ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠴᠠᠬᠢᠮ ᠰᠣᠷᠪᠣᠯᠵᠢᠯᠠᠭ᠎ᠠ   -   ᠬᠠᠮᠲᠣ᠎ᠶᠢᠨ ᠴᠣᠭᠴᠠ᠎ᠶᠢᠨ ᠣᠬᠠᠮᠰᠠᠷ
ᠥᠨᠳᠥᠷ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ ᠳᠤᠮᠳᠠ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2025-04-27

   4 ᠰᠠᠷ᠎ᠠ ᠵᠢᠨ 8᠎ᠠᠴᠠ 9᠎ᠤ ᠡᠳᠦᠷ ᠪᠣᠯᠲᠠᠯ᠎ᠠ ᠬᠤᠷᠠᠯᠳᠤᠭᠰᠠᠨ ᠲᠥᠪ᠎ᠤᠨ ᠡᠷᠬᠢᠨ ᠲᠣᠭᠣᠷᠢᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠡᠷᠬᠢᠨ ᠲᠣᠭᠣᠷᠢᠨ᠎ᠤ ᠠᠵᠢᠯ᠎ᠤᠨ ᠠᠮᠵᠢᠯᠲᠠ ᠪᠣᠯᠤᠨ ᠲᠤᠷᠰᠢᠯᠭ᠎ᠠ ᠵᠢ ᠰᠢᠰᠲ᠋ᠧᠮ᠎ᠲᠠᠢ ᠳ᠋ᠦᠩᠨᠡᠵᠦ᠂ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠡᠷᠬᠢᠨ ᠲᠣᠭᠣᠷᠢᠨ᠎ᠤ ᠠᠵᠢᠯ᠎ᠤᠨ ᠬᠠᠷᠠᠯᠲᠠ ᠡᠭᠦᠷᠭᠡ ᠪᠣᠯᠤᠨ ᠰᠡᠳᠬᠢᠴᠡ ᠠᠷᠭ᠎ᠠ   ᠬᠡᠮᠵᠢᠶ᠎ᠡ ᠵᠢ ᠲᠣᠳᠣᠷᠬᠠᠶ᠋ᠢᠯᠠᠪᠠ᠃ ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠵᠢᠨ ᠵᠠᠭ᠋ᠠᠭ ᠤᠷᠲᠤ᠂ ᠬᠢᠯᠢ ᠬᠢᠵᠠᠭ᠋ᠠᠷ ᠣᠷᠣᠨ ᠪᠣᠯ ᠡᠷᠭᠢᠨ ᠲᠣᠭᠣᠷᠢᠨ᠎ᠤ ᠠᠵᠢᠯ᠎ᠤᠨ ᠡᠮᠦᠨ᠎ᠡ ᠹᠷᠣᠨᠲ ᠮᠥᠨ᠃ ᠬᠢᠯᠢ ᠬᠢᠵᠠᠭ᠋ᠠᠷ ᠣᠷᠣᠨ᠎ᠤ ᠲᠠᠯᠠᠢ ᠳᠠᠭ᠋ᠠᠤ᠂ ᠬᠢᠯᠢ ᠳᠠᠭ᠋ᠠᠤ ᠵᠡᠷᠭᠡ ᠳᠠᠪᠠᠭᠤᠯᠢᠭ᠎ᠢ ᠪᠠᠳᠠᠷᠠᠭᠤᠯᠵᠤ᠂ ᠬᠡᠯᠪᠡᠷᠢ ᠤᠯᠠᠨ ᠶᠠᠩᠵᠤ ᠵᠢᠨ ᠨᠡᠭᠡᠭᠡᠯᠳᠠ ᠵᠢᠨ ᠥᠨᠳᠥᠷᠯᠢᠭ ᠭᠠᠵᠠᠷ᠎ᠢ ᠪᠠᠶ᠋ᠢᠭᠤᠯᠵᠤ᠂ ᠡᠭᠡ ᠬᠠᠭᠤᠷᠠᠢ ᠲᠠᠯᠠᠢ ᠲᠠᠩᠭᠢᠰ ᠳᠣᠲᠣᠭ᠋ᠠᠳᠤ ᠭᠠᠳᠠᠭ᠋ᠠᠳᠤ ᠬᠣᠯᠪᠣᠭ᠋ᠠᠯᠠᠨ ᠬᠥᠳᠡᠯᠦᠯᠴᠡᠭᠰᠡᠨ᠂ ᠵᠡᠭᠦᠨ ᠪᠠᠷᠠᠭᠤᠨ ᠬᠣᠣᠰ ᠴᠢᠭᠯᠡᠯ ᠵᠶ᠋ᠠᠷ ᠬᠠᠷᠢᠯᠴᠠᠨ ᠬᠠᠪᠰᠤᠷᠤᠯᠴᠠᠭᠰᠠᠨ ᠪᠦᠬᠦ ᠲᠠᠯ᠎ᠠ᠎ᠪᠠᠷ ᠨᠡᠭᠡᠭᠡᠯᠳᠠ ᠬᠢᠬᠦ ᠪᠠᠶ᠋ᠢᠷᠢᠰᠢᠯ᠎ᠢ ᠪᠦᠷᠢᠯᠳᠦᠭᠦᠯᠵᠦ᠂ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃
     ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠭᠡᠭᠡᠯᠲᠡ ᠵᠢᠨ ᠰᠠᠭᠤᠷᠢ ᠵᠢ ᠪᠡᠬᠢᠵᠢᠭᠦᠯᠦᠨ᠎ᠡ᠃ ᠨᠢᠭᠡ᠎ᠳᠤ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠤᠢ᠍ᠢ᠍ᠷ᠎ᠠ ᠵᠢᠨ ᠵᠢᠯ᠎ᠠᠴᠠ᠂ ᠪᠠᠷᠠᠭᠤᠨ ᠣᠷᠣᠨ᠎ᠤ ᠡᠭᠡ ᠬᠠᠭᠤᠷᠠᠢ ᠲᠠᠯᠠᠢ ᠵᠢᠨ ᠰᠢᠨ᠎ᠡ ᠵᠠᠮ᠎ᠤᠨ ᠪᠦᠳᠤᠬᠡᠨ ᠪᠠᠶ᠋ᠢᠭᠤᠯᠤᠯᠲᠠ ᠡᠮᠬᠢ ᠵᠢᠷᠤᠮ᠎ᠲᠠᠢ ᠠᠬᠢᠬᠤ ᠵᠢ ᠲᠠᠭ᠋ᠠᠯᠳᠤᠨ᠂ ᠡᠨᠡ ᠬᠦ᠌ ᠠᠵᠤ ᠠᠬᠤᠢ ᠵᠢᠨ 《ᠭᠣᠣᠯ ᠰᠤᠳᠠᠰᠤ》᠎ᠨᠢ ᠡᠳᠦᠷ ᠢᠷᠡᠬᠦᠶ᠎ᠡ ᠪᠠᠷᠠᠭᠤᠨ ᠣᠷᠣᠨ ᠪᠣᠯᠤᠨ ᠳᠣᠲᠣᠭ᠋ᠠᠳᠤ ᠬᠠᠭᠤᠷᠠᠢ ᠵᠢᠨ ᠭᠠᠵᠠᠷ ᠣᠷᠣᠨ᠎ᠤ ᠥᠨᠳᠥᠷ ᠲᠦᠪᠰᠢᠨ᠎ᠲᠠᠢ ᠭᠠᠳᠠᠭ᠋ᠠᠳᠤ ᠨᠡᠬᠡᠬᠡᠯᠳᠠ ᠵᠢ ᠳᠠᠶ᠋ᠢᠴᠢᠯᠠᠬᠤ ᠴᠢᠬᠤᠯᠠ ᠬᠥᠳᠡᠯᠭᠡᠭᠦᠷ ᠪᠣᠯᠤᠭᠰᠠᠨ ᠪᠠᠶ᠋ᠢᠨ᠎ᠠ᠃ ᠵᠠᠮ ᠳᠠᠭ᠋ᠠᠤ ᠵᠢᠨ ᠦᠨᠳᠦᠰᠦᠲᠡᠨ᠎ᠨᠦᠭᠦᠳ᠎ᠤᠨ ᠣᠯᠠᠨ ᠲᠦᠮᠡᠨ ᠥᠪᠡᠷᠮᠢᠴᠡ ᠣᠨᠴᠠᠯᠢᠭ᠎ᠲᠠᠢ ᠳᠠᠷᠢᠵᠤ ᠲᠡᠵᠢᠭᠡᠬᠦ᠂ ᠰᠣᠶᠣᠯ᠎ᠤᠨ ᠵᠢᠭᠤᠯᠴᠢᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠣᠯᠠᠨ ᠡᠰᠢᠲᠦ ᠡᠵᠡᠩᠨᠡᠯᠲᠡ ᠵᠢᠨ ᠵᠠᠭᠪᠤᠷ ᠵᠶ᠋ᠠᠷ ᠳᠠᠮᠵᠢᠭᠤᠯᠤᠨ᠂ ᠣᠷᠣᠯᠭ᠎ᠠ᠎ᠨᠢ ᠢᠯᠡᠳᠲᠡ ᠨᠡᠮᠡᠭᠳᠡᠪᠡ᠃ ᠵᠠᠮ ᠬᠠᠷᠢᠯᠴᠠᠭ᠋ᠠᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠠᠬᠢ ᠣᠷᠣᠭᠤᠯᠤᠯᠲᠠ᠎ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠳᠠᠯᠠᠶ ᠳᠠᠭ᠋ᠠᠤ ᠭᠠᠵᠠᠷ ᠣᠷᠣᠨ᠎ᠳᠤ ᠲᠤᠰᠬᠠᠶ᠋ᠢᠵᠢᠭᠰᠠᠨ ᠭᠠᠷᠠᠮ ᠬᠢᠭᠡᠳ ᠣᠳᠣᠬᠢᠴᠢᠯᠠᠭᠰᠠᠨ ᠠᠴᠢᠶᠠᠯᠠᠵᠤ ᠪᠠᠭᠤᠯᠭ᠋ᠠᠬᠤ ᠲᠥᠬᠥᠭᠡᠷᠦᠮᠵᠢ ᠵᠢ ᠪᠦᠲᠦᠭᠡᠨ ᠪᠠᠶ᠋ᠢᠭᠤᠯᠵᠤ᠂ ᠣᠩᠭᠣᠴᠠ ᠰᠠᠯ᠎ᠤᠨ ᠣᠩᠭᠣᠴᠠ ᠵᠣᠭᠰᠣᠬᠤ ᠨᠥᠬᠥᠴᠡᠯ᠎ᠢ ᠰᠠᠶ᠋ᠢᠵᠢᠷᠠᠭᠤᠯᠤᠨ᠂ ᠭᠠᠷᠠᠮ᠎ᠤᠨ ᠣᠷᠣᠭᠤᠯᠵᠤ ᠭᠠᠷᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ; ᠬᠢᠯᠢ ᠳᠠᠭ᠋ᠠᠤ ᠭᠠᠵᠠᠷ ᠣᠷᠣᠨ᠎ᠳᠤ ᠲᠡᠮᠦᠷ ᠵᠠᠮ᠂ ᠵᠠᠰᠠᠮᠠᠯ ᠵᠠᠮ᠎ᠤᠨ ᠳᠠᠪᠬᠤᠷ ᠲᠡᠭᠡᠭᠡᠪᠦᠷᠢ ᠵᠢᠨ ᠲᠤᠤᠷ ᠰᠦᠯᠵᠢᠶ᠎ᠡ ᠵᠢ ᠪᠠᠶ᠋ᠢᠭᠤᠯᠵᠤ᠂ ᠬᠥᠮᠦᠨ ᠬᠢᠭᠡᠳ ᠡᠳ᠋ ᠪᠠᠷᠠᠭ᠎ᠠ ᠵᠢᠨ ᠰᠠᠭ᠋ᠠᠳ ᠥᠬᠡᠶ   ᠭᠦᠢ᠍ᠯᠭᠡᠭᠡ ᠵᠢ ᠠᠬᠢᠭᠤᠯᠤᠨ᠎ᠠ᠃ ᠬᠣᠶᠠᠷ᠎ᠲᠤ ᠴᠢᠮᠡᠭᠡ ᠬᠣᠯᠪᠣᠭ᠋ᠠᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠮᠡᠳᠡᠭᠡ ᠵᠠᠩᠭᠢᠵᠢᠯᠲᠠ ᠵᠢᠨ ᠨᠡᠶ᠋ᠢᠭᠡᠮ᠂ ᠳᠡᠭᠡᠳᠦ ᠬᠤᠷᠳᠤᠴᠠᠲᠤ᠂ ᠲᠣᠭᠲᠠᠭᠤᠨ ᠮᠡᠳᠡᠭᠡ ᠬᠣᠯᠪᠣᠭ᠋ᠠᠨ᠎ᠤ ᠰᠦᠯᠵᠢᠶ᠎ᠡ ᠪᠣᠯ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠴᠢᠬᠤᠯᠠ ᠰᠠᠭᠤᠷᠢ ᠮᠥᠨ᠃ ᠬᠢᠯᠢ ᠬᠢᠵᠠᠭ᠋ᠠᠷ᠎ᠤᠨ ᠰᠦᠯᠵᠢᠶᠡᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠠᠵᠤ  ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ 2023 ᠣᠨ᠎ᠳᠤ 《〈ᠥᠷᠭᠡᠨ ᠪᠦᠰᠡᠲᠦ ᠬᠢᠯᠢ ᠬᠢᠵᠠᠭ᠋ᠠᠷ〉᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠬᠦ ᠲᠤᠬᠠᠶ ᠮᠡᠳᠡᠭᠳᠡᠯ》᠎ᠢ ᠬᠠᠮᠲᠤᠷᠠᠨ ᠨᠡᠶ᠋ᠢᠲᠡᠯᠡᠵᠦ᠂ ᠥᠷᠭᠡᠨ ᠪᠦᠰᠡᠲᠦ ᠰᠦᠯᠵᠢᠶᠡᠨ᠎ᠤ ᠰᠠᠭᠤᠷᠢ ᠲᠥᠬᠥᠭᠡᠷᠦᠮᠵᠢ ᠵᠢᠨ ᠲᠤᠯᠭ᠋ᠠᠭᠤᠷᠢᠯᠠᠯ ᠪᠠ ᠡᠨᠧᠷᠭᠢ ᠣᠯᠭᠣᠬᠤ   ᠦᠢ᠍ᠯᠡᠳᠦᠯ᠎ᠢ  ᠭᠦᠢ᠍ᠴᠡᠳ ᠪᠠᠳᠠᠷᠠᠭᠤᠯᠤᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ  ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠶ᠋ᠢᠵᠢᠷᠠᠭᠤᠯᠵᠤ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠪᠡᠬᠢᠵᠢᠭᠦᠯᠬᠦ᠎ᠳᠤ ᠬᠦᠴᠦᠨ ᠨᠡᠮᠡᠷᠢᠯᠡᠪᠡ᠃ ᠵᠠᠮ ᠬᠠᠷᠢᠯᠴᠠᠭ᠋ᠠᠨ᠎ᠤ ᠴᠢᠬᠤᠯᠠ ᠵᠠᠮ᠎ᠤᠨ ᠰᠢᠯᠵᠢᠮᠡᠯ ᠰᠦᠯᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠯᠢ ᠵᠢᠨ ᠠᠷᠠᠯᠵᠢᠶᠠᠨ᠎ᠤ ᠣᠷᠣᠨ ᠪᠦᠰᠡ ᠵᠢᠨ ᠰᠦᠯᠵᠢᠶᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ 《ᠢᠨᠲ᠋ᠧᠷ ᠰᠦᠯᠵᠢᠶ᠎ᠡ +》᠎ᠪᠠᠷ ᠳᠠᠮᠵᠢᠭᠤᠯᠤᠨ ᠬᠢᠯᠢ ᠬᠢᠵᠠᠭ᠋ᠠᠷ ᠣᠷᠣᠨ᠎ᠳᠤ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ ᠴᠢᠳᠠᠪᠤᠷᠢ ᠣᠯᠭᠣᠬᠤ ᠬᠡᠷᠡᠭᠲᠡᠶ᠃
