ᠶᠡᠷᠦᠩᠬᠡᠢ ᠱᠦᠵᠢ ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠵᠢ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠢ》 ᠭᠡᠵᠦ ᠴᠢᠬᠤᠯᠠᠴᠢᠯᠠᠪᠠ᠃ ᠡᠨᠡ᠎ᠨᠢ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠠᠵᠢᠯ᠎ᠤᠨ ᠵᠢᠮ᠎ᠡ ᠶᠣᠰᠣ ᠵᠢ ᠣᠨᠣᠪᠴᠢᠲᠠᠢ ᠡᠵᠡᠮᠳᠡᠭᠰᠡᠨ ᠪᠥᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠴᠢᠬᠤᠯᠠ ᠤᠨᠤᠯ᠎ᠤᠨ ᠥᠷᠭᠡᠳᠬᠡᠯ ᠪᠠᠶ᠋ᠢᠵᠤ᠂ ᠬᠢᠯᠢ ᠬᠢᠵᠠᠭ᠋ᠠᠷ᠎ᠤᠨ ᠵᠠᠰᠠᠯᠲᠠ ᠵᠢᠨ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠰᠠᠶ᠋ᠢᠲᠤᠷ ᠬᠢᠬᠦ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃
ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠳᠤᠮᠳᠠᠳᠤ ᠵᠢᠨ ᠪᠣᠯᠪᠠᠰᠤᠨ᠎ᠤ ᠤᠯᠠᠮᠵᠢᠯᠠᠯ᠎ᠢ ᠠᠭᠤᠰᠬᠠᠭᠰᠠᠨ᠂ ᠦᠨᠳᠦᠰᠦᠲᠡᠨ᠎ᠨᠦᠭᠦᠳ᠎ᠤᠨ ᠠᠭᠤᠰᠤᠯᠴᠠᠭᠰᠠᠨ ᠪᠥᠭᠡᠳ ᠬᠠᠮᠲᠤ ᠳᠤ ᠬᠠᠷᠢᠶᠠᠯᠠᠭᠳᠠᠭᠰᠠᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ᠃ 《ᠤᠯᠤᠰ᠎ᠤᠨ ᠬᠢᠯᠢ ᠮᠢᠩᠭ᠋ᠠᠨ ᠭᠠᠵᠠᠷ᠂ ᠠᠷᠠᠳ᠎ᠢ ᠬᠠᠮᠠᠭ᠋ᠠᠯᠠᠬᠤ》᠎ᠠᠴᠠ 《ᠵᠢᠷᠭᠤᠭ᠋ᠠᠨ ᠬᠠᠮᠲᠤ ᠵᠢᠨ ᠰᠤᠷᠲᠠᠯ᠂ ᠶᠢᠰᠦᠨ ᠲᠢᠪ ᠬᠠᠮᠲᠤ᠎ᠪᠠᠷ ᠲᠤᠤᠱᠯᠠᠭᠳᠠᠬᠤ》 ᠬᠦᠷᠲᠡᠯ᠎ᠡ᠂ ᠳᠤᠮᠳᠠᠳᠤ ᠤᠯᠤᠰ᠎ᠤᠨ ᠲᠡᠦᠬᠡ ᠪᠣᠯ ᠳᠠᠷᠤᠢ ᠦᠨᠳᠦᠰᠦᠲᠡᠨ᠎ᠨᠦᠭᠦᠳ᠎ᠤᠨ ᠤᠯᠠᠨ ᠡᠰᠢᠲᠦ ᠨᠢᠭᠡ ᠴᠤᠬ᠍ᠴᠠᠵᠢᠬᠰᠠᠨ ᠳᠤᠮᠳᠠᠳᠤ ᠵᠢᠨ ᠦᠨᠳᠦᠰᠦᠲᠡᠨ᠎ᠤ ᠲᠡᠦᠬᠡ ᠮᠥᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠣᠭᠴᠠᠯᠠᠨ ᠪᠠᠶ᠋ᠢᠭᠤᠯᠵᠤ᠂ ᠬᠥᠭᠵᠢᠭᠦᠯᠵᠦ᠂ ᠪᠡᠬᠢᠵᠢᠭᠦᠯᠦᠭᠰᠡᠨ ᠠᠭᠤᠤ ᠶᠡᠬᠡ ᠡᠭᠡ ᠤᠯᠤᠰ᠎ᠤᠨ ᠲᠡᠦᠬᠡ ᠮᠥᠨ᠃ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠠᠬᠢᠴᠠ ᠳᠤᠮᠳᠠ᠂ ᠡᠯ᠎ᠡ ᠦᠨᠳᠦᠰᠦᠲᠡᠨ ᠴᠢᠰᠤ ᠮᠢᠬᠠᠨ᠎ᠤ ᠪᠠᠷᠢᠯᠳᠤᠯᠭ᠎ᠠ᠎ᠲᠠᠢ᠂ ᠢᠲᠡᠭᠡᠯ ᠪᠢᠰᠢᠷᠡᠯ ᠨᠢᠭᠡᠲᠡᠢ᠂ ᠰᠣᠶᠣᠯ ᠬᠠᠷᠢᠯᠴᠠᠨ ᠨᠡᠪᠲᠡᠷᠡᠯᠴᠡᠭᠰᠡᠨ᠂ ᠠᠵᠤ ᠠᠬᠤᠢ ᠬᠠᠷᠢᠯᠴᠠᠨ ᠲᠦᠰᠢᠯᠴᠡᠭᠰᠡᠨ᠂ ᠬᠠᠶ᠋ᠢᠷ᠎ᠠ ᠰᠡᠳᠬᠢᠯᠭᠡ ᠬᠠᠷᠢᠯᠴᠠᠨ ᠳᠣᠲᠣᠨᠣᠰᠣᠭ ᠪᠠᠶ᠋ᠢᠵᠤ᠂ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ᠂ ᠤᠯᠠᠨ ᠡᠰᠢᠵᠢᠭᠰᠡᠨ ᠨᠢᠭᠡ ᠴᠣᠭᠴᠠᠵᠢᠭᠰᠠᠨ᠂ ᠰᠠᠯᠵᠤ ᠪᠣᠯᠤᠰᠢ ᠦᠭᠡᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠦᠷᠢᠯᠳᠦᠭᠦᠯᠵᠦ᠂ ᠬᠢᠵᠠᠭ᠋ᠠᠯᠠᠰᠢ ᠦᠭᠡᠢ ᠬᠦᠴᠦᠷᠬᠡᠭ ᠶᠡᠬᠡ ᠨᠢᠭᠲᠠᠷᠠᠯ᠎ᠤᠨ ᠬᠦᠴᠦᠨ᠂ ᠠᠮᠢᠵᠢᠷᠠᠯ᠎ᠤᠨ ᠬᠦᠴᠦᠨ ᠪᠠ ᠪᠠᠭᠲᠠᠭ᠋ᠠᠮᠵᠢᠲᠤ ᠴᠢᠨᠠᠷᠲᠠᠢ ᠪᠣᠯᠵᠠᠢ᠃ ᠡᠨᠡ ᠪᠣᠯ ᠡᠪᠦᠭᠡ ᠳᠡᠭᠡᠳᠦᠰ᠎ᠤᠨ ᠪᠢᠳᠡᠨ᠎ᠳᠤ ᠦᠯᠡᠳᠡᠭᠡᠵᠦ ᠥᠭᠭᠦᠭᠰᠡᠨ ᠡᠯᠪᠡᠭ ᠪᠠᠶᠠᠯᠢᠭ ᠥᠪ ᠬᠦᠷᠦᠨᠭᠭᠡ ᠮᠥᠨ᠂ ᠪᠠᠰᠠ ᠴᠤ᠌ ᠮᠠᠨ᠎ᠤ ᠤᠯᠤᠰ᠎ᠤᠨ ᠬᠥᠭᠵᠢᠯᠲᠡ ᠵᠢᠨ ᠯᠤᠲᠤ ᠶᠡᠬᠡ ᠳᠠᠪᠠᠭᠤᠯᠢᠭ ᠮᠥᠨ᠃
ᠮᠠᠨ᠎ᠤ ᠤᠯᠤᠰ᠎ᠤᠨ ᠬᠢᠯᠢ ᠬᠢᠵᠠᠭ᠋ᠠᠷ ᠣᠷᠣᠨ᠎ᠤ ᠨᠢᠭᠡᠨ ᠴᠢᠬᠤᠯᠠ ᠣᠨᠴᠠᠯᠢᠭ ᠪᠣᠯ ᠳᠠᠷᠤᠢ ᠣᠯᠠᠨ ᠦᠨᠳᠦᠰᠦᠲᠡᠨ ᠲᠥᠪᠯᠡᠷᠡᠨ ᠰᠠᠭᠤᠵᠤ᠂ ᠬᠢᠯᠢ ᠬᠢᠵᠠᠭ᠋ᠠᠷ᠎ᠤᠨ ᠶᠢᠰᠦᠨ ᠮᠤᠵᠢ ᠣᠷᠣᠨ᠎ᠳᠤ ᠪᠦᠬᠦ ᠤᠯᠤᠰ᠎ᠤᠨ ᠠᠷᠪᠠᠨ᠎ᠤ ᠵᠢᠷᠭᠤᠭ᠋ᠠᠨ ᠬᠤᠪᠢ ᠣᠷᠴᠢᠮ᠎ᠤᠨ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠰᠠᠭᠤᠵᠤ ᠪᠠᠶ᠋ᠢᠭ᠎ᠠ ᠶᠠᠪᠤᠳᠠᠯ ᠪᠣᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ ᠲᠥᠷᠥ ᠵᠢ ᠵᠠᠰᠠᠵᠤ ᠵᠠᠰᠠᠭ᠎ᠢ ᠡᠷᠭᠢᠯᠡᠬᠦ ᠪᠠᠶ᠋ᠢᠯᠳᠤᠬᠤ ᠪᠣᠳᠣᠯᠭ᠎ᠠ ᠵᠢᠨ ᠪᠥᠬᠥ ᠲᠠᠯ᠎ᠠ᠎ᠠᠴᠠ ᠪᠣᠳᠣᠯᠬᠢᠯᠠᠨ᠂ 《ᠤᠯᠤᠰ᠎ᠢ ᠵᠠᠰᠠᠬᠤ᠎ᠳᠤ ᠡᠷᠬᠡᠪᠰᠢ ᠬᠢᠯᠢ ᠬᠢᠵᠠᠭ᠋ᠠᠷ᠎ᠢ ᠵᠠᠰᠠᠬᠤ》᠂ 《ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ᠎ᠢ ᠪᠡᠬᠢᠵᠢᠭᠦᠯᠬᠦ》 ᠵᠡᠷᠭᠡ ᠠᠯᠢ ᠣᠯᠠᠨ ᠴᠢᠬᠤᠯᠠ ᠨᠤᠲᠠᠯᠠᠯᠲᠠ᠂ ᠴᠢᠬᠤᠯᠠ ᠶᠡᠬᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠣᠷᠣᠨ ᠪᠦᠰᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢ ᠪᠠᠷᠢᠮᠲᠠᠯᠠᠨ ᠲᠡᠭᠦᠯᠳᠡᠷᠵᠢᠭᠦᠯᠵᠦ᠂ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ᠂ ᠬᠢᠯᠢ ᠬᠢᠵᠠᠭ᠋ᠠᠷ ᠣᠷᠣᠨ᠎ᠤ ᠪᠥᠬᠥ ᠤᠯᠤᠰ᠎ᠲᠠᠢ ᠬᠠᠮᠲᠤ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠂ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠡᠶᠡᠯᠡᠭᠦᠯᠬᠦ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠳᠤ ᠮᠣᠷᠳᠠᠪᠠ᠃ ᠭᠡᠪᠡᠴᠦ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠰᠢᠨ᠎ᠡ ᠳᠡᠭᠲᠡᠷ᠎ᠲᠤ ᠭᠠᠷᠤᠭᠰᠠᠨ ᠪᠣᠯᠪᠠᠴᠤ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠪᠠᠶ᠋ᠢᠬᠤ ᠠᠰᠠᠭᠤᠳᠠᠯ ᠮᠥᠨ ᠯᠡ ᠲᠤᠪᠤᠢ᠍ᠢ᠍ᠮ᠎ᠠ ᠪᠠᠶ᠋ᠢᠵᠤ᠂ ᠦᠨᠳᠦᠰᠦᠲᠡᠨ᠎ᠤ ᠬᠦᠷᠢᠶᠡᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠲᠠᠯᠳᠠ ᠭᠡᠮ᠎ᠢ ᠰᠡᠷᠭᠡᠶ᠋ᠢᠯᠡᠨ ᠠᠷᠢᠯᠭ᠋ᠠᠬᠤ ᠡᠭᠦᠷᠭᠡ ᠪᠡᠷᠬᠡ ᠬᠠᠲᠠᠭᠤᠵᠢᠯᠲᠠᠢ ᠪᠠᠶ᠋ᠢᠬᠤ ᠵᠢ ᠴᠤ᠌ ᠣᠯᠵᠤ ᠬᠠᠷᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠵᠢ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠣᠯᠪᠣᠭᠳᠠᠯ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠠᠭᠤᠯᠤᠯ᠎ᠢ ᠡᠰᠡᠷᠭᠦᠴᠡᠬᠦ ᠠᠴᠢ ᠬᠣᠯᠪᠣᠭᠳᠠᠯ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠠᠴᠢ ᠬᠣᠯᠪᠣᠭᠳᠠᠯ ᠣᠯᠭᠣᠵᠤ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠲᠣᠭᠲᠠᠭᠤᠨ᠎ᠢ ᠦᠨᠡᠨ ᠬᠦ᠌ ᠬᠠᠮᠠᠭ᠋ᠠᠯᠠᠵᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃
ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠬᠢᠯᠢ ᠬᠢᠵᠠᠭ᠋ᠠᠷ᠎ᠤᠨ ᠵᠠᠰᠠᠯᠲᠠ ᠵᠢᠨ ᠡᠯ᠎ᠡ ᠲᠠᠯ᠎ᠠ ᠪᠦᠬᠦ ᠶᠠᠪᠤᠴᠠ᠎ᠳᠤ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠤᠳᠤᠷᠢᠳᠬᠤ ᠭᠣᠣᠯᠯᠠᠭᠴᠢ ᠮᠥᠨ᠂ ᠡᠷᠬᠡᠪᠰᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠨᠠᠮ᠎ᠤᠨ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠤᠳᠤᠷᠢᠳᠬᠤ ᠭᠣᠣᠯᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠦᠵᠡᠯ ᠰᠠᠨᠠᠭ᠎ᠠ᠂ ᠤᠯᠤᠰ ᠲᠦᠷᠦ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠤᠨᠤᠯ᠎ᠤᠨ ᠵᠡᠪᠰᠡᠭᠯᠡᠯᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠢᠯᠢ ᠬᠢᠵᠠᠭ᠋ᠠᠷ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠲᠠᠢ ᠢᠮᠠᠭᠲᠠ ᠪᠠᠷᠢᠮᠵᠢᠶᠠᠯᠠᠨ ᠬᠠᠷᠭᠤᠭᠤᠯᠵᠤ᠂ ᠡᠯ᠎ᠡ ᠵᠦᠢ᠍ᠯ᠎ᠤᠨ ᠲᠥᠯᠥᠪᠵᠢᠭᠦᠯᠭᠡ᠂ ᠬᠠᠤᠯᠢ ᠲᠣᠭᠲᠠᠭ᠋ᠠᠯ᠂ ᠲᠦᠷᠦ ᠵᠢᠨ ᠪᠤᠳᠤᠯᠭ᠎ᠠ᠂ ᠲᠦᠷᠦᠯ ᠵᠦᠢ᠍ᠯ᠎ᠤᠨ ᠪᠣᠳᠠᠲᠠᠢ ᠲᠥᠯᠥᠪᠵᠢᠭᠦᠯᠭᠡ ᠪᠠ ᠬᠡᠷᠡᠭᠵᠢᠭᠦᠯᠦᠯᠲᠡ ᠳᠤᠮᠳᠠ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠰᠠᠶ᠋ᠢᠨ ᠺᠠᠳ᠋ᠷ᠎ᠤᠨ ᠪᠠᠷᠢᠮᠵᠢᠶ᠎ᠠ ᠪᠠ ᠦᠨᠳᠦᠰᠦᠲᠡᠨ᠎ᠤ ᠭᠠᠵᠠᠷ ᠣᠷᠣᠨ᠎ᠤ ᠺᠠᠳ᠋ᠷ᠎ᠤᠨ 《ᠳᠥᠷᠪᠡᠨ ᠣᠨᠴᠠᠭ᠋ᠠᠶ》 ᠱᠠᠭ᠋ᠠᠷᠳᠠᠯᠭ᠎ᠠ ᠵᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ ᠵᠢ ᠴᠢᠷᠮᠠᠶ᠋ᠢᠨ ᠪᠠᠶ᠋ᠢᠭᠤᠯᠤᠨ᠎ᠠ᠃
ᠬᠢᠯᠢ ᠬᠢᠵᠠᠭ᠋ᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠪᠦᠬᠦ ᠤᠯᠤᠰ᠎ᠠᠴᠠ ᠠᠪᠴᠤ ᠦᠵᠡᠪᠡᠯ᠂ ᠪᠦᠬᠦ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠬᠠᠮᠤᠭ᠎ᠤᠨ ᠬᠠᠲᠠᠭᠤ ᠪᠡᠷᠬᠡ ᠡᠭᠦᠷᠭᠡ᠎ᠨᠢ ᠵᠠᠷᠢᠮ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠳᠤ ᠪᠠᠶ᠋ᠢᠨ᠎ᠠ᠃ ᠡᠳᠡᠭᠡᠷ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠬᠠᠮᠲᠤ᠎ᠪᠠᠷ ᠴᠢᠨᠡᠭᠡᠯᠢᠭᠵᠢᠬᠦ ᠵᠠᠮ ᠵᠶ᠋ᠠᠷ ᠡᠩᠨᠡᠭᠡ᠎ᠠᠴᠠ᠎ᠪᠠᠨ ᠬᠣᠴᠣᠷᠴᠤ ᠪᠣᠯᠬᠤ ᠦᠭᠡᠢ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠨᠡᠩ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠠᠵᠢᠯᠯᠠᠭ᠎ᠠ ᠪᠠ ᠳᠡᠷᠭᠡᠳᠡᠬᠢ᠎ᠪᠠᠨ ᠦᠨᠡᠨ ᠬᠦ᠌ ᠮᠡᠳᠡᠷᠡᠭᠦᠯᠬᠦ ᠬᠡᠷᠡᠭᠲᠡᠢ᠃ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠥᠬᠥ ᠲᠠᠯ᠎ᠠ᠎ᠳᠤ ᠣᠷᠣᠭᠤᠯᠵᠤ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠣᠷᠣᠨ ᠪᠦᠰᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠎ᠳᠤ ᠣᠷᠣᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠣᠨᠣᠪᠴᠢᠲᠠᠶ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠬᠢᠯᠢ ᠬᠢᠵᠠᠭ᠋ᠠᠷ ᠣᠷᠣᠨ᠎ᠤ ᠲᠣᠰ ᠪᠡᠶ᠎ᠡ ᠵᠢᠨ ᠨᠥᠬᠥᠴᠡᠯ ᠲᠥᠷᠥᠯᠬᠢ ᠠᠪᠢᠶᠠᠰ᠎ᠲᠠᠭᠠᠨ ᠲᠦᠰᠢᠭᠯᠡᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠬᠤ᠂ ᠪᠥᠬᠥ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠤ ᠠᠭᠤᠰᠤᠯᠴᠠᠬᠤ ᠳᠤᠮᠳᠠ ᠲᠣᠰ ᠪᠡᠶ᠎ᠡ ᠵᠢᠨ ᠴᠢᠨᠠᠷ ᠰᠠᠶ᠋ᠢᠲᠠᠶ ᠬᠥᠭᠵᠢᠯᠲᠡ᠎ᠪᠠᠨ ᠪᠡᠶᠡᠯᠡᠭᠦᠯᠬᠦ ᠵᠢ ᠳᠡᠮᠵᠢᠬᠦ ᠬᠡᠷᠡᠭᠲᠡᠶ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠤᠨ᠎ᠠ᠃ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢ ᠥᠷᠭᠡᠨ ᠵᠶ᠋ᠠᠷ ᠦᠢ᠍ᠯᠡᠳᠦᠯᠭᠡᠵᠢᠭᠦᠯᠵᠦ᠂ ᠤᠯᠤᠰ ᠵᠶ᠋ᠠᠨ ᠬᠠᠶ᠋ᠢᠷᠠᠯᠠᠬᠤ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠬᠢᠯᠢ ᠬᠢᠵᠠᠭ᠋ᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠵᠥᠪ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠲᠡᠦᠬᠡ ᠵᠢᠨ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠠᠬᠢ ᠪᠣᠶ ᠪᠣᠯᠭ᠋ᠠᠵᠤ᠂ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠶ ᠬᠠᠮᠲᠤ ᠵᠢᠨ ᠲᠠᠨᠢᠯᠲᠠ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ᠃ ᠬᠢᠯᠢ ᠬᠢᠵᠠᠭ᠋ᠠᠷ ᠣᠷᠣᠨ᠎ᠤ ᠤᠯᠤᠰ ᠵᠶ᠋ᠠᠨ ᠬᠠᠶ᠋ᠢᠷᠠᠯᠠᠬᠤ ᠦᠵᠡᠯ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠡᠯ᠎ᠡ ᠲᠥᠷᠥᠯ᠎ᠤᠨ ᠰᠣᠶᠣᠯ᠎ᠤᠨ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠶᠡᠬᠡᠪᠡᠷ ᠪᠠᠳᠠᠷᠠᠭᠤᠯᠵᠤ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢᠨ ᠱᠠᠭ᠋ᠠᠷᠳᠠᠯᠭ᠎ᠠ ᠵᠢ ᠡᠳᠦᠷ ᠲᠤᠲᠤᠮ᠎ᠤᠨ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠬᠤ᠎ᠪᠠᠷ ᠴᠢᠷᠮᠠᠶ᠋ᠢᠵᠤ᠂ ᠡᠭᠦᠨ᠎ᠤ ᠤᠯᠠᠮ ᠵᠶ᠋ᠠᠷ ᠤᠬᠠᠮᠰᠠᠷ᠎ᠠᠴᠠ᠎ᠪᠠᠨ ᠬᠡᠷᠡᠭᠵᠢᠭᠦᠯᠬᠦ ᠢᠲᠡᠭᠡᠯ ᠪᠢᠰᠢᠷᠡᠯ᠎ᠤᠨ ᠣᠨᠣᠯᠵᠢᠬᠤᠨ᠎ᠢ ᠪᠣᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠬᠢᠯ᠎ᠢ ᠨᠢᠭᠡᠳᠬᠡᠨ᠂ ᠣᠶᠤᠨ ᠰᠠᠨᠠᠭ᠎ᠠ ᠵᠢ ᠬᠠᠷᠢᠯᠴᠠᠨ ᠲᠦᠰᠢᠯᠴᠡᠭᠦᠯᠵᠦ᠂ ᠬᠥᠮᠦᠰ᠎ᠤᠨ ᠰᠡᠳᠬᠢᠯ᠎ᠢ ᠨᠢᠭᠲᠠᠷᠠᠭᠤᠯᠤᠨ᠂ ᠪᠦᠯᠬᠦᠮᠳᠡᠨ ᠲᠡᠮᠡᠴᠡᠬᠦ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠣᠯᠪᠣᠭ᠋ᠠᠰᠤ ᠵᠢ ᠪᠦᠷᠢᠯᠳᠦᠭᠦᠯᠬᠦ ᠬᠡᠷᠡᠭᠲᠡᠶ᠃
ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠨ᠎ᠠ᠃ ᠬᠠᠤᠯᠢ᠎ᠪᠠᠷ ᠵᠠᠰᠠᠬᠤ ᠵᠠᠮ ᠵᠶ᠋ᠠᠷ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠵᠤ᠂ ᠨᠡᠶ᠋ᠢᠭᠡᠮ ᠵᠢᠷᠤᠮ᠎ᠤᠨ ᠬᠠᠤᠯᠢ ᠲᠦᠷᠢᠮ᠎ᠤᠨ ᠨᠢᠭᠡᠳᠦᠯ ᠪᠠ ᠬᠠᠤᠯᠢ᠎ᠪᠠᠷ ᠵᠠᠰᠠᠬᠤ ᠵᠢᠨ ᠨᠡᠷ᠎ᠡ ᠬᠦᠨᠳᠦ ᠵᠢ ᠬᠠᠮᠠᠭ᠋ᠠᠯᠠᠬᠤ ᠬᠡᠷᠡᠭᠲᠡᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠣᠷᠣᠨ ᠪᠦᠰᠡ᠎ᠪᠠᠷ ᠳᠡᠮᠵᠢᠬᠦ ᠵᠦᠷᠢᠶᠡᠴᠢᠯᠡᠭᠰᠡᠨ ᠲᠥᠷᠥ ᠵᠢᠨ ᠪᠣᠳᠣᠯᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠵᠦ᠂ ᠬᠢᠯᠢ ᠬᠢᠵᠠᠭ᠋ᠠᠷ ᠣᠷᠣᠨ᠎ᠤ ᠨᠡᠶ᠋ᠢᠭᠡᠮ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠤᠰ ᠣᠷᠣᠨ᠎ᠤ ᠦᠵᠡᠯ ᠤᠬᠠᠮᠰᠠᠷ᠂ ᠠᠷᠠᠳ ᠢᠷᠭᠡᠨ᠎ᠤ ᠦᠵᠡᠯ ᠤᠬᠠᠮᠰᠠᠷ᠂ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ᠎ᠨᠢ ᠴᠢᠩᠭ᠋ᠠᠷᠠᠭᠤᠯᠵᠤ᠂ ᠬᠠᠤᠯᠢ ᠴᠠᠭ᠋ᠠᠵᠠ ᠵᠢᠨ ᠢᠲᠡᠭᠡᠯ ᠪᠢᠰᠢᠷᠡᠯ᠎ᠢ ᠪᠣᠢ ᠪᠣᠯᠭ᠋ᠠᠨ᠂ ᠤᠬᠠᠮᠰᠠᠷ᠎ᠠᠴᠠ᠎ᠪᠠᠨ ᠬᠠᠤᠯᠢ ᠶᠣᠰᠣᠭ᠋ᠠᠷ ᠠᠵᠢᠯᠯᠠᠬᠤ ᠪᠣᠯᠭ᠋ᠠᠨ᠎ᠠ᠃
ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠪᠣᠯ ᠳᠤᠮᠳᠠᠳᠤ ᠤᠯᠤᠰ᠎ᠤᠨ ᠠᠷᠠᠳ ᠢᠷᠭᠡᠨ ᠨᠢᠭᠡᠪᠦᠷᠢ ᠵᠢᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠪᠣᠯᠬᠤ ᠪᠥᠭᠡᠳ ᠬᠤᠪᠢ ᠬᠥᠮᠦᠨ᠎ᠳᠤ ᠨᠡᠩ ᠶᠡᠬᠡ ᠬᠥᠭᠵᠢᠯᠲᠡ ᠵᠢᠨ ᠣᠷᠣᠨ ᠵᠠᠢ ᠣᠯᠭᠣᠬᠤ᠎ᠳᠤ ᠳᠤᠲᠠᠭᠳᠠᠵᠤ ᠪᠣᠯᠤᠰᠢ ᠦᠭᠡᠢ ᠬᠡᠪ ᠴᠢᠨᠠᠷ ᠪᠣᠯᠤᠨ᠎ᠠ᠃ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠪᠠᠭᠰᠢ ᠵᠢᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭ᠋ᠠᠨ ᠰᠤᠷᠭ᠋ᠠᠯᠲᠠ ᠵᠢᠨ ᠴᠢᠳᠠᠪᠤᠷᠢ ᠵᠢᠨ ᠪᠣᠯᠪᠠᠰᠤᠷᠠᠯ᠎ᠢ ᠭᠦᠨᠵᠡᠭᠡᠢ ᠥᠷᠨᠢᠭᠦᠯᠵᠦ᠂ ᠵᠠᠯᠠᠭᠤ ᠢᠳᠡᠷ ᠬᠥᠳᠡᠯᠮᠦᠷᠢ ᠬᠦᠴᠦᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠦᠭᠡ ᠬᠡᠯᠡ ᠨᠡᠪᠲᠡᠷᠡᠯᠴᠡᠬᠦ᠎ᠪᠠᠷ ᠦᠨᠳᠦᠰᠦᠲᠡᠨ᠎ᠨᠦᠭᠦᠳ᠎ᠤᠨ ᠰᠡᠳᠬᠢᠯ ᠰᠠᠨᠠᠭ᠎ᠠ ᠨᠡᠪᠲᠡᠷᠡᠯᠴᠡᠬᠦ᠂ ᠬᠤᠪᠢ ᠵᠠᠶᠠᠭ᠎ᠠ ᠨᠡᠪᠲᠡᠷᠡᠯᠴᠡᠬᠦ ᠵᠢ ᠠᠬᠢᠭᠤᠯᠬᠤ ᠬᠡᠷᠡᠭᠲᠡᠢ᠃