ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠶᠡᠬᠡ ᠳᠡᠭᠡᠳᠦ ᠰᠤᠷᠭ᠋ᠠᠭᠤᠯᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ
ᠨᠡᠶ᠋ᠢᠲᠡᠯᠡᠭᠰᠡᠨ ᠴᠠᠭ᠄ 2025-04-02

    ᠶᠡᠷᠦᠩᠬᠡᠢ ᠱᠦᠵᠢ ᠰᠢ ᠵᠢᠨ ᠫᠢᠩ ᠭᠦᠢ᠍ᠵᠧᠦ ᠵᠢᠨ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠦᠢ᠍ᠵᠧᠦ᠎ᠳᠤ ᠰᠢᠨᠵᠢᠯᠡᠨ ᠪᠠᠶ᠋ᠢᠴᠠᠭ᠋ᠠᠬᠤ ᠪᠣᠯᠭ᠋ᠠᠨ ᠴᠥᠭᠡᠨ ᠲᠣᠭ᠋ᠠᠲᠤ ᠦᠨᠳᠦᠰᠦᠲᠡᠨ᠎ᠤ ᠤᠯᠠᠨ ᠲᠦᠮᠡᠨ᠎ᠢ ᠡᠷᠬᠢᠨ ᠦᠵᠡᠵᠦ᠂ ᠭᠦᠢ᠍ᠵᠧᠦ ᠵᠢᠨ ᠲᠤᠬᠠᠢ ᠴᠢᠬᠤᠯᠠ ᠶᠠᠷᠢᠶ᠎ᠠ ᠪᠣᠯᠭ᠋ᠠᠨ᠎ᠳᠤ ᠦᠨᠳᠦᠰᠦᠲᠡᠨ᠎ᠤ ᠠᠵᠢᠯ᠎ᠤᠨ ᠲᠤᠬᠠᠢ ᠶᠠᠷᠢᠳᠠᠭ᠃ ᠶᠡᠬᠡ ᠳᠡᠭᠡᠳᠦ ᠰᠤᠷᠭ᠋ᠠᠭᠤᠯᠢ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠥᠷᠨᠢᠭᠦᠯᠬᠦ ᠭᠣᠣᠯ ᠵᠢᠭᠰᠠᠭ᠋ᠠᠯ᠎ᠤᠨ ᠭᠠᠵᠠᠷ᠎ᠤᠨ ᠨᠢᠭᠡ ᠪᠣᠯᠤᠨ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
     ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠡᠷᠡᠭᠲᠡᠶ᠃ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠤᠨᠤᠯ᠎ᠤᠨ ᠰᠤᠷᠤᠯᠴᠠᠯᠭ᠎ᠠ ᠵᠢᠨ ᠠᠭᠤᠯᠭ᠎ᠠ᠎ᠳᠤ ᠣᠷᠣᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠨᠠᠮ᠎ᠤᠨ ᠪᠠᠶ᠋ᠢᠭᠤᠯᠤᠯᠲᠠ ᠪᠣᠯᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠳᠤ ᠣᠷᠣᠭᠤᠯᠵᠤ᠂ ᠤᠯᠤᠰ ᠲᠦᠷᠦ ᠵᠢᠨ ᠰᠢᠨᠵᠢᠯᠡᠨ ᠪᠠᠶ᠋ᠢᠴᠠᠭ᠋ᠠᠯᠲᠠ᠂ ᠲᠣᠭᠣᠷᠢᠨ ᠪᠠᠶ᠋ᠢᠴᠠᠭ᠋ᠠᠯᠲᠠ᠂ ᠠᠵᠢᠯ᠎ᠤᠨ ᠠᠮᠵᠢᠯᠲᠠ ᠵᠢᠨ ᠬᠢᠨᠠᠨ ᠰᠢᠯᠭ᠋ᠠᠯᠲᠠ᠎ᠳᠤ ᠣᠷᠣᠭᠤᠯᠬᠤ ᠬᠡᠷᠡᠭᠲᠡᠢ᠃ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ ᠠᠵᠢᠯ᠎ᠤᠨ ᠴᠢᠯᠥᠭᠡᠨ᠎ᠤ ᠨᠠᠮ᠎ᠤᠨ ᠰᠤᠷᠭ᠋ᠠᠭᠤᠯᠢ᠂ ᠠᠵᠢᠯ᠎ᠤᠨ ᠴᠢᠯᠥᠭᠡᠨ᠎ᠤ ᠡᠪᠯᠡᠯ᠎ᠤᠨ ᠰᠤᠷᠭ᠋ᠠᠭᠤᠯᠢ ᠵᠢᠨ ᠪᠣᠯᠪᠠᠰᠤᠷᠠᠯ᠎ᠤᠨ ᠬᠢᠴᠢᠶᠡᠯ᠎ᠤᠨ ᠰᠢᠰᠲ᠋ᠧᠮ᠎ᠳᠤ ᠣᠷᠣᠭᠤᠯᠤᠨ᠎ᠠ᠃ ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠤᠬᠠᠭᠤᠯᠭ᠎ᠠ ᠬᠥᠮᠦᠵᠢᠯ᠎ᠤᠨ ᠬᠡᠪᠰᠢᠭᠰᠡᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠢ  ᠭᠦᠢ᠍ᠴᠡᠳ ᠠᠰᠢᠭᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠰᠣᠯᠢᠯᠴᠠᠭ᠎ᠠ ᠬᠢᠵᠦ ᠬᠠᠮᠲᠤ᠎ᠪᠠᠷ ᠭᠥᠷᠳᠡᠬᠦ ᠲᠠᠪᠴᠠᠩ᠎ᠢ ᠪᠠᠲᠤ ᠴᠣᠭᠴᠠᠯᠠᠨ ᠪᠠᠶ᠋ᠢᠭᠤᠯᠤᠨ᠎ᠠ᠃ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮ᠎ᠳᠤ ᠠᠭᠤᠰᠤᠯᠴᠠᠭᠤᠯᠵᠤ᠂ ᠵᠢᠩᠬᠢᠨᠢ ᠠᠩᠭᠢ ᠵᠢᠨ ᠤᠶᠤᠲᠠᠳ᠎ᠤᠨ ᠬᠥᠮᠦᠵᠢᠯ᠎ᠢ ᠰᠠᠶ᠋ᠢᠲᠤᠷ ᠠᠳᠬᠤᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠶ᠋ᠢᠮᠣᠴᠢᠯᠠᠯ》 ᠵᠢᠨ ᠶᠡᠷᠦᠩᠬᠡᠶ᠋ᠢᠯᠡᠭᠰᠡᠨ ᠮᠡᠳᠡᠯᠭᠡ ᠵᠢᠨ ᠬᠥᠮᠦᠵᠢᠯ᠎ᠤᠨ ᠵᠠᠪᠠᠯ ᠰᠤᠷᠬᠤ ᠬᠢᠴᠢᠶᠡᠯ᠎ᠢ ᠰᠠᠶ᠋ᠢᠲᠤᠷ ᠣᠷᠣᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠳᠤ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠡᠳᠦᠪ ᠪᠣᠯᠭ᠋ᠠᠭᠰᠠᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠵᠢᠯᠯᠠᠭ᠎ᠠ ᠵᠢ ᠥᠷᠨᠢᠭᠦᠯᠵᠦ᠂ 《ᠲᠠᠪᠤᠨ ᠬᠠᠮᠲᠤ ᠵᠢᠨ ᠲᠠᠨᠢᠯᠲᠠ》 ᠵᠢᠨ ᠬᠥᠮᠦᠵᠢᠯ᠎ᠢ ᠶᠡᠬᠡᠪᠡᠷ ᠥᠷᠨᠢᠭᠦᠯᠵᠦ᠂ ᠳᠤᠮᠳᠠᠳᠤ᠎ᠪᠠᠨ ᠬᠠᠶ᠋ᠢᠷᠠᠯᠠᠬᠤ ᠦᠷ᠎ᠡ ᠵᠢ ᠰᠤᠷᠤᠭᠴᠢᠳ᠎ᠤᠨ ᠰᠡᠳᠬᠢᠯ᠎ᠳᠤ ᠭᠦᠨ ᠦᠨᠳᠦᠰᠦᠯᠡᠭᠦᠯᠦᠨ᠎ᠡ᠃ ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠳᠤᠯᠤᠨ ᠲᠠᠶ᠋ᠢᠯᠪᠤᠷᠢᠯᠠᠬᠤ ᠵᠢ ᠭᠦᠨᠵᠡᠭᠡᠶ᠋ᠢᠷᠡᠭᠦᠯᠵᠦ᠂ ᠣᠷᠣᠨ ᠨᠤᠲᠤᠭ᠎ᠤᠨ ᠪᠣᠳᠠᠲᠠᠢ᠎ᠲᠠᠢ ᠤᠶᠠᠯᠳᠤᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢᠨ ᠰᠤᠳᠤᠯᠭ᠋ᠠᠨ᠎ᠢ ᠥᠷᠨᠢᠭᠦᠯᠵᠦ᠂ ᠨᠢᠭᠡ ᠪᠦᠯᠦᠭ ᠨᠥᠯᠥᠭᠡᠯᠡᠬᠦ ᠬᠦᠴᠦᠨ᠎ᠲᠠᠢ᠂ ᠣᠷᠣᠨ ᠪᠦᠰᠡ ᠵᠢᠨ ᠣᠨᠴᠠᠯᠢᠭ᠎ᠲᠠᠢ ᠲᠥᠯᠥᠭᠡᠯᠡᠬᠦ ᠴᠢᠨᠠᠷᠲᠠᠢ ᠰᠤᠳᠤᠯᠭ᠋ᠠᠨ᠎ᠤ ᠦᠷ᠎ᠡ ᠪᠦᠲᠦᠭᠡᠯ᠎ᠢ ᠪᠦᠷᠢᠯᠳᠦᠭᠦᠯᠦᠨ᠎ᠡ᠃
     ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠶ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠬᠦ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠬᠤ ᠦᠨᠳᠦᠰᠦᠨ ᠴᠢᠭᠯᠡᠯ᠂ ᠭᠤᠤᠯ ᠡᠭᠦᠷᠭᠡ᠂ ᠦᠨᠡᠯᠡᠬᠦ ᠪᠠᠷᠢᠮᠵᠢᠶ᠎ᠠ ᠪᠣᠯᠭ᠋ᠠᠵᠤ᠂ ᠠᠵᠢᠯ᠎ᠤᠨ ᠪᠥᠬᠥ ᠶᠠᠪᠤᠴᠠ ᠡᠯ᠎ᠡ ᠲᠠᠯ᠎ᠠ᠎ᠳᠤ ᠲᠤᠤᠱᠯᠠᠭᠤᠯᠬᠤ ᠬᠡᠷᠡᠭᠲᠡᠶ᠃ ᠠᠭᠤᠯᠤᠭᠳᠠᠬᠤᠨ᠎ᠢ ᠬᠦᠴᠦᠯᠡᠨ ᠭᠦᠨᠵᠡᠭᠡᠶ᠋ᠢᠷᠡᠭᠦᠯᠵᠦ᠂ ᠬᠡᠯᠪᠡᠷᠢ ᠵᠢ ᠪᠠᠶᠠᠯᠢᠭᠵᠢᠭᠤᠯᠵᠤ᠂ ᠠᠷᠭ᠎ᠠ ᠵᠢᠨ ᠰᠢᠨ᠎ᠡ ᠵᠢ ᠡᠭᠦᠳᠴᠦ᠂ 《ᠰᠣᠨᠢᠨ᠂ ᠰᠦᠯᠵᠢᠶ᠎ᠡ᠂ ᠦᠵᠦᠭᠦᠷ᠂ ᠪᠢᠴᠢᠯ᠂ ᠳᠡᠯᠭᠡᠴᠡ》 ᠵᠢᠨ ᠣᠯᠠᠨ ᠡᠰᠢᠲᠦ ᠠᠭᠤᠰᠤᠯᠴᠠᠯ᠎ᠤᠨ ᠵᠠᠭᠪᠤᠷ᠎ᠢ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠦᠨᠡᠨ ᠪᠣᠳᠠᠲᠠᠶ ᠪᠥᠭᠡᠳ ᠲᠥᠷᠥᠭᠳᠡᠯ᠎ᠲᠠᠢ᠎ᠪᠠᠷ ᠥᠷᠨᠢᠭᠦᠯᠦᠨ᠎ᠡ᠃ ᠴᠡᠭ ᠪᠠ ᠨᠡᠶ᠋ᠢᠳᠡᠮ᠎ᠢ ᠤᠶᠠᠯᠳᠤᠭᠤᠯᠬᠤ᠂ ᠨᠢᠭᠡᠳᠦᠯᠲᠡᠶ ᠲᠥᠯᠥᠪᠯᠡᠨ ᠨᠡᠶ᠋ᠢᠲᠡ᠎ᠳᠤᠨᠢ ᠬᠠᠷᠠᠭ᠋ᠠᠯᠵᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠵᠡᠷᠭᠡ᠎ᠪᠠᠷ ᠠᠳᠬᠤᠬᠤ᠂ ᠬᠥᠲᠥᠯᠥᠨ ᠵᠢᠯᠣᠭᠣᠳᠬᠤ ᠵᠢ ᠴᠢᠩᠭ᠋ᠠᠷᠠᠭᠤᠯᠬᠤ᠂ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠬᠤ ᠵᠢ ᠳᠣᠪᠣᠶ᠋ᠢᠯᠭ᠋ᠠᠨ᠎ᠠ᠃ ᠴᠢᠳᠠᠪᠤᠷᠢᠲᠠᠨ᠎ᠤ ᠥᠨᠳᠥᠷᠯᠢᠭ ᠭᠠᠵᠠᠷ᠎ᠤᠨ  ᠦᠢ᠍ᠯᠡᠳᠦᠯ᠎ᠢ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ᠂ ᠵᠢᠱ᠌ᠢᠶᠡᠴᠢ ᠬᠤᠪᠢ ᠬᠥᠮᠦᠨ ᠵᠢᠴᠢ ᠵᠢᠱ᠌ᠢᠶ᠎ᠡ ᠦᠵᠡᠭᠦᠯᠬᠦ ᠲᠣᠭᠣᠷᠢᠭ᠂ ᠵᠢᠱ᠌ᠢᠶ᠎ᠡ ᠦᠵᠡᠭᠦᠯᠬᠦ ᠨᠢᠭᠡᠴᠡ ᠵᠢᠨ ᠨᠡᠶ᠋ᠢᠲᠡᠯᠢᠭ ᠲᠤᠷᠰᠢᠯᠭ᠎ᠠ ᠵᠢ ᠪᠣᠯᠪᠠᠰᠤᠷᠠᠭᠤᠯᠬᠤ ᠪᠠ ᠤᠬᠠᠭᠤᠯᠬᠤ᠎ᠳᠤ ᠢᠳᠡᠪᠬᠢᠲᠡᠶ ᠣᠷᠣᠯᠴᠠᠵᠤ᠂ ᠳᠠᠭᠤᠷᠢᠶᠠᠯ᠎ᠤᠨ ᠬᠦᠴᠦᠨ᠎ᠢ ᠨᠠᠩ ᠰᠠᠶ᠋ᠢᠨ ᠪᠠᠳᠠᠷᠠᠭᠤᠯᠬᠤ ᠬᠡᠷᠡᠭᠲᠡᠶ᠃ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠣᠨᠴᠠᠯᠢᠭ ᠵᠶ᠋ᠠᠨ ᠲᠤᠪᠤᠢ᠍ᠢ᠍ᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠬᠦ ᠨᠢᠭᠡᠴᠢ ᠵᠢ ᠡᠭᠦᠳᠦᠨ ᠪᠠᠶ᠋ᠢᠭᠤᠯᠬᠤ ᠲᠤᠷᠰᠢᠯᠲᠠ ᠵᠢ ᠬᠠᠶ᠋ᠢᠨ ᠰᠦᠪᠡᠭᠴᠢᠯᠡᠨ᠎ᠡ᠃
     ᠨᠡᠶ᠋ᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ ᠲᠠᠯ᠎ᠠ᠎ᠪᠠᠷ ᠵᠢᠱ᠌ᠢᠶ᠎ᠡ ᠦᠵᠡᠭᠦᠯᠬᠦ ᠬᠡᠷᠡᠭᠲᠡᠶ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠬᠥᠭᠵᠢᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠭ᠋ᠠᠭᠤᠯᠢ ᠵᠢᠨ ᠬᠦᠷᠢᠶ᠎ᠡ᠂ ᠬᠢᠴᠢᠶᠡᠯ᠎ᠤᠨ  ᠲᠢᠩᠬᠢᠮ᠂ ᠪᠠᠶ᠋ᠢᠷᠢ ᠵᠢᠨ ᠭᠡᠷ ᠵᠡᠷᠭᠡ ᠠᠵᠢᠯ᠂ ᠰᠤᠷᠤᠯᠴᠠᠯᠭ᠎ᠠ᠂ ᠠᠵᠢᠯᠯᠠᠭ᠋ᠠᠨ᠎ᠤ ᠲᠠᠯᠠᠪᠤᠷ᠎ᠲᠤ ᠣᠷᠣᠭᠤᠯᠬᠤ ᠵᠢ ᠢᠳᠡᠪᠬᠢᠲᠡᠢ ᠠᠬᠢᠭᠤᠯᠤᠨ᠎ᠠ᠃ ᠦᠨᠳᠦᠰᠦᠲᠡᠨ᠎ᠨᠦᠭᠦᠳ ᠬᠠᠮᠲᠤᠪᠠᠷ ᠳᠤᠮᠳᠠᠳᠤ ᠵᠢᠨ ᠰᠣᠶᠣᠯ᠎ᠤᠨ ᠲᠡᠮᠳᠡᠭ ᠪᠣᠯᠤᠨ ᠳᠦᠷᠢ ᠲᠥᠷᠬᠦ ᠵᠢ ᠲᠣᠪᠣᠶ᠋ᠢᠯᠭ᠋ᠠᠨ᠂ ᠲᠠᠶ᠋ᠢᠯᠪᠤᠷᠢᠯᠠᠬᠤ᠂ ᠤᠬᠠᠭᠤᠯᠬᠤ᠂ ᠳᠡᠯᠭᠡᠷᠡᠭᠦᠯᠬᠦ ᠵᠢ ᠴᠢᠩᠭ᠋ᠠᠳᠬᠠᠨ᠂ ᠴᠢᠬᠤᠯᠠ ᠶᠡᠬᠡ ᠠᠵᠢᠯᠯᠠᠭ᠎ᠠ᠂ ᠣᠯᠠᠨ ᠨᠡᠶ᠋ᠢᠲᠡ ᠵᠢᠨ ᠲᠠᠯᠠᠪᠤᠷ᠎ᠲᠤ ᠥᠷᠭᠡᠨ ᠵᠶ᠋ᠠᠷ ᠬᠡᠷᠡᠭᠯᠡᠵᠦ᠂ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠬᠤ ᠬᠡᠷᠡᠭᠲᠡᠶ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢ ᠲᠦᠯᠬᠢᠨ ᠠᠬᠢᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ᠎ᠪᠠᠷ ᠬᠥᠳᠤᠯᠤᠨ ᠳᠠᠭ᠋ᠠᠭᠤᠯᠵᠤ᠂ ᠳᠤᠮᠳᠠᠳᠤ ᠵᠢᠨ ᠰᠣᠶᠣᠯ ᠪᠠ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ ᠵᠢ ᠵᠥᠪ ᠡᠵᠡᠮᠳᠡᠨ᠂ ᠣᠷᠣᠨ ᠪᠦᠰᠡ ᠵᠢᠨ ᠰᠣᠶᠣᠯ᠎ᠤᠨ ᠡᠬᠢ ᠪᠠᠶᠠᠯᠢᠭ᠎ᠢ ᠢᠳᠡᠪᠬᠢᠲᠡᠢ ᠠᠭᠤᠳᠠᠯᠵᠤ᠂ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠎ᠲᠠᠢ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠰᠢᠮ᠎ᠡ ᠲᠡᠵᠢᠭᠡᠯ᠎ᠢ ᠰᠢᠩᠭᠡᠭᠡᠨ ᠠᠪᠤᠭᠰᠠᠨ᠂ ᠴᠠᠭ ᠦᠶ᠎ᠡ ᠵᠢᠨ ᠵᠣᠷᠢᠭ ᠰᠠᠨᠠᠭ᠎ᠠ ᠵᠢ ᠢᠯᠡᠷᠡᠭᠦᠯᠦᠭᠰᠡᠨ ᠨᠢᠭᠡ ᠪᠦᠯᠦᠭ ᠰᠣᠶᠣᠯ᠎ᠤᠨ ᠰᠣᠳᠣᠨ ᠪᠦᠲᠦᠭᠡᠯ᠂ ᠤᠳᠬ᠎ᠠ ᠤᠷᠠᠯᠢᠭ᠎ᠤᠨ ᠪᠦᠲᠦᠭᠡᠯ᠂ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠭᠠᠷᠭ᠋ᠠᠬᠤ᠎ᠳᠤ ᠢᠳᠡᠪᠬᠢᠲᠡᠢ ᠣᠷᠣᠯᠴᠠᠨ᠎ᠠ᠃ ᠰᠢᠯᠦᠭ ᠳᠠᠭᠤᠯᠠᠯ᠎ᠤᠨ ᠤᠷᠠᠨ ᠲᠣᠳᠣ ᠤᠩᠰᠢᠯᠭ᠎ᠠ᠂ ᠳᠠᠭᠤᠤ ᠪᠥᠵᠢᠭ᠎ᠤᠨ ᠦᠵᠡᠭᠦᠯᠦᠯᠭᠡ ᠵᠢᠨ ᠲᠣᠭᠯᠠᠯᠲᠠ᠂ ᠶᠠᠷᠢᠶ᠎ᠠ ᠢᠯᠡᠳᠬᠡᠯ᠎ᠤᠨ ᠡᠬᠡ ᠪᠢᠴᠢᠭ ᠡᠯᠰᠡᠬᠦ᠂ ᠭᠡᠷᠡᠯ ᠵᠢᠷᠤᠭ᠎ᠤᠨ ᠦᠵᠡᠭᠦᠯᠦᠯᠭᠡ ᠵᠡᠷᠭᠡ ᠰᠣᠶᠣᠯ᠎ᠤᠨ ᠠᠵᠢᠯᠯᠠᠭ᠎ᠠ ᠵᠢ ᠢᠳᠡᠪᠬᠢᠲᠡᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠢᠳᠡᠪᠬᠢᠲᠡᠢ ᠤᠯᠠᠮᠵᠢᠯᠠᠨ ᠪᠠᠳᠠᠷᠠᠭᠤᠯᠤᠭᠰᠠᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠬᠥᠮᠦᠵᠢᠭᠦᠯᠦᠨ ᠪᠣᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠤᠭᠴᠢ᠂  ᠰᠢᠰᠲ᠋ᠧᠮ ᠪᠣᠯᠭ᠋ᠠᠬᠤ ᠬᠡᠷᠡᠭᠲᠡᠶ᠃ ᠤᠳᠤ ᠦᠶ᠎ᠡ ᠵᠢᠨ ᠪᠣᠯᠪᠠᠰᠤᠨ᠎ᠤ ᠬᠥᠮᠦᠵᠢᠯ᠂ ᠠᠷᠠᠳ ᠢᠷᠭᠡᠳ᠎ᠤᠨ ᠶᠣᠰᠣ ᠰᠤᠷᠲᠠᠬᠤᠨ᠎ᠤ ᠪᠠᠶ᠋ᠢᠭᠤᠯᠤᠯᠲᠠ᠂ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠡᠷᠭᠡ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠤᠨ ᠶᠣᠰᠣ ᠰᠤᠷᠲᠠᠬᠤᠨ᠎ᠤ ᠲᠦᠪᠰᠢᠨ᠂ ᠪᠣᠯᠪᠠᠰᠤᠨ᠎ᠤ ᠬᠡᠪ ᠪᠣᠯᠪᠠᠰᠤᠷᠠᠯ ᠪᠣᠯᠤᠨ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠦᠵᠡᠯ ᠰᠠᠨᠠᠭ᠎ᠠ ᠣᠶ᠋ᠢᠯᠠᠭ᠋ᠠᠭᠳᠠᠬᠤᠨ᠂ ᠤᠶᠤᠨ ᠰᠠᠨᠠᠭ᠎ᠠ ᠳᠤᠷ᠎ᠠ ᠰᠣᠨᠢᠷᠬᠠᠯ᠂ ᠠᠮᠢᠳᠤᠷᠠᠯ᠎ᠤᠨ ᠠᠷᠭ᠎ᠠ ᠬᠡᠯᠪᠡᠷᠢ ᠵᠢᠨ ᠲᠠᠯ᠎ᠠ᠎ᠪᠠᠷ ᠣᠳᠣᠬᠢᠴᠢᠯᠠᠯᠲᠠ ᠲᠡᠶ᠋ᠢᠰᠢ ᠤᠷᠤᠭᠰᠢᠯᠠᠨ᠎ᠠ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠦᠭᠡ ᠬᠡᠯᠡ ᠨᠡᠪᠲᠡᠷᠡᠯᠴᠡᠬᠦ᠎ᠪᠠᠷ ᠤᠶᠤᠨ ᠰᠠᠨᠠᠭ᠎ᠠ ᠨᠡᠪᠲᠡᠷᠡᠯᠴᠡᠬᠦ᠂ ᠬᠤᠪᠢ ᠵᠠᠶᠠᠭ᠎ᠠ ᠨᠡᠪᠲᠡᠷᠡᠯᠴᠡᠬᠦ ᠵᠢ ᠠᠬᠢᠭᠤᠯᠤᠨ᠎ᠠ᠃ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠪᠠ ᠬᠡᠷᠡᠭᠯᠡᠯᠲᠡ ᠵᠢ ᠬᠦᠨᠳᠦᠳᠬᠡᠨ ᠪᠠᠲᠤᠯᠠᠨ᠎ᠠ᠃
     ᠡᠯ᠎ᠡ ᠦᠨᠳᠦᠰᠦᠲᠡᠨ ᠪᠦᠬᠦ ᠲᠠᠯ᠎ᠠ᠎ᠪᠠᠷ ᠬᠠᠷᠢᠯᠴᠠᠨ ᠰᠢᠭᠢᠳᠬᠡᠵᠦ ᠵᠢᠱ᠌ᠢᠶ᠎ᠡ ᠦᠵᠡᠭᠦᠯᠬᠦ᠃ ᠰᠣᠯᠢᠯᠴᠠᠨ ᠰᠤᠷᠤᠯᠴᠠᠬᠤ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠣᠷᠣᠨ ᠪᠦᠰᠡ ᠠᠯᠤᠰᠯᠠᠭᠰᠠᠨ ᠪᠠ ᠣᠷᠣᠨ ᠪᠦᠰᠡ ᠵᠢᠨ ᠳᠣᠲᠣᠷᠠᠬᠢ ᠬᠣᠣᠰ ᠴᠢᠭᠯᠡᠯ ᠵᠶ᠋ᠠᠷ ᠰᠣᠯᠢᠯᠴᠠᠬᠤ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠬᠠᠷᠢᠯᠴᠠᠨ ᠣᠶ᠋ᠢᠯᠠᠭ᠋ᠠᠯᠴᠠᠵᠤ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠲᠠᠭ᠋ᠠᠵᠤ ᠬᠠᠷᠢᠯᠴᠠᠨ ᠪᠠᠬᠠᠷᠬᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠡᠨ ᠪᠣᠳᠠᠲᠠᠢ ᠲᠦᠷᠦᠭᠳᠡᠯ᠎ᠲᠠᠢ ᠪᠦᠲᠦᠮᠵᠢᠲᠡᠢ ᠪᠠᠲᠤ ᠴᠣᠭᠴᠠᠯᠠᠨ᠎ᠠ᠃ ᠣᠷᠴᠢᠨ ᠲᠣᠭᠣᠷᠢᠨ᠎ᠤ ᠬᠥᠮᠦᠵᠢᠭᠦᠯᠦᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠬᠦᠷᠢᠶᠡᠨ᠎ᠳᠤ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠢᠯᠡᠷᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠠᠵᠢᠯᠯᠠᠭ᠎ᠠ ᠵᠢ ᠡᠷᠬᠢᠯᠡᠵᠦ᠂ ᠦᠨᠳᠦᠰᠦᠲᠡᠨ᠎ᠨᠦᠭᠦᠳ᠎ᠤᠨ ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠰᠣᠶᠣᠯ᠎ᠤᠨ ᠢᠲᠡᠭᠡᠯ᠎ᠢ᠎ᠨᠢ ᠪᠠᠲᠤᠳᠬᠠᠨ᠎ᠠ᠃ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠠᠵᠢᠯ ᠣᠯᠭᠣᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ ᠦᠨᠳᠦᠰᠦᠲᠡᠨ᠎ᠨᠦᠭᠦᠳ᠎ᠤᠨ ᠰᠤᠷᠤᠭᠴᠢᠳ᠎ᠢ ᠵᠣᠬᠢᠶᠠᠨ ᠪᠠᠶ᠋ᠢᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠡᠷᠭᠡ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠳᠤ ᠢᠳᠡᠪᠬᠢᠲᠡᠶ ᠣᠷᠣᠯᠴᠠᠭᠤᠯᠵᠤ᠂ ᠦᠨᠳᠦᠰᠦᠲᠡᠨ᠎ᠨᠦᠭᠦᠳ᠎ᠤᠨ ᠬᠠᠷᠢᠯᠴᠠᠨ ᠰᠢᠭᠢᠳᠬᠡᠬᠦ ᠮᠠᠶᠢᠭ᠎ᠤᠨ ᠬᠥᠭᠵᠢᠯᠲᠡ ᠵᠢᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠪᠠᠲᠤ ᠪᠠᠬᠢ ᠴᠣᠭᠴᠠᠯᠠᠬᠤ》 ᠵᠢ ᠦᠨᠳᠦᠰᠦᠲᠡᠨ᠎ᠤ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ᠎ᠳᠤ ᠲᠤᠭᠤᠰᠢᠯᠠᠭᠤᠯᠤᠨ᠎ᠠ
ᠪᠠᠭᠰᠢ ᠠᠵᠢᠯ᠎ᠤᠨ ᠪᠠᠶ᠋ᠢᠷᠢ ᠡᠭᠡᠯᠵᠢᠯᠡᠨ ᠵᠢᠭ᠋ᠠᠨ ᠰᠤᠷᠭ᠋ᠠᠬᠤ᠎ᠨᠢ ᠤᠯᠤᠰ᠎ᠤᠨ ᠦᠭᠡ ᠬᠡᠯᠡᠨ᠎ᠤ ᠰᠤᠷᠭ᠋ᠠᠭᠤᠯᠢ ᠵᠢᠨ ᠬᠦᠷᠢᠶᠡᠨ᠎ᠳᠤ ᠨᠡᠪᠴᠢᠬᠦ ᠵᠢ ᠠᠬᠢᠭᠤᠯᠤᠨ᠎ᠠ
ᠥᠨᠳᠥᠷ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ ᠳᠤᠮᠳᠠ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠤᠨ᠎ᠠ
ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠪᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠬᠠᠮᠢᠶ᠎ᠠ ᠪᠦᠬᠦᠢ ᠮᠡᠳᠡᠯᠭᠡ ᠵᠢᠨ ᠵᠢᠷᠤᠭᠲᠤ ᠲᠠᠶ᠋ᠢᠯᠤᠮᠵᠢ
 
            