     ᠭᠠᠳᠠᠭ᠋ᠠᠳᠤ ᠠᠷᠠᠯᠵᠢᠶᠠᠨ᠎ᠤ ᠲᠣᠭ᠎ᠠ ᠬᠡᠮᠵᠢᠶ᠎ᠡ ᠵᠢ ᠲᠣᠭᠲᠠᠪᠤᠷᠢᠵᠢᠭᠤᠯᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠨᠡᠭᠡᠭᠡᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠭᠠᠳᠠᠭ᠋ᠠᠳᠤ ᠠᠷᠠᠯᠵᠢᠶ᠎ᠠ ᠪᠣᠯ ᠨᠡᠭᠡᠭᠡᠯᠲᠡᠲᠦ ᠮᠠᠶᠢᠭ᠎ᠤᠨ ᠠᠵᠤ ᠠᠬᠤᠢ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ᠌ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠰᠢᠯᠤᠭᠤᠳᠬᠠᠬᠤ ᠵᠠᠩᠭᠢᠯᠠᠭ᠎ᠠ ᠵᠢᠨ ᠬᠦᠢ᠍ᠰᠦ ᠮᠥᠨ᠃ ᠬᠢᠯᠢ ᠬᠢᠵᠠᠭ᠋ᠠᠷ ᠣᠷᠣᠨ ᠪᠣᠯ ᠭᠠᠳᠠᠭ᠋ᠠᠳᠤ ᠠᠷᠠᠯᠵᠢᠶᠠᠨ᠎ᠤ ᠡᠮᠦᠨ᠎ᠡ ᠹᠷᠣᠨᠲ᠎ᠤᠨ ᠵᠢᠭᠰᠠᠭ᠋ᠠᠯ᠎ᠤᠨ ᠭᠠᠵᠠᠷ ᠮᠥᠨ᠂ ᠲᠣᠬᠢᠶᠠᠯ᠎ᠢ ᠠᠮᠵᠢᠨ᠂ ᠳᠣᠲᠣᠭ᠋ᠠᠳᠤ ᠭᠠᠳᠠᠭ᠋ᠠᠳᠤ ᠨᠡᠭᠡᠭᠡᠯᠲᠡ ᠵᠢᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ᠃ ᠨᠢᠭᠡ ᠲᠠᠯ᠎ᠠ᠎ᠪᠠᠷ᠂ ᠠᠵᠤ ᠠᠬᠤᠢ ᠵᠢᠨ ᠵᠢᠮ᠎ᠡ ᠶᠣᠰᠣ᠎ᠪᠠᠷ ᠣᠷᠣᠨ ᠪᠦᠰᠡ ᠵᠢᠨ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠤᠬᠢᠷᠠᠭᠤᠯᠤᠨ ᠲᠡᠭᠦᠯᠳᠡᠷᠵᠢᠭᠦᠯᠵᠦ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠭᠰᠡᠨ᠂ ᠴᠢᠨᠠᠷ ᠰᠠᠶ᠋ᠢᠲᠠᠢ ᠬᠥᠭᠵᠢᠯᠲᠡ ᠵᠢᠨ ᠣᠷᠣᠨ ᠪᠦᠰᠡ ᠵᠢᠨ ᠠᠵᠤ ᠠᠬᠤᠢ ᠵᠢᠨ ᠪᠠᠶ᠋ᠢᠷᠢᠰᠢᠯ᠎ᠢ ᠪᠦᠷᠢᠯᠳᠦᠭᠦᠯᠬᠦ ᠬᠡᠷᠡᠭᠲᠡᠢ᠃ 《ᠨᠢᠭᠡ ᠪᠦᠰᠡ ᠨᠢᠭᠡ ᠵᠠᠮ》 ᠪᠣᠯᠤᠨ ᠪᠠᠷᠠᠭᠤᠨ ᠬᠡᠰᠡᠭ᠎ᠤᠨ ᠡᠬᠡ ᠬᠠᠭᠤᠷᠠᠶ ᠳᠠᠯᠠᠶ ᠲᠠᠩᠭᠢᠰ᠎ᠤᠨ ᠰᠢᠨ᠎ᠡ ᠨᠡᠪᠲᠡᠷᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠥᠭᠵᠢᠯᠲᠡ ᠵᠢᠨ ᠠᠵᠠ ᠲᠣᠬᠢᠶᠠᠯ᠎ᠢ ᠵᠠᠪᠳᠤᠨ᠂ ᠣᠷᠣᠨ ᠪᠦᠰᠡ ᠵᠢᠨ ᠬᠣᠭᠣᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ᠂ ᠴᠢᠬᠤᠯᠠ ᠪᠣᠭᠣᠮᠲᠠ ᠵᠡᠷᠭᠡ ᠨᠡᠭᠡᠭᠡᠯᠲᠡ ᠵᠢᠨ ᠲᠠᠪᠴᠠᠩ᠎ᠤᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠨ᠎ᠠ᠃ ᠵᠢᠱ᠌ᠢᠶᠡᠯᠡᠪᠡᠯ᠂ ᠰᠢᠨᠵᠢᠶᠠᠩ᠎ᠤᠨ ᠬᠣᠩ ᠴᠢ ᠯᠡ ᠹᠦ᠋ ᠪᠣᠭᠣᠮᠲᠠ ᠪᠣᠯ 