ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠪᠠᠭᠰᠢ ᠠᠵᠢᠯ᠎ᠤᠨ ᠪᠠᠶ᠋ᠢᠷᠢ ᠡᠭᠡᠯᠵᠢᠯᠡᠨ ᠵᠢᠭ᠋ᠠᠨ ᠰᠤᠷᠭ᠋ᠠᠬᠤ᠎ᠨᠢ ᠤᠯᠤᠰ᠎ᠤᠨ ᠦᠭᠡ ᠬᠡᠯᠡᠨ᠎ᠤ ᠰᠤᠷᠭ᠋ᠠᠭᠤᠯᠢ ᠵᠢᠨ ᠬᠦᠷᠢᠶᠡᠨ᠎ᠳᠤ ᠨᠡᠪᠴᠢᠬᠦ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2025-04-21

    《ᠮᠢᠨᠦ ᠭᠠᠷ᠎ᠲᠠᠬᠢ ᠵᠢᠵᠢᠭ ᠪᠥᠭᠡᠷᠡᠩᠬᠡᠶ ᠪᠠᠭ᠋ᠠᠨ᠎ᠠ ᠵᠢᠨ ᠵᠠᠭᠪᠤᠷ᠎ᠤᠨ ᠡᠵᠡᠯᠡᠬᠦᠨ᠎ᠢ ᠬᠡᠷᠬᠢᠨ ᠪᠤᠳᠤᠵᠤ ᠭᠠᠷᠭ᠋ᠠᠬᠤ ᠲᠤᠬᠠᠶ ᠣᠯᠠᠨ ᠵᠶ᠋ᠠᠷ ᠵᠶ᠋ᠠᠨ ᠪᠣᠳᠣᠯᠬᠢᠯᠠᠵᠤ ᠦᠵᠡᠭᠡᠷᠡᠶ? 4 ᠰᠠᠷ᠎ᠠ ᠵᠢᠨ 11᠎ᠤ ᠡᠳᠦᠷ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠬᠠᠨ ᠠᠭᠤᠯᠠ ᠪᠠᠭ᠎ᠠ ᠰᠤᠷᠭ᠋ᠠᠭᠤᠯᠢ ᠵᠢᠨ ᠵᠢᠷᠭᠤᠳᠤᠭ᠋ᠠᠷ ᠣᠨ᠎ᠤ ᠭᠤᠷᠪᠠᠳᠤᠭ᠋ᠠᠷ ᠠᠩᠭᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ ᠳᠡᠭᠡᠷ᠎ᠡ᠂ ᠲᠩᠷᠢ ᠠᠭᠤᠯᠠ ᠳᠥᠷᠪᠡᠳᠦᠭᠡᠷ ᠪᠠᠭ᠎ᠠ ᠰᠤᠷᠭ᠋ᠠᠭᠤᠯᠢ ᠵᠢᠨ ᠡᠭᠡᠯᠵᠢᠯᠡᠨ ᠠᠵᠢᠯᠯᠠᠵᠤ ᠪᠠᠶ᠋ᠢᠭ᠎ᠠ ᠪᠠᠭᠰᠢ ᠮᠠ ᠼᠦᠢ ᠯᠢᠶᠠᠨ ᠶᠠᠭ ᠰᠠᠶ᠋ᠢᠬᠠᠨ ᠪᠥᠭᠡᠷᠡᠩᠬᠡᠶ ᠪᠠᠭ᠋ᠠᠨ᠎ᠠ ᠵᠢᠨ ᠡᠵᠡᠯᠡᠬᠦᠨ᠎ᠢ ᠪᠤᠳᠤᠬᠤ ᠠᠷᠭ᠎ᠠ ᠵᠢ ᠲᠠᠶ᠋ᠢᠯᠪᠤᠷᠢᠯᠠᠵᠤ ᠪᠠᠶ᠋ᠢᠪᠠ᠃ ᠲᠡᠷᠡ ᠠᠰᠠᠭᠤᠳᠠᠯ᠎ᠢ  ᠲᠠᠲᠠᠨ ᠭᠠᠷᠭ᠋ᠠᠵᠤ᠂   ᠬᠠᠷᠢᠯᠴᠠᠨ ᠬᠥᠲᠥᠯᠥᠨ ᠵᠢᠯᠣᠭᠣᠳᠴᠤ᠂ ᠰᠤᠷᠤᠭᠴᠢᠳ ᠪᠠᠶᠠᠷ ᠪᠠᠬᠠᠳᠤᠯ᠎ᠤᠨ ᠳᠤᠮᠳᠠ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠭᠣᠣᠯᠳᠠᠯᠭ᠎ᠠ᠎ᠲᠠᠢ ᠮᠡᠳᠡᠯᠭᠡ ᠵᠢ ᠪᠦᠬᠦᠨ᠎ᠢ ᠡᠵᠡᠮᠰᠢᠵᠦ᠂ ᠬᠢᠴᠢᠶᠡᠯ᠎ᠤᠨ ᠲᠢᠩᠬᠢᠮ᠎ᠤᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠶ᠋ᠢᠯ᠎ᠠ᠃
    《ᠪᠠᠭᠰᠢ ᠤᠳᠠᠭ᠎ᠠ ᠪᠦᠷᠢ ᠠᠳᠠᠯᠢ ᠪᠤᠰᠤ ᠬᠡᠯᠪᠡᠷᠢ᠎ᠪᠠᠷ ᠬᠢᠴᠢᠶᠡᠯ  ᠣᠷᠣᠬᠤ ᠎ᠳᠤ ᠬᠢᠴᠢᠶᠡᠯ᠎ᠤᠨ ᠳᠡᠪᠲᠡᠷ᠎ᠤᠨ ᠠᠭᠤᠯᠭ᠎ᠠ᠎ᠨᠢ ᠰᠣᠨᠢᠷᠬᠠᠯᠲᠠᠶ ᠪᠣᠯᠵᠤ᠂ ᠨᠠᠩ ᠠᠮᠠᠷᠬᠠᠨ ᠣᠢ᠍ᠯᠠᠭ᠋ᠠᠭᠳᠠᠨ᠎ᠠ᠃ ᠰᠤᠷᠤᠭᠴᠢ ᠬᠠᠨᠢ ᠬᠡᠯᠡᠬᠦ᠎ᠳᠡᠭᠡᠨ᠂ ᠪᠠᠭᠰᠢ ᠪᠣᠯᠤᠨ ᠬᠠᠮᠲᠤ ᠰᠤᠷᠤᠭᠴᠢᠳ᠎ᠤᠨ ᠬᠠᠪᠰᠤᠷᠤᠯᠭ᠎ᠠ ᠳᠣᠣᠷ᠎ᠠ᠂ ᠲᠡᠭᠦᠨ᠎ᠤ ᠣᠳᠣ ᠵᠢᠨ ᠣᠶ᠋ᠢᠯᠠᠭ᠋ᠠᠬᠤ ᠴᠢᠳᠠᠪᠤᠷᠢ ᠪᠣᠯᠤᠨ ᠰᠡᠳᠦᠪ ᠵᠠᠳᠠᠯᠬᠤ ᠴᠢᠳᠠᠪᠤᠷᠢ᠎ᠨᠢ ᠴᠥᠮ ᠡᠳᠦᠶ ᠲᠡᠳᠦᠶ ᠳᠡᠭᠡᠭᠰᠢᠯᠡᠵᠦ᠂ ᠲᠣᠭ᠋ᠠᠨ᠎ᠤ ᠤᠬᠠᠭ᠋ᠠᠨ᠎ᠤ ᠬᠢᠴᠢᠶᠡᠯ᠎ᠳᠤ ᠤᠯᠠᠮ᠎ᠠᠴᠠ ᠤᠯᠠᠮ ᠰᠣᠨᠢᠷᠬᠠᠯ᠎ᠲᠠᠢ ᠪᠣᠯᠵᠠᠶ᠃
