ ᠬᠠᠯᠠᠭᠤᠨ ᠳᠤᠯᠠᠭ᠋ᠠᠨ ᠪᠣᠯᠭ᠋ᠠᠵᠤ᠂ ᠨᠡᠶ᠋ᠢᠭᠡᠮ ᠲᠣᠭᠣᠷᠢᠭ᠎ᠤᠨ ᠡᠯ᠎ᠡ ᠦᠨᠳᠦᠰᠦᠲᠡᠨ᠎ᠠᠴᠠ ᠢᠷᠡᠭᠰᠡᠨ ᠬᠡᠳᠦᠨ ᠠᠷᠪᠠᠨ ᠬᠡᠷ ᠪᠦᠯᠢ ᠵᠢᠨ᠎ᠬᠢᠨ ᠬᠠᠮᠲᠤ᠎ᠪᠠᠷ ᠥᠩᠭᠡᠲᠦ ᠳ᠋ᠧᠩ ᠵᠣᠬᠢᠶᠠᠵᠤ᠂ ᠪᠠᠶᠠᠷ ᠬᠥᠷ ᠵᠶ᠋ᠠᠷ ᠪᠢᠯᠬᠠᠵᠤ᠂ ᠬᠥᠷ ᠬᠥᠭᠵᠢᠶᠡᠨ ᠵᠶ᠋ᠠᠷ ᠪᠢᠯᠬᠠᠵᠤ ᠪᠠᠶ᠋ᠢᠯ᠎ᠠ᠃

W020250219361385496099_ORIGIN.jpg


     ᠬᠠᠨ ᠠᠭᠤᠯᠠ ᠨᠡᠶ᠋ᠢᠭᠡᠮ ᠲᠣᠭᠣᠷᠢᠭ᠎ᠤᠨ 《1446》 ᠠᠵᠢᠯ᠎ᠤᠨ ᠠᠷᠭ᠎ᠠ ᠵᠢ ᠰᠦᠪᠡᠭᠴᠢᠯᠡᠵᠦ᠂ ᠡᠯ᠎ᠡ ᠦᠨᠳᠦᠰᠦᠲᠡᠨ᠎ᠤ ᠰᠠᠭᠤᠭ᠋ᠠᠯᠢ ᠠᠷᠠᠳ᠎ᠤᠨ ᠬᠦᠴᠢᠷ ᠠᠰᠠᠭᠤᠳᠠᠯ᠎ᠢ  ᠰᠢᠢ᠍ᠳᠪᠦᠷᠢᠯᠡᠵᠤ ᠥᠭᠭᠦᠨ᠎ᠡ; ᠮᠠᠨᠳᠤᠯ᠎ᠠ ᠨᠡᠶ᠋ᠢᠭᠡᠮ ᠲᠣᠭᠣᠷᠢᠭ᠎ᠤᠨ 《ᠵᠣᠯ ᠵᠢᠷᠭ᠋ᠠᠯᠲᠤ ᠬᠣᠭᠣᠯᠠᠨ ᠬᠡᠷ》᠎ᠨᠢ ᠬᠥᠷᠰᠢ ᠵᠡᠷᠭᠡᠯᠡᠳᠡᠭᠡ ᠵᠢᠨ ᠬᠣᠭᠣᠷᠣᠨᠳᠣᠬᠢ ᠬᠠᠮᠲᠤ ᠵᠢᠨ ᠬᠣᠭᠣᠯᠠ ᠪᠣᠯᠬᠤ 《ᠬᠠᠭᠤᠴᠢᠨ ᠭᠠᠵᠠᠷ》 ᠪᠣᠯᠪᠠ; ᠬᠤᠤᠯᠢᠨ ᠭᠤᠤᠯ ᠨᠡᠶ᠋ᠢᠭᠡᠮ ᠲᠣᠭᠣᠷᠢᠭ᠎ᠤᠨ 《ᠬᠣᠩ ᠹᠧᠩ᠎ᠤᠨ ᠵᠢᠷᠤᠮ᠎ᠤᠨ ᠴᠠᠭᠳᠠᠭ᠎ᠠ ᠵᠢᠨ ᠲᠣᠭᠣᠷᠢᠨ ᠰᠤᠷᠪᠤᠯᠵᠢᠯᠠᠬᠤ ᠠᠩᠭᠢ》 ᠦᠨᠳᠦᠰᠦᠲᠡᠨ᠎ᠨᠦᠭᠦᠳ᠎ᠤᠨ ᠰᠠᠭᠤᠭ᠋ᠠᠯᠢ ᠠᠷᠠᠳ᠎ᠤᠨ ᠥᠪᠡᠷᠲᠡᠭᠡᠨ ᠬᠠᠮᠢᠶᠠᠷᠬᠤ ᠵᠢ ᠪᠡᠶᠡᠯᠡᠭᠦᠯᠪᠡ; ᠬᠥᠭᠵᠢᠯ ᠨᠡᠶ᠋ᠢᠭᠡᠮ ᠲᠣᠭᠣᠷᠢᠭ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠬᠡᠷ᠎ᠲᠡᠭᠡᠨ ᠬᠦᠷᠭᠡᠵᠦ᠂ ᠪᠢᠴᠢᠯ ᠬᠦᠰᠡᠯ ᠡᠷᠡᠮᠡᠯᠵᠡᠯ ᠵᠶ᠋ᠠᠷ ᠪᠢᠴᠢᠯ ᠵᠠᠰᠠᠯᠲᠠ ᠬᠢᠬᠦ ᠵᠢ ᠠᠬᠢᠭᠤᠯᠤᠨ᠎ᠠ; 18 ᠰᠠᠭᠤᠭ᠋ᠠᠯᠢ ᠠᠷᠠᠳ᠎ᠤᠨ ᠲᠣᠭᠣᠷᠢᠭ᠎ᠲᠤ ᠥᠮᠴᠢᠲᠡᠨ᠎ᠤ ᠵᠥᠪᠯᠡᠯ ᠪᠠᠶ᠋ᠢᠭᠤᠯᠵᠤ᠂ 49 ᠰᠠᠭᠤᠭ᠋ᠠᠯᠢ ᠠᠷᠠᠳ᠎ᠤᠨ ᠲᠣᠭᠣᠷᠢᠭ᠎ᠲᠤ ᠠᠳᠠᠯ ᠠᠬᠤᠶ ᠵᠢᠨ ᠬᠠᠮᠢᠶᠠᠷᠤᠯᠲᠠ ᠵᠢᠨ ᠵᠥᠪᠯᠡᠯ ᠪᠠᠶ᠋ᠢᠭᠤᠯᠪᠠ᠂ ᠣᠲᠣ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠡᠯ᠎ᠡ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ ᠨᠢᠭᠡ ᠬᠡᠷ᠎ᠤᠨ ᠬᠥᠮᠦᠨ ᠰᠢᠭ ᠳᠣᠲᠣᠨᠣ ᠪᠣᠯᠵᠣ᠂ ᠦᠨᠳᠦᠰᠦᠲᠡᠨ᠎ᠤ ᠪᠦᠯᠬᠦᠮᠳᠡᠯ᠎ᠤᠨ 《ᠢᠵᠢᠯ ᠲᠥᠪᠲᠦ ᠲᠣᠭᠣᠷᠢᠭ》᠎ᠢ ᠤᠯᠠᠮ ᠶᠡᠬᠡ ᠪᠣᠯᠭ᠋ᠠᠪᠠ᠃

