ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠡᠷᠬᠡᠪᠰᠢ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ᠃ 2022 ᠣᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠵᠡᠷᠭᠡ ᠶᠢᠰᠦᠨ ᠰᠠᠯᠠᠭ᠎ᠠ ᠮᠥᠴᠢᠷ ᠬᠠᠮᠲᠤᠷᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ ᠦᠨᠳᠦᠰᠦᠲᠡᠨ᠎ᠤ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ᠂ ᠦᠨᠳᠦᠰᠦᠲᠡᠨ᠎ᠤ ᠭᠠᠵᠠᠷ ᠣᠷᠣᠨ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠣᠯᠭᠣᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠵᠢᠨ ᠠᠴᠢ ᠬᠣᠯᠪᠣᠭᠳᠠᠯ᠎ᠢ ᠴᠢᠬᠤᠯᠠᠴᠢᠯᠠᠪᠠ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠠᠭᠤᠯᠤᠯ᠎ᠢ ᠡᠰᠡᠷᠭᠦᠴᠡᠬᠦ ᠠᠴᠢ ᠬᠣᠯᠪᠣᠭᠳᠠᠯ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠨ᠎ᠤ ᠰᠡᠳᠬᠢᠯ᠎ᠢ ᠨᠢᠭᠲᠠᠷᠠᠭᠤᠯᠬᠤ ᠠᠴᠢ ᠬᠣᠯᠪᠣᠭᠳᠠᠯ᠂ ᠦᠨᠳᠦᠰᠦᠲᠡᠨ᠎ᠨᠦᠭᠦᠳ᠎ᠤᠨ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ ᠵᠢ ᠬᠥᠲᠥᠯᠥᠨ ᠵᠢᠯᠣᠭᠣᠳᠬᠤ᠂ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠤᠢ᠍ᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠥᠯᠥᠭᠡ ᠬᠠᠮᠲᠤ᠎ᠪᠠᠷ ᠲᠡᠮᠡᠴᠡᠵᠡᠭᠡᠶ᠎ᠡ᠃ 2025 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ 《ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠬᠡᠷᠡᠭᠲᠡᠶ》 ᠭᠡᠵᠦ ᠴᠢᠬᠤᠯᠠᠴᠢᠯᠠᠪᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠶᠡᠬᠡ ᠲᠠᠯ᠎ᠠ᠎ᠳᠤ ᠲᠠᠯᠪᠢᠨ ᠴᠢᠬᠤᠯᠠᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ ᠪᠠ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ᠎ᠤᠨ ᠱᠠᠭ᠋ᠠᠷᠳᠠᠯᠭ᠎ᠠ ᠪᠣᠯᠬᠤ ᠵᠢ ᠢᠯᠡᠷᠡᠭᠦᠯᠵᠦ᠂ ᠦᠨᠳᠦᠰᠦᠲᠡᠨ᠎ᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ᠎ᠳᠤ 《ᠪᠠᠲᠤ ᠴᠣᠭᠴᠠᠯᠠᠬᠤ》 ᠵᠢ ᠲᠤᠭᠤᠰᠢᠯᠠᠭᠤᠯᠬᠤ᠂ ᠰᠢᠨ᠎ᠡ ᠴᠠᠭ ᠦᠶ᠎ᠡ ᠵᠢᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠢ ᠰᠠᠶ᠋ᠢᠲᠤᠷ ᠬᠢᠬᠦ᠂ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭ᠋ᠠᠪᠠ᠃ ᠦᠨᠳᠦᠰᠦᠲᠡᠨ᠎ᠤ ᠭᠠᠵᠠᠷ ᠣᠷᠣᠨ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠳᠬᠡᠵᠦ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠴᠢᠨᠡᠭᠡᠯᠢᠭᠵᠢᠯ᠎ᠢ ᠯᠠᠪᠳᠠᠭᠤᠨ ᠪᠠᠲᠤᠲᠠᠢ ᠠᠬᠢᠭᠤᠯᠬᠤ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢᠨ ᠶᠡᠷᠦᠩᠬᠡᠢ ᠱᠠᠭ᠋ᠠᠷᠳᠠᠯᠭ᠎ᠠ ᠵᠢᠨ ᠲᠣᠭᠣᠷᠢᠨ᠎ᠳᠤ᠂ ᠲᠤᠬᠠᠢ ᠵᠢᠨ ᠭᠠᠵᠠᠷ᠎ᠤᠨ ᠪᠠᠶ᠋ᠢᠳᠠᠯ᠎ᠳᠠᠭᠠᠨ ᠲᠤᠬᠢᠷᠠᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ ᠪᠣᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠪᠡᠬᠢᠵᠢᠭᠦᠯᠦᠨ ᠥᠷᠭᠡᠳᠬᠡᠵᠦ᠂ ᠳᠣᠣᠷᠠᠬᠢ ᠬᠡᠳᠦᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠢ᠄
ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠳᠤᠤᠷ᠎ᠠ ᠦᠨᠳᠦᠰᠦᠲᠡᠨ᠎ᠤ ᠭᠠᠵᠠᠷ ᠣᠷᠣᠨ ᠬᠥᠳᠡᠭᠡ ᠲᠣᠰᠬᠣᠨ᠎ᠤ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠶ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠤᠳᠤᠷᠢᠳᠬᠤ ᠭᠣᠣᠯᠯᠠᠭᠴᠢ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠤᠭ᠎ᠤᠨ ᠨᠠᠶ᠋ᠢᠳᠠᠪᠤᠷᠢᠲᠠᠢ ᠲᠦᠰᠢᠭ ᠲᠤᠯᠭ᠋ᠠᠭᠤᠷᠢ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠦᠨᠳᠦᠰᠦᠲᠡᠨ᠎ᠤ ᠭᠠᠵᠠᠷ ᠣᠷᠣᠨ ᠪᠦᠬᠦ ᠤᠯᠤᠰ᠎ᠲᠠᠢ ᠬᠠᠮᠲᠤ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠪᠡ᠃ ᠰᠢᠨ᠎ᠡ ᠠᠶᠠᠨ ᠵᠠᠮ᠎ᠳᠤ᠂ ᠳᠤᠮᠳᠠᠳᠤ ᠤᠯᠤᠰ᠎ᠤᠨ ᠮᠠᠶ᠋ᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠦᠨᠳᠦᠰᠦᠲᠡᠨ᠎ᠤ ᠭᠠᠵᠠᠷ ᠣᠷᠣᠨ ᠢᠮᠠᠭᠲᠠ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠬᠦ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠪᠤᠴᠠ᠎ᠳᠤ᠂ ᠨᠠᠮ᠎ᠤᠨ ᠪᠠᠶ᠋ᠢᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠤᠯᠠᠮ ᠴᠢᠨᠠᠭᠰᠢᠳᠠ ᠴᠢᠩᠭ᠋ᠠᠳᠬᠠᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠥᠳᠡᠭᠡ ᠲᠣᠰᠬᠣᠨ᠎ᠤ ᠵᠠᠰᠠᠯᠲᠠ᠎ᠲᠠᠢ ᠵᠡᠷᠭᠡ᠎ᠪᠠᠷ ᠲᠥᠯᠥᠪᠵᠢᠭᠦᠯᠬᠦ᠂ ᠵᠡᠷᠭᠡ᠎ᠪᠠᠷ ᠪᠠᠶ᠋ᠢᠷᠢᠯᠠᠭᠤᠯᠬᠤ ᠵᠢ ᠪᠡᠶᠡᠯᠡᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠥᠳᠡᠭᠡ ᠲᠣᠰᠬᠣᠨ᠎ᠤ ᠵᠠᠰᠠᠯᠲᠠ ᠳᠤᠮᠳᠠᠬᠢ ᠤᠳᠤᠷᠢᠳᠬᠤ ᠪᠠᠶ᠋ᠢᠷᠢ ᠰᠠᠭᠤᠷᠢ ᠵᠢ ᠴᠢᠩᠭ᠋ᠠᠳᠬᠠᠨ ᠪᠡᠬᠢᠵᠢᠭᠦᠯᠵᠦ᠂ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠦᠨᠳᠦᠰᠦᠲᠡᠨ᠎ᠤ ᠭᠠᠵᠠᠷ ᠣᠷᠣᠨ ᠬᠥᠳᠡᠭᠡ ᠲᠣᠰᠬᠣᠨ᠎ᠤ ᠵᠠᠰᠠᠯᠲᠠ ᠵᠢᠨ ᠣᠳᠣᠬᠢᠴᠢᠯᠠᠯᠲᠠ᠎ᠳᠤ ᠪᠠᠲᠤ ᠴᠢᠩᠭ᠎ᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠵᠤ᠂ ᠬᠥᠳᠡᠭᠡ ᠲᠣᠰᠬᠣᠨ᠎ᠤ ᠠᠵᠤ ᠠᠬᠤᠶ ᠨᠡᠶ᠋ᠢᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠲᠦᠷᠭᠡᠨ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠬᠡᠷᠡᠭᠲᠡᠶ᠃ ᠲᠡᠷᠢᠭᠦᠨ᠎ᠤ ᠴᠢᠨᠠᠷ᠎ᠤᠨ ᠪᠠᠶ᠋ᠢᠭᠤᠯᠤᠯᠲᠠ ᠵᠢ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠣᠣᠯ ᠠᠭᠤᠯᠭ᠎ᠠ ᠪᠣᠯᠭ᠋ᠠᠵᠤ᠂ ᠨᠠᠮ᠎ᠤᠨ ᠭᠡᠰᠢᠭᠦᠨ᠎ᠤ ᠪᠦᠲᠦᠴᠡ ᠵᠢ ᠰᠢᠯᠢᠳᠡᠭᠵᠢᠭᠦᠯᠦᠨ᠂ ᠨᠠᠮ᠎ᠤᠨ ᠭᠡᠰᠢᠭᠦᠨ᠎ᠤ ᠡᠩᠨᠡᠭᠡᠨ᠎ᠤ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠰᠢᠶᠠᠩ ᠪᠠᠯᠭ᠋ᠠᠰᠤᠨ᠎ᠤ ᠨᠠᠮ ᠵᠠᠰᠠᠭ᠎ᠤᠨ ᠤᠳᠤᠷᠢᠳᠬᠤ ᠪᠠᠭ᠎ᠢ ᠴᠢᠩᠭ᠎ᠠ ᠲᠣᠬᠢᠷᠠᠭᠤᠯᠵᠤ᠂ ᠤᠯᠤᠰ ᠲᠥᠷᠥ ᠵᠢᠨ ᠤᠬᠠᠮᠰᠠᠷ᠎ᠲᠠᠢ ᠪᠠ ᠬᠠᠷᠠᠮ ᠦᠭᠡᠶ ᠵᠢᠳᠬᠦᠬᠦ ᠵᠣᠷᠢᠭ ᠰᠠᠨᠠᠭ᠎ᠠ᠎ᠲᠠᠢ᠂ ᠠᠵᠤ ᠠᠬᠤᠶ ᠵᠢᠨ ᠲᠠᠷᠢᠬᠢ ᠲᠣᠯᠣᠭ᠋ᠠᠶ᠎ᠲᠠᠢ ᠪᠠ ᠪᠠᠶᠠᠵᠢᠬᠤ ᠴᠢᠳᠠᠪᠤᠷᠢ᠎ᠲᠠᠢ᠂ ᠰᠠᠶ᠋ᠢᠨ ᠰᠠᠶ᠋ᠢᠬᠠᠨ ᠵᠠᠩ ᠰᠤᠷᠲᠠᠯ᠎ᠲᠠᠢ ᠰᠢᠯᠢᠳᠡᠭ ᠨᠠᠮ᠎ᠤᠨ ᠭᠡᠰᠢᠭᠦᠨ ᠴᠢᠳᠠᠪᠤᠷᠢᠲᠠᠨ᠎ᠢ ᠰᠣᠩᠭᠣᠨ ᠳᠡᠪᠰᠢᠭᠦᠯᠵᠦ ᠲᠣᠰᠬᠣᠨ᠎ᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠢ ᠪᠦᠷᠢᠯᠳᠦᠭᠦᠯᠦᠨ᠂ ᠲᠣᠰᠬᠣᠨ᠎ᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠣᠣᠯ ᠬᠠᠷᠢᠭᠤᠴᠠᠯᠭ᠋ᠠᠲᠠᠨ᠎ᠢ ᠰᠢᠯᠢᠳᠡᠭ ᠪᠥᠭᠡᠳ ᠴᠢᠩᠭ᠎ᠠ ᠲᠣᠬᠢᠷᠠᠭᠤᠯᠵᠤ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ᠂ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠨᠢᠭᠡ ᠣᠷᠣᠨ᠎ᠢ ᠴᠢᠨᠡᠭᠡᠯᠢᠭᠵᠢᠭᠦᠯᠬᠦ᠂ ᠨᠢᠭᠡ ᠣᠷᠣᠨ᠎ᠢ ᠪᠦᠯᠬᠦᠮᠳᠡᠭᠦᠯᠬᠦ᠂ ᠨᠢᠭᠡ ᠣᠷᠣᠨ᠎ᠢ ᠲᠣᠭᠲᠠᠪᠤᠷᠢᠵᠢᠭᠤᠯᠬᠤ ᠪᠠᠲᠤ ᠴᠢᠩᠭ᠎ᠠ ᠳᠠᠶ᠋ᠢᠴᠢᠨ ᠪᠡᠬᠢᠯᠡᠯᠲᠡ ᠪᠣᠯᠭ᠋ᠠᠬᠤ ᠬᠡᠷᠡᠭᠲᠡᠶ᠃
ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠥᠳᠡᠭᠡ ᠲᠣᠰᠬᠣᠨ᠎ᠤ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠶ ᠠᠬᠢᠭᠤᠯᠤᠨ᠎ᠠ᠃ ᠦᠨᠳᠦᠰᠦᠲᠡᠨ᠎ᠤ ᠭᠠᠵᠠᠷ ᠣᠷᠣᠨ ᠪᠣᠯ ᠮᠠᠨ᠎ᠤ ᠤᠯᠤᠰ᠎ᠤᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢᠨ ᠭᠣᠣᠯᠳᠠᠯᠭ᠎ᠠ᠎ᠲᠠᠢ ᠬᠦᠴᠢᠷᠳᠡᠯᠲᠡᠢ ᠣᠷᠣᠨ ᠪᠦᠰᠡ ᠪᠣᠯᠤᠨ᠎ᠠ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠪᠤᠴᠠ᠎ᠳᠤ᠂ ᠰᠠᠭᠤᠷᠢ ᠲᠥᠬᠥᠭᠡᠷᠦᠮᠵᠢ ᠵᠢᠨ ᠳᠤᠲᠠᠭᠤᠳᠠᠯ᠎ᠢ ᠬᠦᠴᠦᠯᠡᠨ ᠨᠥᠬᠥᠪᠥᠷᠢᠯᠡᠵᠦ᠂ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ ᠤᠨᠴᠠᠯᠢᠬᠳᠤ ᠠᠵᠤ ᠦᠢ᠍ᠯᠡᠰ᠎ᠢ ᠬᠥᠭᠵᠢᠭᠦᠯᠵᠦ᠂ ᠤᠨᠴᠠᠯᠢᠬᠳᠤ ᠵᠢᠭᠤᠯᠴᠢᠯᠠᠯ᠂ ᠤᠨᠴᠠᠯᠢᠬᠳᠤ ᠲᠠᠷᠢᠮᠠᠯ ᠲᠡᠵᠢᠭᠡᠪᠦᠷᠢ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠠᠵᠤ ᠦᠢ᠍ᠯᠡᠰ᠎ᠢ ᠭᠣᠣᠯᠳᠠᠯᠭ᠎ᠠ᠎ᠲᠠᠢ ᠬᠥᠭᠵᠢᠭᠦᠯᠬᠦ ᠬᠡᠷᠡᠭᠲᠡᠢ᠃ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠵᠦ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠬᠦᠨ᠎ᠤ ᠨᠡᠮᠡᠯᠲᠡ ᠦᠷᠳᠡᠭ᠎ᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ ᠪᠠ ᠲᠠᠷᠢᠶᠠᠯᠠᠩ᠎ᠤᠨ ᠬᠡᠷᠡᠭᠰᠡᠯ᠎ᠤᠨ ᠣᠲᠣ ᠦᠶ᠎ᠡ ᠵᠢᠨ ᠭᠦᠢ᠍ᠯᠭᠡᠭᠡᠨ᠎ᠤ ᠲᠤᠤᠷ᠎ᠢ ᠲᠦᠷᠭᠡᠳᠬᠡᠨ ᠪᠠᠶ᠋ᠢᠭᠤᠯᠵᠤ᠂ ᠡᠯ᠎ᠡ ᠲᠥᠷᠥᠯ᠎ᠤᠨ ᠭᠤᠤᠯ ᠴᠣᠭᠴᠠ ᠵᠢᠨ ᠬᠠᠮᠵᠢᠯᠴᠠᠨ ᠬᠠᠩᠭ᠋ᠠᠯᠭ᠎ᠠ ᠵᠢᠨ ᠬᠡᠯᠬᠢᠶ᠎ᠡ ᠵᠢ ᠬᠠᠮᠲᠤ᠎ᠪᠠᠷ ᠪᠠᠶ᠋ᠢᠭᠤᠯᠬᠤ ᠵᠢ ᠳᠡᠮᠵᠢᠵᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠰᠬᠣᠨ᠎ᠠᠴᠠ ᠭᠠᠷᠭ᠋ᠠᠬᠤ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠦᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠣᠯᠭ᠋ᠠᠵᠤ᠂ ᠲᠠᠷᠢᠶᠠᠯᠠᠩ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠨᠢᠭᠡ ᠲᠠᠯ᠎ᠠ᠎ᠪᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠳᠤ ᠲᠦᠰᠢᠭᠯᠡᠨ ᠬᠥᠳᠡᠭᠡ ᠲᠣᠰᠬᠣᠨ᠎ᠤ ᠤᠨᠴᠠᠯᠢᠬᠳᠤ ᠠᠵᠤ ᠦᠢ᠍ᠯᠡᠰ᠎ᠢ ᠬᠥᠭᠵᠢᠭᠦᠯᠵᠦ᠂ ᠤᠯᠠᠮᠵᠢᠯᠠᠯᠲᠤ ᠳᠠᠪᠠᠭᠤᠯᠢᠭ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ; ᠨᠦᠬᠦᠭᠡ ᠲᠠᠯ᠎ᠠ᠎ᠪᠠᠷ᠂ ᠪᠠᠶ᠋ᠢᠭᠤᠯᠤᠯ ᠲᠣᠭᠲᠠᠴᠠ ᠵᠢᠨ ᠬᠤᠪᠢᠰᠤᠯᠲᠠ ᠵᠢ ᠪᠡᠶᠡᠯᠡᠭᠦᠯᠬᠦ ᠵᠢ ᠠᠬᠢᠭᠤᠯᠵᠤ᠂ ᠲᠠᠷᠢᠶᠠᠯᠠᠩ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠯᠦᠭᠡ ᠵᠣᠬᠢᠴᠠᠭᠰᠠᠨ ᠰᠢᠨ᠎ᠡ ᠬᠡᠯᠪᠡᠷᠢ ᠵᠢᠨ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠪᠠᠶ᠋ᠢᠭᠤᠯᠵᠤ᠂ ᠡᠯ᠎ᠡ ᠲᠦᠷᠦᠯ᠎ᠤᠨ ᠲᠡᠷᠢᠭᠦᠨ᠎ᠤ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠲᠡᠶ᠋ᠢᠰᠢ ᠰᠢᠯᠵᠢᠬᠦ᠂ ᠲᠥᠪᠯᠡᠷᠡᠬᠦ ᠵᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠨ᠎ᠡ᠃ ᠰᠢᠶᠠᠨ᠎ᠤ ᠬᠡᠪᠴᠢᠶᠡᠨ᠎ᠤ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠠᠵᠢᠯ ᠣᠯᠭᠣᠬᠤ ᠪᠠᠭᠲᠠᠭ᠋ᠠᠮᠵᠢ᠎ᠪᠠᠷ ᠶᠡᠬᠡ ᠪᠦᠬᠦᠢ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠳᠡᠮᠵᠢᠨ ᠬᠥᠭᠵᠢᠭᠦᠯᠵᠦ᠂ ᠲᠠᠷᠢᠶᠠᠯᠠᠩ᠎ᠤᠨ ᠬᠦᠴᠦᠷᠬᠡᠭ ᠰᠢᠶᠠᠨ᠂ ᠠᠵᠤ ᠦᠢ᠍ᠯᠡᠳᠪᠦᠷᠢ ᠵᠢᠨ ᠲᠣᠮᠣ ᠰᠢᠶᠠᠨ᠂ ᠵᠢᠭᠤᠯᠴᠢᠯᠠᠯ᠎ᠤᠨ ᠨᠡᠷᠡᠲᠦ ᠰᠢᠶᠠᠨ᠎ᠢ ᠪᠣᠶ᠋ᠢᠵᠢᠭᠤᠯᠵᠤ᠂ ᠲᠠᠷᠢᠶᠠᠴᠢᠨ ᠮᠠᠯᠴᠢᠳ᠎ᠤᠨ ᠣᠶ᠋ᠢᠷ᠎ᠠ ᠬᠠᠪᠢ᠎ᠳᠠᠭᠠᠨ ᠲᠤᠰ ᠭᠠᠵᠠᠷ᠎ᠲᠠᠭᠠᠨ ᠠᠵᠢᠯ ᠣᠯᠬᠤ ᠵᠢ ᠠᠬᠢᠭᠤᠯᠬᠤ ᠬᠡᠷᠡᠭᠲᠡᠶ᠃ ᠲᠥᠷᠥ ᠵᠢᠨ ᠪᠣᠳᠣᠯᠭ᠎ᠠ᠎ᠪᠠᠷ ᠬᠥᠲᠥᠯᠦᠨ ᠵᠢᠯᠣᠭᠣᠳᠬᠤ ᠪᠠ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ᠎ᠪᠠᠷ ᠳᠠᠮᠵᠢᠭᠤᠯᠤᠨ᠂ ᠬᠣᠲᠠ ᠬᠥᠳᠡᠭᠡ ᠵᠢᠨ ᠬᠣᠭᠣᠷᠣᠨᠳᠣᠬᠢ᠂ ᠵᠡᠭᠦᠨ ᠪᠠᠷᠠᠭᠤᠨ ᠬᠡᠰᠡᠭ᠎ᠤᠨ ᠬᠣᠭᠣᠷᠣᠨᠳᠣᠬᠢ ᠠᠵᠤ ᠦᠢ᠍ᠯᠡᠰ᠎ᠤᠨ ᠬᠠᠷᠢᠯᠴᠠᠨ ᠨᠥᠬᠥᠪᠥᠷᠢᠯᠡᠬᠦ ᠪᠠ ᠠᠵᠤ ᠠᠬᠤᠶ ᠵᠢᠨ ᠬᠣᠯᠪᠣᠭ᠋ᠠᠯᠠᠨ ᠬᠥᠳᠡᠯᠦᠯᠴᠡᠬᠦ ᠵᠢ ᠳᠥᠯᠭᠢᠨ ᠠᠬᠢᠭᠤᠯᠤᠨ᠎ᠠ᠂ ᠵᠢᠱ᠌ᠢᠶᠡᠯᠡᠪᠡᠯ 《ᠵᠡᠭᠦᠨᠰᠢ ᠲᠣᠭ᠋ᠠᠯᠠᠵᠤ ᠪᠠᠷᠠᠭᠤᠨᠰᠢ ᠪᠤᠳᠤᠬᠤ》 《ᠪᠠᠷᠠᠭᠤᠨ᠎ᠠᠴᠠ ᠴᠠᠬᠢᠯᠭ᠋ᠠᠨ ᠭᠠᠷᠭ᠋ᠠᠵᠤ ᠵᠡᠭᠦᠨᠰᠢ ᠬᠦᠷᠭᠡᠬᠦ》 ᠵᠡᠷᠭᠡ ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠲᠦᠰᠢᠭᠯᠡᠨ᠂ ᠣᠷᠣᠨ ᠪᠦᠰᠡ ᠵᠢᠨ ᠬᠠᠮᠵᠢᠯᠴᠠᠨ ᠬᠥᠭᠵᠢᠬᠦ ᠪᠠᠶ᠋ᠢᠷᠢᠰᠢᠯ᠎ᠢ ᠪᠣᠶ ᠪᠣᠯᠭ᠋ᠠᠨ᠎ᠠ; ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠲᠡᠩᠴᠡᠭᠦᠷᠢᠰᠢᠭᠦᠯᠬᠦ᠂ ᠲᠣᠭ᠋ᠠᠴᠢᠯᠠᠭᠰᠠᠨ ᠠᠵᠤ ᠠᠬᠤᠶ᠎ᠳᠤ ᠡᠨᠧᠷᠭᠢ ᠣᠯᠭᠣᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠬᠣᠲᠠ ᠬᠥᠳᠡᠭᠡ ᠵᠢᠨ ᠬᠣᠭᠣᠷᠣᠨᠳᠣᠬᠢ᠂ ᠭᠠᠵᠠᠷ ᠣᠷᠣᠨ᠎ᠤ ᠬᠣᠭᠣᠷᠣᠨᠳᠣᠬᠢ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠬᠦᠷᠲᠡᠭᠡᠨ᠎ᠡ᠃
ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠦᠨᠳᠦᠰᠦᠲᠡᠨ᠎ᠤ ᠭᠠᠵᠠᠷ ᠣᠷᠣᠨ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠤ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠯᠡᠵᠦ᠂ ᠬᠣᠲᠠ ᠬᠥᠳᠡᠭᠡ ᠵᠢᠨ ᠠᠵᠤ ᠦᠢ᠍ᠯᠡᠰ᠎ᠤᠨ ᠬᠥᠭᠵᠢᠯᠲᠡ᠂ ᠰᠠᠭᠤᠷᠢ ᠪᠡᠯᠡᠳᠬᠡᠮᠵᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠨᠢᠭᠡ ᠴᠣᠭᠴᠠᠵᠢᠭᠤᠯᠬᠤ ᠵᠢ ᠠᠬᠢᠭᠤᠯᠤᠨ᠎ᠠ᠃ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠠᠷᠠᠳ᠎ᠤᠨ ᠰᠠᠨᠠᠭ᠋ᠠᠨ᠎ᠳᠤ ᠨᠡᠶ᠋ᠢᠴᠡᠭᠰᠡᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠪᠣᠳᠠᠲᠤ ᠶᠠᠪᠤᠳᠠᠯ᠎ᠢ ᠢᠯᠡᠭᠦᠬᠡᠨ ᠡᠷᠬᠢᠯᠡᠵᠦ᠂ ᠪᠠᠯᠴᠢᠷᠲᠤᠨᠢ ᠪᠣᠶ᠋ᠢᠵᠢᠭᠤᠯᠬᠤ ᠭᠠᠵᠠᠷ᠎ᠲᠠᠢ᠂ ᠰᠤᠷᠤᠯᠴᠠᠬᠤ᠎ᠠᠴᠠ ᠰᠤᠷᠭ᠋ᠠᠨ ᠬᠥᠮᠦᠵᠢᠯ᠎ᠲᠠᠢ᠂ ᠬᠥᠳᠡᠯᠮᠦᠷᠢᠯᠡᠪᠡᠯ ᠤᠯᠬᠤ ᠣᠷᠣᠯᠭ᠎ᠠ᠎ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ᠎ᠲᠠᠢ᠂ ᠥᠲᠡᠯᠪᠡᠯ ᠬᠦᠷᠳᠡᠬᠦ ᠠᠰᠠᠷᠠᠮᠵᠢ᠎ᠲᠠᠢ᠂ ᠰᠠᠭᠤᠬᠤ᠎ᠠᠴᠠ ᠣᠷᠣᠨ ᠰᠠᠭᠤᠴᠠ᠎ᠲᠠᠢ᠂ ᠪᠠᠭᠤᠷᠠᠢ᠍ᠢ᠍ᠴᠤᠤᠯᠨᠢ ᠬᠦᠷᠳᠡᠬᠦ ᠲᠤᠰᠠᠯᠠᠮᠵᠢ᠎ᠲᠠᠢ ᠪᠠᠶ᠋ᠢᠬᠤ ᠵᠢ ᠪᠦᠬᠦ ᠲᠠᠯ᠎ᠠ᠎ᠪᠠᠷ ᠠᠬᠢᠭᠤᠯᠵᠤ᠂ ᠠᠷᠠᠳ᠎ᠤᠨ ᠠᠮᠢᠳᠤᠷᠠᠯ᠎ᠢ ᠲᠠᠰᠤᠷᠠᠯᠳᠠ ᠦᠭᠡᠢ ᠰᠠᠶ᠋ᠢᠵᠢᠷᠠᠭᠤᠯᠵᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠦᠨ᠎ᠡ᠃ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠣᠯᠤᠨ ᠪᠡᠯᠡ ᠮᠥᠩᠭᠥ ᠵᠢᠨ ᠣᠷᠣᠭᠤᠯᠤᠯᠲᠠ ᠵᠢᠨ ᠡᠷᠴᠢᠮ ᠵᠶ᠋ᠠᠨ ᠨᠡᠮᠡᠭᠳᠡᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠰᠠᠭᠤᠷᠢ ᠪᠡᠯᠡᠳᠬᠡᠮᠵᠢ ᠬᠢᠭᠡᠳ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠷᠭᠦᠯᠵᠢᠯᠡᠨ ᠠᠬᠢᠭᠤᠯᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠣᠯᠤᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠦᠵᠡᠰᠬᠦᠯᠡᠩᠲᠦ ᠰᠠᠶ᠋ᠢᠬᠠᠨ ᠠᠮᠢ ᠠᠬᠤᠶ ᠣᠷᠴᠢᠨ ᠲᠣᠭᠣᠷᠢᠨ᠎ᠤ ᠬᠡᠷᠡᠭᠴᠡᠭᠡ ᠵᠢ ᠬᠠᠩᠭ᠋ᠠᠵᠤ᠂ ᠰᠠᠶ᠋ᠢᠨ ᠰᠠᠶ᠋ᠢᠬᠠᠨ ᠣᠷᠣᠰᠢᠨ ᠰᠠᠭᠤᠬᠤ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃ 《ᠡᠶ᠎ᠡ ᠨᠠᠶ᠋ᠢᠷᠠᠮᠳᠠᠭᠤ ᠬᠥᠳᠡᠭᠡ ᠲᠣᠰᠬᠣᠨ》᠎ᠤ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ᠠᠵᠢᠯᠯᠠᠵᠤ ᠠᠮᠢᠳᠤᠷᠠᠬᠤ᠎ᠳᠤ ᠲᠠᠭ᠋ᠠᠯᠠᠮᠵᠢᠲᠠᠢ ᠬᠥᠳᠡᠭᠡ ᠲᠣᠰᠬᠣᠨ᠎ᠢ ᠴᠣᠭᠴᠠᠯᠠᠨ ᠪᠠᠶ᠋ᠢᠭᠤᠯᠤᠨ᠎ᠠ᠃
ᠬᠠᠮᠲᠤ᠎ᠪᠠᠷ ᠬᠥᠭᠵᠢᠬᠦ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠦᠨᠳᠦᠰᠦᠲᠡᠨ᠎ᠤ ᠭᠠᠵᠠᠷ ᠣᠷᠣᠨ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠪᠣᠶ᠃