     ᠡᠶ᠋ᠢᠮᠦᠷᠬᠦᠦ ᠪᠠᠶ᠋ᠢᠳᠠᠯ᠎ᠨᠢ ᠶᠠᠭ ᠠᠷᠤ ᠬᠣᠷᠴᠢᠨ ᠬᠣᠰᠢᠭᠤᠨ᠎ᠤ ᠪᠠᠭᠰᠢ ᠵᠢᠨ ᠠᠵᠢᠯ᠎ᠤᠨ ᠪᠠᠶ᠋ᠢᠷᠢ ᠡᠭᠡᠯᠵᠢᠯᠡᠬᠦ ᠵᠢ ᠠᠬᠢᠭᠤᠯᠬᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠲᠡᠩᠴᠡᠭᠦᠷᠢ ᠦᠭᠡᠢ ᠪᠠᠶ᠋ᠢᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠠᠮᠢᠳᠤᠯᠢᠭ ᠬᠤᠷᠢᠶᠠᠩᠭᠤᠢ ᠳᠦᠷᠰᠦ ᠪᠣᠯᠤᠭᠰᠠᠨ ᠪᠠᠶ᠋ᠢᠨ᠎ᠠ᠃
    《ᠪᠠᠭᠰᠢ ᠨᠠᠷ ᠠᠵᠢᠯ᠎ᠤᠨ ᠪᠠᠶ᠋ᠢᠷᠢ ᠡᠭᠡᠯᠵᠢᠯᠡᠬᠦ᠎ᠨᠢ ᠳᠥᠭᠥᠮᠬᠡᠨ 〈ᠣᠷᠣᠨ ᠪᠠᠶ᠋ᠢᠷᠢ ᠵᠢ ᠰᠢᠯᠵᠢᠭᠦᠯᠬᠦ〉 ᠶᠠᠪᠤᠳᠠᠯ ᠪᠢᠰᠢ᠂ ᠬᠠᠷᠢᠨ ᠴᠢᠨᠠᠷ ᠰᠠᠶ᠋ᠢᠲᠠᠢ ᠡᠬᠢ ᠪᠠᠶᠠᠯᠢᠭ᠎ᠢ ᠤᠨᠢᠨ ᠳᠡᠭᠡᠷ᠎ᠡ᠎ᠨᠢ ᠰᠢᠯᠵᠢᠭᠦᠯᠬᠦ ᠶᠠᠪᠤᠳᠠᠯ ᠪᠣᠯᠤᠨ᠎ᠠ᠃ ᠠᠷᠤ ᠬᠣᠷᠴᠢᠨ ᠬᠣᠰᠢᠭᠤᠨ᠎ᠤ ᠰᠤᠷᠭ᠋ᠠᠨ ᠬᠥᠮᠦᠵᠢᠯ᠎ᠤᠨ ᠲᠣᠪᠴᠢᠶᠠᠨ᠎ᠤ ᠳᠠᠷᠤᠭ᠎ᠠ ᠡᠷᠳᠡᠮᠲᠦ ᠲᠠᠨᠢᠯᠴᠠᠭᠤᠯᠬᠤ᠎ᠳᠠᠭᠠᠨ᠂ 2024 ᠣᠨ᠎ᠳᠤ᠂ ᠪᠥᠬᠥ ᠬᠣᠰᠢᠭᠤᠨ᠎ᠤ 124 ᠠᠵᠢᠯ᠎ᠤᠨ ᠪᠠᠶ᠋ᠢᠷᠢ ᠡᠭᠡᠯᠵᠢᠯᠡᠨ ᠠᠵᠢᠯᠯᠠᠭᠰᠠᠨ ᠪᠠᠭᠰᠢ ᠵᠢᠨ ᠳᠣᠲᠣᠷ᠎ᠠ᠂ 70 ᠭᠤᠤᠯᠯᠠᠭᠴᠢ ᠪᠠᠭᠰᠢ᠂ 21 ᠬᠠᠮᠢᠶᠠᠷᠤᠯᠲᠠ ᠵᠢᠨ ᠺᠠᠳ᠋ᠷ ᠰᠠᠨᠠᠭ᠋ᠠᠴᠢᠯᠠᠭ᠎ᠠ᠎ᠠᠴᠠ᠎ᠪᠠᠨ 《ᠵᠠᠭ᠋ᠠᠭ ᠠᠯᠤᠰᠯᠠᠨ》᠂ 51 ᠬᠣᠲᠠ ᠵᠢᠨ ᠲᠣᠭᠣᠷᠢᠭ᠎ᠤᠨ ᠪᠠᠭᠰᠢ ᠵᠢ ᠳᠠᠶ᠋ᠢᠴᠢᠯᠠᠨ ᠬᠥᠳᠡᠭᠡ ᠲᠣᠰᠬᠣᠨ᠎ᠳᠤ ᠣᠴᠢᠭᠤᠯᠵᠤ᠂ 44 ᠰᠢᠯᠢᠳᠡᠭ ᠰᠤᠷᠭ᠋ᠠᠭᠤᠯᠢ ᠵᠢᠨ ᠪᠠᠭᠰᠢ ᠪᠠᠭᠤᠷᠠᠶ ᠰᠤᠷᠭ᠋ᠠᠭᠤᠯᠢ ᠵᠢ ᠲᠤᠰᠠᠯᠠᠵᠤ᠂ ᠪᠠᠭᠰᠢ ᠵᠢᠨ 《ᠲᠠᠩ ᠴᠢᠭᠯᠡᠯ ᠵᠶ᠋ᠠᠷ ᠴᠢᠰᠤ ᠶᠡᠭᠦᠯᠡᠵᠦ》 ᠪᠠᠶ᠋ᠢᠭᠰᠠᠨ᠎ᠠᠴᠠ 《ᠬᠤᠤᠰ ᠴᠢᠭᠯᠡᠯ ᠵᠶ᠋ᠠᠷ ᠴᠢᠳᠠᠪᠤᠷᠢ ᠣᠯᠭᠣᠬᠤ》 ᠬᠤᠪᠢᠷᠠᠯᠲᠠ ᠵᠢ ᠪᠡᠶᠡᠯᠡᠭᠦᠯᠪᠡ᠃
     ᠣᠶ᠋ᠢᠷ᠎ᠠ ᠵᠢᠨ ᠵᠢᠯ᠎ᠠᠴᠠ ᠨᠠᠭ᠋ᠠᠰᠢ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢ ᠪᠥᠬᠥ ᠲᠠᠯ᠎ᠠ᠎ᠪᠠᠷ ᠠᠬᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠠᠷᠤ ᠬᠣᠷᠴᠢᠨ ᠬᠣᠰᠢᠭᠤ ᠪᠠᠭᠰᠢ ᠵᠢᠨ 《ᠬᠣᠣᠰᠯᠠᠨ  ᠠᠵᠢᠯ᠎ᠤᠨ ᠪᠠᠶ᠋ᠢᠷᠢ ᠡᠭᠡᠯᠵᠢᠯᠡᠬᠦ》 ᠵᠠᠭᠪᠤᠷ᠎ᠤᠨ ᠰᠢᠨ᠎ᠡ ᠵᠢ ᠡᠭᠦᠳᠪᠡ᠃
     ᠪᠠᠭᠰᠢ ᠵᠢ ᠠᠵᠢᠯ᠎ᠤᠨ ᠪᠠᠶ᠋ᠢᠷᠢ ᠡᠭᠡᠯᠵᠢᠯᠡᠭᠦᠯᠬᠦ ᠲᠦᠷᠢᠮ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠠᠷᠤ ᠬᠣᠷᠴᠢᠨ ᠬᠣᠰᠢᠭᠤᠨ᠎ᠤ ᠰᠤᠷᠭ᠋ᠠᠨ ᠬᠥᠮᠦᠵᠢᠯ᠎ᠤᠨ  ᠦᠢ᠍ᠯᠡᠰ ᠰᠢᠨ᠎ᠡ ᠬᠥᠭᠵᠢᠯᠲᠡ ᠵᠢᠨ ᠠᠵᠠ ᠲᠣᠬᠢᠶᠠᠯ᠎ᠢ ᠤᠭᠲᠤᠨ ᠠᠪᠴᠢᠷᠠᠵᠤ᠂ ᠢᠯᠡᠳᠲᠡ ᠦᠷ᠎ᠡ ᠪᠦᠲᠦᠮᠵᠢ ᠤᠯᠪᠠ᠃ ᠪᠠᠭᠰᠢ ᠵᠢᠨ ᠰᠣᠯᠢᠯᠴᠠᠭ᠎ᠠ ᠬᠠᠮᠲᠤᠷᠠᠯᠴᠠᠭ᠎ᠠ ᠳᠤᠮᠳᠠ᠂ ᠠᠳᠠᠯᠢ ᠪᠤᠰᠤ ᠦᠨᠳᠦᠰᠦᠲᠡᠨ᠎ᠤ ᠰᠣᠶᠣᠯ ᠬᠠᠷᠢᠯᠴᠠᠨ ᠠᠭᠤᠰᠤᠯᠴᠠᠵᠤ᠂ ᠡᠯ᠎ᠡ ᠦᠨᠳᠦᠰᠦᠲᠡᠨ᠎ᠤ ᠪᠠᠭᠰᠢ ᠰᠤᠷᠤᠭᠴᠢᠳ᠎ᠤᠨ ᠬᠣᠭᠣᠷᠣᠨᠳᠣᠬᠢ ᠣᠶ᠋ᠢᠯᠠᠭ᠋ᠠᠯᠴᠠᠭ᠎ᠠ ᠪᠠ ᠨᠥᠬᠥᠷᠯᠡᠯ᠎ᠢ ᠨᠡᠮᠡᠭᠳᠡᠭᠦᠯᠪᠡ᠃
    《ᠰᠤᠷᠭ᠋ᠠᠭᠤᠯᠢ ᠵᠢᠨ ᠬᠥᠮᠦᠨ》᠎ᠠᠴᠠ 《ᠰᠢᠰᠲ᠋ᠧᠮ᠎ᠤᠨ ᠬᠥᠮᠦᠨ》 ᠬᠦᠷᠲᠡᠯ᠎ᠡ᠂ 《ᠡᠬᠢ ᠪᠠᠶᠠᠯᠢᠭ᠎ᠤᠨ ᠬᠣᠲᠣᠭᠣᠷ ᠭᠠᠵᠠᠷ》᠎ᠠᠴᠠ 《ᠠᠮᠢ ᠠᠬᠤᠢ ᠵᠢᠨ ᠰᠢᠯᠢᠳᠡᠭᠵᠢᠯ》 ᠬᠦᠷᠲᠡᠯ᠎ᠡ᠂ ᠠᠷᠤ ᠬᠣᠷᠴᠢᠨ ᠬᠣᠰᠢᠭᠤᠨ᠎ᠤ ᠰᠦᠪᠡᠭᠴᠢᠯᠡᠯ ᠭᠡᠷᠡᠴᠢᠯᠡᠭᠰᠡᠨ ᠵᠶ᠋ᠠᠷ᠂ ᠪᠠᠭᠰᠢ ᠵᠢᠨ ᠰᠢᠯᠵᠢᠯᠲᠡ ᠵᠢᠨ ᠪᠡᠬᠢᠯᠡᠯᠲᠡ ᠡᠪᠳᠡᠭᠳᠡᠪᠡᠯ᠂ ᠰᠤᠷᠭ᠋ᠠᠨ ᠬᠥᠮᠦᠵᠢᠯ ᠴᠢᠨᠠᠷ ᠰᠠᠶ᠋ᠢᠲᠠᠢ ᠲᠡᠩᠴᠡᠭᠦᠷᠢᠲᠡᠢ ᠬᠥᠭᠵᠢᠬᠦ ᠤᠷᠢᠬᠠᠨ ᠬᠠᠪᠤᠷ ᠤᠳᠠᠯ ᠦᠭᠡᠢ ᠬᠦᠷᠴᠦ ᠢᠷᠡᠬᠦ ᠪᠣᠯᠤᠨ᠎ᠠ᠃ ᠣᠳᠣᠬᠠᠨ᠎ᠳᠤ ᠠᠷᠤ ᠬᠣᠷᠴᠢᠨ ᠬᠣᠰᠢᠭᠤᠨ᠎ᠤ ᠡᠯ᠎ᠡ ᠭᠠᠵᠠᠷ᠎ᠤᠨ ᠰᠤᠷᠭ᠋ᠠᠭᠤᠯᠢ ᠵᠢᠨ ᠬᠦᠷᠢᠶᠡᠨ᠎ᠳᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠠᠭᠤᠷ ᠠᠮᠢᠰᠬᠤᠯ ᠡᠳᠦᠷ ᠢᠷᠡᠬᠦᠶ᠎ᠡ ᠵᠤᠵᠠᠭ᠋ᠠᠷᠠᠵᠤ᠂ ᠰᠢᠨ᠎ᠡ ᠴᠠᠭ ᠦᠶ᠎ᠡ ᠵᠢᠨ ᠦᠭᠡ ᠬᠡᠯᠡ ᠦᠰᠦᠭ ᠪᠢᠴᠢᠭ᠎ᠤᠨ ᠦᠢ᠍ᠯᠡᠰ ᠴᠢᠨᠠᠷ ᠰᠠᠶ᠋ᠢᠲᠠᠢ ᠬᠥᠭᠵᠢᠯᠲᠡ᠎ᠲᠠᠢ ᠪᠣᠯᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠨᠳᠥᠷ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ ᠳᠤᠮᠳᠠ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠤᠨ᠎ᠠ
ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠪᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠬᠠᠮᠢᠶ᠎ᠠ ᠪᠦᠬᠦᠢ ᠮᠡᠳᠡᠯᠭᠡ ᠵᠢᠨ ᠵᠢᠷᠤᠭᠲᠤ ᠲᠠᠶ᠋ᠢᠯᠤᠮᠵᠢ
ᠰᠤᠷᠭ᠋ᠠᠭᠤᠯᠢ ᠵᠢᠨ ᠬᠦᠷᠢᠶᠡᠨ᠎ᠤ ᠷᠠᠳᠢᠣ᠋᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠠᠮᠢᠳᠤᠯᠢᠭ ᠬᠢᠴᠢᠶᠡᠯ᠎ᠤᠨ ᠲᠢᠩᠬᠢᠮ ᠪᠣᠯᠪᠠ
ᠣᠯᠠᠨ ᠬᠠᠷᠠᠭ᠋ᠠᠰᠤ᠎ᠠᠴᠠ ᠤᠬᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠦᠮᠦᠰ᠎ᠤᠨ ᠰᠡᠳᠬᠢᠯ᠎ᠳᠤ ᠬᠠᠳᠠᠩᠰᠢᠭᠤᠯᠤᠨ ᠮᠠᠨ᠎ᠤ ᠣᠷᠣᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠪᠡ
 
            