W020250219361385514411_ORIGIN.jpg


     ᠬᠠᠯᠠᠭᠤᠨ ᠳᠤᠯᠠᠭ᠋ᠠᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ  ᠦᠢ᠍ᠯᠡᠴᠢᠯᠡᠬᠡᠨ᠎ᠤ ᠲᠥᠪ᠎ᠤᠨ ᠠᠵᠢᠯ ᠶᠠᠪᠤᠳᠠᠯ ᠭᠦᠢ᠍ᠴᠡᠳᠬᠡᠬᠦ ᠲᠢᠩᠬᠢᠮ᠎ᠳᠤ᠂ 《ᠬᠤᠤᠰ ᠬᠡᠯᠡᠨ᠎ᠤ  ᠦᠢ᠍ᠯᠡᠴᠢᠯᠡᠬᠡᠨ᠎ᠤ ᠴᠣᠩᠬᠣ》᠎ᠳᠤ ᠦᠨᠳᠦᠰᠦᠲᠡᠨ᠎ᠤ ᠪᠦᠯᠬᠦᠮᠳᠡᠯ᠎ᠤᠨ ᠴᠡᠴᠡᠭ ᠮᠢᠷᠠᠯᠵᠠᠨ ᠳᠡᠯᠭᠡᠷᠡᠵᠦ ᠪᠠᠶ᠋ᠢᠯ᠎ᠠ᠃ ᠡᠨᠳᠡ᠂ ᠠᠵᠢᠯᠲᠠᠳ ᠤᠷᠤᠰᠤᠮ᠎ᠠ ᠰᠠᠶ᠋ᠢᠬᠠᠨ ᠬᠣᠣᠰ ᠬᠡᠯᠡ᠎ᠪᠠᠷ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ᠎ᠪᠠᠷ ᠢᠷᠡᠭᠰᠡᠨ ᠤᠯᠠᠨ ᠲᠦᠮᠡᠨ᠎ᠲᠠᠢ ᠶᠠᠷᠢᠯᠴᠠᠵᠤ᠂ ᠰᠠᠭᠤᠭ᠋ᠠᠯᠢ ᠠᠷᠠᠳ᠎ᠲᠤ ᠣᠶ᠋ᠢᠯᠠᠭ᠋ᠠᠯᠴᠠᠨ ᠨᠡᠪᠲᠡᠷᠡᠯᠴᠡᠬᠦ ᠬᠥᠭᠥᠷᠭᠡ ᠪᠠᠶ᠋ᠢᠭᠤᠯᠵᠤ ᠥᠭᠴᠡᠢ᠃

W020250219361848988392_ORIGIN.jpg


    《ᠡᠨᠡ ᠬᠦ᠌ ᠴᠤᠩᠬᠤᠪᠴᠢ ᠵᠢᠨ ᠦᠢ᠍ᠯᠡᠴᠢᠯᠡᠭᠡ ᠮᠠᠰᠢ ᠰᠠᠢ᠍ᠢ᠍ᠨ᠂ ᠰᠣᠯᠢᠯᠴᠠᠭ᠎ᠠ ᠴᠤ᠌ ᠬᠠᠷᠰᠢ ᠰᠠᠭ᠋ᠠᠳ ᠦᠭᠡᠢ᠂ ᠠᠵᠢᠯᠲᠠᠳ ᠲᠣᠪ ᠲᠣᠳᠣᠷᠬᠠᠢ ᠲᠠᠶ᠋ᠢᠯᠪᠤᠷᠢᠯᠠᠵᠠᠢ》 ᠭᠡᠵᠦ ᠲᠦᠯᠡᠭᠡ ᠮᠣᠳᠣ ᠪᠠᠯᠭ᠋ᠠᠰᠤᠨ᠎ᠤ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠮᠢᠩ ᠶᠤᠸᠠᠢ ᠬᠡᠯᠡᠪᠡ᠃
     ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠪᠣᠳᠠᠲᠠᠶ ᠪᠥᠭᠡᠳ ᠨᠠᠷᠢᠯᠢᠭ ᠬᠢᠬᠦ ᠵᠢᠨ ᠲᠥᠯᠥᠭᠡ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠪᠥᠬᠥ ᠬᠣᠰᠢᠭᠤᠨ᠎ᠤ ᠮᠣᠩᠭᠣᠯ ᠦᠨᠳᠦᠰᠦᠲᠡᠨ᠎ᠤ ᠬᠥᠮᠦᠨ ᠠᠮᠠ ᠨᠡᠯᠢᠶᠡᠳ ᠣᠯᠠᠨ᠂ ᠣᠯᠠᠨ ᠲᠦᠮᠡᠨ ᠠᠵᠢᠯ ᠶᠠᠪᠤᠳᠠᠯ ᠬᠢᠬᠦ᠎ᠳᠡᠭᠡᠨ ᠨᠡᠪᠲᠡᠷᠡᠯᠴᠡᠬᠦ᠎ᠳᠤ ᠬᠦᠴᠢᠷᠲᠡᠶ ᠪᠠᠶ᠋ᠢᠬᠤ ᠪᠠᠶ᠋ᠢᠳᠠᠯ᠎ᠳᠤ ᠴᠢᠭᠯᠡᠭᠦᠯᠦᠨ᠂ 《ᠬᠢᠲᠠᠳ ᠬᠡᠯᠡ + ᠮᠣᠩᠭᠣᠯ ᠬᠡᠯᠡ》 ᠵᠢᠨ ᠬᠤᠤᠰ ᠬᠡᠯᠡᠨ᠎ᠤ ᠦᠢ᠍ᠯᠡᠴᠢᠯᠡᠭᠡ ᠵᠢ ᠢᠳᠡᠪᠬᠢᠲᠡᠶ ᠠᠬᠢᠭᠤᠯᠵᠤ᠂ ᠮᠣᠩᠭᠣᠯ ᠦᠨᠳᠦᠰᠦᠲᠡᠨ᠎ᠤ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠰᠢᠯᠤᠭᠤᠳᠬᠠᠵᠤ᠂ ᠳᠥᠭᠥᠮ ᠳᠥᠲᠡ᠂ ᠳᠣᠲᠣᠨᠣ ᠦᠢ᠍ᠯᠡᠴᠢᠯᠡᠭᠡ ᠬᠠᠩᠭ᠋ᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃

W020250219361849077957_ORIGIN.jpg


    《ᠪᠤᠰᠤᠳ ᠭᠠᠴᠠᠭ᠎ᠠ ᠬᠢᠵᠦ ᠴᠢᠳᠠᠬᠤ ᠵᠦᠢ᠍ᠯ᠎ᠢ ᠮᠠᠨ᠎ᠤ ᠭᠠᠴᠠᠭ᠎ᠠ ᠴᠤ᠌ ᠠᠳᠠᠯᠢᠬᠠᠨ ᠬᠢᠵᠦ ᠴᠢᠳᠠᠨ᠎ᠠ᠃》 2023 ᠣᠨ᠎ᠳᠤ᠂ ᠲᠣᠰᠬᠣᠨ᠎ᠤ ᠠᠷᠠᠳ ᠳ᠋ᠦᠩ ᠴᠠᠩ ᠪᠦᠦ᠎ᠲᠠᠢ ᠬᠠᠮᠲᠤᠷᠠᠨ ᠭᠢᠷᠢᠨ ᠮᠤᠵᠢ ᠵᠢᠨ ᠲᠦᠩ ᠢᠦᠶ ᠰᠢᠶᠠᠨ᠎ᠤ ᠪᠦᠯᠬᠦᠮᠳᠡᠯ ᠰᠢᠶᠠᠩ᠎ᠳᠤ ᠬᠦᠷᠴᠦ ᠲᠥᠷᠥᠯ ᠰᠠᠳᠤᠨ ᠵᠶ᠋ᠠᠨ ᠡᠷᠬᠢᠨ ᠦᠵᠡᠬᠦ᠎ᠳᠡᠭᠡᠨ᠂ ᠬᠥᠳᠡᠭᠡ ᠲᠣᠰᠬᠣᠨ᠎ᠤ ᠠᠷᠠᠳ ᠪᠠᠷᠤᠭ ᠠᠶ᠋ᠢᠯ ᠪᠣᠯᠭ᠋ᠠᠨ ᠴᠥᠮ ᠤᠯᠠᠭ᠋ᠠᠨ ᠯᠠᠵᠤᠤ ᠳᠠᠷᠢᠵᠤ᠂ ᠵᠢᠯ ᠪᠦᠷᠢ ᠵᠥᠪᠬᠡᠨ ᠯᠠᠵᠤᠤ ᠳᠠᠷᠢᠪᠠᠯ ᠪᠠᠭ᠎ᠠ ᠪᠤᠰᠤ ᠣᠷᠣᠯᠭ᠎ᠠ᠎ᠲᠠᠢ ᠪᠣᠯᠬᠤ ᠵᠢ ᠣᠶ᠋ᠢᠯᠠᠭ᠋ᠠᠪᠠ᠃ ᠪᠦᠯᠬᠦᠮᠳᠡᠯ ᠰᠢᠶᠠᠩ᠎ᠠᠴᠠ ᠵᠥᠪᠬᠡᠨ 20 ᠭᠠᠷᠤᠶ ᠺᠢᠯᠣᠮᠧᠲᠷ ᠵᠠᠶ᠋ᠢᠲᠠᠶ᠂ ᠬᠥᠷᠥᠰᠥ ᠰᠢᠷᠣᠶ ᠪᠠ ᠠᠭᠤᠷ ᠠᠮᠢᠰᠬᠤᠯ᠎ᠨᠢ ᠮᠠᠰᠢ ᠠᠳᠠᠯᠢᠪᠲᠤᠷ᠂ ᠤᠯᠠᠭ᠋ᠠᠨ ᠯᠠᠵᠤᠤ ᠳᠠᠷᠢᠬᠤ᠎ᠳᠤ ᠳᠣᠭᠢᠷᠠᠨ᠎ᠠ᠃ ᠡᠭᠦᠨ᠎ᠠᠴᠠ ᠡᠬᠢᠯᠡᠨ ᠪᠦᠯᠬᠦᠮᠳᠡᠯ ᠰᠢᠶᠠᠩ᠎ᠲᠠᠢ ᠬᠣᠯᠪᠣᠭ᠋ᠠᠯᠠᠨ ᠬᠠᠮᠳᠤᠷᠠᠨ ᠠᠵᠢᠯᠯᠠᠬᠤ ᠠᠶᠠᠯᠠᠯ᠎ᠢ ᠡᠬᠢᠯᠡᠭᠦᠯᠪᠡ᠃

