ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠲᠦᠩᠯᠢᠶᠣᠤ ᠬᠣᠲᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ 《ᠬᠤᠤᠰ ᠵᠠᠭᠤᠨ᠎ᠤ ᠢᠨᠵᠧᠨᠧᠷᠢᠩ》᠎ᠢ ᠬᠡᠷᠡᠭᠵᠢᠭᠦᠯᠬᠦ᠎ᠪᠠᠷ ᠪᠣᠶ
ᠨᠡᠶ᠋ᠢᠲᠡᠯᠡᠭᠰᠡᠨ ᠴᠠᠭ᠄ 2025-03-10

    ᠲᠦᠷᠦᠭᠦᠬᠡᠨ᠂ ᠰᠤᠷᠪᠤᠯᠵᠢᠯᠠᠭᠴᠢ ᠪᠥᠬᠥ ᠬᠣᠲᠠ ᠵᠢᠨ ᠠᠷᠠᠳ᠎ᠤᠨ ᠵᠥᠪᠯᠡᠯ᠎ᠤᠨ ᠡᠷᠬᠢᠯᠡᠭᠴᠢ ᠵᠢᠨ ᠬᠤᠷᠠᠯ᠎ᠠᠴᠠ ᠣᠶ᠋ᠢᠯᠠᠭ᠋ᠠᠭᠰᠠᠨ ᠵᠶ᠋ᠠᠷ᠂ ᠮᠠᠨ᠎ᠤ ᠬᠣᠲᠠ ᠡᠨᠡ ᠵᠢᠯ 《ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠠᠮᠵᠢᠯᠲᠠ᠎ᠲᠠᠢ ᠡᠭᠦᠳᠦᠨ ᠪᠠᠶ᠋ᠢᠭᠤᠯᠬᠤ》 ᠬᠠᠷᠠᠯᠲᠠ ᠡᠭᠦᠷᠭᠡ ᠵᠢ ᠲᠣᠭᠲᠠᠭ᠋ᠠᠵᠤ᠂ 《ᠳᠥᠷᠪᠡ ᠵᠢ ᠲᠠᠰ ᠳᠡᠪᠰᠢᠭᠦᠯᠬᠦ》 ᠪᠣᠳᠠᠲᠠᠶ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠨ᠂ 《ᠬᠠᠷᠢᠯᠴᠠᠨ ᠠᠭᠤᠰᠤᠯᠴᠠᠭᠤᠯᠵᠤ ᠬᠠᠷᠢᠯᠴᠠᠨ ᠬᠥᠭᠵᠢᠭᠦᠯᠬᠦ ᠪᠠ  ᠬᠠᠮᠲᠤ᠎ᠪᠠᠷ ᠴᠡᠴᠡᠭᠯᠡᠨ ᠬᠥᠭᠵᠢᠬᠦ》 ᠪᠠ ᠡᠭᠦᠳᠦᠨ ᠪᠠᠶ᠋ᠢᠭᠤᠯᠬᠤ ᠭᠤᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ 《8 + N ᠳᠠᠪᠰᠢᠯᠲᠠ》 ᠵᠢᠨ ᠨᠡᠶ᠋ᠢᠲᠡᠯᠢᠭ ᠴᠢᠨᠠᠷ᠂ ᠥᠷᠭᠡᠨ ᠳᠡᠯᠭᠡᠷ ᠴᠢᠨᠠᠷ᠎ᠢ ᠳᠣᠪᠣᠶ᠋ᠢᠯᠭ᠋ᠠᠨ᠂ 《ᠨᠢᠭᠡ ᠣᠨᠴᠠᠯᠢᠭ ᠣᠷᠣᠭᠤᠯᠵᠤ ᠨᠢᠭᠡ ᠨᠡᠷᠡᠲᠦ ᠲᠡᠮᠳᠡᠭ  ᠣᠷᠣᠭᠤᠯᠬᠤ》 ᠰᠡᠳᠬᠢᠮᠵᠢ ᠶᠣᠰᠣᠭ᠋ᠠᠷ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ 《ᠬᠤᠤᠰ ᠵᠠᠭᠤᠨ᠎ᠤ ᠢᠨᠵᠧᠨᠧᠷᠢᠩ》᠎ᠢ ᠬᠡᠷᠡᠭᠵᠢᠭᠦᠯᠵᠦ᠂ ᠵᠢᠯ᠎ᠤᠨ ᠳᠣᠲᠣᠷ᠎ᠠ 100 ᠠᠨᠠᠷ᠎ᠤᠨ ᠦᠷ᠎ᠡ ᠵᠢ ᠡᠭᠦᠳᠦᠨ ᠪᠠᠶ᠋ᠢᠭᠤᠯᠬᠤ ᠠᠵᠢᠯ᠎ᠤᠨ ᠨᠠᠷᠠᠲᠤ ᠲᠡᠮᠳᠡᠭ᠎ᠢ ᠪᠣᠶ ᠪᠣᠯᠭ᠋ᠠᠵᠤ᠂ ᠡᠭᠦᠳᠦᠨ ᠪᠠᠶ᠋ᠢᠭᠤᠯᠬᠤ ᠠᠵᠢᠯ᠎ᠤᠨ 《ᠨᠠᠷᠢᠯᠢᠭ ᠳᠠᠷᠢᠵᠤ ᠨᠠᠷᠢᠯᠢᠭ ᠠᠷᠠᠴᠢᠯᠠᠬᠤ》᠂ 《ᠨᠠᠷᠢᠯᠢᠭ ᠣᠨᠣᠴᠠᠲᠠᠶ᠎ᠪᠠᠷ ᠳᠤᠰᠤᠯᠭ᠋ᠠᠨ ᠤᠰᠤᠯᠠᠬᠤ》 ᠵᠢ ᠠᠬᠢᠭᠤᠯᠵᠤ᠂ ᠣᠷᠣᠨ ᠪᠦᠰᠡ ᠪᠠ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠠᠮᠲᠤ᠎ᠪᠠᠷ ᠪᠠᠶ᠋ᠢᠭᠤᠯᠬᠤ ᠲᠣᠭᠲᠠᠴᠠ ᠵᠢ ᠢᠳᠡᠪᠬᠢᠲᠡᠶ ᠪᠠᠶ᠋ᠢᠭᠤᠯᠤᠨ ᠲᠡᠭᠦᠯᠳᠡᠷᠵᠢᠭᠦᠯᠵᠦ᠂ ᠡᠭᠦᠳᠦᠨ ᠪᠠᠶ᠋ᠢᠭᠤᠯᠬᠤ ᠠᠵᠢᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠲᠣᠭᠲᠠᠴᠠ ᠵᠢ ᠬᠠᠮᠲᠤ᠎ᠪᠠᠷ ᠪᠠᠶ᠋ᠢᠭᠤᠯᠬᠤ᠂ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠭᠦᠯᠬᠦ ᠵᠢ ᠪᠡᠶᠡᠯᠡᠭᠦᠯᠵᠦ᠂ 《ᠨᠢᠭᠡ ᠭᠠᠵᠠᠷ ᠣᠷᠣᠨ᠎ᠤ ᠰᠢᠨ᠎ᠡ ᠵᠢ ᠡᠭᠦᠳᠬᠦ》᠎ᠠᠴᠠ 《ᠪᠥᠬᠥ ᠣᠷᠣᠨ ᠪᠦᠰᠡ ᠵᠢᠨ ᠳᠡᠭᠡᠭᠰᠢᠯᠡᠯᠲᠡ》 ᠳᠠᠰᠢ ᠳᠠᠪᠰᠢᠬᠤ ᠵᠢ ᠠᠬᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠤᠨᠤᠯ᠎ᠤᠨ ᠰᠤᠳᠤᠯᠭ᠋ᠠᠨ᠎ᠢ ᠬᠦᠴᠦᠯᠡᠨ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠵᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠠᠰᠤᠷᠠᠯᠳᠠ ᠦᠭᠡᠢ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠲᠦᠩᠯᠢᠶᠣᠤ ᠵᠢᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠦᠨᠳᠦᠰᠦᠲᠡᠨ᠎ᠤ ᠠᠵᠢᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠤᠤᠯᠢᠨ ᠭᠤᠤᠯ ᠬᠣᠲᠠ 《ᠳᠥᠷᠪᠡᠨ ᠳᠡᠭᠡᠭᠰᠢᠯᠡᠯᠲᠡ》 ᠵᠢ ᠴᠢᠬᠤᠯᠠᠴᠢᠯᠠᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠠᠬᠢᠭᠤᠯᠪᠠ
ᠬᠢᠯᠢ ᠬᠢᠵᠠᠭ᠋ᠠᠷ ᠎ᠢ ᠵᠠᠰᠠᠬᠤ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠰᠠᠶ᠋ᠢᠲᠤᠷ ᠬᠢᠨ᠎ᠡ
ᠶᠡᠬᠡ ᠳᠡᠭᠡᠳᠦ ᠰᠤᠷᠭ᠋ᠠᠭᠤᠯᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ
《ᠪᠠᠲᠤ ᠪᠠᠬᠢ ᠴᠣᠭᠴᠠᠯᠠᠬᠤ》 ᠵᠢ ᠦᠨᠳᠦᠰᠦᠲᠡᠨ᠎ᠤ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠤᠨ᠎ᠠ
ᠪᠠᠭᠰᠢ ᠠᠵᠢᠯ᠎ᠤᠨ ᠪᠠᠶ᠋ᠢᠷᠢ ᠡᠭᠡᠯᠵᠢᠯᠡᠨ ᠵᠢᠭ᠋ᠠᠨ ᠰᠤᠷᠭ᠋ᠠᠬᠤ᠎ᠨᠢ ᠤᠯᠤᠰ᠎ᠤᠨ ᠦᠭᠡ ᠬᠡᠯᠡᠨ᠎ᠤ ᠰᠤᠷᠭ᠋ᠠᠭᠤᠯᠢ ᠵᠢᠨ ᠬᠦᠷᠢᠶᠡᠨ᠎ᠳᠤ ᠨᠡᠪᠴᠢᠬᠦ ᠵᠢ ᠠᠬᠢᠭᠤᠯᠤᠨ᠎ᠠ
 
            