ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠬᠤᠤᠯᠢᠨ ᠭᠤᠤᠯ ᠬᠣᠲᠠ 《ᠳᠥᠷᠪᠡᠨ ᠳᠡᠭᠡᠭᠰᠢᠯᠡᠯᠲᠡ》 ᠵᠢ ᠴᠢᠬᠤᠯᠠᠴᠢᠯᠠᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠠᠬᠢᠭᠤᠯᠪᠠ
ᠨᠡᠶ᠋ᠢᠲᠡᠯᠡᠭᠰᠡᠨ ᠴᠠᠭ᠄ 2025-03-17

    ᠵᠢᠯ᠎ᠤᠨ ᠡᠬᠢᠨ᠎ᠠᠴᠠ ᠨᠠᠭ᠋ᠠᠰᠢ᠂ ᠬᠤᠤᠯᠢᠨ ᠭᠤᠤᠯ ᠬᠣᠲᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠤᠯ ᠰᠢᠵᠢᠮ᠎ᠢ ᠪᠠᠲᠤ ᠠᠳᠬᠤᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠲᠠᠰᠤᠷᠠᠯᠲᠠ ᠥᠬᠡᠶ ᠰᠢᠨᠡᠴᠢᠯᠡᠵᠦ᠂ ᠠᠵᠢᠯᠯᠠᠭ᠋ᠠᠨ᠎ᠤ ᠠᠴᠢᠶᠠᠯᠠᠪᠤᠷᠢ᠎ᠪᠠᠨ ᠪᠠᠶᠠᠯᠢᠭᠵᠢᠭᠤᠯᠵᠤ᠂ ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠵᠢᠨ ᠦᠨᠳᠦᠰᠦᠲᠡᠨ ᠨᠢᠭᠡ ᠬᠡᠷ᠎ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠪᠠ᠃
     ᠤᠯᠤᠰ ᠲᠥᠷᠥ ᠵᠢᠨ ᠣᠨᠣᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠵᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠣᠨᠣᠯ᠎ᠤᠨ ᠭᠤᠤᠯ ᠳᠤᠭᠤᠶ᠋ᠢᠯᠠᠩ᠎ᠤᠨ ᠰᠤᠷᠤᠯᠴᠠᠬᠤ ᠲᠥᠯᠥᠪᠯᠡᠭᠡ᠎ᠳᠤ ᠣᠷᠣᠭᠤᠯᠵᠤ᠂ ᠪᠥᠬᠥ ᠬᠣᠲᠠ ᠵᠢᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠢ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠨᠠᠮ᠎ᠤᠨ ᠦᠨᠳᠦᠰᠦᠲᠡᠨ᠎ᠤ ᠠᠵᠢᠯ᠎ᠤᠨ ᠣᠨᠣᠯ ᠲᠥᠷᠥ ᠵᠢᠨ ᠪᠣᠳᠣᠯᠭ᠎ᠠ ᠵᠢ ᠣᠨᠣᠪᠴᠢᠲᠠᠶ ᠡᠵᠡᠮᠰᠢᠭᠦᠯᠵᠦ᠂ ᠪᠥᠬᠥ ᠬᠣᠲᠠ ᠵᠢᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠪᠠᠲᠤ ᠪᠠᠬᠢ ᠣᠨᠣᠯ᠎ᠤᠨ ᠰᠠᠭᠤᠷᠢ ᠵᠢ ᠲᠠᠯᠪᠢᠨ᠎ᠠ᠃ 《ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠋ᠠᠨ᠎ᠤ ᠰᠤᠷᠤᠯᠴᠠᠯᠭ᠎ᠠ ᠵᠢᠨ ᠤᠩᠰᠢᠬᠤ ᠪᠢᠴᠢᠭ》 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠶ᠋ᠢᠮᠣᠴᠢᠯᠠᠯ》 ᠵᠡᠷᠭᠡ ᠰᠤᠷᠤᠯᠴᠠᠬᠤ ᠮᠠᠲ᠋ᠧᠷᠢᠶᠠᠯ᠎ᠢ ᠢᠳᠡᠪᠬᠢᠲᠡᠶ ᠲᠣᠭᠲᠠᠭ᠋ᠠᠪᠠ᠃ ᠦᠨᠳᠦᠰᠦᠲᠡᠨ᠎ᠤ ᠠᠵᠢᠯ᠎ᠤᠨ ᠰᠣᠶᠣᠯ ᠤᠬᠠᠭᠤᠯᠭ᠎ᠠ ᠵᠢᠨ ᠨᠠᠷᠠᠲᠤ ᠲᠡᠮᠳᠡᠭᠲᠦ 《ᠳ᠋ᠤᠤ ᠵᠥᠩ ᠬᠤᠸᠠ》 ᠤᠬᠠᠭᠤᠯᠤᠨ ᠲᠠᠨᠢᠯᠴᠠᠭᠤᠯᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠵᠢᠨ ᠬᠠᠮᠲᠤ ᠰᠤᠮᠤ ᠵᠡᠭᠡᠯᠢ ᠭᠤᠳᠤᠮᠵᠢ᠂ ᠵᠢᠱ᠌ᠢᠶ᠎ᠡ ᠦᠵᠡᠭᠦᠯᠬᠦ ᠴᠡᠭ ᠵᠶ᠋ᠠᠷ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠤᠨ᠎ᠠ᠃
     ᠤᠬᠠᠭᠤᠯᠭ᠎ᠠ ᠵᠢᠨ ᠠᠵᠢᠯ᠎ᠤᠨ ᠨᠡᠶ᠋ᠢᠯᠡᠮᠡᠯ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠭ᠎ᠠ ᠬᠥᠮᠦᠵᠢᠯ᠎ᠢ ᠳᠡᠭᠡᠭᠰᠢᠯᠡᠭᠦᠯᠬᠦ ᠵᠢ ᠴᠢᠬᠤᠯᠠᠴᠢᠯᠠᠵᠤ᠂ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠰᠢᠨ᠎ᠡ ᠬᠢᠯᠠᠰ ᠴᠡᠭ᠎ᠢ ᠲᠠᠰᠤᠷᠠᠯᠲᠠ ᠥᠬᠡᠶ ᠪᠣᠶ ᠪᠣᠯᠭ᠋ᠠᠬᠤ ᠵᠢᠨ ᠲᠥᠯᠥᠭᠡ᠂ ᠲᠣᠰ ᠬᠣᠲᠠ ᠵᠢᠨ᠎ᠬᠢᠨ ᠤᠬᠠᠭᠤᠯᠤᠨ ᠮᠡᠳᠡᠭᠡᠯᠡᠬᠦ ᠳᠤᠭᠤᠶ᠋ᠢᠯᠠᠩ ᠪᠠᠶ᠋ᠢᠭᠤᠯᠵᠤ᠂ ᠰᠤᠮᠤ ᠵᠡᠭᠡᠯᠢ ᠭᠤᠳᠤᠮᠵᠢ ᠵᠢᠴᠢ ᠡᠯ᠎ᠡ ᠠᠵᠢᠯ ᠲᠥᠷᠥᠯ᠎ᠤᠨ ᠬᠦᠷᠢᠶ᠎ᠡ᠎ᠪᠠᠷ ᠭᠤᠤᠯᠳᠠᠯᠭ᠎ᠠ ᠪᠣᠯᠭ᠋ᠠᠵᠤ᠂ ᠬᠤᠤᠯᠢᠨ ᠭᠤᠤᠯ᠎ᠤᠨ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠤᠯᠠᠮ ᠨᠢᠭᠡ ᠠᠯᠬᠤᠮ ᠠᠭᠤᠳᠠᠯᠤᠨ ᠰᠣᠩᠭᠣᠵᠤ᠂ ᠲᠣᠰ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠢᠨ᠎ᠡ ᠳᠦᠷᠰᠦ ᠪᠠᠶ᠋ᠢᠳᠠᠯ᠎ᠢ ᠢᠯᠡᠷᠡᠭᠦᠯᠪᠡ᠃ ᠥᠷᠭᠡᠨ ᠣᠯᠠᠨ ᠪᠠᠭᠰᠢ ᠵᠢᠨ ᠡᠩᠨᠡᠭᠡ᠎ᠳᠤ ᠴᠢᠭᠯᠡᠭᠦᠯᠦᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠵᠢᠴᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠲᠥᠪᠯᠡᠷᠡᠭᠦᠯᠦᠨ ᠬᠢᠴᠢᠶᠡᠯ ᠪᠡᠯᠡᠳᠬᠡᠬᠦ ᠪᠣᠯᠪᠠᠰᠤᠷᠠᠭᠤᠯᠤᠯ᠎ᠤᠨ ᠠᠩᠭᠢ ᠵᠢ 1 ᠤᠳᠠᠭ᠎ᠠ ᠡᠷᠭᠢᠯᠡᠨ᠎ᠡ᠃ 50 ᠵᠠᠯᠠᠭᠤ ᠪᠠᠭ᠋ᠠᠴᠤᠳ᠎ᠢ ᠵᠣᠬᠢᠶᠠᠨ ᠪᠠᠶ᠋ᠢᠭᠤᠯᠵᠤ 《ᠠᠨᠠᠷ ᠴᠡᠴᠡᠭ᠎ᠢ ᠢᠷᠡᠭᠡᠳᠦᠶ ᠵᠢᠨ ᠦᠷ᠎ᠡ᠎ᠳᠤ ᠳᠡᠯᠭᠡᠷᠡᠭᠦᠯᠵᠦ ᠬᠦᠰᠡᠯ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ》 ᠡᠯ᠎ᠡ ᠦᠨᠳᠦᠰᠦᠲᠡᠨ᠎ᠤ ᠵᠠᠯᠠᠭᠤᠴᠤᠳ ᠪᠠᠭ᠋ᠠᠴᠤᠳ᠎ᠤᠨ ᠰᠤᠳᠤᠯᠤᠨ ᠰᠤᠷᠤᠯᠴᠠᠵᠤ ᠰᠣᠯᠢᠯᠴᠠᠬᠤ ᠠᠵᠢᠯᠯᠠᠭ᠎ᠠ ᠵᠢ ᠥᠷᠨᠢᠭᠦᠯᠪᠡ᠃ ᠰᠢᠨ᠎ᠡ ᠵᠢᠯ᠂ ᠴᠠᠭ᠋ᠠᠨ ᠰᠠᠷ᠎ᠠ᠂ ᠴᠠᠭ᠋ᠠᠨ ᠰᠠᠷ᠎ᠠ ᠵᠢᠨ ᠠᠷᠪᠠᠨ ᠲᠠᠪᠤᠨ᠎ᠤ ᠪᠠᠶᠠᠷ ᠵᠶ᠋ᠠᠷ ᠠᠵᠠ ᠲᠣᠬᠢᠶᠠᠯ ᠪᠣᠯᠭ᠋ᠠᠵᠤ᠂ ᠪᠥᠬᠥ ᠬᠣᠲᠠ ᠵᠢᠨ ᠡᠯ᠎ᠡ ᠬᠦᠷᠢᠶ᠎ᠡ ᠴᠠᠷᠠᠭ᠎ᠠ ᠵᠢ ᠳᠠᠶ᠋ᠢᠴᠢᠯᠠᠨ 《ᠴᠠᠭ᠋ᠠᠨ ᠰᠠᠷ᠎ᠠ ᠵᠢᠨ ᠠᠷᠪᠠᠨ ᠲᠠᠪᠤᠨ᠎ᠤ ᠪᠠᠶᠠᠷ᠎ᠤᠨ ᠡᠳᠦᠷ᠎ᠤᠨ ᠱᠣᠭ ᠶᠠᠷᠢᠶ᠎ᠠ ᠪᠠ ᠣᠨᠢᠰᠤᠭ᠎ᠠ ᠵᠢ ᠳᠠᠮᠵᠢᠭᠤᠯᠤᠨ ᠬᠥᠷᠰᠢ ᠵᠡᠷᠭᠡᠯᠡᠳᠡᠭᠡ ᠵᠢᠨ ᠬᠠᠶ᠋ᠢᠷ᠎ᠠ ᠵᠢ ᠳᠠᠮᠵᠢᠭᠤᠯᠬᠤ》᠂ 《ᠬᠡᠦᠬᠡᠳ᠎ᠤᠨ ᠪᠡᠯᠭᠡ ᠵᠢ ᠤᠭᠲᠤᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ》 ᠤᠮᠠᠷᠠᠲᠤ ᠬᠢᠯᠢ ᠵᠢᠨ ᠰᠣᠶᠣᠯ᠎ᠢ ᠲᠦᠮᠡᠨ ᠡᠷᠦᠬᠡ᠎ᠳᠤ ᠬᠦᠷᠭᠡᠬᠦ》 ᠵᠡᠷᠭᠡ ᠣᠯᠠᠨ ᠬᠡᠯᠪᠡᠷᠢ ᠵᠢᠨ 30 ᠭᠠᠷᠤᠶ ᠲᠠᠯᠠᠪᠤᠷ ᠡᠯ᠎ᠡ ᠲᠥᠷᠥᠯ᠎ᠤᠨ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠶ᠋ᠢᠭᠤᠯᠤᠨ ᠥᠷᠨᠢᠭᠦᠯᠵᠦ᠂ 3000 ᠭᠠᠷᠤᠶ ᠬᠥᠮᠦᠨ᠎ᠳᠤ ᠠᠰᠢᠭ ᠬᠦᠷᠲᠡᠭᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠳᠤᠮᠳᠠᠳᠤ ᠵᠢᠨ ᠤᠯᠠᠮᠵᠢᠯᠠᠯᠲᠤ ᠰᠣᠶᠣᠯ᠎ᠤᠨ ᠷᠢᠳᠢ ᠰᠢᠳᠢ ᠵᠢ ᠬᠠᠮᠲᠤ᠎ᠪᠠᠷ ᠡᠳ᠋ᠯᠡᠭᠦᠯᠵᠦ᠂ ᠦᠨᠳᠦᠰᠦᠲᠡᠨ᠎ᠨᠦᠭᠦᠳ᠎ᠤᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃
     ᠬᠠᠮᠵᠢᠯᠴᠠᠨ ᠰᠣᠯᠢᠯᠴᠠᠭ᠎ᠠ ᠬᠠᠮᠲᠤᠷᠠᠯᠴᠠᠭ᠎ᠠ ᠬᠢᠬᠦ ᠵᠢ ᠳᠡᠭᠡᠭᠰᠢᠯᠡᠭᠦᠯᠦᠨ᠎ᠡ᠃ ᠬᠣᠣᠯᠢᠨ ᠭᠣᠣᠯ ᠬᠤᠳᠠ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠎ᠯᠤᠭ᠎ᠠ 2025 ᠣᠨ᠎ᠤ 《ᠤᠷᠢᠬᠠᠨ ᠰᠠᠯᠬᠢ ᠠᠵᠢᠯ᠎ᠤᠨ ᠪᠠᠶ᠋ᠢᠷᠢ ᠬᠦᠷᠭᠡᠵᠦ ᠠᠵᠢᠯ ᠣᠯᠭᠣᠯᠲᠠ ᠵᠢ ᠠᠬᠢᠭᠤᠯᠵᠤ ᠦᠨᠳᠦᠰᠦᠲᠡᠨ᠎ᠤ ᠪᠦᠯᠬᠦᠮᠳᠡᠯ ᠬᠥᠭᠵᠢᠯᠲᠡ ᠵᠢ ᠠᠬᠢᠭᠤᠯᠬᠤ》 ᠵᠢᠴᠢ 《ᠤᠯᠠᠭ᠋ᠠᠨ ᠠᠨᠠᠷ》 ᠠᠵᠢᠯ ᠣᠯᠭᠣᠯᠲᠠ᠎ᠪᠠᠷ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠷᠢᠯᠴᠠᠨ ᠠᠭᠤᠰᠤᠯᠴᠠᠬᠤ ᠵᠢ ᠠᠬᠢᠭᠤᠯᠬᠤ ᠠᠵᠢᠯᠯᠠᠭ᠎ᠠ ᠥᠷᠨᠢᠭᠦᠯᠵᠦ᠂ 360 ᠠᠵᠢᠯ᠎ᠤᠨ ᠪᠠᠶ᠋ᠢᠷᠢ ᠬᠠᠩᠭ᠋ᠠᠪᠠ; ᠪᠡᠭᠡᠵᠢᠩ᠎ᠤᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠸᠧᠶ ᠬᠠᠶ ᠰᠤᠷᠭ᠋ᠠᠭᠤᠯᠢ ᠵᠢᠨ ᠲᠣᠭᠣᠷᠢᠭ᠎ᠲᠤ ᠬᠦᠷᠴᠦ ᠡᠷᠬᠢᠮᠰᠦᠭ ᠤᠷᠠᠯᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ 1 ᠤᠳᠠᠭ᠎ᠠ ᠥᠷᠨᠢᠭᠦᠯᠪᠡ; ᠪᠡᠭᠡᠵᠢᠩ᠂ ᠲᠢᠶᠠᠨᠵᠢᠨ᠂ ᠤᠯᠠᠭ᠋ᠠᠨᠬᠠᠳᠠ ᠵᠡᠷᠭᠡ ᠭᠠᠵᠠᠷ᠎ᠲᠤ 《ᠤᠮᠠᠷᠠᠲᠤ ᠬᠢᠯᠢ ᠵᠢᠨ ᠰᠣᠶᠣᠯ᠎ᠤᠨ ᠬᠤᠪᠢᠯᠭ᠋ᠠᠨ ᠣᠷᠣᠨ᠎ᠤ ᠠᠶᠠᠯᠠᠯ᠎ᠤᠨ ᠰᠤᠷᠲᠠᠯ ᠲᠠᠯ᠎ᠠ ᠨᠤᠲᠤᠭ᠎ᠠᠴᠠ ᠢᠷᠡᠪᠡ》 ᠭᠡᠬᠦ ᠬᠤᠤᠯᠢᠨ ᠭᠤᠤᠯ᠎ᠤᠨ ᠴᠠᠭ᠋ᠠᠨ ᠬᠥᠭᠵᠢᠮ᠎ᠤᠨ ᠪᠦᠯᠬᠦᠮ᠎ᠤᠨ ᠲᠣᠭᠣᠷᠢᠨ ᠲᠣᠭᠯᠠᠯᠲᠠ 3 ᠲᠠᠯᠠᠪᠤᠷ ᠶᠠᠪᠤᠭᠳᠠᠪᠠ; ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ 《ᠮᠥᠰᠥ ᠴᠠᠰᠤᠨ᠎ᠤ ᠭᠠᠶ᠋ᠢᠬᠠᠮᠰᠢᠭᠲᠤ ᠪᠠᠷᠢᠯᠳᠤᠯᠭ᠎ᠠ ᠵᠢ ᠡᠬᠢᠯᠡᠭᠦᠯᠵᠦ ᠡᠪᠦᠯ᠎ᠤᠨ ᠤᠯᠠᠷᠢᠯ᠎ᠤᠨ ᠨᠢᠭᠤᠴᠠ ᠵᠢ ᠬᠠᠶ᠋ᠢᠨ ᠰᠦᠪᠡᠭᠴᠢᠯᠡᠬᠦ》 ᠡᠪᠦᠯ᠎ᠤᠨ ᠤᠯᠠᠷᠢᠯ᠎ᠤᠨ ᠵᠢᠭᠤᠯᠴᠢᠯᠠᠯ᠎ᠢ ᠭᠦᠨᠵᠡᠭᠡᠢ ᠨᠡᠪᠲᠡᠷᠡᠭᠦᠯᠬᠦ ᠠᠵᠢᠯᠯᠠᠭ᠎ᠠ ᠵᠢ 1 ᠤᠳᠠᠭ᠎ᠠ ᠥᠷᠨᠢᠭᠦᠯᠪᠡ; ᠰᠢᠨ᠎ᠡ᠎ᠪᠠᠷ ᠮᠠᠨᠳᠤᠭᠰᠠᠨ ᠬᠦᠷᠢᠶᠡᠨ᠎ᠳᠠᠬᠢ ᠵᠠᠯᠠᠭᠤᠴᠤᠳ᠎ᠤᠨ 《〈ᠰᠢᠨ᠎ᠡ〉 ᠠᠶᠠᠯᠠᠯ ᠵᠶ᠋ᠠᠨ ᠦᠷᠭᠦᠯᠵᠢᠯᠡᠭᠦᠯᠵᠦ ᠮᠠᠨᠵᠤ ᠵᠢᠨ ᠤᠮᠠᠷᠠᠲᠤ ᠬᠢᠯᠢ᠎ᠪᠠᠨ ᠬᠠᠶ᠋ᠢᠷᠠᠯᠠᠬᠤ》 ᠠᠵᠢᠯᠯᠠᠭ᠎ᠠ ᠵᠢ 5 ᠲᠠᠯᠠᠪᠤᠷ ᠥᠷᠨᠢᠭᠦᠯᠵᠦ᠂ 120 ᠭᠠᠷᠤᠶ ᠬᠥᠮᠦᠨ᠎ᠳᠤ ᠠᠰᠢᠭ ᠬᠦᠷᠲᠡᠭᠡᠵᠦ᠂ ᠰᠢᠨ᠎ᠡ᠎ᠪᠠᠷ ᠮᠠᠨᠳᠤᠭᠰᠠᠨ ᠬᠦᠷᠢᠶᠡᠨ᠎ᠳᠠᠬᠢ ᠦᠨᠳᠦᠰᠦᠲᠡᠨ᠎ᠨᠦᠭᠦᠳ᠎ᠤᠨ ᠵᠠᠯᠠᠭᠤᠴᠤᠳ᠎ᠤᠨ ᠬᠠᠮᠲᠤᠯᠢᠭ᠎ᠤᠨ ᠬᠠᠷᠢᠶᠠᠯᠠᠭᠳᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠵᠢ ᠴᠢᠩᠭ᠋ᠠᠳᠬᠠᠪᠠ᠃
     ᠨᠡᠶ᠋ᠢᠭᠡᠮ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭᠰᠢᠭᠦᠷᠢ ᠵᠢᠨ ᠳᠠᠯᠳᠠ ᠬᠡᠮ᠎ᠢ ᠰᠡᠷᠭᠡᠶ᠋ᠢᠯᠡᠨ ᠠᠷᠢᠯᠭ᠋ᠠᠬᠤ ᠲᠦᠷᠢᠮ᠎ᠤᠨ ᠲᠣᠭᠲᠠᠴᠠ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠦᠨᠳᠦᠰᠦᠨ ᠱᠠᠲᠤᠨ᠎ᠤ ᠦᠨᠳᠦᠰᠦᠲᠡᠨ᠎ᠤ ᠬᠡᠷᠡᠭ ᠶᠠᠪᠤᠳᠠᠯ᠎ᠢ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠰᠦᠯᠵᠢᠶᠡᠵᠢᠭᠰᠡᠨ ᠬᠠᠮᠢᠶᠠᠷᠤᠯᠲᠠ ᠵᠢᠨ   ᠦᠢ᠍ᠯᠡᠴᠢᠯᠡᠭᠡᠨ᠎ᠤ ᠰᠢᠰᠲ᠋ᠧᠮ᠎ᠳᠤ ᠣᠷᠣᠭᠤᠯᠵᠤ᠂ 《ᠤᠯᠤᠰ ᠲᠥᠷᠥ ᠵᠢᠨ ᠬᠦᠷᠢᠶᠡᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠠᠵᠢᠯ᠎ᠤᠨ ᠬᠡᠷᠡᠭᠵᠢᠭᠦᠯᠬᠦ ᠲᠥᠰᠦᠯ》᠂ 《ᠨᠡᠶ᠋ᠢᠭᠡᠮ᠎ᠤᠨ ᠬᠦᠷᠢᠶᠡᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠠᠵᠢᠯ᠎ᠤᠨ ᠬᠡᠷᠡᠭᠵᠢᠭᠦᠯᠬᠦ ᠲᠥᠰᠦᠯ》᠂ 《ᠦᠨᠳᠦᠰᠦᠲᠡᠨ᠎ᠤ ᠬᠦᠴᠦᠨ   ᠵᠦᠢ᠍ᠯ᠎ᠳᠤ ᠬᠣᠯᠪᠣᠭᠳᠠᠭᠰᠠᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ  ᠠᠷᠭ᠋ᠠᠴᠠᠭ᠋ᠠᠬᠤ ᠪᠡᠯᠡᠳᠬᠡᠯ ᠲᠥᠰᠦᠯ》᠎ᠢ ᠲᠣᠭᠲᠠᠭ᠋ᠠᠨ ᠲᠠᠷᠬᠠᠭ᠋ᠠᠵᠤ᠂ ᠭᠤᠷᠪᠠᠨ ᠱᠠᠲᠤᠨ᠎ᠤ ᠦᠨᠳᠦᠰᠦᠲᠡᠨ᠎ᠤ ᠬᠡᠷᠡᠭ ᠶᠠᠪᠤᠳᠠᠯ᠎ᠤᠨ   ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠤᠤᠷ ᠰᠦᠯᠵᠢᠶ᠎ᠡ ᠵᠢ ᠪᠠᠶ᠋ᠢᠭᠤᠯᠤᠨ᠂ 《ᠭᠤᠷᠪᠠ ᠵᠢ ᠪᠠᠶ᠋ᠢᠭᠤᠯᠬᠤ ᠭᠤᠷᠪᠠ ᠵᠢ ᠠᠬᠢᠭᠤᠯᠬᠤ》 ᠠᠵᠢᠯ᠎ᠤᠨ ᠵᠠᠭᠪᠤᠷ᠎ᠢ ᠡᠭᠦᠳᠴᠦ᠂ ᠰᠠᠯᠠᠭ᠎ᠠ ᠮᠥᠴᠢᠷ᠎ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠵᠢ ᠦᠷᠭᠦᠯᠵᠢᠯᠡᠨ ᠴᠢᠩᠭ᠋ᠠᠳᠬᠠᠪᠠ᠃ ᠭᠤᠤᠯ ᠱᠤᠭᠤᠮ᠎ᠤᠨ ᠲᠣᠭᠣᠷᠢᠨ᠎ᠳᠤ ᠦᠨᠳᠦᠰᠦᠲᠡᠨ᠎ᠤ ᠲᠥᠷᠥᠯ᠎ᠤᠨ ᠵᠥᠷᠢᠴᠡᠯ ᠵᠢᠭᠤᠷᠠᠯᠳᠤᠭ᠋ᠠᠨ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ᠂ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠬᠤ᠂ ᠠᠵᠢᠯ ᠣᠯᠭᠣᠵᠤ ᠠᠳᠠᠯ  