W020250219361849094847_ORIGIN.jpg


    《ᠪᠤᠴᠠᠵᠤ ᠢᠷᠡᠭᠰᠡᠨ᠎ᠤ ᠳᠠᠷᠠᠭ᠎ᠠ᠂ ᠪᠢ ᠭᠠᠴᠠᠭ᠋ᠠᠨ᠎ᠤ ᠨᠠᠮ᠎ᠤᠨ ᠡᠭᠦᠷ᠎ᠤᠨ ᠱᠦᠵᠢ ᠭᠤᠤ ᠯᠢ ᠵᠢᠶᠦ᠋ᠨ᠎ᠳᠤ ᠪᠠᠶ᠋ᠢᠳᠠᠯ᠎ᠢ ᠲᠤᠰᠬᠠᠵᠤ᠂ ᠮᠠᠰᠢ ᠠᠮᠵᠢᠯᠲᠠ᠎ᠲᠠᠢ ᠲᠤᠷᠰᠢᠨ ᠲᠠᠷᠢᠪᠠ᠃ ᠤᠳᠤ ᠪᠢᠳᠡ ᠪᠠᠰᠠ ᠰᠢᠨ᠎ᠡ ᠲᠣᠨᠣᠭ ᠲᠥᠬᠥᠭᠡᠷᠦᠮᠵᠢ ᠣᠷᠣᠭᠤᠯᠪᠠ᠂ ᠮᠧᠬᠠᠨᠢᠭᠵᠢᠭᠤᠯᠤᠨ ᠠᠵᠢᠯᠯᠠᠬᠤ ᠵᠢ ᠪᠡᠶᠡᠯᠡᠭᠦᠯᠵᠦ ᠪᠣᠯᠤᠨ᠎ᠠ》  ᠭᠡᠵᠤ ᠳ᠋ᠦᠩ ᠴᠠᠩ ᠪᠦᠦ ᠭᠠᠴᠠᠭ᠋ᠠᠨ᠎ᠤ ᠰᠢᠨ᠎ᠡ ᠣᠷᠣᠭᠤᠯᠤᠭᠰᠠᠨ ᠯᠠᠵᠤᠤ ᠬᠠᠳᠤᠵᠤ ᠬᠤᠷᠢᠶᠠᠬᠤ ᠮᠠᠰᠢᠨ᠎ᠢ ᠵᠢᠭ᠋ᠠᠵᠤ ᠢᠨᠢᠶᠡᠮᠰᠦᠭᠯᠡᠨ ᠬᠡᠯᠡᠪᠡ᠃

W020250219362446912566_ORIGIN.jpg


     ᠣᠯᠠᠨ ᠤᠳᠠᠭ᠋ᠠᠨ᠎ᠤ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠷᠤᠯᠴᠠᠬᠤ᠎ᠪᠠᠷ ᠳᠠᠮᠵᠢᠨ 《ᠨᠠᠮ᠎ᠤᠨ ᠡᠭᠦᠷ + ᠠᠵᠤ ᠠᠬᠤᠶ᠋ᠢᠯᠠᠯ + ᠲᠠᠷᠢᠶᠠᠴᠢᠨ ᠡᠷᠦᠬᠡ》 ᠵᠢᠨ ᠬᠥᠭᠵᠢᠯᠲᠡ ᠵᠢᠨ ᠬᠡᠯᠪᠡᠷᠢ ᠵᠢ ᠰᠦᠪᠡᠭᠴᠢᠯᠡᠨ ᠬᠡᠷᠡᠭᠵᠢᠭᠦᠯᠪᠡ᠃ 2023 ᠣᠨ᠎ᠳᠤ ᠭᠢᠷᠢᠨ ᠮᠤᠵᠢ ᠵᠢᠨ ᠲᠤᠤ ᠨᠠᠨ ᠬᠣᠲᠠ ᠵᠢᠨ ᠨᠢᠭᠡᠨ ᠢᠳᠡᠭᠡᠨ ᠬᠤᠳᠠᠯᠳᠤᠨ ᠠᠪᠬᠤ ᠺᠣᠮᠫᠠᠨᠢ᠎ᠲᠠᠢ ᠤᠯᠠᠭ᠋ᠠᠨ ᠯᠠᠵᠤᠤ ᠬᠤᠳᠠᠯᠳᠤᠨ ᠠᠪᠬᠤ ᠭᠡᠷ᠎ᠡ ᠲᠣᠭᠲᠠᠵᠤ᠂ ᠲᠠᠷᠢᠮᠠᠯ᠎ᠤᠨ ᠡᠷᠦᠬᠡ᠎ᠨᠦᠭᠦᠳ ᠡᠯᠪᠡᠭ ᠬᠤᠷᠢᠶᠠᠯᠲᠠ ᠣᠯᠵᠠᠶ᠃ 2024 ᠣᠨ᠎ᠳᠤ ᠪᠠᠰᠠ ᠰᠢᠨ᠎ᠡ ᠡᠭᠦᠯᠳᠡᠷ᠎ᠤᠨ ᠤᠯᠠᠭ᠋ᠠᠨ ᠯᠠᠵᠤᠤ ᠨᠡᠮᠡᠵᠦ᠂ ᠭᠢᠷᠢᠨ ᠮᠤᠵᠢ ᠵᠢᠨ ᠲᠦᠩ ᠢᠦᠶ ᠰᠢᠶᠠᠨ᠎ᠤ ᠬᠣᠶᠠᠷ ᠠᠵᠤ ᠠᠬᠤᠶ᠋ᠢᠯᠠᠯ᠎ᠲᠠᠢ ᠬᠤᠳᠠᠯᠳᠤᠨ ᠠᠪᠬᠤ ᠭᠡᠷ᠎ᠡ ᠲᠣᠭᠲᠠᠵᠤ᠂ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠪᠡ᠃

W020250219362446946620_ORIGIN.jpg


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠨᠳᠦᠰᠦᠨ ᠬᠠᠤᠯᠢ ᠶᠣᠰᠣᠭ᠋ᠠᠷ ᠬᠠᠤᠯᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠦᠷᠢᠮ ᠲᠣᠭᠲᠠᠴᠠ ᠵᠢ ᠪᠦᠷᠢᠨᠰᠢᠭᠦᠯᠦᠨ᠎ᠡ
ᠦᠬᠠᠶ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠬᠤᠷᠠᠯᠳᠤᠪᠠ
ᠲᠦᠩᠯᠢᠶᠣᠤ ᠬᠣᠲᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ 《ᠬᠤᠤᠰ ᠵᠠᠭᠤᠨ᠎ᠤ ᠢᠨᠵᠧᠨᠧᠷᠢᠩ》᠎ᠢ ᠬᠡᠷᠡᠭᠵᠢᠭᠦᠯᠬᠦ᠎ᠪᠠᠷ ᠪᠣᠶ
ᠬᠤᠤᠯᠢᠨ ᠭᠤᠤᠯ ᠬᠣᠲᠠ 《ᠳᠥᠷᠪᠡᠨ ᠳᠡᠭᠡᠭᠰᠢᠯᠡᠯᠲᠡ》 ᠵᠢ ᠴᠢᠬᠤᠯᠠᠴᠢᠯᠠᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠠᠬᠢᠭᠤᠯᠪᠠ
ᠬᠢᠯᠢ ᠬᠢᠵᠠᠭ᠋ᠠᠷ ᠎ᠢ ᠵᠠᠰᠠᠬᠤ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠰᠠᠶ᠋ᠢᠲᠤᠷ ᠬᠢᠨ᠎ᠡ
 
            