《ᠳᠤᠮᠳᠠᠳᠤ ᠫᠠᠺᠢᠰᠲ᠋ᠠᠨ᠎ᠤ ᠠᠵᠤ ᠠᠬᠤᠶ ᠵᠢᠨ ᠬᠣᠩᠭᠢᠯ》᠎ᠤᠨ ᠪᠥᠲᠥᠭᠡᠨ ᠪᠠᠶ᠋ᠢᠭᠤᠯᠤᠯᠲᠠ ᠵᠢᠨ ᠭᠤᠤᠯ ᠣᠷᠣᠨ᠎ᠳᠤ ᠪᠠᠶ᠋ᠢᠷᠢᠯᠠᠵᠤ᠂ ᠤᠯᠤᠰ᠎ᠠᠴᠠ ᠭᠠᠳᠠᠭᠰᠢ ᠨᠡᠭᠡᠭᠡᠯᠲᠡ ᠬᠢᠬᠦ ᠵᠢ ᠵᠥᠪᠰᠢᠶᠡᠷᠡᠭᠰᠡᠨ ᠨᠢᠭᠡᠳᠦᠭᠡᠷ ᠲᠥᠷᠥᠯ᠎ᠤᠨ ᠪᠣᠭᠣᠮᠲᠠ ᠮᠥᠨ᠂ ᠪᠠᠰᠠ ᠴᠤ᠌ ᠳᠤᠮᠳᠠᠳᠤ ᠤᠯᠤᠰ ᠪᠣᠯᠤᠨ ᠫᠠᠺᠢᠰᠲ᠋ᠠᠨ᠎ᠤ ᠴᠣᠷ᠎ᠤᠨ ᠭᠠᠭᠴᠠ ᠬᠠᠭᠤᠷᠠᠶ ᠵᠠᠮ᠎ᠤᠨ ᠪᠣᠭᠣᠮᠲᠠ ᠮᠥᠨ᠃ ᠬᠣᠩ ᠴᠢ ᠯᠡ ᠹᠦ᠋ ᠪᠣᠭᠣᠮᠲᠠ᠎ᠨᠢ 2024 ᠣᠨ᠎ᠤ 12 ᠰᠠᠷ᠎ᠠ᠎ᠳᠤ ᠵᠢᠯ ᠪᠦᠷᠢ ᠵᠢᠨ ᠤᠯᠠᠷᠢᠯ᠎ᠤᠨ ᠴᠢᠨᠠᠷᠲᠠᠢ ᠨᠡᠬᠡᠬᠡᠯᠳᠡ᠎ᠪᠠᠷ ᠵᠶ᠋ᠠᠨ ᠵᠢᠯ ᠳᠠᠷᠠᠭ᠋ᠠᠯᠠᠨ ᠨᠡᠬᠡᠬᠡᠯᠳᠡ ᠬᠢᠵᠦ ᠡᠬᠢᠯᠡᠭᠰᠡᠨ᠎ᠠᠴᠠ ᠨᠠᠭ᠋ᠠᠰᠢ᠂ ᠪᠣᠭᠣᠮᠲᠠ ᠵᠢᠨ ᠡᠳ᠋ ᠪᠠᠷᠠᠭ᠋ᠠᠨ᠎ᠤ ᠣᠷᠣᠭᠤᠯᠤᠯᠲᠠ ᠭᠠᠷᠭ᠋ᠠᠯᠲᠠ ᠵᠢᠨ  ᠬᠡᠮᠵᠢᠶ᠎ᠡ ᠢᠯᠡᠳᠲᠡ ᠨᠡᠮᠡᠭᠳᠡᠵᠦ᠂ ᠪᠣᠭᠣᠮᠲᠠ ᠵᠢᠨ ᠬᠢᠯᠢ᠎ᠪᠠᠷ ᠣᠷᠣᠵᠤ ᠭᠠᠷᠬᠤ ᠬᠡᠮᠵᠢᠶ᠎ᠡ ᠠᠯᠬᠤᠮ ᠠᠯᠬᠤᠮ ᠵᠶ᠋ᠠᠷ ᠳᠡᠭᠡᠭᠰᠢᠯᠡᠵᠡᠢ᠃ ᠨᠥᠭᠥᠭᠡ ᠲᠠᠯ᠎ᠠ᠎ᠪᠠᠷ᠂ ᠬᠢᠯᠢ ᠠᠯᠤᠰᠯᠠᠭᠰᠠᠨ ᠠᠷᠠᠯᠵᠢᠶ᠎ᠠ ᠪᠠ ᠪᠠᠯᠠ ᠣᠷᠣᠭᠤᠯᠤᠯᠲᠠ ᠵᠢᠨ ᠬᠥᠭᠵᠢᠯᠲᠡ᠎ᠳᠤ ᠲᠥᠬᠥᠮ ᠦᠵᠡᠭᠦᠯᠵᠦ᠂ ᠭᠠᠳᠠᠭ᠋ᠠᠳᠤ ᠪᠠᠯᠠ ᠵᠢᠨ ᠣᠷᠣᠬᠤ ᠵᠥᠪᠰᠢᠶᠡᠷᠡᠯ᠎ᠢ ᠠᠭᠤᠵᠢᠭᠤ ᠪᠣᠯᠭ᠋ᠠᠵᠤ᠂ ᠪᠠᠯᠠ ᠣᠷᠣᠭᠤᠯᠤᠯᠲᠠ ᠵᠢᠨ ᠬᠢᠨᠠᠨ ᠵᠥᠪᠰᠢᠶᠡᠷᠡᠬᠦ ᠵᠢᠷᠤᠮ᠎ᠢ ᠳᠥᠭᠥᠮᠴᠢᠯᠡᠵᠦ᠂ ᠣᠯᠠᠨ ᠤᠯᠤᠰ᠎ᠤᠨ ᠣᠯᠠᠨ ᠲᠠᠯᠠᠲᠤ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠥᠷᠭᠡᠳᠬᠡᠵᠦ᠂ ᠥᠨᠳᠥᠷ ᠪᠦᠲᠦᠮᠵᠢᠲᠡᠶ ᠪᠥᠭᠡᠳ ᠬᠡᠪ᠎ᠤᠨ ᠵᠥᠪᠳᠡᠯᠴᠡᠭᠡ ᠶᠠᠷᠢᠯᠴᠠᠭ᠎ᠠ ᠵᠢᠨ ᠲᠣᠭᠲᠠᠴᠠ ᠵᠢ ᠪᠠᠶ᠋ᠢᠭᠤᠯᠵᠤ᠂ ᠡᠷᠬᠢᠨ ᠲᠣᠭᠣᠷᠢᠨ᠎ᠤ ᠤᠯᠤᠰ᠎ᠤᠳ᠎ᠲᠠᠢ ᠪᠥᠬᠥ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠴᠠᠭ᠎ᠠ᠎ᠪᠠᠨ ᠭᠦᠨᠵᠡᠭᠡᠶ᠋ᠢᠷᠡᠭᠦᠯᠬᠦ ᠬᠡᠷᠡᠭᠲᠡᠶ᠃ ᠣᠶ᠋ᠢᠷ᠎ᠠ ᠵᠢᠨ ᠵᠢᠯ᠎ᠠᠴᠠ ᠨᠠᠭ᠋ᠠᠰᠢ᠂ ᠮᠠᠨ᠎ᠤ ᠤᠯᠤᠰ᠎ᠤᠨ ᠬᠢᠯᠢ ᠬᠢᠵᠠᠭ᠋ᠠᠷ ᠣᠷᠣᠨ ᠦᠷᠭᠦᠯᠵᠢᠯᠡᠨ ᠨᠡᠭᠡᠭᠡᠯᠲᠡ ᠬᠢᠬᠦ ᠵᠢ ᠭᠦᠨᠵᠡᠭᠡᠶ᠋ᠢᠷᠡᠭᠦᠯᠵᠦ᠂ ᠡᠷᠬᠢᠨ ᠲᠣᠭᠣᠷᠢᠨ᠎ᠤ ᠤᠯᠤᠰ᠎ᠯᠤᠭ᠎ᠠ ᠬᠢᠯᠢ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ᠂ ᠭᠤᠤᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠵᠢᠨ ᠣᠷᠣᠨ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ (ᠬᠡᠰᠡᠭ ᠣᠷᠣᠨ)᠂ ᠬᠢᠯᠢ ᠠᠯᠤᠰᠯᠠᠭᠰᠠᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ ᠵᠡᠷᠭᠡ ᠵᠢ ᠬᠠᠮᠲᠤ᠎ᠪᠠᠷ ᠪᠠᠶ᠋ᠢᠭᠤᠯᠵᠤ᠂ ᠬᠥᠭᠵᠢᠯᠲᠡ ᠵᠢᠨ ᠰᠢᠨ᠎ᠡ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭᠵᠢᠭᠡᠪᠡ᠃
     ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠣᠷᠣᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠭᠡᠭᠡᠯᠲᠡ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠬᠢᠯᠢ ᠬᠢᠵᠠᠭ᠋ᠠᠷ ᠣᠷᠣᠨ᠎ᠤ ᠦᠢ᠍ᠯᠡᠳᠪᠦᠷᠢᠯᠡᠯ᠎ᠤᠨ ᠬᠦᠴᠦᠨ᠎ᠤ ᠳᠡᠭᠡᠭᠰᠢᠯᠡᠯᠲᠡ᠎ᠨᠢ ᠡᠯ᠎ᠡ ᠲᠦᠷᠦᠯ᠎ᠤᠨ ᠦᠢ᠍ᠯᠡᠳᠪᠦᠷᠢᠯᠡᠯ᠎ᠤᠨ ᠡᠯᠧᠮᠧᠨ᠋ᠲ᠎ᠢ ᠰᠢᠯᠢᠳᠡᠭᠵᠢᠭᠦᠯᠦᠨ ᠲᠤᠬᠢᠷᠠᠭᠤᠯᠬᠤ ᠪᠠ ᠥᠨᠳᠥᠷ ᠪᠦᠲᠦᠮᠵᠢᠲᠡᠢ ᠠᠰᠢᠭᠯᠠᠬᠤ᠎ᠠᠴᠠ ᠰᠠᠯᠵᠤ ᠴᠢᠳᠠᠬᠤ ᠦᠭᠡᠢ ᠶᠤᠮ᠃ ᠡᠩ ᠲᠡᠷᠢᠭᠦᠨ᠎ᠳᠤ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠃ ᠡᠯ᠎ᠡ ᠲᠥᠷᠥᠯ᠎ᠤᠨ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠳᠣᠲᠣᠷ᠎ᠠ᠂ ᠬᠥᠳᠡᠯᠮᠦᠷᠢ ᠵᠢᠨ ᠬᠦᠴᠦᠨ᠎ᠤ ᠡᠯᠧᠮᠧᠨ᠋ᠲ ᠪᠣᠯ ᠬᠠᠮᠤᠭ᠎ᠤᠨ ᠢᠳᠡᠪᠬᠢ ᠡᠯᠧᠮᠧᠨ᠋ᠲ ᠮᠥᠨ᠂ ᠭᠠᠵᠠᠷ ᠰᠢᠷᠣᠢ᠂ ᠬᠥᠷᠥᠨᠭᠭᠡ ᠵᠡᠷᠭᠡ ᠡᠯᠧᠮᠧᠨ᠋ᠲ᠎ᠨᠢ ᠭᠠᠭᠴᠠ ᠬᠦ᠌ ᠬᠥᠳᠡᠯᠮᠦᠷᠢ ᠵᠢᠨ ᠬᠦᠴᠦᠨ ᠵᠶ᠋ᠠᠷ ᠲᠠᠮᠵᠢᠪᠠᠯ ᠰᠠᠶᠢ ᠠᠮᠢᠳᠤᠯᠢᠭ ᠪᠣᠯᠵᠥ ᠠᠵᠢᠯᠯᠠᠵᠤ ᠴᠢᠳᠠᠳᠠᠭ᠃ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠢᠯᠢ ᠬᠢᠵᠠᠭ᠋ᠠᠷ ᠣᠷᠣᠨ ᠲᠡᠶ᠋ᠢᠰᠢ ᠬᠡᠯᠪᠡᠶ᠋ᠢᠯᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ ᠪᠣᠯᠤᠨ ᠠᠵᠢᠯ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠬᠤᠯᠠᠴᠢᠯᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠰᠢᠰᠲ᠋ᠧᠮ᠎ᠲᠠᠢ ᠲᠦᠷᠦ ᠵᠢᠨ ᠪᠤᠳᠤᠯᠭ᠎ᠠ ᠵᠢ ᠲᠣᠭᠲᠠᠭ᠋ᠠᠵᠤ᠂ ᠳᠡᠭᠡᠳᠦ ᠲᠡᠰ᠎ᠤᠨ ᠴᠢᠳᠠᠪᠤᠷᠢᠲᠠᠨ ᠪᠣᠯᠤᠨ ᠪᠦᠯᠬᠦᠮ᠎ᠢ ᠬᠢᠯᠢ ᠬᠢᠵᠠᠭ᠋ᠠᠷ᠎ᠤᠨ ᠪᠦᠳᠦᠭᠡᠨ ᠪᠠᠶ᠋ᠢᠭᠤᠯᠤᠯᠲᠠ᠎ᠳᠤ ᠣᠷᠣᠯᠴᠠᠭᠤᠯᠵᠤ᠂ ᠬᠥᠳᠡᠯᠮᠦᠷᠢ ᠬᠦᠴᠦᠨ᠎ᠤ ᠡᠯᠧᠮᠧᠨ᠋ᠲ᠎ᠤᠨ ᠵᠦᠢ ᠵᠣᠬᠢᠰᠲᠠᠢ ᠰᠠᠭ᠋ᠠᠳ ᠦᠭᠡᠢ ᠡᠮᠬᠢ ᠵᠢᠷᠤᠮ᠎ᠲᠠᠢ ᠰᠢᠯᠵᠢᠬᠦ ᠵᠢ ᠬᠦᠳᠦᠯᠦᠨ ᠵᠢᠯᠣᠭᠣᠳᠬᠤ ᠬᠡᠷᠡᠭᠲᠡᠢ᠃ ᠳᠠᠷᠠᠭ᠋ᠠᠯᠠᠪᠠᠯ᠂ ᠪᠡᠯᠡ ᠮᠥᠩᠭᠥᠨ᠎ᠤ ᠡᠯᠧᠮᠧᠨ᠋ᠲ ᠪᠣᠯ ᠴᠢᠬᠤᠯᠠ ᠪᠠᠲᠤᠯᠠᠭ᠎ᠠ ᠮᠥᠨ᠃ ᠬᠢᠯᠢ ᠬᠢᠵᠠᠭ᠋ᠠᠷ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠣᠯᠤᠨ ᠳᠣᠲᠣᠭ᠋ᠠᠳᠤ ᠬᠥᠭᠵᠢᠯᠲᠡ ᠵᠢᠨ ᠬᠥᠳᠡᠯᠭᠡᠬᠦ ᠬᠦᠴᠦᠨ᠎ᠢ ᠬᠥᠭᠵᠢᠭᠡᠵᠦ᠂ ᠰᠢᠯᠢᠳᠡᠭ ᠨᠡᠶ᠋ᠢᠭᠡᠮ᠎ᠤᠨ ᠬᠦᠷᠦᠩᠭᠡ ᠵᠢ ᠲᠠᠲᠠᠵᠤ ᠬᠢᠯᠢ ᠬᠢᠵᠠᠭ᠋ᠠᠷ ᠣᠷᠣᠨ᠎ᠳᠤ ᠪᠡᠯᠡ ᠣᠷᠣᠭᠤᠯᠤᠨ ᠦᠢ᠍ᠯᠡᠰ ᠪᠤᠰᠬᠠᠬᠤ ᠬᠡᠷᠡᠭᠲᠡᠢ᠃ ᠭᠤᠷᠪᠠᠳᠤᠭ᠋ᠠᠷ᠎ᠲᠤ᠂ ᠰᠢᠨᠵᠢᠯᠡᠬᠦ ᠤᠬᠠᠭ᠋ᠠᠨ ᠮᠡᠷᠭᠡᠵᠢᠯ ᠪᠣᠯ ᠨᠢᠭᠡᠳᠦᠭᠡᠷ ᠦᠢ᠍ᠯᠡᠳᠪᠦᠷᠢᠯᠡᠯ᠎ᠤᠨ ᠬᠦᠴᠦᠨ ᠮᠥᠨ᠃ ᠮᠡᠷᠭᠡᠵᠢᠯ᠎ᠤᠨ ᠡᠯᠧᠮᠧᠨ᠋ᠲ᠎ᠤᠨ ᠵᠦᠢ ᠵᠣᠬᠢᠰᠲᠠᠢ ᠰᠢᠯᠵᠢᠯᠲᠡ᠂ ᠥᠨᠳᠥᠷ ᠪᠦᠲᠦᠮᠵᠢᠲᠡᠢ ᠲᠥᠪᠯᠡᠷᠡᠯ᠎ᠢ ᠠᠬᠢᠭᠤᠯᠵᠤ᠂ ᠬᠢᠯᠢ ᠳᠠᠭ᠋ᠠᠤ ᠵᠢᠨ ᠤᠨᠴᠠᠯᠢᠬᠳᠤ ᠠᠵᠤ ᠦᠢ᠍ᠯᠡᠰ᠂ ᠳᠤᠮᠳᠠ ᠳᠡᠭᠡᠳᠦ ᠲᠡᠰ᠎ᠤᠨ ᠠᠵᠤ ᠦᠢ᠍ᠯᠡᠰ ᠪᠣᠯᠤᠨ ᠰᠢᠨ᠎ᠡ᠎ᠪᠠᠷ ᠮᠠᠨᠳᠤᠭᠰᠠᠨ ᠡᠵᠡᠩᠨᠡᠯᠲᠡ ᠵᠢᠨ ᠬᠡᠯᠪᠡᠷᠢ ᠵᠢ ᠭᠣᠣᠯᠳᠠᠯᠭ᠎ᠠ᠎ᠲᠠᠢ ᠲᠡᠳᠬᠦᠵᠦ᠂ ᠦᠢ᠍ᠯᠡᠳᠬᠦᠨ᠎ᠤ ᠨᠡᠮᠡᠯᠲᠡ ᠦᠷᠳᠡᠭ ᠪᠣᠯᠤᠨ ᠠᠵᠤ ᠦᠢ᠍ᠯᠡᠰ᠎ᠤᠨ ᠦᠷᠢᠰᠦᠯᠳᠦᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠢᠯᠢ ᠬᠢᠵᠠᠭ᠋ᠠᠷ ᠣᠷᠣᠨ᠎ᠤ ᠠᠵᠤ ᠦᠢ᠍ᠯᠡᠰ᠎ᠤᠨ ᠬᠡᠯᠬᠢ᠊ ᠢ᠎ᠡ ᠵᠢ ᠤᠷᠲᠤᠳᠬᠠᠬᠤ᠂ ᠠᠵᠤ ᠦᠢ᠍ᠯᠡᠰ᠎ᠤᠨ ᠪᠦᠲᠦᠴᠡ ᠵᠢ ᠲᠡᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ᠃