ᠦᠢ᠍ᠯᠡᠰ ᠴᠣᠭᠴᠠᠯᠠᠬᠤ᠂ ᠬᠦᠴᠢᠷᠳᠡᠯᠲᠡᠶ ᠬᠥᠮᠦᠰ᠎ᠢ ᠬᠠᠪᠰᠤᠷᠤᠨ ᠲᠡᠳᠬᠦᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠠᠰᠠᠭᠤᠳᠠᠯ᠎ᠤᠨ ᠨᠠᠷᠢᠨ ᠬᠠᠭᠤᠳᠠᠰᠤ ᠵᠢ ᠪᠠᠶ᠋ᠢᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠨ ᠰᠤᠳᠤᠯᠵᠤ ᠮᠠᠭ᠋ᠠᠳᠯᠠᠨ᠂ ᠰᠢᠨ᠎ᠡ ᠴᠠᠭ ᠦᠶ᠎ᠡ ᠵᠢᠨ ᠣᠨᠴᠠᠯᠢᠭ᠎ᠲᠤ ᠨᠡᠶ᠋ᠢᠴᠡᠭᠰᠡᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠭᠰᠠᠨ᠂ ᠬᠤᠤᠯᠢᠨ ᠭᠤᠤᠯ᠎ᠤᠨ ᠣᠨᠴᠠᠯᠢᠭ᠎ᠲᠠᠢ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠰᠢᠨ᠎ᠡ ᠵᠠᠮ᠎ᠢ ᠰᠦᠪᠡᠭᠴᠢᠯᠡᠨ ᠭᠠᠷᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠢᠯᠢ ᠬᠢᠵᠠᠭ᠋ᠠᠷ ᠎ᠢ ᠵᠠᠰᠠᠬᠤ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠰᠠᠶ᠋ᠢᠲᠤᠷ ᠬᠢᠨ᠎ᠡ
ᠶᠡᠬᠡ ᠳᠡᠭᠡᠳᠦ ᠰᠤᠷᠭ᠋ᠠᠭᠤᠯᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ
《ᠪᠠᠲᠤ ᠪᠠᠬᠢ ᠴᠣᠭᠴᠠᠯᠠᠬᠤ》 ᠵᠢ ᠦᠨᠳᠦᠰᠦᠲᠡᠨ᠎ᠤ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠤᠨ᠎ᠠ
ᠪᠠᠭᠰᠢ ᠠᠵᠢᠯ᠎ᠤᠨ ᠪᠠᠶ᠋ᠢᠷᠢ ᠡᠭᠡᠯᠵᠢᠯᠡᠨ ᠵᠢᠭ᠋ᠠᠨ ᠰᠤᠷᠭ᠋ᠠᠬᠤ᠎ᠨᠢ ᠤᠯᠤᠰ᠎ᠤᠨ ᠦᠭᠡ ᠬᠡᠯᠡᠨ᠎ᠤ ᠰᠤᠷᠭ᠋ᠠᠭᠤᠯᠢ ᠵᠢᠨ ᠬᠦᠷᠢᠶᠡᠨ᠎ᠳᠤ ᠨᠡᠪᠴᠢᠬᠦ ᠵᠢ ᠠᠬᠢᠭᠤᠯᠤᠨ᠎ᠠ
ᠥᠨᠳᠥᠷ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ ᠳᠤᠮᠳᠠ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠤᠨ᠎ᠠ
 
            