     ᠣᠳᠣᠬᠠᠨ᠎ᠳᠤ᠂ ᠮᠠᠨ᠎ᠤ ᠤᠯᠤᠰ ᠬᠢᠭᠡᠳ ᠡᠷᠬᠢᠨ ᠲᠣᠭᠣᠷᠢᠨ᠎ᠤ ᠬᠠᠷᠢᠴᠠᠭ᠎ᠠ ᠤᠢ᠍ᠢ᠍ᠷ᠎ᠠ ᠦᠶ᠎ᠡ᠎ᠠᠴᠠ ᠨᠠᠭ᠋ᠠᠰᠢᠬᠢ ᠬᠠᠮᠤᠭ᠎ᠤᠨ ᠰᠠᠢ᠍ᠢ᠍ᠨ ᠴᠠᠭ ᠦᠶ᠎ᠡ᠎ᠳᠤ ᠣᠷᠣᠰᠢᠵᠤ ᠪᠠᠶ᠋ᠢᠨ᠎ᠠ᠂ ᠡᠭᠦᠨ᠎ᠤ ᠬᠠᠮᠲᠤ ᠪᠠᠰᠠ ᠡᠷᠬᠢᠨ ᠲᠣᠭᠣᠷᠢᠨ᠎ᠤ ᠪᠠᠶ᠋ᠢᠷᠢᠰᠢᠯ ᠪᠠ ᠳᠡᠯᠡᠬᠡᠢ ᠵᠢᠨ ᠬᠤᠪᠢᠰᠤᠯᠲᠠ ᠵᠢᠨ ᠭᠦᠨᠵᠡᠭᠡᠢ ᠬᠣᠯᠪᠣᠯᠳᠤᠨ ᠬᠥᠳᠡᠯᠦᠯᠴᠡᠬᠦ ᠴᠢᠬᠤᠯᠠ ᠱᠠᠲᠤᠨ᠎ᠳᠤ ᠣᠷᠣᠪᠠ᠃ ᠬᠥᠭᠵᠢᠯᠲᠡ ᠪᠠ ᠠᠮᠤᠷ ᠲᠦᠪᠰᠢᠨ᠎ᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠨᠡᠭᠡᠭᠡᠯᠲᠡ᠎ᠪᠠᠷ ᠬᠥᠭᠵᠢᠯ ᠴᠡᠴᠡᠭᠯᠡᠯ᠎ᠢ ᠠᠬᠢᠭᠤᠯᠵᠤ᠂ ᠬᠥᠭᠵᠢᠯᠲᠡ᠎ᠪᠠᠷ ᠵᠣᠯ ᠵᠢᠷᠭ᠋ᠠᠯ᠎ᠢ ᠡᠷᠢᠯᠬᠢᠯᠡᠵᠦ᠂ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳ᠋ᠦᠩᠱ᠌ᠧᠩ ᠲᠣᠭᠣᠷᠢᠭ᠎ᠤᠨ ᠮᠣᠩᠭᠣᠯ ᠦᠨᠳᠦᠰᠦᠲᠡᠨ᠎ᠤ ᠰᠤᠷᠭ᠋ᠠᠭᠤᠯᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠪᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠬᠠᠮᠢᠶ᠎ᠠ ᠪᠦᠬᠦᠢ ᠮᠡᠳᠡᠯᠭᠡ ᠵᠢᠨ ᠵᠢᠷᠤᠭᠲᠤ ᠲᠠᠶ᠋ᠢᠯᠤᠮᠵᠢ
ᠰᠤᠷᠭ᠋ᠠᠭᠤᠯᠢ ᠵᠢᠨ ᠬᠦᠷᠢᠶᠡᠨ᠎ᠤ ᠷᠠᠳᠢᠣ᠋᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡᠨ᠎ᠤ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠠᠮᠢᠳᠤᠯᠢᠭ ᠬᠢᠴᠢᠶᠡᠯ᠎ᠤᠨ ᠲᠢᠩᠬᠢᠮ ᠪᠣᠯᠪᠠ
ᠣᠯᠠᠨ ᠬᠠᠷᠠᠭ᠋ᠠᠰᠤ᠎ᠠᠴᠠ ᠤᠬᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠦᠮᠦᠰ᠎ᠤᠨ ᠰᠡᠳᠬᠢᠯ᠎ᠳᠤ ᠬᠠᠳᠠᠩᠰᠢᠭᠤᠯᠤᠨ ᠮᠠᠨ᠎ᠤ ᠣᠷᠣᠨ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠪᠡ
ᠬᠥᠯᠥᠨ ᠪᠣᠶ᠋ᠢᠷ ᠬᠣᠲᠠ᠄ ᠤᠯᠤᠰ᠎ᠤᠨ ᠨᠡᠶ᠋ᠢᠳᠡᠮ ᠬᠡᠷᠡᠭᠯᠡᠬᠦ ᠬᠡᠯᠡ ᠵᠢ ᠰᠠᠶ᠋ᠢᠲᠤᠷ ᠰᠤᠷᠤᠯᠴᠠᠵᠤ ᠦᠰᠦᠨ ᠪᠣᠶ᠋ᠢᠵᠢᠬᠤ ᠰᠠᠭᠤᠷᠢ᠎ᠪᠠᠨ ᠪᠡᠬᠢᠵᠢᠭᠦᠯᠪᠡ
 
            